ᠰᠤᠷᠭᠠᠨ ᠬᠦᠮᠦᠵᠢᠯ ᠤᠨ ᠶᠠᠮᠤᠨ᠄ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠲᠡᠮᠳᠡᠭᠯᠡᠯ ᠢ ᠰᠤᠷᠤᠭᠴᠢ ᠶᠢᠨ ᠲᠠᠩᠰᠠ ᠡᠪᠬᠡᠮᠡᠯ ᠳᠤ ᠤᠷᠤᠭᠤᠯᠤᠨ᠎ᠠ
ᠨᠡᠶᠢᠲᠡᠯᠡᠭᠰᠡᠨ ᠴᠠᠭ᠄
2020/11/18
    ᠰᠤᠷᠭᠠᠠ ᠬᠦᠮᠦᠵᠢᠯ ᠤᠨ ᠶᠠᠮᠤᠨ ᠤ ᠨᠡᠶᠢᠳᠡᠯᠡᠭᠰᠡᠨ ︽ᠶᠡᠭᠡ ᠲᠤᠮᠳᠠᠳᠤ  ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠵᠢᠯᠤᠭᠤᠳᠬᠤ ᠬᠦᠳᠦᠯᠪᠦᠷᠢ︾ ᠶᠢ ᠦᠨᠳᠦᠰᠦᠯᠡᠨ᠂ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠠᠭᠤᠯᠭ᠎ᠠ ᠶᠢ ᠬᠤᠶᠢᠰᠢᠳᠠ ᠠᠳᠠᠯᠢ ᠪᠤᠰᠤ ᠱᠠᠳᠤᠨ ᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ ᠡᠪᠬᠡᠮᠡᠯ ᠳᠤ ᠤᠷᠤᠭᠤᠯᠤᠨ᠎ᠠ᠃     ᠵᠢᠯᠤᠭᠤᠳᠬᠤ ᠬᠦᠳᠦᠯᠪᠦᠷᠢ ᠶᠢ ᠦᠨᠳᠦᠰᠦᠯᠡᠨ᠂ ᠪᠠᠭ᠎ᠠ ᠰᠤᠷᠭᠠᠭᠤᠯᠢ ᠶᠢᠨ ᠱᠠᠳᠤᠨ ᠳᠤ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠨ᠎ᠡ︔ ᠲᠤᠮᠳᠠᠳᠤ ᠰᠤᠷᠭᠠᠭᠤᠯᠢ ᠶᠢᠨ ᠱᠠᠳᠤᠨ ᠤ ᠬᠠᠮᠢᠶ᠎ᠠ ᠪᠦᠬᠦᠢ ᠰᠢᠨᠵᠢᠯᠡᠬᠡᠨ ᠤ ᠰᠠᠯᠠᠭ᠎ᠠ ᠨᠢ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠬᠠᠮᠢᠶ᠎ᠠ ᠪᠦᠬᠦᠢ ᠠᠭᠤᠯᠭ᠎ᠠ ᠶᠢ ᠬᠢᠨᠠᠨ ᠰᠢᠯᠭᠠᠵᠤ ᠦᠨᠡᠯᠡᠬᠦ ᠬᠡᠪᠴᠢᠶᠡᠨ ᠳᠤ ᠤᠷᠤᠭᠤᠯᠵᠤ᠂ ᠠᠵᠢᠯᠯᠠᠭ᠎ᠠ ᠳᠤ ᠤᠷᠤᠯᠴᠠᠭᠰᠠᠨ ᠪᠠᠶᠢᠳᠠᠯ ᠢ ᠬᠠᠮᠳᠤ ᠳᠤ ᠨᠢ ᠪᠠᠶᠢᠴᠠᠭᠠᠨ ᠦᠵᠡᠨ᠎ᠡ︔ ᠶᠡᠭᠡ ᠰᠤᠷᠭᠠᠭᠤᠯᠢ ᠶᠢᠨ ᠱᠠᠳᠤᠨ ᠳᠤ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠢᠴᠢᠶᠡᠯ ᠤᠨ ᠰᠢᠯᠭᠠᠯᠳᠠ ᠬᠢᠵᠦ᠂ ᠶᠠᠪᠤᠴᠠ ᠶᠢᠨ ᠴᠢᠨᠠᠷᠳᠠᠢ ᠬᠢᠨᠠᠨ ᠰᠢᠯᠭᠠᠯᠳᠠ ᠶᠢ ᠬᠠᠮᠳᠤ ᠳᠤ ᠨᠢ ᠬᠢᠨ᠎ᠡ᠃ ᠡᠯ᠎ᠡ ᠱᠠᠳᠤᠨ ᠤ ᠬᠠᠮᠢᠶ᠎ᠠ ᠪᠦᠬᠦᠢ ᠰᠤᠷᠭᠠᠭᠤᠯᠢ ᠨᠤᠭᠤᠳ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠲᠤᠰᠬᠠᠢ ᠰᠡᠳᠦᠪᠳᠦ ᠬᠦᠮᠦᠵᠢᠯ᠂ ᠬᠢᠴᠢᠶᠡᠯ ᠤᠨ ᠰᠤᠷᠤᠯᠴᠠᠯᠭ᠎ᠠ ᠪᠠ ᠨᠡᠶᠢᠬᠡᠮ ᠤᠨ ᠦᠢᠯᠡᠳᠦᠯᠬᠡ ᠵᠡᠷᠬᠡ ᠠᠵᠢᠯᠯᠠᠭ᠎ᠠ ᠳᠤ ᠤᠷᠤᠯᠴᠠᠬᠤ ᠤᠪᠤᠷ᠂ ᠦᠢᠯᠡ ᠠᠵᠢᠯᠯᠠᠭ᠎ᠠ ᠶᠢᠨ ᠢᠯᠡᠷᠡᠯ ᠪᠠ ᠰᠤᠷᠤᠯᠴᠠᠯᠭ᠎ᠠ ᠶᠢᠨ ᠦᠷ᠎ᠡ ᠪᠦᠳᠦᠬᠡᠯ ᠢ ᠪᠤᠰᠤᠳᠴᠢ ᠪᠠᠷ ᠲᠡᠮᠳᠡᠭᠯᠡᠵᠦ᠂ ᠲᠡᠮᠳᠡᠭᠯᠡᠯ ᠤᠨ ᠦᠨᠡᠨ ᠪᠤᠳᠠᠳᠠᠢ ᠪᠦᠬᠡᠳ ᠨᠠᠶᠢᠳᠠᠪᠤᠷᠢᠳᠠᠢ ᠪᠠᠶᠢᠬᠤ ᠶᠢ ᠦᠨᠡᠨ ᠬᠦ ᠪᠠᠳᠤᠯᠠᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ ᠡᠪᠬᠡᠮᠡᠯ ᠳᠤ ᠤᠷᠤᠭᠤᠯᠬᠤ ᠬᠡᠷᠡᠭᠳᠠᠢ᠃     ᠵᠢᠯᠤᠭᠤᠳᠬᠤ ᠬᠦᠳᠦᠯᠪᠦᠷᠢ ᠳᠤ᠂ ᠪᠠᠭ᠎ᠠ ᠰᠤᠷᠭᠠᠭᠤᠯᠢ ᠶᠢᠨ ᠱᠠᠳᠤᠨ ᠳᠤ ᠤᠯᠤᠰ ᠤᠨ ᠤᠬᠠᠬᠳᠠᠬᠤᠨ ᠢ ᠪᠤᠢ ᠪᠤᠯᠭᠠᠬᠤ ᠶᠠᠪᠤᠳᠠᠯ ᠢᠶᠠᠷ ᠭᠤᠤᠯᠯᠠᠭᠤᠯᠤᠨ᠂ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠦᠨᠳᠦᠰᠦᠨ ᠮᠡᠳᠡᠯᠬᠡ ᠶᠢ ᠠᠩᠬ᠎ᠠ ᠠᠯᠬᠤᠮ ᠤᠢᠢᠯᠠᠭᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠰᠡᠳᠬᠢᠯᠬᠡ ᠶᠢ ᠨᠢ ᠨᠡᠮᠡᠭᠳᠡᠬᠦᠯᠦᠨ᠎ᠡ᠃ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠤ ᠬᠤᠪᠢ ᠬᠦᠮᠦᠨ ᠪᠠ ᠤᠯᠤᠰ ᠤᠨ ᠬᠠᠷᠢᠴᠠᠭ᠎ᠠ ᠶᠢ ᠲᠠᠨᠢᠭᠤᠯᠬᠤ ᠶᠠᠪᠤᠳᠠᠯ ᠢᠶᠠᠷ ᠭᠤᠤᠯᠯᠠᠭᠤᠯᠤᠨ᠂ ᠤᠯᠤᠰ ᠤᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠯᠠᠵᠤ᠂ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠳᠡ ᠶᠢ ᠠᠩᠬ᠎ᠠ ᠠᠯᠬᠤᠮ ᠤᠢᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠰᠠᠭᠤᠷᠢ ᠮᠡᠳᠡᠯᠬᠡ ᠶᠢ ᠡᠵᠡᠮᠰᠢᠬᠦᠯᠵᠦ᠂ ᠤᠯᠤᠰ ᠤᠨ ᠠᠮᠤᠷ ᠲᠦᠪᠰᠢᠨ ᠤ ᠬᠤᠪᠢ ᠬᠦᠮᠦᠨ ᠤ ᠦᠰᠦᠨ ᠪᠤᠶᠢᠵᠢᠯᠳᠠ ᠳᠤ ᠦᠵᠡᠬᠦᠯᠬᠦ ᠴᠢᠬᠤᠯᠠ ᠦᠢᠯᠡᠳᠦᠯ ᠢ ᠤᠢᠢᠯᠠᠭᠠᠭᠤᠯᠵᠤ᠂ ᠤᠯᠤᠰ ᠤᠷᠤᠨ ᠤ ᠠᠰᠢᠭ ᠲᠤᠰᠠ ᠶᠢ ᠲᠡᠬᠡᠳᠦᠯᠡᠬᠦ ᠦᠵᠡᠯᠳᠡ ᠶᠢ ᠠᠩᠬ᠎ᠠ ᠠᠯᠬᠤᠮ ᠪᠤᠢ ᠪᠤᠯᠭᠠᠨ᠎ᠠ᠃ ᠦᠨᠳᠦᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠳᠤ ᠠᠷᠠᠳ ᠲᠦᠮᠡᠨ ᠤ ᠠᠵᠠ ᠵᠢᠷᠭᠠᠯ ᠬᠢᠬᠡᠳ ᠤᠯᠤᠰ ᠤᠨ ᠬᠠᠷᠢᠴᠠᠭ᠎ᠠ ᠶᠢ ᠤᠢᠢᠯᠠᠭᠠᠭᠤᠯᠬᠤ ᠶᠠᠪᠤᠳᠠᠯ ᠢᠶᠠᠷ ᠭᠤᠤᠯᠯᠠᠭᠤᠯᠤᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠤᠢᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠡᠯ᠎ᠡ ᠬᠦᠷᠢᠶᠡᠨ ᠤ ᠠᠭᠤᠯᠤᠭᠳᠠᠬᠤᠨ ᠵᠢᠴᠢ ᠲᠡᠬᠦᠨ ᠤ ᠬᠠᠷᠢᠴᠠᠭ᠎ᠠ ᠶᠢ ᠠᠩᠬ᠎ᠠ ᠠᠯᠬᠤᠮ ᠡᠵᠡᠮᠰᠢᠬᠦᠯᠵᠦ᠂ ᠤᠯᠤᠰ ᠤᠨ ᠠᠮᠤᠷ ᠲᠦᠪᠰᠢᠨ ᠤ ᠤᠯᠤᠰ ᠤᠨ ᠬᠦᠭᠵᠢᠯᠳᠡ ᠳᠤ ᠦᠵᠡᠬᠦᠯᠬᠦ ᠴᠢᠬᠤᠯᠠ ᠦᠢᠯᠡᠳᠦᠯ ᠢ ᠲᠠᠨᠢᠭᠤᠯᠵᠤ᠂ ᠰᠠᠨᠠᠭᠠᠰᠢᠷᠠᠨ ᠵᠤᠪᠠᠭ᠋ᠤ ᠤᠬᠠᠮᠰᠠᠷ ᠢ ᠪᠤᠢ ᠪᠤᠯᠭᠠᠵᠤ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠬᠦᠷᠬᠡᠳᠦ ᠰᠡᠳᠬᠢᠯᠬᠡ ᠶᠢ ᠨᠡᠮᠡᠭᠳᠡᠬᠦᠯᠦᠨ᠎ᠡ᠃ ᠶᠡᠭᠡ ᠰᠤᠷᠭᠠᠭᠤᠯᠢ ᠶᠢᠨ ᠱᠠᠳᠤᠨ ᠳᠤ ᠲᠤᠮᠳᠠᠳᠤ ᠶᠢᠨ ᠦᠨᠳᠦᠰᠦᠳᠡᠨ ᠤ ᠬᠤᠪᠢ ᠵᠠᠶᠠᠭ᠎ᠠ ᠪᠤᠯᠤᠨ ᠤᠯᠤᠰ ᠤᠷᠤᠨ ᠤ ᠬᠠᠷᠢᠴᠠᠭ᠎ᠠ ᠶᠢ ᠤᠢᠢᠯᠠᠭᠠᠭᠤᠯᠬᠤ ᠶᠠᠪᠤᠳᠠᠯ ᠢᠶᠠᠷ ᠭᠤᠤᠯᠯᠠᠭᠤᠯᠤᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠦᠢᠯᠡᠳᠦᠯᠬᠡᠵᠢᠬᠦᠯᠵᠦ᠂ ᠰᠤᠷᠤᠭᠴᠢᠳ ᠲᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢᠨ ᠠᠭᠤᠯᠤᠭᠳᠠᠬᠤᠨ ᠪᠤᠯᠤᠨ ᠵᠤᠷᠢᠭ ᠰᠠᠨᠠᠭᠠᠨ ᠤ ᠮᠦᠨ ᠴᠢᠨᠠᠷ ᠢ ᠰᠢᠰᠲ᠋ᠧᠮ ᠲᠠᠢ ᠡᠵᠡᠮᠰᠢᠬᠦᠯᠵᠦ ᠲᠤᠮᠳᠠᠳᠤ ᠤᠯᠤᠰ ᠤᠨ ᠤᠨᠴᠠᠯᠢᠭ ᠲᠠᠢ ᠤᠯᠤᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠵᠤ᠂ ᠤᠯᠤᠰ ᠤᠨ ᠠᠮᠤᠷ ᠲᠦᠪᠰᠢᠨ ᠤ ᠤᠬᠠᠮᠰᠠᠷᠳᠦ ᠠᠵᠢᠯᠯᠠᠭ᠎ᠠ ᠪᠤᠯᠭᠠᠨ ᠬᠤᠪᠢᠷᠠᠭᠤᠯᠵᠤ᠂ ᠬᠠᠷᠢᠭᠤᠴᠠᠯᠭ᠎ᠠ ᠡᠬᠦᠷᠬᠡᠯᠡᠯ ᠢ ᠴᠢᠩᠭᠠᠳᠬᠠᠨ᠎ᠠ ᠬᠡᠵᠦ ᠲᠤᠳᠤᠷᠬᠠᠢ ᠲᠤᠭᠳᠠᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号