ᠬᠤᠷᠢᠡ ᠵᠢᠷᠭᠤᠭᠠᠠ ᠵᠢᠯ ᠤᠨ ᠬᠢᠴᠢᠶᠡᠯ ᠵᠢᠳᠬᠦᠯ ᠪᠤᠶᠤ ᠪᠠᠭᠠᠴᠤᠳ ᠢᠶᠠᠷ ᠪᠠᠭ᠋ᠠᠷᠬᠠᠭᠰᠠᠨ ᠦᠢᠯᠡᠰ ᠤᠨ ᠰᠠᠶᠢᠬᠠᠠ
ᠨᠡᠶᠢᠲᠡᠯᠡᠭᠰᠡᠨ ᠴᠠᠭ᠄
2020/11/30
    ︽ᠬᠡᠷ ᠤᠨ ᠠᠬᠠᠮᠠᠳ ᠨᠠᠷ ᠬᠡᠦᠬᠡᠳ ᠤᠳ ᠲᠠᠢ ᠢᠯᠡᠬᠦᠬᠡᠨ ᠬᠠᠷᠢᠯᠴᠠᠵᠤ᠂ ᠬᠡᠦᠬᠡᠳ ᠤᠨ ᠢᠶᠠᠨ ᠶᠠᠷᠢᠵᠤ ᠪᠠᠶᠢᠭ᠎ᠠ ᠦᠬᠡ ᠶᠢ ᠰᠡᠳᠬᠢᠯ ᠲᠠᠯᠪᠢᠨ ᠭᠢᠨᠠᠮᠠᠭᠠᠢ ᠭᠦᠯᠢᠴᠡᠩᠭᠦᠢ ᠰᠤᠨᠤᠰᠴᠤ ᠪᠠᠶᠢᠭᠠᠷᠠᠢ᠂ ᠦᠪᠡᠷ ᠤᠨ ᠪᠡᠶ᠎ᠡ ᠪᠠᠷ ᠢᠶᠠᠨ ᠲᠠᠭᠤᠷᠢᠶᠠᠯ ᠪᠤᠯᠵᠤ᠂ ᠡᠩ ᠤᠨ ᠴᠠᠭ ᠤᠨ ᠦᠬᠡ ᠶᠠᠷᠢᠶ᠎ᠠ᠂ ᠦᠢᠯᠡ ᠬᠦᠳᠡᠯᠦᠯ ᠢᠶᠠᠨ ᠢᠯᠡᠬᠦᠬᠡᠨ ᠠᠩᠬᠠᠷᠬᠤ ᠶᠢ ᠬᠦᠰᠡᠵᠦ ᠪᠠᠶᠢᠨ᠎ᠠ᠂ ᠬᠡᠦᠬᠡᠳ ᠤᠨ ᠵᠤᠭᠰᠤᠴᠠ ᠠᠴᠠ ᠪᠤᠳᠤᠯᠬᠢᠯᠠᠵᠤ ᠠᠰᠠᠭᠤᠳᠠᠯ ᠢ ᠢᠯᠡᠭᠦᠭᠡᠡ ᠲᠤᠩᠭᠠᠵᠤ ᠪᠠᠶᠢᠭᠠᠷᠠᠢ ᠁︾ ᠬᠡᠵᠤ ᠴᠡᠴᠡᠷᠯᠢᠭ ᠤᠨ ᠬᠡᠷ ᠤᠨ ᠠᠬᠠᠮᠠᠳ ᠤᠨ ᠬᠤᠷᠠᠯ ᠲᠡᠬᠡᠷ᠎ᠡ ᠬᠡᠷ ᠤᠨ ᠠᠬᠠᠮᠠᠳ ᠨᠠᠷ ᠲᠤ ᠲᠠᠩᠳᠠ ᠰᠠᠨᠠᠭᠤᠯᠤᠨ᠂ ᠶᠠᠷᠢᠶ᠎ᠠ ᠨᠢᠬᠡᠪᠦᠷᠢ ᠳᠤ ᠨᠢ ᠬᠡᠦᠬᠡᠳ ᠤᠳ ᠢᠶᠠᠨ ᠭᠡᠰᠡᠡ ᠬᠠᠶᠢᠷ᠎ᠡ ᠪᠢᠯᠬᠠᠵᠦ ᠪᠠᠶᠢᠳᠠᠭ ᠡᠨᠡ ᠪᠠᠭᠰᠢ ᠶᠢ ᠰᠡᠷᠬᠦᠯᠡᠩᠴᠡᠴᠡᠭ ᠬᠡᠳᠡᠭ᠂ ᠲᠡᠷᠡ ᠪᠤᠯ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠪᠠᠭᠰᠢ ᠪᠤᠯᠤᠨ᠎ᠠ᠃     ᠲᠡᠷᠡᠪᠡᠷ 1993 ᠤᠨ ᠳᠤ ᠦᠪᠦᠷ ᠮᠤᠩᠭᠤᠯ ᠤᠨ ᠦᠨᠳᠦᠰᠦᠳᠡᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠰᠤᠷᠭᠠᠭᠤᠯᠢ ᠠᠴᠠ ᠰᠤᠷᠤᠯᠭ᠎ᠠ ᠲᠡᠬᠦᠰᠴᠦ᠂ ᠲᠤᠰ ᠵᠢᠯ ᠤᠨ 9 ᠰᠠᠷ᠎ᠠ ᠳᠤ ᠨᠢ ᠰᠢᠯᠢ ᠶᠢᠨ ᠭᠤᠤᠯ ᠠᠶᠢᠮᠠᠭ ᠤᠨ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠲᠤ ᠢᠷᠡᠵᠦ ᠠᠵᠢᠯ ᠤᠨ ᠭᠠᠷᠤᠭ᠎ᠠ ᠠᠪᠤᠨ᠂ 2016 ᠤᠨ ᠳᠤ ᠴᠡᠴᠡᠷᠯᠢᠭ ᠤᠨ ᠦᠬᠡᠷᠡᠴᠢᠯᠡᠯᠳᠡ ᠲᠤᠮᠳᠠ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ ᠬᠤᠪᠢᠶᠠᠭᠳᠠᠨ ᠠᠵᠢᠯᠯᠠᠵᠤ᠂ ᠨᠢᠬᠡ ᠮᠡᠳᠡᠬᠦ ᠳᠤ 26 ᠵᠢᠯ ᠢ ᠬᠦᠬᠡᠷᠦᠬᠦᠨ ᠴᠤᠪᠤᠭᠤ ᠬᠡᠦᠬᠡᠳ  ᠤᠳ  ᠤᠨ  ᠢᠶᠠᠨ ᠢᠨᠢᠶᠡᠳᠤ ᠪᠠᠶᠠᠰᠤᠯ ᠤᠨ ᠲᠤᠮᠳᠠ ᠦᠡᠭᠬᠡᠷᠡᠬᠦᠯᠦᠭᠰᠡᠨ ᠪᠠᠶᠢᠯ᠎ᠠ᠃     ᠬᠤᠷᠢᠭᠠᠳ ᠵᠢᠯ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠵᠢᠯ ᠲᠤᠮᠳᠠ ᠪᠠᠨ ᠰᠡᠷᠬᠦᠯᠡᠩᠴᠡᠴᠡᠭ ᠪᠠᠭᠰᠢ ᠡᠨᠡ ᠬᠦ ᠠᠵᠢᠯ ᠲᠦᠷᠦᠯ ᠳᠤ ᠪᠠᠨ ᠶᠠᠭᠠᠬᠢᠬᠤ ᠶᠢᠨ ᠠᠷᠭ᠎ᠠ ᠦᠬᠡᠢ ᠡᠨᠡᠭᠰᠢᠨ ᠲᠠᠰᠴᠤ᠂ ᠴᠡᠴᠡᠷᠯᠢᠭ ᠤᠨ ᠪᠠᠭᠰᠢ ᠶᠢᠨ ᠠᠯᠳᠠᠷ ᠢᠶᠠᠷ ᠢᠶᠠᠨ ᠪᠠᠭ᠋ᠠᠷᠬᠠᠵᠤ ᠶᠠᠪᠤᠬᠤ ᠲᠤᠰᠤᠮ ᠢᠶᠠᠨ ᠮᠠᠰᠢ ᠤᠯᠠᠨ ᠵᠢᠭᠠᠨ ᠰᠤᠷᠭᠠᠯᠳᠠ ᠶᠢᠨ ᠠᠷᠭ᠎ᠠ ᠲᠤᠷᠰᠢᠯᠭ᠎ᠠ ᠬᠤᠷᠠᠮᠳᠤᠭᠤᠯᠵᠤ᠂ ᠤᠯᠠᠨ ᠰᠠᠶᠢᠬᠠᠨ ᠠᠵᠢᠯ ᠤᠨ ᠬᠢᠷᠢ ᠪᠦᠳᠦᠮᠵᠢ ᠶᠢ ᠡᠬᠦᠳᠴᠦ ᠶᠠᠪᠤᠭᠰᠠᠨ ᠪᠢᠯᠠ᠃ ᠲᠡᠷᠡ ᠬᠡᠦᠬᠡᠳ ᠢ ᠠᠰᠠᠷᠠᠨ ᠬᠦᠮᠦᠵᠢᠬᠦᠯᠬᠦ ᠲᠠᠯ᠎ᠠ ᠪᠠᠷ ᠮᠠᠰᠢ ᠨᠠᠷᠢᠨ ᠬᠢᠨᠠᠮᠠᠭᠠᠢ ᠪᠠᠶᠢᠵᠤ᠂ 3 — 6 ᠨᠠᠰᠤᠨ ᠤ ᠬᠡᠦᠬᠡᠳ ᠤᠳ ᠤᠨ ᠪᠡᠶ᠎ᠡ ᠰᠡᠳᠬᠢᠴᠡ ᠶᠢᠨ ᠤᠨᠴᠠᠯᠢᠭ ᠢ ᠠᠨᠳᠠᠬᠤ ᠦᠬᠡᠢ ᠤᠢᠢᠯᠠᠭᠠᠳᠠᠭ᠃ ᠴᠡᠴᠡᠷᠯᠢᠭ ᠤᠨ ᠰᠤᠷᠭᠠᠨ ᠬᠦᠮᠦᠵᠢᠯ ᠪᠤᠯ ᠪᠠᠯᠴᠢᠷ ᠬᠡᠦᠬᠡᠳ ᠤᠨ ᠬᠤᠶᠢᠰᠢᠳᠠ ᠶᠢᠨ ᠪᠡᠶ᠎ᠡ ᠰᠡᠳᠬᠢᠴᠡ ᠶᠢᠨ ᠬᠦᠭᠵᠢᠯᠳᠡ᠂ ᠠᠵᠢᠯ ᠰᠤᠷᠤᠯᠴᠠᠯᠭ᠎ᠠ ᠠᠮᠢᠳᠤᠷᠠᠯ ᠤᠨ ᠲᠠᠳᠬᠠᠯ ᠪᠠ ᠰᠢᠯᠢᠳᠡᠭ ᠰᠠᠶᠢᠨ ᠵᠠᠩ ᠮᠤᠷᠠᠯ ᠤᠨ ᠬᠦᠮᠦᠵᠢᠯ ᠳᠤ ᠴᠦᠮ ᠰᠠᠭᠤᠷᠢ ᠶᠢ ᠲᠠᠯᠪᠢᠳᠠᠭ ᠤᠴᠢᠷ ᠠᠴᠠ ᠴᠡᠴᠡᠷᠯᠢᠭ ᠤᠨ ᠪᠠᠭᠰᠢ ᠪᠤᠯᠤᠭᠰᠠᠳ ᠡᠷᠬᠡᠪᠰᠢ ᠡᠬᠦᠷᠬᠡ ᠬᠠᠷᠢᠭᠤᠴᠠᠯᠭ᠎ᠠ ᠪᠠᠨ ᠲᠤᠳᠤᠷᠬᠠᠢ ᠲᠠᠨᠢᠵᠤ᠂ ᠬᠡᠦᠬᠡᠳ ᠢ ᠵᠦᠪ ᠢᠶᠠᠷ ᠵᠢᠯᠤᠭᠤᠳᠤᠨ ᠲᠠᠭᠠᠭᠤᠯᠵᠤ᠂ ᠬᠡᠦᠬᠡᠳ ᠤᠨ ᠤᠶᠤᠨ ᠤᠬᠠᠭᠠᠨ᠂ ᠪᠡᠶ᠎ᠡ ᠮᠠᠬᠠᠪᠤᠳ ᠂ ᠶᠤᠰᠤ ᠰᠤᠷᠳᠠᠬᠤᠨ᠂ ᠭᠤᠸ᠎ᠠ ᠰᠠᠶᠢᠬᠠᠨ ᠵᠡᠷᠬᠡ ᠶᠢ ᠡᠶ᠎ᠡ ᠵᠤᠬᠢᠴᠠᠩᠭᠤᠢ ᠬᠦᠭᠵᠢᠬᠦᠯᠬᠦ ᠨᠢ ᠮᠠᠰᠢ ᠴᠢᠬᠤᠯᠠ ᠬᠡᠵᠦ ᠰᠡᠷᠬᠦᠯᠡᠩᠴᠡᠴᠡᠭ ᠦᠵᠡᠳᠡᠭ᠃ ᠡᠶᠢᠨ ᠬᠦ ᠲᠡᠷᠡ ᠬᠡᠦᠬᠡᠳ ᠤᠨ ᠨᠢᠬᠡ ᠡᠳᠦᠷ ᠤᠨ ᠠᠮᠢᠳᠤᠷᠠᠯ ᠢ ᠰᠢᠨᠵᠢᠯᠡᠬᠦ ᠤᠬᠠᠭᠠᠨᠴᠢ ᠪᠠᠷ ᠠᠰᠠᠷᠠᠨ ᠬᠦᠮᠦᠵᠢᠬᠦᠯᠬᠦ ᠠᠴᠠ ᠭᠠᠷᠳᠠᠵᠤ᠂ ᠬᠡᠦᠬᠡᠳ ᠲᠤ ᠪᠠᠶᠠᠷ ᠪᠠᠶᠠᠰᠬᠤᠯᠠᠩᠳᠠᠢ ᠴᠡᠴᠡᠷᠯᠢᠭ ᠤᠨ ᠠᠮᠢᠳᠤᠷᠠᠯ ᠢ ᠡᠳ᠋ᠯᠡᠬᠦᠯᠬᠦ ᠶᠢ ᠵᠤᠷᠢᠳᠠᠭ᠃     ᠰᠡᠷᠬᠦᠯᠡᠩᠴᠡᠴᠡᠭ ᠪᠠᠭᠰᠢ ᠬᠡᠦᠬᠡᠳ ᠨᠢᠬᠡᠪᠦᠷᠢ ᠳᠤ ᠡᠷᠬᠡ ᠲᠡᠭᠰᠢ᠂ ᠭᠦᠯᠢᠴᠡᠩᠭᠦᠢ᠂ ᠬᠠᠯᠠᠭᠤᠮᠰᠤᠭ ᠲᠤᠳᠤᠨᠤ ᠬᠠᠨᠳᠤᠳᠠᠭ᠃ ᠮᠦᠨ ᠴᠦ ᠬᠡᠦᠬᠡᠳ ᠤᠨ ᠦᠪᠡᠷᠮᠢᠴᠡ ᠤᠨᠴᠠᠯᠢᠭ ᠪᠠ ᠵᠠᠩ ᠴᠢᠨᠠᠷ᠂ ᠬᠡᠷ ᠤᠨ ᠬᠦᠮᠦᠵᠢᠯ᠂ ᠦᠬᠡ ᠶᠠᠷᠢᠶ᠎ᠡ ᠵᠡᠷᠬᠡ ᠲᠠᠯ᠎ᠠ ᠶᠢᠨ ᠦᠪᠡᠷᠮᠢᠴᠡ ᠵᠦᠷᠢᠶ᠎ᠡ ᠶᠢ ᠬᠦᠨᠳᠦᠳᠬᠡᠨ᠂ ᠤᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠡᠦᠬᠡᠳ ᠢ ᠵᠦᠪ ᠰᠠᠶᠢᠬᠠᠨ ᠲᠠᠳᠬᠠᠯ ᠲᠠᠢ ᠪᠤᠯᠭᠠᠨ ᠬᠦᠮᠦᠵᠢᠬᠦᠯᠳᠡᠭ᠃ ᠲᠡᠬᠦᠨ ᠤ ᠡᠷᠬᠢᠯᠡᠵᠦ ᠪᠠᠶᠢᠭᠰᠠᠨ ᠠᠩᠬᠢ ᠳᠤ ᠨᠢᠬᠡᠨ ᠦᠬᠡ ᠶᠠᠷᠢᠶᠠᠨ ᠳᠤ ᠪᠠᠨ ᠠᠨᠠᠢ᠂ ᠬᠡᠯᠡᠨ ᠤ ᠬᠦᠭᠵᠢᠯᠳᠡ ᠤᠳᠠᠭᠠᠨ᠂ ᠵᠤᠷᠢᠭ ᠪᠠᠭᠠᠳᠠᠢ ᠬᠡᠦᠬᠡᠳ ᠪᠠᠶᠢᠭᠰᠠᠨ ᠬᠡᠳᠡᠭ᠃ ᠰᠡᠷᠬᠦᠯᠡᠩᠴᠡᠴᠡᠭ ᠪᠠᠭᠰᠢ ᠡᠨᠡ ᠬᠡᠦᠬᠡᠳ ᠢ ᠤᠨᠴᠠᠯᠠᠨ ᠬᠠᠯᠠᠮᠵᠢᠯᠠᠨ ᠠᠩᠬᠠᠷᠴᠤ᠂ ᠤᠯᠠᠨ ᠤ ᠡᠮᠦᠨ᠎ᠡ ᠵᠤᠷᠢᠭᠳᠠᠢ ᠶᠠᠷᠢᠭᠤᠯᠬᠤ ᠪᠤᠶᠤ ᠦᠷᠬᠦᠯᠵᠢ ᠮᠠᠭᠳᠠᠨ ᠰᠠᠶᠢᠰᠢᠶᠠᠵᠤ ᠬᠠᠯᠠᠰᠢᠷᠠᠯ ᠦᠬᠡᠢ ᠵᠢᠭᠠᠨ ᠵᠢᠯᠤᠭᠤᠳᠳᠠᠭ ᠠᠴᠠ ᠲᠡᠷᠡ ᠬᠡᠦᠬᠡᠳ ᠶᠡᠭᠡ ᠠᠩᠬᠢ ᠪᠤᠯᠬᠤ ᠳᠤ ᠤᠯᠠᠨ ᠤ ᠡᠮᠦᠨ᠎ᠡ ᠵᠤᠷᠢᠭᠳᠠᠢ ᠭᠠᠷᠴᠤ ᠤᠯᠠᠨ ᠪᠠᠳᠠᠭ ᠲᠠᠢ ᠰᠢᠯᠦᠭ ᠢ ᠭᠠᠭᠴᠠᠭᠠᠷ ᠤᠡᠭᠰᠢᠵᠤ ᠴᠢᠳᠠᠬᠤ ᠪᠤᠯᠤᠭᠰᠠᠨ ᠬᠡᠳᠡᠭ᠃ ᠪᠠᠰᠠ ᠨᠢᠬᠡ ᠤᠳᠠᠭ᠎ᠠ᠂ ᠲᠡᠬᠦᠨ ᠤ ᠠᠩᠬᠢ ᠶᠢᠨ ᠨᠢᠬᠡ ᠬᠡᠦᠬᠡᠳ ᠲᠠᠳᠠᠵᠤ ᠮᠠᠨᠠᠷᠠᠳᠠᠭ ᠬᠠᠭᠤᠴᠢᠨ ᠨᠢ ᠬᠦᠳᠡᠯᠵᠦ᠂ ᠭᠠᠷ ᠬᠦᠯ ᠨᠢ ᠲᠠᠳᠠᠪᠠᠯᠵᠠᠨ᠂ ᠠᠮᠠᠨ ᠠᠴᠠ ᠨᠢ ᠴᠠᠭᠠᠨ ᠬᠦᠬᠡᠰᠦ ᠭᠠᠷᠬᠤ ᠳᠤ ᠰᠡᠷᠬᠦᠯᠡᠩᠴᠡᠴᠡᠭ ᠪᠠᠭᠰᠢ ᠲᠠᠷᠦ᠋ᠢᠬᠠᠨ ᠲᠡᠬᠦᠨ ᠢ ᠲᠡᠪᠡᠷᠢᠨ ᠲᠦᠷᠢᠶᠡᠰᠦᠨ ᠮᠠᠰᠢᠨ ᠲᠠᠭᠤᠳᠠᠵᠤ ᠡᠮᠨᠡᠯᠬᠡ ᠳᠤ ᠬᠦᠷᠬᠡᠭᠰᠡᠨ ᠬᠡᠳᠡᠭ᠃ ᠡᠶᠢᠮᠦᠷᠬᠦᠤ ᠵᠢᠱᠢᠶ᠎ᠡ ᠲᠡᠬᠦᠨ ᠳᠤ ᠤᠯᠠᠨ ᠲᠤᠬᠢᠶᠠᠯᠳᠤᠳᠠᠭ ᠪᠠᠶᠢᠭᠰᠠᠨ ᠴᠦ ᠲᠡᠷᠡ ᠶᠡᠷᠦ ᠠᠴᠠ ᠪᠠᠯᠢᠳᠠᠵᠤ ᠰᠠᠨᠳᠤᠷᠳᠠᠭ ᠦᠬᠡᠢ᠂ ᠬᠠᠷᠢᠨ ᠤᠯᠠᠨ ᠵᠢᠯ ᠤᠨ ᠠᠵᠢᠯ ᠤᠨ ᠲᠤᠷᠰᠢᠯᠭ᠎ᠠ ᠪᠠᠷ ᠢᠶᠠᠨ ᠲᠤᠬᠢᠳᠠᠢ ᠰᠠᠶᠢᠬᠠᠨ ᠰᠢᠢᠳᠪᠦᠷᠢᠯᠡᠵᠦ᠂ ᠪᠠᠭᠰᠢ ᠬᠦᠮᠦᠨ ᠤ ᠡᠨᠡᠷᠢᠩᠬᠦᠢ ᠵᠦᠬᠡᠯᠡᠨ ᠬᠠᠶᠢᠷ᠎ᠡ ᠪᠦᠬᠦᠨ ᠢᠶᠠᠨ ᠴᠡᠴᠡᠷᠯᠢᠭ ᠤᠨ ᠬᠡᠦᠬᠡᠳ ᠤᠳ ᠲᠤ ᠪᠠᠨ ᠬᠠᠷᠠᠮ ᠦᠬᠡᠢ ᠬᠦᠷᠳᠡᠬᠡᠳᠡᠭ᠃     — ᠬᠡᠦᠬᠡᠳ ᠤᠳ ᠠᠩᠬ᠎ᠠ ᠴᠡᠴᠡᠷᠯᠢᠭ ᠲᠤ ᠢᠷᠡᠬᠦ ᠳᠤ ᠤᠯᠠᠩᠬᠢ ᠬᠡᠦᠬᠡᠳ ᠤᠳ ᠲᠠᠰᠬᠤ ᠦᠬᠡᠢ ᠪᠠᠶᠢᠳᠠᠭ᠃ ᠡᠨᠡ ᠦᠶᠡᠰ ᠮᠠᠨ ᠤ ᠪᠠᠭᠰᠢ ᠨᠠᠷ ᠬᠠᠮᠤᠭ ᠤᠷᠢᠳᠠ ᠬᠡᠦᠬᠡᠳ ᠤᠳ ᠢ ᠪᠡᠶ᠎ᠡ ᠳᠤ ᠪᠠᠨ ᠲᠠᠰᠬᠠᠬᠤ᠂ ᠬᠠᠮᠳᠤ ᠨᠡᠶᠢᠳᠡ ᠳᠤ ᠲᠠᠰᠬᠠᠬᠤ ᠪᠠᠷ ᠴᠢᠷᠮᠠᠶᠢᠳᠠᠭ᠃ ᠲᠠᠬᠢᠪᠠᠯ ᠰᠠᠶᠢᠨ ᠰᠠᠶᠢᠬᠠᠨ ᠠᠮᠢᠳᠤᠷᠠᠯ ᠤᠨ ᠲᠠᠳᠬᠠᠯ ᠢ ᠪᠤᠢ ᠪᠤᠯᠭᠠᠬᠤ ᠠᠴᠠ ᠡᠬᠢᠯᠡᠵᠦ ᠭᠠᠷᠳᠠᠵᠤ ᠬᠢᠳᠡᠭ᠃ ᠲᠠᠷᠤᠢ ᠬᠤᠪᠴᠠᠰᠤ ᠬᠤᠨᠠᠷ ᠢᠶᠠᠨ ᠦᠪᠡᠷ ᠢᠶᠠᠨ ᠡᠮᠦᠰᠴᠦ ᠰᠤᠷᠬᠤ᠂ ᠪᠡᠶ᠎ᠡ ᠪᠠᠨ ᠲᠠᠭᠠᠭᠠᠵᠤ ᠠᠵᠢᠯ ᠬᠢᠵᠦ ᠴᠢᠳᠠᠬᠤ᠂ ᠬᠤᠭᠤᠯᠠ ᠴᠠᠢ ᠪᠠᠨ ᠰᠠᠶᠢᠬᠠᠨ ᠢᠳᠡᠵᠦ ᠤᠤᠭᠤᠬᠤ᠂ ᠨᠠᠶᠢᠵᠠ ᠨᠦᠬᠦᠳ ᠲᠠᠢ ᠪᠠᠨ ᠰᠠᠶᠢᠬᠠᠨ ᠨᠠᠶᠢᠵᠠᠯᠠᠵᠤ ᠨᠠᠭᠠᠳᠴᠤ ᠴᠢᠳᠠᠬᠤ᠂ ᠬᠤᠭᠤᠯᠠᠨ ᠤ ᠲᠠᠷᠠᠭ᠎ᠠ ᠠᠮᠠ ᠪᠠᠨ ᠵᠠᠶᠢᠯᠠᠬᠤ᠂ ᠭᠠᠷ ᠢᠶᠠᠨ ᠤᠬᠢᠶᠠᠬᠤ ᠵᠡᠷᠬᠡ ᠲᠠᠳᠬᠠᠯ ᠢ ᠬᠦᠮᠦᠵᠢᠬᠦᠯᠬᠦ ᠶᠢ ᠴᠢᠬᠤᠯᠠᠴᠢᠯᠠᠳᠠᠭ ᠬᠡᠵᠦ ᠰᠡᠷᠬᠦᠯᠡᠩᠴᠡᠴᠡᠭ ᠪᠠᠭᠰᠢ ᠠᠵᠢᠯ ᠤᠨ ᠲᠤᠬᠠᠢ ᠪᠠᠨ ᠶᠠᠷᠢᠯ᠎ᠠ᠃ ᠴᠡᠴᠡᠷᠯᠢᠭ ᠤᠨ ᠵᠢᠭᠠᠨ ᠰᠤᠷᠭᠠᠯᠳᠠ ᠶᠢᠨ ᠲᠤᠮᠳᠠ ᠬᠡᠦᠬᠡᠳ ᠲᠤ ᠠᠮᠠᠷᠬᠠᠨ ᠤᠢᠢᠯᠠᠭᠠᠭᠤᠯᠵᠤ ᠴᠢᠳᠠᠬᠤ᠂ ᠠᠮᠢᠳᠤᠯᠢᠭ᠂ ᠰᠢᠨ᠎ᠡ ᠰᠡᠪᠡᠬᠦᠨ ᠤᠨᠴᠠᠯᠢᠭ ᠲᠠᠢ ᠵᠢᠭᠠᠨ ᠰᠤᠷᠭᠠᠬᠤ ᠪᠠᠭᠠᠵᠢ ᠲᠤᠩ ᠴᠢᠬᠤᠯᠠ ᠪᠠᠶᠢᠳᠠᠭ᠃ ᠡᠶᠢᠨ ᠬᠦ ᠰᠡᠷᠬᠦᠯᠡᠩᠴᠡᠴᠡᠭ ᠪᠠᠭᠰᠢ ᠬᠤᠷᠢᠭᠠᠳ ᠵᠢᠯ ᠤᠨ ᠲᠤᠷᠰᠢ ᠵᠢᠭᠠᠨ ᠰᠤᠷᠭᠠᠬᠤ ᠪᠠᠭᠠᠵᠢ ᠪᠠᠨ ᠴᠦᠮ ᠦᠪᠡᠷ ᠢᠶᠠᠨ ᠭᠠᠷ ᠬᠦᠳᠡᠯᠦᠨ ᠪᠡᠯᠡᠳᠬᠡᠳᠡᠭ ᠪᠦᠬᠡᠳ ᠬᠡᠦᠬᠡᠳ ᠤᠨ ᠠᠩᠬᠠᠷᠤᠯ ᠢ ᠲᠠᠳᠠᠭᠰᠠᠨ ᠰᠢᠨ᠎ᠡ ᠰᠡᠪᠡᠬᠦᠨ᠂ ᠬᠡᠦᠬᠡᠳ ᠤᠨ ᠨᠠᠰᠤᠨ ᠤ ᠤᠨᠴᠠᠯᠢᠭ ᠲᠤ ᠲᠤᠬᠢᠷᠠᠭᠰᠠᠨ᠂ ᠪᠡᠶ᠎ᠡ ᠰᠡᠳᠬᠢᠴᠡ ᠶᠢᠨ ᠤᠨᠴᠠᠯᠢᠭ ᠲᠤ ᠲᠤᠬᠢᠷᠠᠭᠰᠠᠨ ᠪᠠᠭᠠᠵᠢ ᠬᠡᠷᠡᠭᠯᠡᠬᠦ ᠶᠢ ᠠᠩᠬᠠᠷᠳᠠᠭ᠃ ᠡᠬᠦᠨ ᠤ ᠬᠠᠮᠳᠤ ᠵᠢᠭᠠᠨ ᠰᠤᠷᠭᠠᠯᠳᠠ ᠶᠢᠨ ᠲᠦᠯᠦᠪᠯᠡᠭᠡ ᠪᠠᠨ ᠰᠠᠶᠢᠳᠤᠷ ᠬᠢᠵᠦ᠂ ᠵᠢᠭᠠᠨ ᠰᠤᠷᠭᠠᠬᠤ ᠠᠭᠤᠯᠭ᠎ᠠ ᠪᠠᠨ ᠴᠠᠭ ᠲᠤᠬᠠᠢ ᠳᠤ ᠨᠢ ᠪᠡᠶᠡᠯᠡᠬᠦᠯᠦᠨ᠂ ᠬᠡᠦᠬᠡᠳ ᠤᠳ ᠤᠨ ᠠᠩᠬᠢ ᠶᠢᠨ ᠬᠦᠳᠡᠯᠪᠦᠷᠢ᠂ ᠲᠤᠭᠤᠷᠢᠭ ᠤᠨ ᠬᠦᠳᠡᠯᠪᠦᠷᠢ᠂ ᠬᠡᠷ ᠤᠨ ᠭᠠᠳᠠᠨᠠᠬᠢ ᠬᠦᠳᠡᠯᠪᠦᠷᠢ ᠵᠡᠷᠬᠡ ᠶᠢ ᠢᠳᠡᠪᠬᠢᠳᠠᠢ ᠶᠠᠪᠤᠭᠳᠠᠭᠤᠯᠤᠨ᠂ ᠬᠦᠳᠡᠯᠪᠦᠷᠢ ᠲᠤᠮᠳᠠ ᠬᠡᠦᠬᠡᠳ ᠢ ᠴᠢᠯᠦᠬᠡᠳᠠᠢ ᠰᠡᠳᠬᠢᠬᠦᠯᠦᠨ᠂ ᠴᠢᠯᠦᠬᠡᠳᠠᠢ ᠤᠷᠤᠯᠴᠠᠭᠤᠯᠵᠤ᠂ ᠡᠬᠦᠨ ᠤ ᠲᠤᠮᠳᠠ ᠪᠠᠨ ᠬᠡᠦᠬᠡᠳ ᠤᠳ ᠢ ᠨᠠᠷᠢᠨ ᠠᠵᠢᠭᠯᠠᠵᠤ᠂ ᠬᠡᠦᠬᠡᠳ ᠤᠨ ᠪᠡᠶ᠎ᠡ ᠰᠡᠳᠬᠢᠴᠡ ᠶᠢᠨ ᠬᠦᠭᠵᠢᠯᠳᠡ ᠶᠢᠨ ᠪᠠᠶᠢᠳᠠᠯ ᠢ ᠠᠵᠢᠭᠯᠠᠭᠰᠠᠨ ᠲᠡᠮᠳᠡᠭᠯᠡᠯ ᠢ ᠨᠠᠷᠢᠯᠢᠭ ᠲᠡᠮᠳᠡᠭᠯᠡᠨ᠂ ᠴᠡᠴᠡᠷᠯᠢᠭ ᠤᠨ ᠵᠢᠭᠠᠨ ᠰᠤᠷᠭᠠᠯᠳᠠ ᠶᠢᠨ ᠠᠵᠢᠯ ᠢ ᠰᠠᠶᠢᠳᠤᠷ ᠶᠠᠪᠤᠭᠳᠠᠭᠤᠯᠬᠤ ᠪᠠ ᠬᠡᠷ ᠤᠨ ᠠᠬᠠᠮᠠᠳ ᠨᠠᠷ ᠠᠴᠠ ᠬᠡᠦᠬᠡᠳ ᠤᠨ ᠢᠶᠠᠨ ᠪᠡᠶ᠎ᠡ ᠰᠡᠳᠬᠢᠴᠡ ᠶᠢᠨ ᠬᠦᠭᠵᠢᠯᠳᠡ ᠶᠢᠨ ᠪᠠᠶᠢᠳᠠᠯ ᠢ ᠤᠢᠢᠯᠠᠭᠠᠬᠤ ᠳᠤ ᠯᠠᠪᠯᠠᠯᠳᠠ ᠪᠤᠯᠭᠠᠵᠤ ᠪᠠᠶᠢᠳᠠᠭ᠃     ᠰᠡᠷᠬᠦᠯᠡᠩᠴᠡᠴᠡᠭ ᠪᠠᠭᠰᠢ ᠦᠨᠳᠦᠰᠦᠳᠡᠨ ᠤ ᠤᠨᠴᠠᠯᠢᠭᠳᠤ ᠵᠢᠭᠠᠨ ᠰᠤᠷᠭᠠᠯᠳᠠ ᠶᠢ ᠡᠩ ᠤᠨ ᠴᠠᠭ ᠤᠨ ᠵᠢᠭᠠᠨ ᠰᠤᠷᠭᠠᠯᠳᠠ ᠳᠤ ᠪᠠᠨ ᠠᠭᠤᠰᠬᠠᠨ ᠤᠷᠤᠭᠤᠯᠵᠤ᠂ ᠦᠨᠳᠦᠰᠦᠳᠡᠨ ᠤ ᠵᠠᠩ ᠦᠢᠯᠡ᠂ ᠠᠮᠢᠳᠤᠷᠠᠯ ᠠᠬᠤᠢ᠂ ᠰᠤᠶᠤᠯ ᠤᠨ ᠬᠢᠴᠢᠶᠡᠯ ᠢ ᠨᠠᠷᠢᠨ ᠬᠢᠨᠠᠮᠠᠭᠠᠢ ᠪᠡᠯᠡᠳᠬᠡᠨ᠂ ᠦᠪᠡᠷ ᠢᠶᠠᠨ ᠬᠢᠵᠦ ᠦᠵᠡᠬᠦᠯᠬᠦ ᠬᠡᠯᠪᠡᠷᠢ ᠪᠠᠷ ᠬᠡᠦᠬᠡᠳ ᠤᠳ ᠲᠤ ᠲᠠᠨᠢᠵᠤ ᠮᠡᠳᠡᠷᠡᠬᠦᠯᠦᠨ᠂ ᠲᠡᠳᠡᠨᠡᠷ ᠲᠤ ᠬᠠᠷᠠᠬᠠᠨ ᠪᠠᠭ᠎ᠠ ᠠᠴᠠ ᠨᠢ ᠦᠨᠳᠦᠰᠦᠳᠡᠨ ᠤ ᠰᠤᠶᠤᠯ ᠢ ᠨᠢ ᠤᠢᠢᠯᠠᠭᠠᠭᠤᠯᠤᠨ᠂ ᠦᠨᠳᠦᠰᠦᠳᠡᠨ ᠤ ᠪᠠᠭ᠋ᠠᠷᠬᠠᠯ ