︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠳᠤ ᠵᠠᠰᠠᠪᠤᠷᠢ ᠤᠷᠤᠭᠤᠯᠤᠯ᠎ᠠ
ᠨᠡᠶᠢᠲᠡᠯᠡᠭᠰᠡᠨ ᠴᠠᠭ᠄
2020/11/23
    ᠮᠠᠨ ᠤ ᠤᠯᠤᠰ ᠤᠨ ᠤᠳᠤ ᠶᠢᠨ ᠭᠡᠷᠡᠭᠵᠢᠭᠦᠯᠵᠦ ᠪᠠᠶᠢᠭ᠎ᠠ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠶᠢ 1991 ᠤᠨ ᠳᠤ ᠲᠤᠭᠳᠠᠭᠠᠵᠦ᠂ 2006 ᠤᠨ ᠳᠤ ᠨᠡᠯᠢᠶᠡᠳ ᠶᠡᠭᠡ ᠭᠡᠮᠵᠢᠶ᠎ᠠ ᠪᠠᠷ ᠵᠠᠰᠠᠪᠤᠷᠢ ᠤᠷᠤᠭᠤᠯᠪᠠ᠃ ᠲᠤᠰ ᠤᠳᠠᠭ᠎ᠠ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠨᠢ ᠤᠳᠤ ᠶᠢᠨ ᠭᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠰᠠᠭᠤᠷᠢᠨ ᠲᠡᠭᠡᠷ᠎ᠠ᠂ ᠤᠯᠠᠨ ᠵᠦᠢᠯ ᠤᠨ ᠠᠭᠤᠯᠭ᠎ᠠ ᠨᠡᠮᠡᠵᠦ᠂ ᠵᠦᠢᠯ ᠵᠤᠷᠪᠤᠰ ᠨᠢ 72 ᠪᠠᠶᠢᠭᠰᠠᠨ ᠠᠴᠠ ᠪᠠᠨ 132 ᠪᠤᠯᠵᠦ ᠨᠡᠮᠡᠭᠳᠡᠪᠡ᠃     ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠳᠤ ᠲᠤᠤᠷᠠᠬᠢ ᠮᠡᠳᠦ ᠬᠤᠪᠢᠷᠠᠯᠳᠠ ᠲᠠᠢ᠄     ● ᠨᠠᠰᠤᠨ ᠳᠤ ᠦᠯᠦ ᠭᠦᠷᠦᠭᠰᠡᠳ ᠤᠨ ᠡᠷᠭᠡ ᠠᠰᠢᠭ ᠬᠠᠯᠳᠠᠯᠭ᠎ᠠ ᠳᠤ ᠤᠴᠠᠷᠠᠭᠰᠠᠨ ᠦᠶ᠎ᠠ ᠳᠤ ᠠᠯᠪᠠᠳᠠᠯᠭ᠎ᠠ ᠪᠠᠷ ᠮᠡᠳᠡᠭᠦᠯᠭᠦ ᠲᠦᠷᠢᠮ ᠢ ᠨᠡᠮᠡᠪᠡ᠃     ᠰᠢᠨ᠎ᠠ ᠪᠠᠷ ᠵᠠᠰᠠᠪᠤᠷᠢ ᠤᠷᠤᠭᠤᠯᠤᠭᠰᠠᠨ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ ᠳᠤ ᠨᠠᠰᠤᠨ ᠳᠤ ᠦᠯᠦ ᠭᠦᠷᠦᠭᠰᠡᠳ ᠤᠨ ᠡᠷᠭᠡ ᠠᠰᠢᠭ ᠬᠠᠯᠳᠠᠯᠭ᠎ᠠ ᠳᠤ ᠤᠴᠠᠷᠠᠭᠰᠠᠨ ᠦᠶ᠎ᠠ ᠳᠤ ᠠᠯᠪᠠᠳᠠᠯᠭ᠎ᠠ ᠪᠠᠷ ᠮᠡᠳᠡᠭᠦᠯᠭᠦ ᠲᠦᠷᠢᠮ ᠵᠢᠴᠢ ᠨᠠᠰᠤᠨ ᠳᠤ ᠦᠯᠦ ᠭᠦᠷᠦᠭᠰᠡᠳ ᠲᠠᠢ ᠨᠢᠭᠳᠠ ᠬᠠᠷᠢᠯᠴᠠᠬᠤ ᠠᠵᠢᠯ ᠲᠦᠷᠦᠯ ᠤᠨ ᠠᠵᠢᠯᠯᠠᠭᠰᠠᠳ ᠤᠨ ᠬᠢᠷᠢ ᠭᠡᠮ ᠤᠨ ᠲᠦᠷᠢᠮ ᠢ ᠨᠡᠮᠡᠪᠡ᠃ ᠡᠭᠦᠨ ᠠᠴᠠ ᠭᠠᠳᠠᠨ᠎ᠠ᠂ ᠤᠯᠤᠰ ᠠᠴᠠ ᠪᠠᠰᠠ ᠪᠡᠯᠭᠡ ᠶᠢᠨ ᠬᠠᠯᠳᠠᠯᠭ᠎ᠠ ᠬᠢᠭᠦ᠂ ᠬᠠᠯᠠ ᠦᠵᠡᠭᠦᠯᠭᠦ᠂ ᠮᠡᠭᠡᠯᠡᠨ ᠬᠤᠳᠠᠯᠳᠤᠬᠤ᠂ ᠭᠦᠴᠦᠷᠭᠡᠭᠯᠡᠯ ᠢᠶᠠᠷ ᠭᠡᠮᠳᠦᠭᠡᠭᠦ ᠵᠡᠷᠭᠡ ᠬᠠᠤᠯᠢ ᠶᠢ ᠵᠦᠷᠢᠴᠡᠭᠰᠡᠨ ᠶᠠᠯᠠᠳᠦ ᠡᠳᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠪᠠᠶᠢᠭᠤᠯᠵᠦ᠂ ᠨᠠᠰᠤᠨ ᠳᠤ ᠦᠯᠦ ᠭᠦᠷᠦᠭᠰᠡᠳ ᠲᠠᠢ ᠨᠢᠬᠳᠠ ᠬᠠᠷᠢᠯᠴᠠᠬᠤ ᠨᠢᠭᠡᠴᠢ ᠳᠤ ᠰᠦᠢᠳᠭᠡᠯ ᠬᠤᠷᠢᠶᠠᠬᠤ ᠦᠭᠡᠢ ᠪᠠᠷ ᠪᠠᠶᠢᠴᠠᠭᠠᠨ ᠯᠠᠪᠯᠠᠬᠤ ᠦᠢᠯᠡᠴᠢᠯᠡᠭᠡ ᠬᠠᠨᠭ᠍ᠭᠠᠨ᠎ᠠ᠃     ● ᠠᠩᠬ᠎ᠠ ᠤᠳᠠᠭ᠎ᠠ ᠰᠤᠷᠤᠭᠴᠢᠳ ᠤᠨ ᠲᠠᠷᠤᠯᠠᠯ ᠲᠤᠷᠤᠮᠵᠢᠯᠠᠯ ᠢ ᠲᠤᠮᠢᠶᠠᠯᠠᠪᠠ᠃     ᠰᠤᠷᠤᠭᠴᠢᠳ ᠤᠨ ᠲᠠᠷᠤᠯᠠᠯ ᠲᠤᠷᠤᠮᠵᠢᠯᠠᠯ ᠭᠡᠳᠡᠭ ᠨᠢ ᠰᠤᠷᠤᠭᠴᠢᠳ ᠤᠨ ᠬᠤᠭᠤᠷᠤᠨᠳᠤ ᠡᠭᠦᠰᠦᠭᠰᠡᠨ᠂ ᠨᠢᠭᠡ ᠡᠳᠡᠭᠡᠳ ᠨᠢ ᠵᠤᠷᠢᠭᠤᠳᠠ ᠪᠤᠶᠤ ᠮᠠᠭᠤ ᠰᠠᠨᠠᠭ᠎ᠠ ᠲᠠᠢ ᠪᠠᠷ ᠭᠦᠳᠡᠯᠭᠡᠭᠡᠨ᠂ ᠦᠭᠡ ᠭᠡᠯᠡ ᠵᠢᠴᠢ ᠰᠦᠯᠵᠢᠶ᠎ᠠ ᠵᠡᠷᠭᠡ ᠠᠷᠭ᠎ᠠ ᠪᠠᠷᠢᠯ ᠢᠶᠠᠷ ᠲᠠᠷᠤᠯᠠᠬᠤ᠂ ᠭᠤᠳᠤᠭᠠᠨ ᠲᠤᠷᠤᠮᠵᠢᠯᠠᠵᠦ᠂ ᠨᠦᠭᠦᠭᠡ ᠡᠳᠡᠭᠡᠳ ᠤᠨ ᠢᠶᠠᠨ ᠪᠡᠶ᠎ᠠ ᠮᠠᠬᠠᠪᠤᠳ ᠢ ᠭᠡᠮᠳᠦᠭᠡᠭᠦ᠂ ᠡᠳ᠋ ᠭᠦᠷᠦᠩᠭᠡ ᠶᠢ ᠨᠢ ᠬᠤᠬᠢᠷᠠᠭᠤᠯᠬᠤ ᠪᠤᠶᠤ ᠤᠶᠤᠨ ᠰᠠᠨᠠᠭᠠᠨ ᠤ ᠬᠤᠬᠢᠷᠠᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠵᠢᠭᠠᠵᠦ ᠪᠤᠢ᠃ ᠪᠠᠰᠠ ᠰᠤᠷᠭᠠᠭᠤᠯᠢ ᠶᠢᠨ ᠰᠤᠷᠤᠭᠴᠢᠳ ᠤᠨ ᠲᠠᠷᠤᠯᠠᠯ ᠲᠤᠷᠤᠮᠵᠢᠯᠠᠯ ᠵᠢᠴᠢ ᠰᠤᠷᠭᠠᠭᠤᠯᠢ ᠶᠢᠨ ᠭᠦᠷᠢᠶᠡᠨ ᠤ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠨ ᠡᠵᠡᠮᠳᠡᠭᠦ ᠪᠠ ᠰᠢᠢᠳᠪᠦᠷᠢᠯᠡᠭᠦ ᠲᠤᠭᠳᠠᠴᠠ ᠶᠢ ᠲᠤᠳᠤᠷᠬᠠᠢ ᠲᠤᠭᠳᠠᠭᠠᠪᠠ᠃     ● ᠰᠤᠷᠭᠠᠭᠤᠯᠢ ᠰᠤᠷᠤᠭᠴᠢᠳ ᠤᠨ ᠲᠠᠷᠤᠯᠠᠯ ᠲᠤᠷᠤᠮᠵᠢᠯᠠᠯ ᠢ ᠰᠡᠷᠭᠡᠶᠢᠯᠡᠨ ᠡᠵᠡᠮᠳᠡᠭᠦ ᠲᠦᠷᠢᠮ ᠢ ᠪᠠᠶᠢᠭᠤᠯᠬᠤ ᠭᠡᠷᠡᠭᠳᠠᠢ᠃     ᠰᠤᠷᠭᠠᠭᠤᠯᠢ ᠠᠴᠠ ᠪᠠᠭᠰᠢ ᠠᠵᠢᠯᠳᠠᠨ ᠠᠵᠢᠯᠴᠢᠨ᠂ ᠰᠤᠷᠤᠭᠴᠢ ᠨᠠᠷ ᠲᠤ ᠪᠠᠨ ᠰᠤᠷᠤᠭᠴᠢᠳ ᠤᠨ ᠲᠠᠷᠤᠯᠠᠯ ᠲᠤᠷᠤᠮᠵᠢᠯᠠᠯ ᠢ ᠰᠡᠷᠭᠡᠶᠢᠯᠡᠨ ᠵᠠᠰᠠᠬᠤ ᠭᠦᠮᠦᠵᠢᠯ ᠪᠠ ᠪᠤᠯᠪᠠᠰᠤᠷᠠᠭᠤᠯᠤᠯ ᠦᠷᠨᠢᠭᠦᠯᠭᠦ ᠭᠡᠷᠡᠭᠳᠠᠢ︔ ᠰᠤᠷᠤᠭᠴᠢᠳ ᠤᠨ ᠲᠠᠷᠤᠯᠠᠯ ᠲᠤᠷᠤᠮᠵᠢᠯᠠᠯ ᠤᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠬᠤᠷᠢᠭᠯᠠᠨ ᠵᠤᠭᠰᠤᠭᠠᠬᠤ ᠪᠦᠭᠡᠳ ᠰᠢᠢᠳᠪᠦᠷᠢᠯᠡᠭᠦ ᠭᠡᠷᠡᠭᠳᠠᠢ︔ ᠬᠠᠮᠢᠶ᠎ᠠ ᠪᠦᠭᠦᠢ ᠨᠠᠰᠤᠨ ᠳᠤ ᠭᠦᠷᠦᠭᠡᠳᠦᠢ ᠰᠤᠷᠤᠭᠴᠢᠳ ᠲᠤ ᠴᠠᠭ ᠲᠤᠬᠠᠢ ᠳᠤ ᠨᠢ ᠰᠡᠳᠬᠢᠴᠡ ᠶᠢᠨ ᠬᠠᠪᠰᠤᠷᠤᠨ ᠵᠢᠯᠤᠭᠤᠳᠤᠯᠭ᠎ᠠ ᠬᠢᠵᠦ᠂ ᠰᠤᠷᠭᠠᠨ ᠭᠦᠮᠦᠵᠢᠭᠦᠯᠭᠦ ᠶᠢᠨ ᠬᠠᠮᠳᠤ ᠭᠦᠳᠦᠯᠦᠨ ᠵᠢᠯᠤᠭᠤᠳᠴᠦ᠂ ᠬᠠᠮᠢᠶ᠎ᠠ ᠪᠦᠭᠦᠢ ᠨᠠᠰᠤᠨ ᠳᠤ ᠭᠦᠷᠦᠭᠡᠳᠦᠢ ᠰᠤᠷᠤᠭᠴᠢᠳ ᠤᠨ ᠡᠴᠢᠭᠡ ᠡᠭᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠳᠤ ᠴᠢᠬᠤᠯᠠ ᠪᠦᠭᠦᠢ ᠭᠡᠷ ᠪᠦᠯᠢ ᠶᠢᠨ ᠭᠦᠮᠦᠵᠢᠯ ᠤᠨ ᠵᠢᠯᠤᠭᠤᠳᠤᠯᠭ᠎ᠠ ᠬᠢᠭᠦ ᠭᠡᠷᠡᠭᠳᠠᠢ᠃     ● ᠭᠡᠷ ᠪᠦᠯᠢ ᠶᠢᠨ ᠬᠠᠮᠠᠭᠠᠯᠠᠯᠳᠠ ᠶᠢ ᠴᠢᠩᠭᠠᠳᠬᠠᠵᠦ᠂ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠎ᠠ᠃     ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠳᠤ ᠨᠠᠰᠤᠨ ᠳᠤ ᠦᠯᠦ ᠭᠦᠷᠦᠭᠰᠡᠳ ᠤᠨ ᠡᠴᠢᠭᠡ ᠡᠭᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠶᠢᠨ ᠭᠦᠢᠴᠡᠳᠭᠡᠪᠡᠰᠦ ᠵᠤᠬᠢᠬᠤ ᠬᠠᠷᠠᠭᠠᠯᠵᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠ ᠭᠡᠷᠡᠭᠵᠢᠭᠦᠯᠵᠦ ᠦᠯᠦ ᠪᠤᠯᠬᠤ ᠦᠢᠯᠡ ᠠᠵᠢᠯᠯᠠᠭ᠎ᠠ ᠶᠢ ᠲᠤᠳᠤᠷᠬᠠᠢ ᠵᠢᠬᠰᠠᠭᠠᠭᠰᠠᠨ ᠪᠠᠶᠢᠨ᠎ᠠ᠃     ● ᠭᠡᠷ ᠲᠤ ᠪᠠᠨ ᠬᠤᠴᠤᠷᠤᠭᠰᠠᠨ ᠭᠡᠦᠭᠡᠳ ᠢ ᠨᠠᠶᠢᠳᠠᠭᠤᠯᠤᠨ ᠠᠰᠠᠷᠠᠨ ᠬᠠᠷᠠᠭᠠᠯᠵᠠᠬᠤ ᠲᠦᠷᠢᠮ ᠢ ᠲᠡᠭᠦᠯᠳᠡᠷᠵᠢᠭᠦᠯᠦᠨ᠎ᠠ᠃     ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠳᠤ ᠨᠠᠶᠢᠳᠠᠭᠤᠯᠤᠨ ᠠᠰᠠᠷᠠᠭᠤᠯᠬᠤ ᠲᠦᠷᠢᠮ ᠢ ᠲᠡᠭᠦᠯᠳᠡᠷᠵᠢᠭᠦᠯᠪᠡ᠃ ᠵᠦᠢ ᠶᠤᠰᠤᠨ ᠤ ᠰᠢᠯᠳᠠᠭᠠᠨ ᠦᠭᠡᠢ ᠪᠠᠷ ᠭᠡᠦᠭᠡᠳ ᠢᠶᠠᠨ ᠪᠤᠰᠤᠳ ᠲᠤ ᠨᠠᠶᠢᠳᠠᠵᠦ ᠬᠠᠷᠠᠭᠠᠯᠵᠠᠭᠤᠯᠵᠦ ᠪᠤᠯᠬᠤ ᠦᠭᠡᠢ᠃     ● ᠤᠯᠤᠰ ᠤᠨ ᠬᠠᠷᠠᠭᠠᠯᠵᠠᠨ ᠬᠠᠮᠠᠭᠠᠯᠠᠬᠤ ᠲᠦᠷᠢᠮ ᠢ ᠲᠤᠳᠤᠷᠬᠠᠢᠢᠯᠠᠵᠦ᠂ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠳᠤ ᠦᠨᠳᠦᠰᠦᠨ ᠵᠦᠢᠯ ᠢ ᠪᠠᠳᠤᠯᠠᠵᠦ ᠦᠭᠭᠦᠨ᠎ᠠ᠃     ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠬᠠᠤᠯᠢ︾ ᠳᠤ ᠤᠯᠤᠰ ᠤᠨ ᠬᠠᠷᠠᠭᠠᠯᠵᠠᠨ ᠬᠠᠮᠠᠭᠠᠯᠠᠬᠤ ᠲᠦᠷᠢᠮ ᠢ ᠲᠤᠳᠤᠷᠬᠠᠢ ᠲᠤᠭᠳᠠᠭᠠᠵᠦ᠂ ᠨᠠᠰᠤᠨ ᠳᠤ ᠦᠯᠦ ᠭᠦᠷᠦᠭᠰᠡᠳ ᠤᠨ ᠬᠠᠷᠠᠭᠠᠯᠵᠠᠨ ᠬᠠᠮᠠᠭᠠᠯᠠᠭᠴᠢ ᠨᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ ᠲᠡᠶᠢᠯᠭᠦ ᠦᠭᠡᠢ ᠦᠶ᠎ᠠ ᠳᠤ ᠤᠯᠤᠰ ᠠᠴᠠ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠠ ᠭᠡᠵᠦ ᠲᠤᠭᠳᠠᠭᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号