ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ
ᠨᠡᠶᠢᠲᠡᠯᠡᠭᠰᠡᠨ ᠴᠠᠭ᠄
2020/11/2
    ᠠᠯᠲᠠᠨ ᠯᠢᠩᠬᠤᠸ᠎ᠠ  ᠰᠢᠭᠢᠳᠭᠡᠭᠰᠡᠨ ᠰᠢᠷ᠎ᠠ ᠲᠠᠯ᠎ᠠ᠂ ᠠᠲᠠᠷ  ᠬᠡᠭᠡᠷ᠎ᠡ ᠳᠤ  ᠰᠦᠨᠳᠡᠷᠯᠡᠭᠰᠡᠨ ᠦᠬᠡᠷᠴᠢᠨ ᠣᠪᠣᠭ᠎ᠠ᠂ ᠠᠯᠳᠠᠷ ᠴᠤᠤᠲᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠷᠠᠰᠢᠶᠠᠨ ᠤᠨᠳᠤᠷᠠᠯᠲᠤ ᠱᠠᠩᠳᠤ ᠶᠢᠨ ᠭᠤᠤᠯ᠂ ᠥᠨᠢᠷ ᠲᠠᠩᠰᠤᠭ ᠬᠤᠯᠠᠨ ᠰᠢᠷᠭ᠎ᠠ ᠲᠠᠭ᠎ᠠ ᠶᠢᠨ ᠮᠠᠩᠬ᠎ᠠ᠂ ᠥᠪᠡᠷᠮᠢᠴᠡ ᠭᠠᠶᠢᠬᠠᠮᠰᠢᠭᠲᠤ ᠴᠠᠬᠠᠷ ᠵᠠᠩᠰᠢᠯ᠂ ᠥᠪᠦᠷ ᠪᠠᠷᠢᠮᠵᠢᠶ᠎ᠠ ᠮᠣᠩᠭᠤᠯ ᠬᠡᠯᠡᠨ ᠤ ᠰᠠᠭᠤᠷᠢᠨ ᠰᠢᠯᠤᠭᠤᠨ ᠬᠥᠬᠡ ᠬᠤᠰᠢᠭᠤ ᠨᠢ ᠡᠯᠪᠡᠭ ᠰᠣᠶᠣᠯ ᠪᠠᠭ᠋ᠠᠷᠬᠠᠮ᠎ᠠ  ᠲᠡᠤᠬᠡ ᠪᠠᠷ ᠢᠶᠠᠨ ᠤᠯᠠᠭᠠᠨᠮᠥ᠋ᠴᠢᠷ ᠢᠶᠠᠨ ᠤᠮᠳᠠᠯᠠᠵᠤ᠂ ᠭᠠᠵᠠᠷ ᠣᠷᠣᠨ᠂ ᠰᠣᠶᠣᠯ ᠢᠷᠭᠡᠨᠰᠢᠯ᠂ ᠲᠡᠤᠬᠡ᠂ ᠪᠠᠶᠢᠭᠠᠯᠢ ᠶᠢᠨ ᠥᠩᠭᠡ ᠦᠵᠡᠮᠵᠢ ᠪᠠ ᠵᠠᠩ ᠵᠠᠩᠰᠢᠯ ᠢ ᠨᠢᠭᠡ ᠴᠣᠭᠴᠠᠵᠢᠭᠤᠯᠤᠨ᠂ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ ᠬᠡᠮᠡᠭᠳᠡᠭᠰᠡᠨ ᠤᠳᠬ᠎ᠠ ᠤᠷᠠᠯᠢᠭ ᠤᠨ ᠡᠩᠨᠡᠭᠡ ᠶᠢ ᠬᠥᠮᠦᠵᠢᠭᠦᠯᠵᠡᠶ᠃ ᠡᠨᠡ ᠪᠣᠯ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠪᠣᠯᠤᠨ᠎ᠠ᠃     ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠨᠢ 1957 ᠤᠨ 9 ᠰᠠᠷ᠎ᠠ ᠶᠢᠨ 25 ᠤ ᠡᠳᠦᠷ ᠪᠠᠶᠢᠭᠤᠯᠤᠭᠳᠠᠪᠠ᠂ 63 ᠵᠢᠯ ᠤᠨ ᠲᠤᠷᠰᠢ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠳᠤ ᠦᠢᠯᠡᠴᠢᠯᠡᠵᠦ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠠᠪᠰᠢᠯᠳᠠ ᠳᠤ ᠬᠤᠪᠢ ᠨᠡᠮᠡᠷᠢ ᠪᠠᠨ ᠦᠵᠡᠭᠦᠯᠦᠭᠰᠡᠭᠡᠷ  ᠢᠷᠡᠭᠰᠡᠨ ᠪᠢᠯᠡ᠃ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠰᠢ᠂ ᠠᠯᠳᠠᠷᠲᠤ ᠠᠰᠠᠷ ᠬᠥᠭᠵᠢᠮᠴᠢᠨ  