1958 ᠤᠨ ᠤ 5 ᠰᠠᠷ᠎ᠠ ᠳᠤ ᠪᠠᠶᠢᠭᠤᠯᠤᠭᠳᠠᠭᠰᠠᠨ ᠪᠠᠷᠠᠭᠤᠨ ᠦᠵᠦᠮᠦᠴᠢᠨ ᠬᠤᠰᠢᠭᠤᠨ ᠤ | ᠤᠯᠠᠭᠠᠨᠮᠦ᠋ᠴᠢᠷ ᠨᠢ ᠢᠷᠠᠭᠤ ᠠᠯᠳᠠᠷᠳᠤ ᠤᠯᠠᠮᠵᠢᠯᠠᠯ᠂ ᠭᠡᠷᠡᠯ ᠰᠠᠴᠤᠷᠠᠩᠭᠤᠢ ᠲᠡᠥᠬᠡ ᠲᠠᠢ ᠦᠨᠳᠦᠰᠦᠨ ᠱᠠᠳᠤᠨ ᠤ | ᠤᠷᠠᠯᠢᠭ ᠤᠨ ᠡᠩᠨᠡᠭᠡ ᠪᠤᠯᠬᠤ ᠶᠤᠮ᠃ ᠤᠳᠤ ᠪᠠᠷ 27 ᠵᠢᠩᠬᠢᠨᠢ ᠠᠵᠢᠯᠳᠠᠨ᠂ 27 ᠨᠡᠷ᠎ᠡ ᠬᠦᠳᠡᠯᠮᠦᠷᠢ ᠶᠢᠨ | ᠲᠤᠮᠢᠯᠠᠯᠳᠠ ᠲᠠᠢ᠂ ᠪᠦᠬᠦᠳᠡ 56 ᠨᠡᠷ᠎ᠡ ᠲᠤᠭᠯᠠᠭᠴᠢ ᠠᠵᠢᠯᠳᠠᠳ ᠲᠠᠢ ᠪᠤᠯᠤᠭᠰᠠᠨ ᠪᠦᠬᠡᠳ 90% ᠶᠢᠨ | ᠲᠤᠭᠯᠠᠭᠴᠢ ᠨᠢ ᠨᠢᠬᠡ ᠳᠤ ᠮᠡᠷᠬᠡᠰᠢᠵᠦ ᠤᠯᠠᠨ ᠳᠤ ᠴᠠᠭᠠᠷᠠᠭᠰᠠᠨ ᠪᠠᠶᠢᠨ᠎ᠠ᠃ ᠡᠬᠦᠨ ᠳᠤ ᠤᠯᠤᠰ ᠤᠨ ᠬᠤᠶᠠᠳᠤᠭᠠᠷ | ᠲᠡᠰ ᠤᠨ ᠲᠤᠭᠯᠠᠭᠴᠢ 6᠂ ᠣᠯᠣᠰ ᠤᠨ ᠭᠤᠷᠪᠠᠳᠤᠭᠠᠷ ᠲᠡᠰ ᠤᠨ ᠲᠤᠭᠯᠠᠭᠴᠢ 10 ᠂ ᠤᠯᠤᠰ ᠤᠨ ᠲᠦᠷᠪᠡᠳᠦᠭᠡᠷ | ᠲᠡᠰ ᠤᠨ ᠲᠤᠭᠯᠠᠭᠴᠢ10 ᠂ ᠤᠯᠤᠰ ᠤᠨ ᠠᠵᠤ ᠠᠬᠤᠢ ᠶᠢᠨ ᠢᠨᠵᠧᠨᠧᠷᠢᠩ᠂ ᠦᠨᠳᠦᠷ ᠲᠡᠰ ᠤᠨ ᠵᠢᠯᠤᠭᠤᠴᠢ | ᠲᠤᠰ ᠲᠤᠰ 1 ᠨᠡᠷ᠎ᠡ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠠᠵᠢᠯᠯᠠᠬᠤ | ᠲᠠᠯᠠᠪᠠᠢ 1500 ᠬᠠᠪᠳᠠᠭᠠᠢ ᠲᠦᠷᠪᠡᠯᠵᠢᠨ ᠮᠧᠲᠷ᠂ ᠡᠬᠦᠨ ᠳᠤ ᠪᠤᠯᠪᠠᠰᠤᠷᠠᠯ ᠤᠨ ᠲᠢᠩᠬᠢᠮ 300 ᠬᠠᠪᠳᠠᠭᠠᠢ | ᠲᠦᠷᠪᠡᠯᠵᠢᠨ ᠮᠧᠲᠷ ᠢ ᠡᠵᠡᠯᠠᠵᠤ᠂ ᠠᠩᠭᠢ ᠶᠢᠨ ᠲᠠᠷᠤᠭ᠎ᠠ ᠶᠢᠨ ᠠᠯᠪᠠᠨ ᠭᠡᠷ᠂ ᠬᠦᠭᠵᠢᠮ ᠤᠨ ᠲᠠᠰᠤᠭ᠂ ᠲᠠᠭᠤᠨ | ᠤ ᠲᠠᠰᠤᠭ᠂ ᠬᠤᠪᠴᠠᠰᠤᠨ ᠤ ᠭᠡᠷ᠂ ᠬᠦᠳᠡᠯᠬᠡᠬᠡᠨ ᠤ ᠭᠡᠷ᠂ ᠲᠠᠩᠰᠠ ᠡᠪᠬᠡᠮᠡᠯ ᠤᠨ ᠭᠡᠷ ︵ᠲᠣᠰᠬᠠᠢ ᠲᠠᠩᠰᠠ | ᠡᠪᠬᠡᠮᠡᠯ ᠤᠨ ᠬᠠᠮᠢᠶᠠᠷᠤᠯᠳᠠ ᠶᠢᠨ ᠬᠦᠮᠦᠨ︶ ᠲᠠᠢ᠂ ᠰᠢᠩᠭᠡᠭᠡᠯᠳᠡ ᠶᠢᠨ ᠲᠠᠰᠤᠭ ᠲᠠᠢ ᠪᠠᠶᠢᠵᠤ᠂ ᠬᠦᠳᠡᠭᠡ ᠪᠠᠭᠤᠵᠤ | ᠲᠤᠭᠯᠠᠬᠤ ᠵᠠᠮ ᠬᠠᠷᠢᠯᠴᠠᠭᠠᠨ ᠤ ᠪᠠᠭᠠᠵᠢ ︵45 ᠬᠦᠮᠦᠨ ᠤ ᠪᠠᠭᠳᠠᠭᠠᠮᠵᠢ ᠲᠠᠢ ᠲᠤᠮᠤ ᠮᠠᠰᠢᠨ ᠪᠠ ᠬᠦᠳᠡᠯᠬᠡᠨᠳᠦ | ᠲᠠᠶᠢᠰᠠ ᠲᠠᠢ ᠮᠠᠰᠢᠨ ᠲᠤᠰ ᠲᠤᠰ ᠨᠢᠬᠡ︶ ᠪᠠᠶᠢᠳᠠᠭ ᠢᠶᠠᠷ ᠪᠠᠷᠠᠬᠤ ᠦᠬᠡᠢ᠂ ᠲᠤᠭᠯᠠᠯᠳᠠ ᠶᠢᠨ ᠭᠡᠷᠡᠯᠳᠦᠬᠦᠯᠦᠯᠬᠡ᠂ | ᠪᠠᠭᠠᠵᠢ ᠲᠦᠬᠦᠭᠡᠷᠦᠮᠵᠢ ᠵᠡᠷᠬᠡ ᠰᠠᠭᠤᠷᠢ ᠲᠦᠬᠦᠭᠡᠷᠦᠮᠵᠢ ᠪᠠ ᠲᠦᠷᠢᠮ ᠲᠤᠭᠳᠠᠭᠠᠯ ᠪᠦᠷᠢᠨ ᠲᠦᠬᠦᠷ᠃ ᠵᠢᠷᠠᠨ ᠵᠢᠯ | ᠤᠨ ᠲᠡᠥᠬᠡᠨ ᠤᠯᠠ ᠮᠦᠷ ᠢ ᠡᠷᠬᠢᠴᠡᠬᠦᠯᠪᠡᠯ᠂ ᠮᠠᠨ ᠤ ᠤᠯᠠᠭᠠᠨᠮᠦ᠋ᠴᠢᠷ ᠨᠢ ᠨᠡᠶᠢᠳᠡ 500 ᠭᠠᠷᠤᠢ ᠲᠦᠯᠦᠬᠡᠯᠡᠬᠦ | ᠴᠢᠨᠠᠷ ᠪᠦᠬᠦᠢ ᠪᠦᠵᠢᠭ᠂ 900 ᠭᠠᠷᠤᠢ ᠲᠠᠭᠤᠨ ᠤ ᠪᠦᠳᠦᠭᠡᠯ᠂ 120 ᠭᠠᠷᠤᠢ ᠲᠠᠭᠤᠣ ᠣᠷᠠᠯᠢᠭ᠂ ᠱᠤᠭ | ᠵᠦᠴᠦᠬᠡ᠂ ᠱᠤᠭ ᠶᠠᠷᠢᠶᠠᠨ ᠤ ᠲᠤᠭᠯᠠᠯᠳᠠ ᠤᠳ ᠢ ᠵᠤᠬᠢᠶᠠᠨ ᠪᠦᠳᠦᠭᠡᠵᠦ᠂ ᠤᠯᠤᠰ ᠤᠨ ᠲᠡᠰ ᠤᠨ ᠱᠠᠩᠨᠠᠯ 58 | ᠲᠦᠷᠦᠯ᠂ ᠤᠷᠤᠨ ᠤ ᠲᠡᠰ ᠤᠨ 29 ᠲᠦᠷᠦᠯ᠂ ᠠᠶᠢᠮᠠᠭ ᠤᠨ ᠲᠡᠰ ᠤᠨ 458 ᠭᠠᠷᠤᠢ ᠲᠦᠷᠦᠯ ᠤᠨ ᠱᠠᠩᠨᠠᠯ | ᠬᠦᠬᠢᠬᠦᠯᠦᠯ ᠢ ᠲᠤᠰᠤᠭᠰᠠᠨ ᠢᠶᠠᠷ ᠪᠠᠷᠠᠬᠤ ᠦᠬᠡᠢ ᠡᠯ᠎ᠡ ᠭᠠᠵᠠᠷ ᠤᠨ ᠤᠳᠬ᠎ᠠ ᠤᠷᠠᠯᠢᠭ ᠤᠨ ᠬᠠᠮᠳᠤ ᠨᠢᠬᠡᠴᠡ | ᠪᠤᠯᠤᠨ ᠤᠷᠠᠯᠢᠭ ᠤᠨ ᠰᠤᠷᠭᠠᠭᠤᠯᠢ ᠳᠤ 160 ᠭᠠᠷᠤᠢ ᠤᠷᠠᠯᠢᠭ ᠤᠨ ᠴᠢᠳᠠᠪᠦᠷᠢᠳᠠᠨ ᠢ ᠬᠦᠮᠦᠵᠢᠬᠦᠯᠦᠨ | ᠬᠦᠷᠭᠡᠭᠰᠡᠨ ᠪᠠᠶᠢᠨ᠎ᠠ᠃ | ᠪᠦᠬᠦ ᠤᠷᠤᠨ ᠤ ᠤᠯᠠᠭᠠᠨᠮᠦᠴᠢᠷ ᠤᠨ ᠦᠨᠡᠯᠡᠨ ᠰᠢᠯᠭᠠᠷᠠᠭᠤᠯᠳᠠ ᠳᠤ ᠪᠠᠷᠠᠭᠤᠨ ᠦᠵᠦᠮᠦᠴᠢᠨ ᠬᠤᠰᠢᠭᠤᠨ ᠤ | ᠤᠯᠠᠭᠠᠨᠮᠦ᠋ᠴᠢᠷ ᠨᠢ ᠵᠠᠯᠭᠠᠪᠠᠷ ᠳᠤᠯᠤᠭ᠎ᠠ ᠤᠳᠠᠭ᠎ᠠ ︽ᠪᠦᠬᠦ ᠤᠷᠤᠨ ᠤ ᠨᠢᠭᠡᠳᠦᠭᠡᠷ ᠲᠡᠰ ᠤᠨ ᠤᠯᠠᠭᠠᠨᠮᠦ᠋ᠴᠢᠷ︾ | ᠢᠶᠠᠷ ᠦᠨᠡᠯᠡᠭᠳᠡᠵᠦ᠂ ︽ᠨᠢᠬᠡ ᠳᠤ ᠮᠡᠷᠭᠡᠰᠢᠵᠦ ᠤᠯᠠᠨ ᠳᠤ ᠴᠠᠭᠠᠷᠠᠭᠰᠠᠨ ᠬᠠᠮᠳᠤ ᠨᠢᠬᠡᠴᠡ︾᠂ ︽ᠵᠤᠬᠢᠶᠠᠨ | ᠪᠠᠶᠢᠭᠤᠯᠤᠭᠰᠠᠨ ᠱᠠᠩᠨᠠᠯ︾ ᠵᠡᠷᠭᠡ ᠱᠠᠩᠨᠠᠯ ᠬᠦᠬᠢᠬᠦᠯᠦᠯ ᠢ ᠤᠯᠠᠨᠳᠠ ᠭᠠᠷᠳᠠᠭᠰᠠᠨ ᠢᠶᠠᠷ ᠦᠯᠦ ᠪᠠᠷᠠᠨ1976 | ᠤᠨ ᠳᠤ ᠤᠷᠤᠨ ᠤ ᠰᠤᠶᠤᠯ ᠤᠨ ᠲᠢᠩᠭᠢᠮ ᠠᠴᠠ ᠣᠯᠭᠤᠭᠰᠠᠨ ᠠᠯᠳᠠᠨ ᠦᠰᠦᠭᠳᠦ ᠬᠡᠮᠡᠷᠯᠢᠭ ᠲᠤᠭ ᠤᠨ ᠦᠩᠭᠡ | ᠭᠡᠷᠡᠯ ᠢ ᠬᠦᠷᠳᠡᠭᠰᠡᠨ ᠪᠠᠶᠢᠨ᠎ᠠ᠃ ᠤᠷᠢᠳ ᠬᠤᠵᠢᠳ ᠪᠦᠬᠦ ᠤᠷᠤᠨ ᠤ ︽ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ | ᠤᠯᠠᠭᠠᠨᠮᠦ᠋ᠴᠢᠷ︾᠂ ︽ᠪᠦᠬᠦ ᠤᠷᠤᠨ ᠤ 2013 ᠤᠨ ᠤ ᠮᠠᠯᠴᠢᠨ ᠲᠠᠷᠢᠶᠠᠴᠢᠨ ᠳᠤ ᠦᠢᠯᠡᠴᠢᠯᠡᠭᠰᠡᠨ | ᠦᠨᠳᠦᠰᠦᠨ ᠱᠠᠳᠤᠨ ᠤ ᠰᠤᠶᠤᠯ ᠤᠨ ᠠᠵᠢᠯ ᠤᠨ ᠲᠡᠷᠢᠬᠦᠨ ᠤ ᠬᠠᠮᠳᠤ ᠨᠢᠬᠡᠴᠡ︾᠂ ︽ᠪᠦᠬᠦ ᠠᠶᠢᠮᠠᠭ ᠤᠨ | ᠤᠯᠠᠭᠠᠨᠮᠦ᠋ᠴᠢᠷ ᠤᠨ ᠠᠵᠢᠯ ᠤᠨ ᠲᠡᠷᠢᠬᠦᠨ ᠤ ᠬᠠᠮᠳᠤ ᠨᠢᠬᠡᠴᠡ︾ ᠵᠡᠷᠭᠡ ᠢᠷᠠᠭᠤ ᠠᠯᠳᠠᠷᠳᠤ ᠨᠡᠷ᠎ᠡ ᠡᠷᠬᠦᠮᠵᠢᠯᠡᠯ | ᠢᠶᠠᠷ ᠦᠨᠡᠯᠡᠭᠳᠡᠵᠡᠢ᠃ ᠡᠬᠦᠨ ᠠᠴᠠ ᠭᠠᠳᠠᠨ᠎ᠠ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ | ᠪᠠᠷᠠᠭᠤᠨ ᠤᠷᠤᠨ ᠤ ᠠᠷᠠᠳ ᠤᠨ ᠲᠠᠭᠤᠨ ᠤ ᠤᠷᠤᠯᠳᠤᠭᠠᠨ ᠤ ᠢᠵᠡᠭᠤᠷ ᠤᠷᠠᠯᠢᠭ ᠤᠨ ᠲᠤᠭᠤᠶᠢᠯᠠᠩ ᠤᠨ ︽ | ᠠᠯᠳᠠ ᠮᠥᠩᠬᠦ ᠬᠦᠷᠡᠯ ᠱᠠᠩᠨᠠᠯ︾ ᠢ ᠬᠦᠷᠳᠡᠵᠦ᠂ ᠦᠪᠦᠷ ᠮᠤᠩᠭᠤᠯ ᠤᠨ ᠲᠧᠯᠸᠢᠰ ᠬᠤᠷᠢᠶᠠᠨ ᠤ ︽ᠮᠢᠨᠤ | ᠨᠤᠳᠤᠭ︾ ᠰᠢᠷᠢᠰ ᠨᠡᠪᠳᠡᠷᠡᠭᠦᠯᠬᠡ ᠳᠤ ᠤᠷᠤᠯᠴᠠᠨ᠂ ᠰᠢᠯᠢ ᠶᠢᠨ ᠭᠤᠤᠯ ᠠᠶᠢᠮᠠᠭ ᠤᠨ ᠭᠠᠵᠠᠷ ᠤᠷᠤᠨ ᠤ | ᠤᠨᠴᠠᠯᠢᠭ᠂ ᠦᠪᠡᠷᠮᠢᠴᠡ ᠰᠤᠶᠤᠯ ᠤᠷᠠᠯᠢᠭ ᠢᠶᠠᠨ ᠦᠵᠡᠭᠴᠢᠳ ᠲᠤ ᠬᠠᠷᠠᠭᠤᠯᠵᠤ᠂ 12 ᠠᠶᠢᠮᠠᠭ ᠬᠤᠳᠠ ᠤᠳ | ᠤᠨ ᠲᠤᠮᠳᠠ ᠴᠤᠯᠭᠤᠷᠠᠨ᠂ ᠪᠦᠬᠦ ᠤᠯᠤᠰ ᠤᠨ ᠲᠧᠯᠸᠢᠰ ᠦᠵᠡᠭᠴᠢᠳ ᠤᠨ ᠬᠠᠷᠠᠭᠠᠨ ᠳᠤ ᠬᠦᠷᠴᠠᠢ᠃ 2016 | ᠤᠨ ᠳᠤ᠂ ᠪᠡᠭᠡᠵᠢᠩ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠢᠩᠬᠢᠮ ᠳᠤ | ᠶᠠᠪᠤᠭᠳᠠᠭᠰᠠᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠷᠠᠯᠢᠭ ᠤᠨ | ᠨᠠᠶᠢᠷ ᠤᠨ ᠨᠡᠭᠡᠭᠡᠯᠳᠡ ᠶᠢᠨ ᠶᠤᠰᠤᠯᠠᠯ ᠪᠤᠯᠤᠨ ᠤᠷᠠᠯᠢᠭ ᠤᠨ ᠦᠳᠡᠰᠢᠯᠡᠭᠡ ᠳᠤ ᠤᠷᠤᠯᠴᠠᠵᠠᠢ᠃ ᠪᠠᠷᠠᠭᠤᠨ | ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠮᠤᠩᠭᠤᠯ ᠵᠦᠴᠦᠭᠡ ︽ᠡᠬᠦᠷ ᠰᠡᠬᠦᠯᠳᠦ︾ ᠨᠢ ᠲᠦᠪ ᠤᠨ | ᠦᠨᠳᠦᠰᠦᠳᠡᠨ ᠤ ᠲᠠᠭᠤᠤ ᠪᠦᠵᠢᠭ ᠤᠨ ᠬᠦᠷᠢᠶᠡᠯᠡᠩ ᠳᠤ ᠲᠤᠭᠯᠠᠵᠤ᠂ ᠬᠠᠯᠠᠭᠤᠨ ᠬᠦᠷᠢᠶᠡᠯᠡᠯ ᠢ ᠤᠯᠤᠭᠰᠠᠨ | ᠪᠠᠶᠢᠨ᠎ᠠ᠃ ᠡᠬᠦᠨ ᠠᠴᠠ ᠭᠠᠳᠠᠨ᠎ᠠ ᠮᠠᠨ ᠤ ᠤᠯᠠᠭᠠᠨᠮᠦ᠋ᠴᠢᠷ ᠤᠨ ᠤᠷᠠᠨ ᠪᠦᠳᠦᠭᠡᠯ ᠤᠨ ᠵᠤᠬᠢᠶᠠᠨ ᠪᠦᠳᠦᠬᠡᠯ ᠤᠨ | ᠠᠵᠢᠯ ᠡᠷᠴᠢᠮ ᠲᠠᠢ ᠶᠠᠪᠤᠭᠳᠠᠵᠦ᠂ ᠪᠦᠵᠢᠭ ᠤᠨ ᠪᠦᠳᠦᠭᠡᠯ ᠤᠳ ᠨᠢ ᠲᠦᠷᠪᠡᠳᠦᠬᠡᠷ ᠬᠤᠭᠤᠴᠠᠭᠠᠨ ᠤ ᠲᠤᠮᠳᠠᠳᠤ | ᠤᠯᠤᠰ ᠤᠨ ᠮᠤᠩᠭᠤᠯ ᠪᠦᠵᠢᠭ ᠤᠨ ᠤᠷᠤᠯᠳᠤᠭᠠᠨ᠂ ᠨᠠᠢᠮᠠᠳᠤᠭᠠᠷ ᠬᠤᠭᠤᠴᠠᠭᠠᠨ ᠤ ᠤᠮᠠᠷᠠᠳᠤ ᠤᠷᠤᠨ ᠤ ᠲᠠᠪᠤᠨ | ᠮᠤᠵᠢ ︵ᠬᠤᠳᠠ︶ ᠶᠢᠨ ᠪᠦᠵᠢᠭ ᠤᠨ ᠶᠡᠭᠡ ᠱᠠᠩᠨᠠᠯᠳᠤ ᠤᠷᠤᠯᠳᠤᠭᠠᠨ᠂ ᠨᠢᠭᠡ ᠬᠤᠶᠠᠳᠤᠭᠠᠷ ᠬᠤᠭᠤᠴᠠᠭᠠᠨ ᠤ | ᠤᠯᠠᠨ ᠤᠯᠤᠰ ᠤᠨ ᠮᠤᠩᠭᠤᠯ ᠪᠦᠵᠢᠭ ᠤᠨ ᠤᠷᠠᠯᠢᠭ ᠤᠨ ᠲᠡᠯᠬᠡᠨ ᠦᠵᠡᠬᠦᠯᠬᠡ ︵ᠤᠷᠤᠯᠳᠤᠭᠠᠨ︶᠂ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠴᠤᠯᠠᠯ ᠬᠤᠤᠰᠯᠠᠯ ᠭᠤᠷᠪᠠᠯᠠᠯ ᠪᠦᠵᠢᠭ ᠤᠨ ᠲᠧᠯᠸᠢᠰ | ᠱᠠᠩᠨᠠᠯᠳᠤ ᠤᠷᠤᠯᠳᠤᠭᠠᠨ ᠵᠡᠷᠬᠡ ᠤᠷᠤᠯᠳᠤᠭᠠᠨ ᠲᠡᠮᠡᠴᠡᠬᠡᠨ ᠳᠤ ᠢᠳᠡᠪᠬᠢᠯᠡᠨ ᠤᠷᠤᠯᠴᠠᠵᠤ ︽ᠵᠤᠬᠢᠶᠠᠨ ᠪᠦᠳᠦᠭᠡᠯ᠂ | ᠲᠤᠭᠯᠠᠯᠳᠠ ᠶᠢᠨ ᠠᠯᠳᠠ ᠮᠥᠩᠭᠦ ᠬᠦᠷᠠᠯ ᠱᠠᠩᠨᠠᠯ︾᠂ ︽ᠰᠢᠯᠢᠳᠡᠭ ᠱᠠᠩᠨᠠᠯ︾ ᠵᠡᠷᠬᠡ ᠤᠯᠠᠨ ᠲᠦᠷᠦᠯ ᠤᠨ | ᠱᠠᠩᠨᠠᠯ ᠬᠦᠬᠢᠬᠦᠯᠦᠯ ᠢ ᠬᠦᠷᠳᠡᠵᠠᠢ᠃ 2017 ᠤᠨ ᠤ 8 ᠰᠠᠷ᠎ᠠ ᠳᠤ᠂ ᠮᠠᠨ ᠤ ᠤᠯᠠᠭᠠᠨᠮᠦ᠋ᠴᠢᠷ ᠤᠨ ᠪᠦᠵᠢᠭ ᠤᠨ | ᠲᠤᠭᠤᠶᠢᠯᠠᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠬᠡᠯᠡᠬᠦ ᠨᠡᠭᠡᠭᠡᠯᠳᠡ ᠶᠢᠨ ᠶᠤᠰᠤᠯᠠᠯ ᠳᠤ ᠤᠷᠤᠯᠴᠠᠵᠠᠢ᠃ ᠡᠬᠦᠨ ᠠᠴᠠ ᠭᠠᠳᠠᠨ᠎ᠠ 2017 ᠤᠨ ᠳᠤ᠂ ᠮᠠᠨ | ᠤ ᠤᠯᠠᠭᠠᠨᠮᠦ᠋ᠴᠢᠷ ᠤᠨ ᠪᠦᠵᠢᠭ ᠤᠨ ᠪᠦᠳᠦᠭᠡᠯ ︽ᠨᠦᠮᠵᠢᠭ︾ ᠪᠦᠬᠦ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ︽ᠲᠠᠪᠤᠨ ᠨᠢᠬᠡ ᠶᠢᠨ ᠢᠨᠵᠧᠨᠧᠷᠢᠩ︾ ᠤᠨ | ᠰᠢᠯᠢᠳᠡᠭ ᠪᠦᠳᠦᠭᠡᠯ ᠤᠨ ᠱᠠᠩᠨᠠᠯ ᠲᠤᠰᠴᠠᠢ᠃ ᠲᠠᠭᠤᠤ᠂ ᠬᠦᠮᠡᠢ᠂ ᠤᠷᠳᠤ ᠶᠢᠨ ᠲᠠᠭᠤᠤ ᠵᠡᠷᠭᠡ ᠲᠤᠭᠯᠠᠯᠳᠠ ᠤᠳ | ᠨᠢ ᠨᠠᠢᠮᠠᠨ ᠮᠤᠵᠢ ᠤᠷᠤᠨ ᠤ ᠠᠷᠠᠳ ᠤᠨ ᠲᠠᠭᠤᠨ ᠤ ᠤᠷᠤᠯᠳᠤᠭᠠᠨ᠂ ᠲᠤᠮᠳᠠᠳᠤ ᠤᠯᠤᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠦᠵᠡᠰᠬᠦᠯᠡᠩ ᠵᠡᠷᠭᠡ ᠳᠤ ᠤᠷᠤᠯᠴᠠᠨ ᠦᠨᠳᠦᠷ ᠠᠮᠵᠢᠯᠳᠠ ᠤᠯᠤᠭᠰᠠᠨ ᠢᠶᠠᠷ ᠪᠠᠷᠠᠬᠤ | ᠦᠬᠡᠢ ᠦᠪᠡᠷᠳᠡᠭᠡᠨ ᠵᠤᠬᠢᠶᠠᠵᠤ ᠨᠠᠶᠢᠷᠠᠭᠤᠯᠤᠭᠰᠠᠨ ᠱᠤᠭ ᠵᠦᠴᠦᠬᠡ᠂ ᠬᠢᠯᠪᠡᠬᠡᠨ ᠵᠦᠴᠦᠭᠡ ᠨᠢ ᠲᠤᠮᠳᠠᠳᠤ ᠤᠯᠤᠰ᠂ | ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠪᠦᠬᠦ ᠤᠷᠤᠨ ᠤ ᠤᠯᠠᠭᠠᠨᠮᠦ᠋ᠴᠢᠷ ︵ | ᠵᠦᠴᠦᠬᠡ ᠶᠢᠨ ᠪᠦᠯᠬᠦᠮ︶ ᠤᠨ ᠰᠢᠯᠢᠳᠡᠭ ᠵᠦᠴᠦᠭᠡ ᠶᠢᠨ ᠤᠷᠤᠯᠳᠤᠭᠠᠨ ᠳᠤ ︽ᠰᠢᠯᠢᠳᠡᠭ ᠨᠠᠶᠢᠷᠠᠭᠤᠯᠤᠭᠴᠢ᠂ | ᠰᠢᠯᠢᠳᠡᠭ ᠲᠤᠭᠯᠠᠭᠴᠢ︾ ᠵᠡᠷᠭᠡ ᠤᠯᠠᠨ ᠲᠦᠷᠦᠯ ᠤᠨ ᠱᠠᠩᠨᠠᠯ ᠬᠦᠷᠳᠡᠭᠰᠡᠨ ᠪᠠ ᠮᠤᠩᠭᠤᠯ ᠵᠦᠴᠦᠭᠡ ︽ᠡᠬᠦᠷ | ᠰᠡᠬᠦᠯᠳᠤ︾ ᠨᠢ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ᠂ ᠦᠪᠦᠷ ᠮᠤᠩᠭᠤᠯ ᠤᠨ ᠲᠠᠯ᠎ᠠ | ᠨᠤᠳᠤᠭ ᠤᠨ ᠰᠤᠶᠤᠯ ᠤᠨ ᠨᠠᠶᠢᠷ ᠤᠨ ᠰᠢᠯᠢᠳᠡᠭ ᠵᠦᠴᠦᠭᠡ ᠪᠠᠷ ᠦᠨᠡᠯᠡᠭᠳᠡᠵᠦ ᠲᠤᠭᠤᠷᠢᠨ ᠲᠤᠭᠯᠠᠯᠳᠠ ᠬᠢᠵᠠᠢ᠃ | ᠲᠤᠰ ᠵᠦᠴᠦᠭᠡ ᠨᠢ ᠠᠩᠬᠠᠳᠠᠭᠴᠢ ᠤᠳᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ | ᠤᠷᠤᠨ ᠤ ᠰᠢ ᠵᠦᠴᠦᠭᠡ ᠵᠢᠴᠢ ᠲᠦᠷᠪᠡᠳᠦᠬᠡᠷ ᠬᠤᠭᠤᠴᠠᠭᠠᠨ ᠤ ᠡᠯ ᠷᠧᠨ ᠲᠠᠢ ᠵᠦᠴᠦᠭᠡ ᠶᠢᠨ ᠤᠷᠠᠯᠢᠭ ᠤᠨ | ᠨᠠᠶᠢᠷ᠂ ᠭᠤᠷᠪᠠᠳᠤᠭᠠᠷ ᠬᠤᠭᠤᠴᠠᠭᠠᠨ ᠤ ᠰᠢᠯᠢ ᠶᠢᠨ ᠭᠤᠤᠯ ᠠᠶᠢᠮᠠᠭ ᠤᠨ ᠰᠤᠶᠤᠯ ᠤᠷᠠᠯᠢᠭ ᠤᠨ ᠨᠠᠶᠢᠷ᠂ | ᠠᠩᠬᠠᠳᠤᠭᠠᠷ ᠤᠳᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠰᠢ | ᠵᠦᠴᠦᠬᠡ ᠶᠢᠨ ᠨᠠᠶᠢᠷ ᠤᠨ ᠮᠤᠩᠭᠤᠯ ᠵᠦᠴᠦᠭᠡ ᠶᠢᠨ ᠲᠡᠯᠬᠡᠨ ᠦᠵᠡᠬᠦᠯᠦᠯᠬᠡ ᠵᠡᠷᠬᠡ ᠤᠷᠤᠯᠳᠤᠭᠠᠨ ᠳᠤ ᠬᠠᠮᠤᠭ | ᠦᠨᠳᠦᠷ ᠲᠡᠰ ᠤᠨ ᠱᠠᠩᠨᠠᠯ ︽ᠰᠢᠯᠢᠳᠡᠭ ᠵᠦᠴᠦᠬᠡ︾ ᠪᠠᠷ ᠦᠨᠡᠯᠡᠭᠳᠡᠵᠠᠢ᠃ 2017 ᠤᠨ ᠳᠤ ᠤᠯᠠᠭᠠᠨᠮᠦ᠋ᠴᠢᠷ | ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠬᠡᠯᠡᠬᠦ ᠰᠠᠶᠢᠰᠢᠶᠠᠨ ᠬᠦᠬᠢᠬᠦᠯᠬᠦ ᠬᠤᠷᠠᠯ ᠲᠡᠭᠡᠷ᠎ᠡ ︽ᠪᠦᠬᠦ ᠤᠷᠤᠨ ᠤ | ᠠᠷᠪᠠᠨ ᠰᠤᠳᠤᠨ ᠤᠯᠠᠭᠠᠨᠮᠦ᠋ᠴᠢᠷ︾ ᠤᠨ ᠢᠷᠠᠭᠤ ᠠᠯᠳᠠᠷ ᠢ ᠲᠤᠰᠤᠭᠰᠠᠨ ᠪᠠᠶᠢᠨ᠎ᠠ᠃2018 ᠤᠨ ᠳᠤ ᠪᠦᠬᠦ | ᠤᠯᠤᠰ ᠤᠨ ᠦᠨᠳᠦᠰᠦᠨ ᠱᠠᠲᠤᠨ ᠤ ᠰᠢ ᠵᠦᠴᠦᠭᠡ ᠶᠢᠨ ᠬᠦᠷᠢᠶᠡᠯᠡᠩ ᠪᠦᠯᠬᠦᠮ ᠤᠨ ᠰᠢ ᠵᠦᠴᠦᠭᠡ ᠶᠢᠨ | ᠤᠷᠤᠯᠳᠤᠭᠠᠨ ᠳᠤ ᠤᠷᠤᠯᠴᠠᠭᠠᠳ ᠳᠤᠮᠳᠠᠳᠤ ᠤᠯᠤᠰ ᠤᠨ ᠰᠤᠶᠤᠯ ᠪᠠ ᠤᠷᠠᠯᠢᠭ ᠤᠨ ᠶᠠᠮᠤᠨ ᠠᠴᠠ ᠤᠯᠭᠤᠭᠰᠠᠨ | ᠱᠠᠩᠨᠠᠯ ᠬᠦᠬᠢᠭᠦᠯᠦᠯ ᠢ ᠳᠤᠰᠬᠤ ᠶᠢᠨ ᠬᠠᠮᠲᠤ ᠲᠠᠶᠢᠰᠠᠨ ᠤ ᠤᠷᠠᠯᠢᠭ ᠤᠨ ᠰᠤᠳᠤᠨ ᠪᠦᠲᠦᠭᠡᠯ ᠤᠨ ᠢᠨᠵᠧᠨᠧᠷᠢᠩ | ᠳᠤ ᠰᠤᠩᠭᠤᠭᠳᠠᠪᠠ᠃ 2019 ᠤᠨ ᠳᠤ ᠪᠦᠬᠦ ᠤᠷᠤᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ | ᠤᠷᠠᠯᠢᠭ ᠤᠨ ᠨᠠᠶᠢᠷ ᠪᠤᠯᠤᠨ ᠪᠦᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ | ᠴᠤᠭᠯᠠᠭᠠᠨ ᠳᠤ ᠤᠷᠤᠯᠴᠠᠨ ︽ᠬᠠᠮᠳᠤ ᠨᠢᠬᠡᠴᠡ ᠶᠢᠨ ᠠᠯᠲᠠᠨ ᠱᠠᠩᠨᠠᠯ︾ ᠳᠤᠰᠬᠤ ᠠᠴᠠ ᠭᠠᠳᠠᠨ᠎ᠠ ᠲᠤᠭᠯᠠᠭᠴᠢᠳ | ᠬᠤᠪᠢ ᠬᠦᠮᠦᠨ ᠤ ᠱᠠᠩᠨᠠᠯ ᠢ ᠴᠤ ᠡᠳᠦᠢ ᠲᠡᠳᠦᠢ ᠤᠯᠵᠠᠢ᠃ ᠡᠭᠦᠨ ᠠᠴᠠ ᠭᠠᠳᠠᠨ᠎ᠠ ᠭᠤᠷᠪᠠᠳᠤᠭᠠᠷ | ᠬᠤᠭᠤᠴᠠᠭᠠᠨ ᠤ ᠳᠤᠮᠳᠠᠳᠤ ᠤᠯᠤᠰ · ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠳᠤᠭᠠᠨ ᠳᠤ ︽ | ᠰᠢᠯᠢᠳᠡᠭ ᠵᠤᠬᠢᠶᠠᠨ ᠪᠠᠶᠢᠭᠤᠯᠤᠯᠲᠠ︾ ᠶᠢᠨ ᠱᠠᠩᠨᠠᠯ ᠳᠤᠰᠴᠠᠢ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ ᠦᠨᠳᠦᠰᠦᠳᠡᠨ ᠤ ᠤᠨᠴᠠᠯᠢᠭ ᠪᠦᠬᠦᠢ | ᠦᠪᠡᠷᠮᠢᠴᠡ ᠲᠤᠭᠯᠠᠯᠳᠠ᠂ ᠢᠵᠠᠭᠤᠷ ᠰᠤᠶᠤᠯ ᠤᠨ ᠷᠢᠳᠢ ᠰᠢᠳᠢ ᠶᠢ ᠬᠠᠷᠠᠭᠤᠯᠤᠭᠰᠠᠨ ᠤᠷᠠᠨ ᠪᠦᠳᠦᠭᠡᠯ ᠤᠳ ᠢᠶᠠᠷ | ᠢᠶᠠᠨ ᠤᠯᠠᠨ ᠤ ᠲᠠᠭᠠᠰᠢᠶᠠᠯ ᠬᠦᠷᠢᠶᠡᠯᠡᠯ ᠢ ᠤᠯᠵᠣ᠂ ᠬᠦᠮᠦᠰ ᠤᠨ ᠠᠩᠬᠠᠷᠤᠯ ᠢ ᠲᠠᠳᠠᠭᠰᠠᠭᠠᠷ ᠢᠷᠡᠭᠰᠡᠨ ᠪᠦᠭᠡᠳ | ᠦᠪᠡᠷᠲᠡᠭᠡᠨ ᠨᠠᠶᠢᠷᠠᠭᠤᠯᠤᠭᠰᠠᠨ ᠲᠤᠭᠯᠠᠯᠲᠠ ᠤᠳ ᠨᠢ ᠤᠯᠤᠰ ᠪᠠ ᠤᠷᠤᠨ ᠤ ᠳᠡᠰ ᠤᠨ ︽ᠰᠤᠯᠤᠩᠭ᠎ᠠ︾᠂ | ︽ᠰᠠᠷᠠᠨ᠎ᠠ︾ ᠱᠠᠩᠨᠠᠯ ᠢ ᠤᠯᠠᠨ ᠤᠳᠠᠭ᠎ᠠ ᠳᠤᠰᠴᠤ ᠪᠠᠶᠢᠭᠰᠠᠨ ᠶᠤᠮ᠃ ᠨᠠᠶᠠᠭᠠᠳ ᠤᠨ ᠠᠴᠠ ᠨᠠᠰᠢ᠂ ᠤᠷᠢᠳ | ᠬᠤᠵᠢᠳ ᠫᠣᠯᠱᠠ᠂ ᠬᠠᠩᠭᠠᠷᠢ᠂ ᠪᠤᠯᠭᠠᠷᠢᠶ᠎ᠠ᠂ ᠹᠷᠠᠨᠼᠢ᠂ ᠭᠧᠷᠮᠠᠨ᠂ ᠠᠥ᠋ᠰᠲᠷᠠᠯᠢᠶᠠ᠂ ᠮᠤᠩᠭᠤᠯ ᠤᠯᠤᠰ ᠵᠡᠷᠭᠡ | ᠠᠷᠪᠠᠭᠠᠳ ᠤᠯᠤᠰ ᠤᠷᠤᠨ ᠤᠳ ᠢᠶᠠᠷ ᠲᠤᠭᠤᠷᠢᠨ ᠲᠤᠭᠯᠠᠵᠤ ᠰᠤᠶᠤᠯ ᠤᠨ ᠰᠤᠯᠢᠯᠴᠠᠭ᠎ᠠ ᠦᠷᠨᠢᠬᠦᠯᠦᠭᠰᠡᠨ ᠨᠢ | ᠮᠤᠩᠭᠤᠯ ᠰᠤᠶᠤᠯ ᠤᠨ ᠭᠠᠶᠢᠬᠠᠮᠰᠢᠭ ᠢ ᠲᠡᠯᠡᠬᠡᠢ ᠶᠢᠨ ᠰᠤᠨᠤᠷ ᠲᠤ ᠬᠦᠷᠭᠡᠭᠰᠡᠨ ᠪᠢᠯᠡ᠃ ᠪᠦᠷᠢᠳᠬᠡᠯ ᠢᠶᠠᠷ᠂ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠤᠯᠤᠰ ᠤᠨ ᠲᠤᠳᠤᠭᠠᠳᠤ ᠭᠠᠳᠠᠭᠠᠳᠤ ᠳᠠᠬᠢ | ᠲᠤᠭᠯᠠᠯᠳᠠ ᠨᠡᠶᠢᠳᠡ 2700 ᠭᠠᠷᠤᠢ ᠲᠠᠯᠠᠪᠠᠢ ᠳᠤ ᠬᠦᠷᠴᠤ᠂ ᠦᠵᠡᠭᠴᠢᠳ ᠤᠨ ᠲᠤᠭ᠎ᠠ 65 ᠲᠦᠮᠡᠨ ᠬᠦᠮᠦᠨ | ᠤᠳᠠᠭ᠎ᠠ ᠶᠢ ᠲᠠᠪᠠᠵᠤ᠂ ᠠᠶᠠᠯᠠᠯ ᠤᠨ ᠪᠦᠬᠦ ᠵᠠᠮ ᠨᠢ 20 ᠲᠦᠮᠡᠨ ᠺᠢᠯᠣᠮᠧᠲᠷ ᠢ ᠲᠠᠪᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠨᠢ ᠵᠢᠷᠠᠨ ᠵᠢᠯ ᠤᠨ ᠲᠤᠷᠰᠢ᠂ ᠨᠠᠮ ᠵᠠᠰᠠᠭ ᠤᠨ | ᠵᠦᠪ ᠤᠨᠤᠪᠴᠢᠳᠠᠢ ᠵᠢᠯᠤᠭᠤᠳᠤᠯᠭ᠎ᠠ᠂ ᠦᠶ᠎ᠡ ᠦᠶ᠎ᠡ ᠶᠢᠨ ᠲᠤᠭᠯᠠᠭᠴᠢ᠂ ᠤᠷᠠᠨ ᠪᠦᠳᠦᠭᠡᠯᠴᠢᠳ ᠤᠨ ᠰᠢᠷᠭᠠᠭᠤ | ᠬᠦᠳᠡᠯᠮᠤᠷᠢ ᠪᠠᠷ᠂ ᠦᠨᠳᠦᠰᠦᠳᠡᠨ ᠤ ᠰᠤᠶᠤᠯ ᠤᠷᠠᠯᠢᠭ ᠢᠶᠠᠨ ᠬᠠᠶᠢᠷᠠᠯᠠᠨ᠂ ᠤᠯᠠᠭᠠᠨᠮᠦ᠋ᠴᠢᠷ ᠤᠨ ᠤᠯᠠᠮᠵᠢᠯᠠᠯᠳᠤ | ᠵᠠᠩ ᠰᠤᠷᠳᠠᠯ ᠢᠶᠠᠨ ᠲᠠᠰᠤᠷᠠᠯᠳᠠ ᠦᠬᠡᠢ ᠰᠢᠯᠢᠳᠡᠭᠵᠢᠬᠦᠯᠵᠦ᠂ ᠰᠤᠶᠤᠯ ᠤᠷᠠᠯᠢᠭ ᠤᠨ ᠴᠡᠴᠡᠭᠯᠡᠨ ᠬᠦᠭᠵᠢᠯᠳᠡ ᠶᠢ | ᠲᠦᠯᠬᠢᠨ ᠠᠬᠢᠭᠤᠯᠬᠤ ᠬᠦᠨᠳᠦ ᠴᠢᠬᠤᠯᠠ ᠡᠬᠦᠷᠭᠡ ᠲᠤᠰᠢᠶᠠᠯ ᠢ ᠬᠦᠯᠢᠶᠡᠵᠦ᠂ ︽ᠣᠯᠠᠭᠠᠨᠮᠦ᠋ᠴᠢᠷ︾ ᠬᠡᠮᠡᠬᠦ | ᠤᠳᠬ᠎ᠠ ᠤᠷᠠᠯᠢᠭ ᠤᠨ ᠹᠷᠤᠨᠲ ᠤᠨ ᠦᠩᠭᠡ ᠭᠡᠷᠡᠯᠳᠤ ᠤᠯᠠᠭᠠᠨ ᠲᠤᠭ ᠢ ᠦᠨᠳᠦᠷ ᠠᠴᠠ ᠦᠨᠳᠦᠷ ᠮᠠᠨᠳᠤᠭᠤᠯᠵᠤ᠂ | ᠦᠨᠢ ᠡᠭᠦᠷᠢᠳᠡ ᠲᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ | ᠪᠣᠯᠬᠤ ᠪᠠᠷ ᠴᠢᠷᠮᠠᠶᠢᠵᠣ ᠪᠠᠶᠢᠨ᠎ᠠ ᠃ |