ᠮᠠᠨ ᠤ ᠤᠷᠤᠨ ᠡᠨᠡ ᠵᠢᠯ ᠵᠠᠯᠠᠭᠤᠴᠤᠳ ᠤᠨ ᠰᠢᠨ᠎ᠠ ᠶᠢ ᠡᠬᠦᠳᠤᠨ ᠦᠢᠯᠡᠰ ᠪᠤᠰᠬᠠᠬᠤ 100 ᠴᠢᠳᠠᠪᠤᠷᠢᠳᠠᠨ ᠢ ᠰᠢᠯᠭᠠᠷᠠᠭᠤᠯᠣᠨ᠎ᠠ
ᠨᠡᠶᠢᠲᠡᠯᠡᠭᠰᠡᠨ ᠴᠠᠭ᠄
2020/11/24
    ᠤᠢᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ 2020 ᠤᠨ ᠤ ᠦᠪᠡᠷᠳᠡᠭᠡᠨ ᠵᠠᠰᠠᠬᠤ ᠤᠷᠤᠨ ᠤ ︽ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ︾᠎ ᠤ ᠢᠨᠵᠧᠨᠧᠷᠢᠩ ᠤᠨ ᠵᠠᠯᠠᠭᠤᠴᠤᠳ ᠤᠨ ᠰᠢᠨ᠎ᠠ ᠶᠢ ᠡᠬᠦᠳᠴᠤ ᠦᠢᠯᠡᠰ ᠪᠤᠰᠬᠠᠬᠤ ᠴᠢᠳᠠᠪᠤᠷᠢᠳᠠᠨ ᠢ ᠰᠢᠯᠭᠠᠷᠠᠭᠤᠯᠬᠤ ᠠᠵᠢᠯ ᠢ ᠨᠢᠭᠡᠨᠳᠡ ᠡᠬᠢᠯᠡᠭᠦᠯᠪᠡ᠃     ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠠᠵᠤ ᠠᠬᠤᠢᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠶᠢᠨ ᠪᠦᠬᠦᠯᠢ 2 ᠵᠢᠯ ᠠᠴᠠ ᠳᠡᠭᠡᠭᠰᠢ ᠠᠵᠢᠯᠯᠠᠵᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠬᠥᠮᠦᠰ ︵ᠠᠯᠪᠠᠳᠠᠨ ᠤ ᠬᠠᠮᠢᠶᠠᠷᠤᠯᠳᠠ ᠪᠠᠷ  ᠯᠠᠪᠯᠠᠯᠳᠠ  ᠪᠤᠯᠭᠠᠵᠤ ᠪᠠᠶᠢᠬᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠭᠠᠳᠠᠭᠠᠳᠤ ᠣᠯᠣᠰ ᠤᠨ ᠬᠠᠷᠢᠶ᠎ᠠ ᠲᠠᠢ ᠬᠥᠮᠦᠰ  ᠪᠠᠭᠲᠠᠬᠤ  ᠥᠬᠡᠢ︶ ᠡᠷᠡᠮᠡᠯᠵᠡᠨ  ᠮᠡᠳᠡᠭᠦᠯᠵᠦ ᠪᠣᠯᠣᠨ᠎ᠠ᠃ ᠰᠢᠯᠭᠠᠷᠠᠭᠤᠯᠣᠯᠳᠠ ᠳᠤ᠂ ᠰᠢᠨ᠎ᠡ ᠪᠠᠷ ᠪᠣᠢ ᠪᠣᠯᠤᠭᠰᠠᠨ ᠰᠢᠨᠵᠢᠯᠡᠭᠡᠨ ᠤ ᠰᠤᠳᠤᠯᠭᠠᠨ ᠬᠢᠵᠦ ᠪᠠᠶᠢᠭ᠎ᠠ ᠵᠠᠯᠠᠭᠤ ᠰᠢᠯᠢᠳᠡᠭ ᠴᠢᠳᠠᠪᠤᠷᠢᠲᠠᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠠᠵᠢᠯᠯᠠᠵᠤ ᠪᠠᠶᠢᠭ᠎ᠠ ᠰᠢᠯᠢᠳᠡᠭ ᠵᠠᠯᠠᠭᠤ ᠴᠢᠳᠠᠪᠤᠷᠢᠲᠠᠨ ᠵᠢᠴᠢ ᠬᠠᠲᠠᠭᠤ ᠪᠡᠷᠭᠡᠰᠢᠶᠡᠯᠳᠡᠢ ᠪᠤᠶᠢᠳᠠ ᠪᠦᠭᠯᠡᠭᠦᠦ ᠬᠢᠯᠢ ᠬᠢᠵᠠᠭᠠᠷ ᠣᠷᠣᠨ ᠳᠤ ᠬᠦᠷᠴᠤ ᠰᠢᠨ᠎ᠡ ᠶᠢ ᠡᠭᠦᠳᠦᠨ ᠦᠢᠯᠡᠰ ᠪᠤᠰᠬᠠᠬᠤ᠂ ᠦᠨᠳᠦᠰᠦᠨ ᠱᠠᠲᠤᠨ ᠤ ᠶᠠᠳᠠᠭᠤ ᠶᠢ ᠲᠡᠳᠭᠦᠬᠦ ᠪᠤᠭᠤᠮᠳᠠ ᠰᠢᠪᠳᠤᠯᠬᠤ ᠨᠢᠭᠡᠳᠦᠭᠡᠷ ᠹᠷᠣᠨᠲ᠂ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤᠮᠳᠠ ᠰᠢᠯᠢᠳᠡᠭ ᠠᠮᠵᠢᠯᠲᠠ ᠪᠦᠲᠦᠮᠵᠢ ᠣᠯᠵᠤ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠴᠢᠳᠠᠪᠤᠷᠢᠲᠠᠨ ᠢ ᠢᠯᠡᠬᠦᠦ ᠰᠤᠩᠭᠤᠨ᠎ᠠ᠃     ᠡᠨᠡ ᠵᠢᠯ ᠪᠦᠬᠦ ᠣᠷᠣᠨ ᠤ ᠬᠡᠪᠴᠢᠶᠡᠨ ᠠᠴᠠ  ᠪᠠᠶᠢᠭᠠᠯᠢ ᠶᠢᠨ  ᠰᠢᠨᠵᠢᠯᠡᠬᠦ  ᠤᠬᠠᠭᠠᠨ᠂ ᠪᠠᠷᠢᠯᠭ᠎ᠠ ᠶᠢᠨ ᠮᠡᠷᠭᠡᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠵᠢᠴᠢ ᠰᠣᠶᠣᠯ ᠵᠢᠭᠤᠯᠴᠢᠯᠠᠯ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠵᠠᠯᠠᠭᠤᠴᠤᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠴᠢᠳᠠᠪᠤᠷᠢᠲᠠᠨ ᠢ 100 ᠰᠢᠯᠭᠠᠷᠠᠭᠤᠯᠣᠨ᠎ᠠ᠃ ᠡᠬᠦᠨ ᠳᠤ᠂ ᠵᠠᠯᠠᠭᠤ ᠰᠢᠨ᠎ᠠ ᠶᠢ ᠡᠭᠦᠳᠬᠦ ᠴᠢᠳᠠᠪᠤᠷᠢᠲᠠᠨ ᠢ ᠠᠩᠬᠠᠨ ᠤ ᠲᠡᠰ ᠲᠤ 45 ᠬᠦᠮᠦᠨ ᠢ ᠰᠢᠯᠭᠠᠷᠠᠭᠤᠯᠵᠣ᠂ ᠭᠦᠮᠣᠠ ᠪᠦᠷᠢ ᠶᠢ ᠵᠢᠯ ᠪᠣᠯᠭᠠᠨ 5 ᠲᠦᠮᠠᠠ ᠲᠦᠭᠦᠷᠢᠭ ᠤᠨ ᠪᠠᠷᠢᠮᠵᠢᠶ᠎ᠠ ᠪᠠᠷ 3 ᠵᠢᠯ ᠲᠤᠰᠠᠯᠠᠨ ᠲᠡᠮᠵᠢᠨ᠎ᠠ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠯᠲᠠ ᠪᠠᠨ ᠦᠨᠡᠯᠡᠯᠳᠠ ᠪᠠᠷ ᠳᠠᠮᠵᠢᠭᠠᠳ᠂ ᠥᠷ᠎ᠠ ᠪᠦᠲᠦᠮᠵᠢ ᠨᠢ ᠳᠣᠪᠤᠶᠢᠮ᠎ᠠ ᠭᠦᠮᠣᠵᠢᠭᠦᠯᠵᠦ ᠪᠣᠯᠣᠮᠠᠷ ᠰᠢᠯᠢᠳᠡᠭ ᠴᠢᠳᠠᠪᠤᠷᠢᠲᠠᠨ ᠢ ᠥᠪᠠᠷᠳᠠᠬᠡᠠ ᠵᠠᠰᠠᠬᠤ ᠤᠷᠣᠠ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾᠎ ᠤ ᠢᠨᠵᠧᠨᠧᠷᠢᠩ ᠳᠤ ᠭᠤᠣᠯᠳᠠᠯᠭ᠎ᠠ ᠲᠠᠢ ᠲᠠᠨᠢᠯᠴᠠᠭᠤᠯᠤᠨ ᠰᠢᠯᠭᠠᠷᠠᠭᠤᠯᠤᠨ᠎ᠠ︔ ᠵᠠᠯᠠᠭᠤ ᠰᠢᠨ᠎ᠡ ᠶᠢ ᠡᠭᠦᠳᠬᠦ ᠴᠢᠳᠠᠪᠤᠷᠢᠲᠠᠨ ᠤ ᠬᠤᠶᠠᠳᠤᠭᠠᠷ ᠳᠡᠰ ᠲᠤ 45 ᠬᠦᠮᠦᠨ ᠢ ᠰᠢᠯᠭᠠᠷᠠᠭᠤᠯᠵᠣ᠂ ᠭᠦᠮᠣᠠ ᠪᠦᠷᠢ ᠶᠢ ᠨᠢᠭᠡ ᠤᠳᠠᠭ᠎ᠠ ᠳᠤ 5 ᠲᠦᠮᠠᠠ ᠲᠦᠭᠦᠷᠢᠭ ᠲᠤᠰᠠᠯᠠᠨ᠎ᠠ︔ ᠵᠠᠯᠠᠭᠤᠴᠤᠳ ᠤᠨ ᠦᠢᠯᠡᠰ ᠪᠣᠰᠬᠠᠬᠤ ᠴᠢᠳᠠᠪᠤᠷᠢᠲᠠᠨ ᠢᠶᠠᠷ 10 ᠬᠦᠮᠦᠨ ᠢ ᠰᠢᠯᠭᠠᠷᠠᠭᠤᠯᠵᠣ᠂ ᠭᠦᠮᠣᠠ ᠪᠦᠷᠢ ᠶᠢ ᠨᠢᠭᠡ ᠤᠳᠠᠭ᠎ᠠ ᠳᠤ 10 ᠲᠦᠮᠠᠠ ᠲᠦᠭᠦᠷᠢᠭ ᠢᠶᠠᠷ ᠲᠤᠰᠠᠯᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号