ᠪᠠᠪᠤᠳᠤᠷᠵᠢ᠂ ᠠᠯᠳᠠᠷᠲᠤ ᠬᠥᠭᠵᠢᠮ ᠤᠨ ᠵᠣᠬᠢᠶᠠᠯᠴᠢ ᠴᠢᠮᠡᠳᠳᠣᠷᠵᠢ᠂ ᠠᠯᠳᠠᠷᠲᠤ ᠳᠠᠭᠤᠴᠢᠨ ᠦᠷᠴᠠᠶᠢᠬᠤ ᠵᠡᠷᠭᠡ ᠦᠶ ᠣᠯᠠᠨ ᠨᠠᠷᠠᠲᠤ ᠬᠦᠮᠦᠰ ᠢ ᠬᠥᠮᠦᠵᠢᠭᠦᠯᠦᠭᠰᠡᠨ ᠶᠤᠮ᠃ ᠬᠡᠳᠦᠨ ᠦᠶ᠎ᠡ ᠶᠢᠨ  ᠤᠷᠠᠯᠢᠭᠴᠢᠳ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠲᠠᠰ ᠤᠨ  ᠲᠡᠷᠢᠭᠦᠨ ᠤ ᠨᠢᠭᠡᠴᠡ ᠪᠠ ᠲᠡᠷᠢᠭᠦᠨ ᠤ ᠠᠵᠢᠯᠲᠠᠳ ᠤᠨ ᠢᠷᠠᠭᠤ ᠠᠯᠳᠠᠷ ᠢ ᠬᠦᠷᠲᠡᠵᠦ᠂ ᠨᠤᠲᠤᠭ ᠤᠰᠤᠨ ᠳᠤ ᠪᠠᠨ ᠥᠩᠭᠡ ᠭᠡᠷᠡᠯ ᠠᠪᠴᠢᠷᠠᠪᠠ᠃ 1964 ᠣᠨ ᠠᠴᠠ 1966 ᠣᠨ ᠪᠣᠯᠲᠠᠯᠠᠬᠢ  ᠬᠤᠭᠤᠴᠠᠭᠠᠨ ᠳᠤ᠂ ᠴᠢᠮᠡᠳᠳᠣᠷᠵᠢ᠂ ᠷᠢᠨᠴᠢᠨᠰᠣᠳᠨᠠᠮ᠂ ᠸᠴᠢᠷᠬᠤᠶᠠᠭ᠂ ᠭᠤᠩᠴᠤᠭ᠂ ᠨᠠᠷᠠᠨᠴᠢᠮᠡᠭ ᠵᠡᠷᠭᠡ ᠠᠬᠠᠮᠠᠳ ᠦᠶ᠎ᠡ ᠶᠢᠨ ᠬᠢᠨ ᠨᠢ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠲᠣᠭᠯᠠᠯᠲᠠ ᠪᠠ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠲᠣᠭᠤᠷᠢᠨ ᠲᠣᠭᠯᠠᠯᠲᠠ ᠶᠢᠨ ᠪᠦᠯᠬᠦᠮ ᠳᠤ ᠣᠷᠣᠯᠴᠠᠭᠰᠠᠨ ᠪᠥᠭᠡᠳ ᠮᠠᠤ ᠽᠧ ᠳ᠋ᠦᠩ᠂ ᠯᠢᠦ ᠰᠢᠶᠤᠤ ᠴᠢ᠂ ᠵᠧᠦ ᠧᠨ ᠯᠠᠢ᠂ ᠳ᠋ᠧᠩ ᠰᠢᠶᠤᠤ ᠫᠢᠩ ᠵᠡᠷᠭᠡ ᠤᠯᠤᠰ ᠤᠨ ᠤᠳᠤᠷᠢᠳᠬᠤ ᠬᠥᠮᠦᠰ ᠲᠠᠢ ᠠᠭᠤᠯᠵᠠᠵᠤ᠂ ᠲᠡᠳᠡᠨ ᠤ ᠬᠠᠯᠠᠭᠤᠨ ᠬᠠᠯᠠᠮᠵᠢᠯᠠᠯ ᠢ ᠬᠦᠷᠳᠡᠭᠰᠡᠨ ᠪᠢᠯᠡ᠃ ᠡᠭᠦᠨ ᠠᠴᠠ ᠭᠠᠳᠠᠨ᠎ᠠ᠂ ᠮᠠᠨ ᠤ ᠤᠯᠤᠰ ᠤᠨ ᠬᠠᠮᠤᠭ ᠤᠨ ᠪᠠᠷᠠᠭᠤᠨ ᠬᠡᠰᠡᠭ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠳᠤ ᠤᠯᠠ ᠮᠥᠷ ᠢᠶᠠᠨ ᠦᠯᠡᠳᠡᠭᠡᠨ᠂ ᠬᠥᠬᠡᠨᠠᠭᠤᠷ᠂ ᠲᠥᠪᠡᠳ᠂ ᠰᠢᠨᠵᠢᠶᠠᠩ᠂ ᠭᠠᠨᠰᠦ᠂ ᠨᠢᠩᠰᠢᠶᠠ ᠵᠡᠷᠭᠡ ᠭᠠᠵᠠᠷ ᠣᠷᠣᠨ ᠢ ᠪᠠᠭᠲᠠᠭᠠᠵᠤ᠂ ᠤᠷᠢᠳ ᠬᠤᠵᠢᠳ 5000 ᠭᠠᠷᠤᠶ ᠲᠠᠯᠠᠪᠠᠶ ᠲᠣᠭᠯᠠᠯᠲᠠ ᠭᠠᠷᠭᠠᠨ᠂ ᠦᠵᠡᠭᠴᠢᠳ 600 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠦ᠂ ᠮᠠᠨ ᠤ ᠦᠨᠳᠦᠰᠦᠲᠡᠨ ᠤ ᠰᠣᠶᠣᠯ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠪᠠ᠃ ᠡᠭᠦᠨᠴᠢᠯᠡᠨ  ᠤᠯᠠᠭᠠᠨᠮᠥ᠋ᠴᠢᠷ ᠨᠢ 1964᠂ 1971 ᠣᠨ ᠳᠤ ᠲᠣᠰ ᠲᠣᠰ ᠣᠷᠣᠨ ᠤ ᠲᠠᠰ ᠤᠨ ︽ᠲᠡᠷᠢᠭᠦᠨ ᠤ ᠨᠢᠭᠡᠴᠡ︾ ᠪᠠ 1980 ᠣᠨ ᠤ ᠪᠥᠬᠦ ᠠᠶᠢᠮᠠᠭ ᠤᠨ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠠᠮᠲᠤ ᠨᠡᠶᠢᠲᠡ︾᠂ ︽ᠪᠥᠬᠦ ᠠᠶᠢᠮᠠᠭ ᠤᠨ ᠰᠢᠯᠢᠳᠡᠭ ᠤᠯᠠᠭᠠᠨᠮᠥ᠋ᠴᠢᠷ︾ ᠵᠡᠷᠭᠡ ᠢᠷᠡᠭᠤ ᠠᠯᠳᠠᠷ ᠢ ᠣᠯᠵᠤ᠂ 1987 ᠣᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠤᠨ ᠶᠠᠮᠤᠨ ᠠᠴᠠ ᠬᠡᠮᠡᠷᠯᠢᠭ ᠲᠤᠭ ᠢᠶᠠᠷ ᠬᠥᠬᠢᠭᠦᠯᠦᠨ ᠰᠠᠶᠢᠰᠢᠶᠠᠵᠤ᠂ 1987 ᠣᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠡᠮᠡᠷᠯᠢᠭ ᠲᠤᠭ ᠢ ᠬᠦᠷᠲᠡᠵᠦ᠂ 1992 ᠣᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠤᠨ ᠶᠠᠮᠤᠨ ᠠᠴᠠ ᠤᠯᠠᠭᠠᠨᠮᠥ᠋ᠴᠢᠷ ᠪᠠᠶᠢᠭᠤᠯᠤᠭᠳᠠᠭᠰᠠᠨ ᠭᠤᠴᠢᠨ ᠲᠠᠪᠤᠨ ᠵᠢᠯ ᠤᠨ ᠣᠶ ᠳᠤ ᠪᠠᠶᠠᠷ ᠬᠦᠷᠭᠡᠵᠦ᠂ 1987 ᠣᠨ ᠳᠤ ᠰᠢᠯᠤᠭᠤᠨ ᠬᠦᠬᠡ ᠬᠤᠰᠢᠭᠤᠨ ᠤ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠬᠦᠷᠳᠡᠪᠡ᠃ ᠣᠶᠢᠷ᠎ᠠ   ᠶᠢᠨ ᠵᠢᠯ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ︽ᠦᠨᠳᠦᠰᠦᠲᠡᠨ ᠤ ᠰᠣᠶᠣᠯ ᠤᠨ ᠲᠣᠮᠣ ᠣᠷᠣᠨ ᠢ ᠪᠦᠲᠦᠭᠡᠨ ᠪᠠᠶᠢᠭᠤᠯᠬᠤ︾ ᠤᠷᠢᠶᠠᠯᠠᠭ᠎ᠠ ᠳᠣᠣᠷ᠎ᠠ᠂  ᠬᠤᠰᠢᠭᠤᠨ ᠤ ᠤᠯᠠᠭᠠᠨᠮᠥ᠋ᠴᠢᠷ ᠨᠢ 2004 ᠣᠨ ᠳᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠬᠢᠭᠰᠡᠨ ᠤ ᠬᠠᠮᠲᠤ ᠮᠣᠷᠠᠯ ᠴᠢᠳᠠᠪᠤᠷᠢ ᠬᠤᠤᠰᠯᠠᠭᠰᠠᠨ ᠭᠠᠷᠮᠠᠭᠠᠢ ᠭᠡᠰᠢᠭᠦᠳ ᠢ ᠡᠯᠰᠡᠪᠡ᠃ 2007 ᠣᠨ ᠳᠤ ᠬᠤᠰᠢᠭᠤᠨ ᠤ ᠤᠯᠠᠭᠠᠨᠮᠥ᠋ᠴᠢᠷ ᠨᠢ ︽ᠰᠢᠯᠤᠭᠤᠨ ᠬᠥᠬᠡ ᠬᠤᠰᠢᠭᠤᠨ ᠤ ᠪᠣᠯᠪᠠᠰᠤᠨ ᠨᠢᠭᠡᠴᠡ︾ ᠪᠠ  ︽ᠵᠠᠯᠠᠭᠤᠴᠤᠳ ᠤᠨ ᠪᠣᠯᠪᠠᠰᠤᠨ ᠴᠤᠯᠠ︾ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠵᠦ᠂ 2009 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ︽ᠨᠢᠭᠡᠳᠦᠭᠡᠷ ᠲᠥᠷᠥᠯ ᠤᠨ ᠤᠯᠠᠭᠠᠨᠮᠥ᠋ᠴᠢᠷ︾᠂ ᠪᠥᠬᠦ ᠠᠶᠢᠮᠠᠭ ᠤᠨ ᠦᠨᠳᠦᠰᠦᠨ ᠱᠠᠲᠤᠨ ᠤ ᠰᠣᠶᠣᠯ ᠤᠨ ᠠᠵᠢᠯ ᠤᠨ ︽ᠰᠢᠯᠢᠳᠡᠭ ᠤᠯᠠᠭᠠᠨᠮᠥ᠋ᠴᠢᠷ︾ ᠭᠡᠬᠦ ᠬᠦᠭᠢᠬᠦᠯᠦᠯ  ᠬᠦᠷᠲᠡᠵᠦ᠂ 2009 ᠣᠨ ᠳᠤ ᠠᠶᠢᠮᠠᠭ ᠤᠨ ᠲᠠᠰ ᠤᠨ ︽ᠵᠠᠯᠠᠭᠤᠴᠤᠳ ᠤᠨ ᠪᠣᠯᠪᠠᠰᠤᠨ ᠴᠤᠯᠠ︾ ᠶᠢᠨ ᠲᠡᠷᠢᠭᠦᠨ ᠤ ᠨᠢᠭᠡᠴᠡ᠂ 2010 ᠣᠨ ᠳᠤ ᠭᠠᠳᠠᠭᠠᠳᠤ ᠤᠬᠠᠭᠤᠯᠭ᠎ᠠ ᠶᠢᠨ ᠠᠵᠢᠯ ᠤᠨ ︽ᠲᠡᠷᠢᠭᠦᠨ ᠤ ᠨᠢᠭᠡᠴᠡ︾᠂ 2010 ᠣᠨ  ᠳᠤ ᠰᠣᠶᠣᠯ ᠲᠠᠮᠢᠷ ᠤᠨ ᠠᠵᠢᠯ ᠤᠨ ︽ᠲᠡᠷᠢᠭᠦᠨ ᠤ ᠨᠢᠭᠡᠴᠡ︾᠂ 2011 ᠣᠨ ᠳᠤ ᠪᠥᠬᠦ ᠬᠤᠰᠢᠭᠤᠨ ᠤ ︽ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ︾ ᠤᠨ ᠲᠡᠷᠢᠭᠦᠨ ᠤ ᠨᠢᠭᠡᠴᠡ᠂ 2015 ᠣᠨ ᠳᠤ ᠪᠥᠬᠦ ᠣᠷᠣᠨ ᠤ ᠮᠠᠯᠴᠢᠨ ᠲᠠᠷᠢᠶᠠᠴᠢᠨ ᠳᠤ ᠦᠢᠯᠡᠴᠢᠯᠡᠬᠦ ᠦᠨᠳᠦᠰᠦᠨ ᠱᠠᠲᠤᠨ  ᠤ ᠰᠣᠶᠣᠯ  ᠤᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ 2017 ᠣᠨ ᠳᠤ ᠰᠢᠯᠤᠭᠤᠨ ᠬᠥᠬᠡ ᠬᠤᠰᠢᠭᠤᠨ ᠤ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ ᠬᠠᠮᠲᠤ ᠶᠢᠨ ᠢᠷᠠᠭᠤ ᠠᠯᠳᠠᠷ ᠢ ᠬᠦᠷᠲᠡᠵᠦ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠳᠣᠯᠣᠳᠤᠭᠠᠷ ᠤᠳᠠᠭᠠᠨ ᠤ ᠪᠥᠬᠦ ᠣᠷᠣᠨ ᠤ ᠤᠯᠠᠭᠠᠨᠮᠥ᠋ᠴᠢᠷ ᠢ ᠬᠢᠨᠠᠨ ᠦᠨᠡᠯᠡᠬᠦ ᠠᠵᠢᠯ ᠳᠤ  ᠬᠤᠰᠢᠭᠤᠨ ᠤ ᠤᠯᠠᠭᠠᠨᠮᠥ᠋ᠴᠢᠷ ᠨᠢ ᠪᠥᠬᠦ ᠣᠷᠣᠨ ᠤ ᠨᠢᠭᠡᠳᠦᠭᠡᠷ ᠲᠥᠷᠥᠯ ᠤᠨ ᠤᠯᠠᠭᠠᠨᠮᠥ᠋ᠴᠢᠷ ᠪᠠ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠵᠦ᠂ 2019 ᠣᠨ ᠤ 5 ᠰᠠᠷ᠎ᠠ ᠳᠤ ᠪᠥᠬᠦ ᠬᠤᠰᠢᠭᠤᠨ ᠤ ᠰᠢᠯᠢᠳᠡᠭ ᠵᠠᠯᠠᠭᠤᠴᠤᠳ ᠤᠨ ᠪᠣᠯᠪᠠᠰᠤᠨ ᠴᠣᠯᠠ ᠪᠠ ᠪᠥᠬᠦ ᠬᠤᠰᠢᠭᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠢ ᠭᠥᠷᠳᠡᠪᠡ᠃     ᠬᠤᠰᠢᠭᠤᠨ ᠤ ᠤᠯᠠᠭᠠᠨᠮᠥ᠋ᠴᠢᠷ ᠨᠢ 2004 ᠣᠨ ᠳᠤ ᠳᠠᠬᠢᠨ ᠪᠠᠶᠢᠭᠤᠯᠤᠭᠳᠠᠭᠰᠠᠨ ᠠᠴᠠ ᠨᠠᠰᠢ 2007 ᠣᠨ ᠤ 7 ᠰᠠᠷ᠎ᠠ ᠳᠤ ᠰᠥᠨᠢᠳ ᠪᠠᠷᠠᠭᠤᠨ ᠬᠤᠰᠢᠭᠤᠨ ᠳᠤ ᠶᠠᠪᠤᠭᠳᠠᠭᠰᠠᠨ ᠪᠥᠬᠦ ᠣᠷᠣᠨ  ᠤ ᠳᠥᠷᠪᠡᠳᠦᠭᠡᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠬᠠᠮᠳᠣ ᠨᠢᠭᠡᠴᠡ ᠶᠢᠨ ᠮᠥᠩᠭᠦᠨ ᠮᠧᠳᠠᠯ ᠪᠤᠯᠤᠨ ᠬᠠᠮᠳᠣ ᠨᠢᠭᠡᠴᠡ ᠶᠢᠨ ᠳᠣᠰᠬᠠᠶᠢᠵᠢᠠᠭᠰᠠᠨ ᠣᠯᠠᠨ ᠴᠢᠳᠠᠪᠤᠷᠢᠯᠢᠭ  ᠤᠨ ᠱᠠᠩᠨᠠᠯ ᠭᠥᠷᠳᠡᠪᠡ᠃ 2010 ᠣᠨ ᠤ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠬᠠᠮᠳᠣ ᠨᠢᠭᠡᠴᠡ ᠶᠢᠨ ᠮᠥᠩᠭᠦᠨ ᠮᠧᠲᠠᠯ ᠬᠦᠷᠳᠡᠨ᠂ 2005 ᠣᠨ ᠳᠤ ᠪᠦᠬᠦ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠳᠣᠭᠯᠠᠯᠳᠠ ᠳᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠵᠦ᠂ 2007 ᠣᠨ ᠳᠤ ᠪᠦᠬᠦ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠬᠠᠮᠳᠣ ᠨᠢᠭᠡᠴᠡ ᠶᠢᠨ ᠮᠥᠩᠭᠦᠨ ᠮᠧᠲᠠᠯ ᠬᠦᠷᠲᠡᠵᠦ᠂ 2009 ᠣᠨ ᠳᠤ ᠰᠢᠯᠢ ᠶᠢᠨ ᠭᠤᠣᠯ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠬᠠᠮᠳᠣ ᠨᠢᠭᠡᠴᠡ ᠶᠢᠨ ᠬᠦᠷᠡᠯ ᠮᠧᠲᠠᠯ ᠬᠦᠷᠲᠡᠵᠦ᠂ 2011 ᠣᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠬᠠᠮᠳᠣ ᠨᠢᠭᠡᠴᠡ ᠶᠢᠨ ᠮᠥᠩᠭᠦᠨ ᠮᠧᠲᠠᠯ ᠬᠦᠷᠲᠡᠵᠦ᠂ 2013 ᠣᠨ ᠤ 8 ᠰᠠᠷ᠎ᠠ ᠳᠤ ᠰᠢᠯᠢ ᠶᠢᠨ ᠭᠤᠣᠯ ᠠᠶᠢᠮᠠᠭ ᠤᠨ ᠠᠷᠪᠠᠨ ᠳᠣᠯᠣᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠬᠠᠮᠳᠣ ᠨᠢᠭᠡᠴᠡ ᠶᠢᠨ ᠮᠥᠩᠭᠦᠨ ᠮᠧᠲᠠᠯ ᠪᠤᠯᠤᠨ ᠬᠠᠮᠳᠣ ᠨᠢᠭᠡᠴᠡ ᠶᠢᠨ ᠳᠣᠰᠬᠠᠶᠢᠵᠢᠠᠭᠰᠠᠨ ᠣᠯᠠᠨ ᠴᠢᠳᠠᠪᠤᠷᠢᠯᠢᠭ ᠤᠨ ᠱᠠᠩᠨᠠᠯ ᠬᠦᠷᠲᠡᠪᠡ᠃ 