ᠬᠠᠷᠢ ᠤᠯᠤᠰ ᠲᠤ ᠰᠤᠶᠤᠯ ᠤᠨ ᠠᠯᠳᠠᠨ ᠬᠠᠷᠭᠤᠢ ᠪᠠᠨ ᠦᠷᠭᠦᠯᠵᠢᠯᠡᠭᠦᠯᠦᠨ᠎ᠠ
ᠨᠡᠶᠢᠲᠡᠯᠡᠭᠰᠡᠨ ᠴᠠᠭ᠄
2020/11/11
    ᠶᠡᠭᠡ ᠰᠤᠷᠭᠠᠭᠤᠯᠢ ᠲᠡᠭᠦᠰᠦᠭᠰᠡᠨ ᠤᠶᠤᠳᠠᠳ ᠤᠨ ᠲᠤᠳᠤᠷ᠎ᠠ ᠨᠡᠶᠢᠭᠡᠮ ᠳᠤ ᠬᠠᠨᠳᠤᠵᠦ ᠠᠵᠢᠯ ᠡᠷᠢᠭᠦ ᠤᠤ᠂ ᠪᠡᠶ᠎ᠠ ᠪᠠᠨ ᠲᠠᠭᠠᠭᠠᠵᠦ ᠦᠢᠯᠡᠰ ᠪᠤᠰᠬᠠᠬᠤ ᠤᠤ᠂ ᠡᠰᠡᠭᠦᠯ᠎ᠡ ᠠᠰᠫᠢᠷᠠᠨᠲ ᠰᠢᠯᠭᠠᠨ ᠰᠤᠷᠤᠯᠭ᠎ᠠ ᠬᠢᠴᠢᠶᠠᠯ ᠢᠶᠠᠨ ᠦᠷᠭᠦᠯᠵᠢᠯᠡᠭᠦᠯᠵᠦ ᠮᠡᠳᠡᠯᠭᠡ ᠪᠤᠯᠪᠠᠰᠤᠷᠠᠯ ᠢᠶᠠᠨ ᠤᠯᠠᠮ ᠴᠢᠨᠠᠭᠰᠢᠳᠠ ᠦᠷᠭᠡᠳᠭᠡᠭᠦ ᠤᠤ ᠭᠡᠭᠦ ᠮᠡᠳᠦᠴᠢᠯᠠᠨ ᠤᠯᠠᠨ ᠰᠤᠩᠭᠤᠯᠳᠠ ᠲᠤᠬᠢᠶᠠᠯᠳᠤᠳᠠᠭ᠃ ᠡᠶᠢᠨ ᠭᠦ ᠲᠡᠳᠡ ᠦᠪᠡᠷ ᠤᠨ ᠢᠶᠠᠨ ᠭᠦᠰᠡᠯ ᠮᠦᠷᠦᠭᠡᠳᠦᠯ᠂ ᠲᠤᠷ᠎ᠠ ᠪᠠᠬ᠎ᠠ ᠪᠠᠷ ᠢᠶᠠᠨ ᠠᠯᠢ ᠨᠢᠭᠡᠨ ᠵᠠᠮ ᠢ ᠰᠤᠩᠭᠤᠵᠦ᠂ ᠰᠤᠷᠤᠯᠭ᠎ᠠ ᠠᠮᠢᠳᠤᠷᠠᠯ  ᠢᠶᠠᠨ ᠦᠷᠭᠦᠯᠵᠢᠯᠡᠭᠦᠯᠦᠨ᠎ᠠ᠃ ᠲᠡᠳᠡ ᠨᠠᠷ ᠤᠨ ᠲᠤᠳᠤᠷ᠎ᠠ ᠠᠴᠠ ᠦᠵᠦᠮᠦᠴᠢᠨ ᠦᠬᠢᠨ ᠴᠡᠯᠮᠡᠭ ᠬᠠᠷᠢᠨ ᠦᠪᠡᠷ ᠤᠨ ᠢᠶᠠᠨ ᠭᠠᠳᠠᠭᠠᠳᠦ ᠤᠯᠤᠰ ᠲᠤ ᠭᠦᠷᠴᠦ ᠠᠰᠫᠢᠷᠠᠨᠲ ᠢᠶᠠᠷ ᠰᠤᠷᠤᠯᠴᠠᠬᠤ ᠬᠦᠰᠡᠯ ᠢᠶᠠᠨ ᠪᠡᠶᠡᠯᠡᠭᠦᠯᠭᠦ ᠪᠠᠷ ᠮᠡᠷᠡᠶᠢᠨ ᠴᠢᠷᠮᠠᠶᠢᠭᠰᠠᠨ ᠤ ᠡᠴᠦᠰ ᠲᠤ ᠢᠲ᠋ᠠᠯᠢ ᠤᠯᠤᠰ ᠤᠨ ᠷᠤᠮᠠ ᠨᠢᠭᠡᠳᠦᠭᠡᠷ ᠶᠡᠭᠡ ᠰᠤᠷᠭᠠᠭᠤᠯᠢ ᠶᠢᠨ ᠮᠡᠳᠡᠭᠳᠡᠯ ᠤᠨ ᠪᠢᠴᠢᠭ ᠢ ᠲᠤᠰᠴᠦ᠂ ᠤᠳᠤ ᠰᠤᠷᠤᠯᠭ᠎ᠠ ᠬᠢᠴᠢᠶᠠᠯ ᠢᠶᠠᠨ ᠡᠬᠢᠯᠡᠭᠦᠯᠦᠭᠰᠡᠨ ᠪᠠᠶᠢᠳᠠᠭ᠃     ᠴᠡᠯᠮᠡᠭ ᠪᠠᠷᠠᠭᠤᠨ ᠦᠵᠦᠮᠦᠴᠢᠨ ᠬᠤᠰᠢᠭᠤ ᠪᠠᠷ ᠨᠤᠳᠤᠭᠳᠠᠢ᠃ ᠲᠡᠷᠡᠪᠡᠷ ᠬᠠᠷᠠᠬᠠᠨ ᠪᠠᠭ᠎ᠠ  ᠠᠴᠠ  ᠪᠠᠨ ᠰᠤᠷᠤᠯᠭ᠎ᠠ ᠬᠢᠴᠢᠶᠠᠯ  ᠳᠤ  ᠪᠠᠨ ᠰᠢᠮᠳᠠᠨ ᠴᠢᠷᠮᠠᠶᠢᠳᠠᠭ ᠠᠴᠠ 2016 ᠤᠨ ᠳᠤ ᠤᠯᠠᠭᠠᠨᠬᠠᠳᠠ ᠬᠤᠳᠠ ᠶᠢᠨ ᠮᠤᠩᠭᠤᠯ ᠲᠤᠮᠳᠠᠳᠤ ᠰᠤᠷᠭᠠᠭᠤᠯᠢ ᠠᠴᠠ 452 ᠬᠤᠪᠢ ᠶᠢᠨ ᠬᠢᠷᠢ ᠪᠦᠳᠦᠮᠵᠢ ᠪᠠᠷ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠡᠳᠬᠢᠴᠡ ᠶᠢᠨ ᠤᠬᠠᠭᠠᠨ ᠤ ᠮᠡᠷᠭᠡᠵᠢᠯ  ᠤᠨ ᠰᠠᠯᠪᠤᠷᠢ  ᠳᠤ ᠰᠢᠯᠭᠠᠨ ᠤᠷᠤᠵᠠᠢ᠃ ᠤᠶᠤᠳᠠᠨ ᠪᠠᠶᠢᠭ᠎ᠠ ᠬᠤᠭᠤᠴᠠᠭᠠᠨ ᠳᠤ ᠪᠠᠨ ᠴᠡᠯᠮᠡᠭ ᠭᠠᠳᠠᠭᠠᠳᠦ ᠤᠯᠤᠰ ᠲᠤ ᠠᠰᠫᠢᠷᠠᠨᠲ ᠰᠤᠷᠤᠯᠴᠠᠬᠤ ᠴᠢᠭᠯᠡᠯ ᠢᠶᠠᠨ ᠲᠤᠭᠳᠠᠵᠦ᠂ ᠰᠤᠷᠤᠯᠭ᠎ᠠ ᠬᠢᠴᠢᠶᠠᠯ ᠳᠤ ᠪᠠᠨ ᠮᠡᠷᠡᠶᠢᠨ ᠴᠢᠷᠮᠠᠶᠢᠬᠤ ᠶᠢᠨ ᠵᠡᠷᠭᠡᠪᠡᠷ ᠲᠤᠰᠬᠠᠢ ᠮᠡᠷᠭᠡᠵᠢᠯ ᠤᠨ ᠤᠨᠤᠯ ᠤᠨ ᠮᠡᠳᠡᠯᠭᠡ ᠪᠠᠨ ᠦᠷᠭᠡᠳᠭᠡᠨ᠂ ᠤᠨᠴᠠᠭᠠᠢᠢᠯᠠᠨ ᠠᠩᠭ᠍ᠯᠢ ᠭᠡᠯᠡᠨ ᠤ ᠰᠠᠭᠤᠷᠢ ᠮᠡᠳᠡᠯᠭᠡ ᠪᠡ ᠶᠠᠷᠢᠶᠠᠨ ᠤ ᠭᠡᠯᠡᠨ ᠤ ᠴᠢᠳᠠᠪᠤᠷᠢ ᠪᠠᠨ ᠤᠯᠠᠮ ᠪᠠᠳᠤᠳᠬᠠᠨ ᠭᠦᠴᠦᠯᠠᠨ ᠴᠢᠷᠮᠠᠶᠢᠭᠰᠠᠨ ᠪᠠᠶᠢᠵᠠᠢ᠃     ︽ᠵᠤᠷᠢᠭ ᠪᠠᠶᠢᠪᠠᠯ ᠵᠤᠷᠢᠭᠰᠠᠨ ᠳᠤ ᠪᠠᠨ ᠁︾ ᠭᠡᠳᠡᠭᠴᠢᠯᠠᠨ ᠴᠡᠯᠮᠡᠭ ᠬᠢᠴᠢᠶᠠᠯ ᠰᠤᠷᠤᠯᠭ᠎ᠠ ᠳᠤ ᠪᠠᠨ ᠪᠤᠰᠤᠳ ᠠᠴᠠ ᠢᠯᠡᠭᠦᠦ ᠭᠦᠴᠦ ᠭᠦᠳᠡᠯᠮᠤᠷᠢ ᠭᠠᠷᠭᠠᠵᠦ᠂ ᠡᠷᠳᠡᠯᠡᠵᠦ ᠤᠷᠦ᠋ᠢᠯᠠᠨ ᠴᠢᠷᠮᠠᠶᠢᠭᠰᠠᠨ ᠤ ᠡᠴᠦᠰ ᠲᠤ ᠡᠨᠡ ᠵᠢᠯ ᠤᠨ 9 ᠰᠠᠷ᠎ᠠ ᠶᠢᠨ ᠡᠬᠢᠨ ᠢᠶᠠᠷ ᠢᠲ᠋ᠠᠯᠢ ᠤᠯᠤᠰ ᠤᠨ ᠷᠤᠮᠠ ᠨᠢᠭᠡᠳᠦᠭᠡᠷ ᠶᠡᠭᠡ ᠰᠤᠷᠭᠠᠭᠤᠯᠢ ᠶᠢᠨ ᠡᠮᠴᠢᠯᠡᠭᠡ ᠬᠢᠭᠡᠳ ᠰᠡᠳᠬᠢᠴᠡ ᠶᠢᠨ ᠲᠡᠭᠡᠳᠦ ᠰᠤᠷᠭᠠᠭᠤᠯᠢ  ᠶᠢᠨ ᠡᠮᠴᠢᠯᠡᠭᠡᠨ  ᠤ ᠰᠡᠳᠬᠢᠴᠡ  ᠶᠢᠨ ᠮᠡᠷᠭᠡᠵᠢᠯ  ᠤᠨ ᠠᠩᠭᠢ ᠳᠤ ᠡᠯᠰᠡᠭᠳᠡᠵᠦ᠂ ᠡᠷᠳᠡᠮ ᠮᠡᠳᠡᠯᠭᠡ ᠶᠢᠨ ᠤᠷᠬᠢᠯ ᠳᠤ ᠠᠪᠠᠷᠢᠬᠤ ᠭᠦᠰᠡᠯ ᠤᠨ ᠵᠢᠯᠤᠭᠤ ᠪᠠᠨ ᠬᠠᠷᠢ ᠤᠯᠤᠰ ᠲᠡᠶᠢᠰᠢ ᠰᠤᠩᠭᠠᠯ᠎ᠠ᠃ ᠤᠳᠤᠬᠠᠨ ᠪᠦᠭᠦ ᠲᠡᠯᠡᠭᠡᠢ ᠪᠠᠷ ᠢᠶᠠᠨ ᠰᠢᠨ᠎ᠠ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠵᠦ ᠪᠠᠶᠢᠭ᠎ᠠ ᠤᠨᠴᠠᠭᠠᠢ ᠦᠶ᠎ᠠ ᠪᠤᠯᠬᠤᠷ ᠲᠡᠭᠦᠨ ᠤ ᠡᠯᠰᠡᠭᠳᠡᠭᠰᠡᠨ ᠰᠤᠷᠭᠠᠭᠤᠯᠢ ᠨᠢ ᠤᠳᠤ ᠰᠦᠯᠵᠢᠶᠡᠨ ᠬᠢᠴᠢᠶᠡᠯᠯᠡᠭᠡ ᠬᠢᠵᠦ ᠪᠠᠶᠢᠭ᠎ᠠ ᠤᠴᠢᠷ ᠠᠴᠠ ᠴᠡᠯᠮᠡᠭ ᠭᠠᠳᠠᠭᠠᠳᠦ ᠳᠤ ᠶᠠᠪᠤᠵᠦ ᠰᠤᠷᠤᠯᠴᠠᠭ᠎ᠠ ᠦᠭᠡᠢ᠂ ᠬᠠᠷᠢᠨ ᠭᠡᠷ ᠲᠤ ᠪᠠᠨ ᠰᠦᠯᠵᠢᠶᠡᠨ ᠲᠡᠭᠡᠷ᠎ᠠ ᠬᠢᠴᠢᠶᠡᠯᠯᠡᠵᠦ᠂ ᠭᠠᠳᠠᠭᠠᠳᠦ ᠤᠯᠤᠰ ᠲᠤ ᠭᠦᠷᠦᠭᠡᠳᠦᠢ ᠴᠦ ᠬᠢᠴᠢᠶᠠᠯ ᠭᠦᠮᠦᠵᠢᠯ ᠢᠶᠠᠨ ᠨᠢᠭᠡᠨᠳᠡ ᠡᠬᠢᠯᠡᠭᠦᠯᠴᠢᠭᠡᠭᠰᠡᠨ ᠪᠠᠶᠢᠨ᠎ᠠ᠃ ᠴᠡᠯᠮᠡᠭ ᠤᠨ ᠡᠳᠡᠭᠡᠷ ᠵᠢᠯ ᠤᠳ ᠤᠨ ᠴᠢᠷᠮᠠᠶᠢᠯᠭ᠎ᠠ ᠲᠠᠯᠠᠭᠠᠷ ᠪᠤᠯᠤᠭᠰᠠᠨ ᠦᠭᠡᠢ ᠬᠠᠷᠢᠨ ᠦᠪᠡᠷ ᠤᠨ ᠢᠶᠠᠨ ᠭᠦᠰᠡᠵᠦ ᠰᠠᠨᠠᠭᠰᠠᠨ ᠳᠤ ᠪᠠᠨ ᠭᠦᠷᠴᠦ ᠡᠨᠡ ᠵᠡᠷᠭᠡ ᠶᠢᠨ ᠠᠮᠵᠢᠯᠳᠠ ᠲᠠᠢ ᠶᠠᠪᠤᠭ᠎ᠠ ᠨᠢ ᠲᠡᠭᠦᠨ ᠤ ᠠᠪᠤ ᠡᠵᠢ ᠶᠢᠨ ᠬᠢᠨᠢ ᠵᠦᠪ ᠰᠠᠶᠢᠨ ᠭᠦᠮᠦᠵᠢᠯ ᠠᠴᠠ ᠰᠠᠯᠵᠦ ᠪᠤᠯᠤᠰᠢ ᠦᠭᠡᠢ᠃     ᠴᠡᠯᠮᠡᠭ ᠤᠨ ᠠᠪᠤ ᠭᠡᠰᠢᠭᠨᠢᠮ᠎ᠠ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠭᠦᠮᠦᠵᠢᠯ ᠤᠨ ᠲᠤᠪᠴᠢᠶᠠᠨ ᠤ  ᠰᠤᠷᠤᠯᠭ᠎ᠠ ᠶᠢᠨ ᠲᠡᠳᠭᠦᠮᠵᠢ ᠶᠢᠨ  ᠬᠠᠮᠢᠶᠠᠷᠤᠯᠳᠠ ᠶᠢᠨ ᠲᠦᠪ ᠲᠤ ᠠᠵᠢᠯ ᠠᠯᠪᠠ ᠲᠠᠢ ᠪᠠᠶᠢᠵᠦ᠂ ᠴᠡᠯᠮᠡᠭ ᠤᠨ ᠡᠵᠢ  ᠰᠡᠴᠡᠨ ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠳᠡᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ  ᠲᠤᠭᠠᠨ ᠤ  ᠤᠬᠠᠭᠠᠨ ᠤ ᠪᠠᠭᠰᠢ ᠪᠢᠯᠠ᠃ ᠠᠪᠤ ᠡᠵᠢ ᠪᠤᠯᠤᠭᠰᠠᠳ ᠦᠷ᠎ᠠ ᠭᠡᠦᠭᠡᠳ ᠤᠨ ᠢᠶᠠᠨ ᠠᠩᠬᠠᠨ ᠤ ᠪᠠᠭᠰᠢ ᠨᠢ ᠪᠠᠶᠢᠳᠠᠭ ᠤᠴᠢᠷ ᠠᠴᠠ ᠴᠡᠯᠮᠡᠭ ᠤᠨ ᠠᠪᠤ ᠡᠵᠢ ᠨᠢ ᠲᠡᠭᠦᠨ ᠤ  ᠰᠤᠶᠤᠯ ᠰᠤᠷᠭᠠᠨ  ᠭᠦᠮᠦᠵᠢᠯ ᠤᠨ ᠠᠶᠠᠨ ᠵᠠᠮ ᠤᠨ ᠠᠩᠬᠠᠨ ᠤ ᠠᠯᠬᠤᠮ ᠢ ᠵᠦᠪ ᠤᠳᠤᠷᠢᠳᠴᠦ᠂ ᠵᠢᠭᠠᠨ  ᠵᠢᠯᠤᠭᠤᠳᠤᠭᠰᠠᠨ  ᠨᠢ ᠯᠠᠪᠳᠠᠢ᠃ ᠴᠡᠯᠮᠡᠭ ᠤᠨ ᠠᠪᠤ ᠡᠵᠢ ᠨᠢ ᠴᠦᠮ ᠰᠤᠷᠭᠠᠨ ᠭᠦᠮᠦᠵᠢᠯ ᠤᠨ ᠦᠢᠯᠡᠰ ᠲᠤ ᠵᠢᠳᠭᠦᠨ᠂ ᠦᠢ ᠤᠯᠠᠨ ᠭᠡᠦᠭᠡᠳ ᠢ ᠭᠦᠮᠦᠵᠢᠭᠦᠯᠭᠦ ᠶᠢᠨ ᠵᠡᠷᠭᠡ ᠭᠡᠦᠭᠡᠳ ᠤᠨ ᠢᠶᠠᠨ ᠭᠡᠷ ᠪᠦᠯᠢ ᠶᠢᠨ ᠭᠦᠮᠦᠵᠢᠯ ᠢ ᠶᠡᠭᠡᠳᠡ ᠠᠩᠬᠠᠷᠳᠠᠭ ᠠᠴᠠ ᠴᠡᠯᠮᠡᠭ ᠢ ᠬᠠᠷᠠᠬᠠᠨ ᠪᠠᠭ᠎ᠠ ᠠᠴᠠ ᠨᠢ ᠬᠢᠴᠢᠶᠠᠯ ᠰᠤᠷᠤᠯᠭ᠎ᠠ ᠶᠢ ᠨᠢ ᠵᠢᠭᠠᠨ ᠵᠢᠯᠤᠭᠤᠳᠴᠦ᠂ ᠭᠦᠮᠦᠨ ᠪᠤᠯᠬᠤ ᠶᠤᠰᠤ ᠤᠴᠢᠷ ᠢ ᠮᠡᠳᠡᠭᠦᠯᠵᠦ᠂ ᠮᠡᠳᠡᠯᠭᠡ ᠪᠤᠯᠪᠠᠰᠤᠷᠠᠯ ᠲᠠᠢ᠂ ᠮᠤᠷᠠᠯ ᠰᠤᠷᠳᠠᠯ ᠲᠠᠢ ᠭᠡᠦᠭᠡᠳ ᠪᠤᠯᠭᠠᠨ ᠭᠦᠮᠦᠵᠢᠭᠦᠯᠵᠠᠢ᠃     ᠴᠡᠯᠮᠡᠭ ᠤᠨ ᠬᠠᠷᠢ ᠤᠯᠤᠰ ᠲᠤ ᠠᠰᠫᠢᠷᠠᠨᠲ ᠢᠶᠠᠷ ᠰᠢᠯᠭᠠᠬᠤ ᠳᠤ ᠴᠦ ᠠᠪᠤ ᠡᠵᠢ ᠨᠢ ᠲᠡᠭᠦᠨ ᠤ ᠡᠨᠡᠭᠦ ᠰᠤᠩᠭᠤᠯᠳᠠ ᠶᠢ ᠶᠡᠭᠡᠳᠡ ᠲᠡᠮᠵᠢᠵᠦ᠂ ᠴᠢᠷᠮᠠᠶᠢᠨ ᠰᠤᠷᠤᠯᠴᠠᠬᠤ ᠶᠢ ᠨᠢ ᠵᠤᠷᠢᠭᠵᠢᠭᠤᠯᠵᠦ᠂ ᠰᠡᠳᠬᠢᠯ ᠤᠨ ᠲᠦᠰᠢᠭ ᠨᠢ ᠪᠤᠯᠤᠭᠰᠠᠨ ᠠᠴᠠ ᠴᠡᠯᠮᠡᠭ ᠤᠯᠠᠮ ᠵᠤᠷᠢᠭᠵᠢᠨ ᠴᠢᠷᠮᠠᠶᠢᠵᠦ᠂ ᠪᠦᠭᠦ ᠲᠦᠷᠦᠯ ᠤᠨ ᠰᠢᠯᠭᠠᠯᠳᠠ ᠪᠠᠨ ᠠᠮᠵᠢᠯᠳᠠ ᠲᠠᠢ ᠲᠤᠭᠤᠯᠵᠦ᠂ ᠭᠦᠰᠡᠵᠦ ᠰᠠᠨᠠᠭᠰᠠᠨ ᠭᠠᠳᠠᠭᠠᠳᠦ ᠶᠢᠨ ᠶᠡᠭᠡ ᠰᠤᠷᠭᠠᠭᠤᠯᠢ  ᠳᠤ  ᠪᠠᠨ ᠰᠢᠯᠭᠠᠨ ᠤᠷᠤᠵᠦ᠂ ᠰᠤᠶᠤᠯ ᠮᠡᠳᠡᠯᠭᠡ ᠶᠢᠨ ᠠᠯᠳᠠᠨ ᠠᠶᠠᠨ ᠢᠶᠠᠨ ᠦᠷᠭᠦᠯᠵᠢᠯᠡᠭᠦᠯᠦᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号