2011 ᠣᠨ ᠤ 8 ᠰᠠᠷ᠎ᠠ ᠳᠤ ᠪᠦᠬᠦ ᠠᠶᠢᠮᠠᠭ ᠤᠨ ᠠᠷᠪᠠᠨ ᠨᠠᠢᠮᠠᠳᠣᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠳᠣᠷᠠᠭᠰᠠᠨ ᠲᠣᠭᠯᠠᠯᠲᠠ ᠳᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠪᠡ᠃ 2017 ᠣᠨ ᠳᠤ ᠪᠦᠬᠦ ᠠᠶᠢᠮᠠᠭ ᠤᠨ ᠠᠷᠪᠠ ᠶᠢᠰᠦᠳᠦᠭᠡᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠲᠤᠷᠠᠭᠰᠠᠨ ᠳᠣᠭᠯᠠᠯᠳᠠ ᠨᠢ  ᠬᠠᠮᠳᠣ ᠨᠢᠭᠡᠴᠡ ᠶᠢᠨ ᠬᠦᠷᠡᠯ ᠮᠧᠳᠠᠯ ᠬᠦᠷᠲᠡᠵᠦ᠂ 2019 ᠣᠨ ᠳᠤ ᠪᠥᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠬᠠᠮᠳᠣᠷᠠᠭᠰᠠᠨ ᠲᠣᠭᠯᠠᠯᠲᠠ ᠨᠢ ᠬᠠᠮᠳᠣ ᠨᠢᠭᠡᠴᠡ ᠶᠢᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃ ᠡᠭᠦᠨ ᠠᠴᠠ ᠭᠠᠳᠠᠨ᠎ᠠ 2009 ᠣᠨ ᠳᠤ ᠬᠥᠭᠡᠮᠡᠢ ︽ᠴᠠᠬᠠᠷ ᠤᠨ ᠮᠠᠭᠲᠠᠭᠠᠯ︾ ᠨᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠤᠷᠠᠯᠢᠭ ᠤᠨ ᠵᠣᠬᠢᠶᠠᠨ ᠪᠦᠲᠦᠭᠡᠯ ᠤᠨ ︽ᠰᠠᠷᠠᠨ᠎ᠠ︾ ᠱᠠᠩᠨᠠᠯ ᠢ ᠬᠦᠷᠳᠡᠪᠡ᠃ 2017 ᠣᠨ ᠳᠤ᠂ ︽ᠮᠢᠨᠦ ᠥᠪᠥᠷ ᠮᠣᠩᠭᠤᠯ︾ ᠬᠡᠮᠡᠬᠦ ᠳᠠᠭᠤᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠭᠥᠷᠳᠡᠵᠦ᠂ 2019 ᠣᠨ ᠳᠤ ᠬᠦᠦᠷᠨᠢᠭᠰᠡᠨ ᠠᠷᠠᠳ ᠤᠨ ᠳᠠᠭᠤᠤ ︽ᠭᠦᠩᠲᠦᠷ︾ ︵ᠮᠣᠩᠭᠤᠯ︶ ᠨᠢ ᠠᠷᠪᠠᠨ ᠬᠤᠶᠠᠳᠣᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠠᠷᠠᠨ᠎ᠠ︾ ᠱᠠᠩᠨᠠᠯ ᠢ ᠭᠥᠷᠳᠡᠪᠡ᠃     ᠬᠤᠰᠢᠭᠤᠨ ᠤ ᠤᠯᠠᠭᠠᠨᠮᠥ᠋ᠴᠢᠷ 2010 ᠣᠨ ᠳᠤ᠂ ᠪᠡᠭᠡᠵᠢᠩ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠬᠤ ᠰᠤᠷᠤᠭᠴᠢ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠳᠤ ᠠᠷᠠᠳ ᠤᠨ      ︽ᠡᠷᠬᠢᠮᠰᠦᠭ ᠰᠣᠶᠣᠯ ᠤᠷᠠᠯᠢᠭ ᠰᠤᠷᠭᠠᠭᠤᠯᠢ ᠶᠢᠨ ᠬᠦᠷᠢᠶᠡᠯᠡᠩ ᠳᠤ ᠭᠦᠨᠵᠡᠭᠡᠶᠢᠷᠡᠬᠦ︾ ᠲᠣᠭᠯᠠᠯᠲᠠ ᠭᠠᠷᠭᠠᠵᠤ᠂ 2012 ᠣᠨ ᠤ 9 ᠰᠠᠷ᠎ᠠ ᠳᠤ ᠰᠣᠶᠣᠯ ᠤᠨ ᠶᠠᠮᠤᠨ ᠤ ᠵᠣᠬᠢᠶᠠᠨ ᠪᠠᠶᠢᠭᠤᠯᠤᠯᠲᠠ ᠳᠣᠤᠷ᠎ᠠ ᠲᠦᠷᠺ ᠤᠨ ᠢᠰᠲ᠋ᠠᠨᠪᠦ᠋ᠯ ᠳᠤ ᠬᠦᠷᠴᠦ ︽2012 ᠣᠨ ᠤ ᠲᠦᠷᠺ᠂ ᠳᠤᠮᠳᠠᠳᠤ ᠤᠯᠤᠰ ᠤᠨ ᠰᠣᠶᠣᠯ ᠤᠨ ᠣᠨ︾ ᠤ ᠠᠵᠢᠯᠯᠠᠭ᠎ᠠ ᠳᠤ ᠣᠷᠣᠯᠴᠠᠵᠤ᠂ ᠢᠰᠲ᠋ᠠᠨᠪᠦ᠋ᠯ ᠤᠨ ᠬᠤᠸᠠ ᠶᠤᠸᠠᠨ ᠶᠡᠭᠡ ᠰᠤᠷᠭᠠᠭᠤᠯᠢ᠂ ᠢᠰᠲ᠋ᠠᠨᠪᠦ᠋ᠯ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠪᠠᠶᠢᠭᠤᠯᠤᠭᠳᠠᠭᠰᠠᠨ 63 ᠵᠢᠯ ᠤᠨ ᠣᠶ ᠶᠢ ᠪᠡᠯᠭᠡᠯᠡᠬᠦ ᠦᠳᠡᠰᠢᠯᠡᠭᠡ ᠶᠢᠨ ᠲᠣᠭᠯᠠᠯᠲᠠ ᠳᠤ ᠣᠷᠣᠯᠴᠠᠵᠠᠶ᠃ 2019 ᠣᠨ ᠳᠤ ᠮᠣᠩᠭᠤᠯ ᠤᠯᠤᠰ ᠲᠤ ᠬᠦᠷᠴᠦ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠵᠣᠬᠢᠶᠠᠨ   ᠪᠠᠶᠢᠭᠤᠯᠤᠭᠰᠠᠨ ︽ᠮᠠᠨ ᠤ ᠤᠯᠠᠭᠠᠨᠮᠥ᠋ᠴᠢᠷ︾ ᠤᠨ ᠭᠤᠤᠯ ᠰᠡᠳᠦᠪᠲᠦ ᠬᠡᠷᠡᠯ ᠵᠢᠷᠤᠭ ᠤᠨ ᠦᠵᠡᠭᠦᠯᠦᠯᠭᠡ᠂ ᠲᠣᠭᠤᠷᠢᠨ ᠲᠣᠭᠯᠠᠯᠲᠠ ᠪᠠ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠵᠡᠷᠭᠡ ᠲᠣᠮᠣ ᠬᠡᠯᠪᠡᠷᠢ ᠶᠢᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠪᠠ᠃     ᠡᠳᠦᠭᠡ ᠤᠯᠠᠭᠠᠨᠮᠥ᠋ᠴᠢᠷ ᠲᠤ 35 ᠠᠵᠢᠯᠲᠠᠨ ᠤ ᠣᠷᠣᠨ ᠳᠤᠭ᠎ᠠ ᠲᠠᠢ ᠪᠠᠶᠢᠵᠤ᠂ ᠣᠷᠣᠨ ᠳᠤᠭ᠎ᠠ ᠲᠠᠢ ᠨᠢ 23 ᠬᠥᠮᠦᠨ ᠪᠤᠢ᠃ ᠡᠭᠦᠨ ᠳᠤ ᠡᠷᠡᠭᠲᠡᠶ ᠳᠠᠭᠤᠴᠢᠨ 1᠂ ᠡᠮᠡᠭᠲᠡᠶ ᠳᠠᠭᠤᠴᠢᠨ 8 ᠪᠣᠢ᠃ ᠬᠥᠭᠵᠢᠮᠴᠢᠨ 3᠂ ᠡᠷᠡᠭᠲᠡᠶ ᠪᠥᠵᠢᠭᠴᠢᠨ 4᠂ ᠡᠮᠡᠭᠲᠡᠶ ᠪᠥᠵᠢᠭᠴᠢᠨ 7 ᠪᠠᠶᠢᠵᠤ᠂ ᠲᠣᠭᠯᠠᠭᠴᠢᠳ ᠴᠥᠮ ᠬᠤᠶᠠᠷ ᠠᠴᠠ ᠳᠡᠭᠡᠭᠰᠢ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ᠃ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 99% ᠶᠢ ᠡᠵᠡᠯᠡᠨ᠎ᠡ᠃ ᠣᠲᠣ ᠤᠯᠤᠰ ᠤᠨ ᠬᠤᠶᠠᠳᠤᠭᠠᠷ ᠳᠡᠰ ᠤᠨ ᠲᠣᠭᠯᠠᠭᠴᠢ 3᠂ ᠤᠯᠤᠰ ᠤᠨ ᠭᠤᠷᠪᠠᠳᠤᠭᠠᠷ ᠳᠡᠰ ᠤᠨ ᠲᠣᠭᠯᠠᠭᠴᠢ 13᠂ ᠣᠯᠣᠰ ᠤᠨ ᠳᠥᠷᠪᠡᠳᠦᠭᠡᠷ ᠳᠡᠰ ᠤᠨ ᠲᠣᠭᠯᠠᠭᠴᠢ 4 ᠪᠣᠶ᠃ ᠤᠯᠠᠭᠠᠨᠮᠥ᠋ᠴᠢᠷ ᠤᠨ ᠶᠡᠷᠦᠩᠬᠡᠶ ᠲᠠᠯᠠᠪᠠᠶ ᠨᠢ 4000 ᠬᠠᠪᠳᠠᠭᠠᠢ ᠳᠥᠷᠪᠡᠯᠵᠢᠨ ᠮᠧᠲᠷ᠂ ᠡᠭᠦᠨ ᠳᠤ ᠪᠣᠯᠪᠠᠰᠣᠷᠠᠯ ᠤᠨ ᠲᠢᠩᠬᠢᠮ ᠨᠢ 420  ᠬᠠᠪᠳᠠᠭᠠᠢ  ᠲᠦᠷᠪᠡᠯᠵᠢᠨ ᠮᠧᠲᠷ᠂ ᠠᠯᠪᠠᠨ ᠬᠡᠷ ᠨᠢ 45 ᠬᠠᠪᠳᠠᠭᠠᠢ ᠳᠥᠷᠪᠡᠯᠵᠢᠨ ᠮᠧᠲᠷ᠂ ᠬᠥᠭᠵᠢᠮ ᠤᠨ ᠥᠷᠥᠭᠡ ᠨᠢ ᠨᠡᠶᠢᠲᠡ 90 ᠬᠠᠪᠳᠠᠭᠠᠢ ᠳᠥᠷᠪᠡᠯᠵᠢᠨ ᠮᠧᠲᠷ ︵7 ᠲᠠᠰᠤᠯᠭ᠎ᠠ  ᠬᠥᠭᠵᠢᠮ ᠤᠨ ᠥᠷᠥᠭᠡ ᠲᠠᠢ︶᠂ ᠦᠵᠡᠭᠦᠯᠦᠯᠭᠡ ᠶᠢᠨ ᠲᠠᠰᠤᠭ ᠨᠢ 70 ᠬᠠᠪᠳᠠᠭᠠᠢ ᠳᠥᠷᠪᠡᠯᠵᠢᠨ ᠮᠧᠲᠷ᠂ ᠲᠠᠩᠰᠠ ᠡᠪᠬᠡᠮᠡᠯ ᠤᠨ  ᠲᠠᠰᠤᠭ ᠨᠢ 20 ᠬᠠᠪᠳᠠᠭᠠᠢ ᠳᠥᠷᠪᠡᠯᠵᠢᠨ ᠮᠧᠲᠷ᠂ ᠲᠠᠭᠤ ᠰᠢᠩᠭᠡᠭᠡᠬᠦ ᠥᠷᠥᠬᠡ ᠨᠢ 90  ᠬᠠᠪᠳᠠᠭᠠᠢ  ᠳᠥᠷᠪᠡᠯᠵᠢᠨ ᠮᠧᠲᠷ᠂ ᠲᠢᠶᠠᠲᠷ ᠨᠢ ᠪᠠᠷᠤᠭ 2500  ᠬᠠᠪᠳᠠᠭᠠᠢ ᠳᠥᠷᠪᠡᠯᠵᠢᠨ ᠮᠧᠲᠷ ᠪᠤᠢ᠃ ᠲᠣᠭᠯᠠᠯᠲᠠ ᠳᠤ ᠲᠤᠰᠬᠠᠶ ᠬᠡᠷᠡᠭᠯᠡᠬᠦ ᠲᠡᠷᠭᠡ ᠨᠢᠭᠡ᠂  ᠲᠠᠶᠢᠰᠠᠨ  ᠤ ᠲᠡᠷᠭᠡ ᠨᠢᠭᠡ ᠪᠤᠢ᠃ ᠲᠣᠭᠯᠠᠯᠲᠠ  ᠶᠢᠨ  ᠬᠤᠪᠴᠠᠰᠤ᠂ ᠠᠪᠢᠶᠠᠨ ᠤ ᠲᠦᠭᠦᠭᠡᠷᠦᠮᠵᠢ᠂ ᠬᠥᠭᠵᠢᠮ᠂ ᠪᠠᠭᠠᠵᠢ ᠬᠡᠷᠡᠭᠰᠡᠯ ᠵᠡᠷᠭᠡ ᠲᠥᠬᠦᠭᠡᠷᠦᠮᠵᠢ ᠦᠨᠳᠦᠰᠦᠨ ᠳᠡᠭᠡᠨ ᠪᠦᠷᠢᠨ  ᠲᠦᠬᠦᠷ ᠪᠠᠶᠢᠨ᠎ᠠ᠃      ᠬᠤᠰᠢᠭᠤᠨ ᠤ ᠤᠯᠠᠭᠠᠨᠮᠥ᠋ᠴᠢᠷ ᠨᠢ ᠤᠳᠬ᠎ᠠ ᠤᠷᠠᠯᠢᠭ ᠤᠨ ᠠᠵᠢᠯ ᠤᠨ ︽ᠬᠤᠤᠰ ᠵᠠᠭᠤᠨ ᠤ︾ ᠴᠢᠭᠯᠡᠯᠲᠡ ᠪᠠ ︽ᠬᠤᠶᠠᠷ ᠲᠤ ᠦᠢᠯᠡᠴᠢᠯᠡᠬᠦ︾ ᠴᠢᠭᠯᠡᠯ ᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠵᠦ᠂ ᠲᠠᠯ᠎ᠠ ᠨᠤᠲᠤᠭ ᠤᠨ ︽ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠲᠣᠮᠣ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ  ᠳᠤ ᠠᠬᠢᠭᠤᠯᠬᠤ ᠦᠢᠯᠡᠳᠦᠯ  ᠦᠵᠡᠭᠦᠯᠦᠭᠰᠡᠭᠡᠷ ᠢᠷᠡᠵᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号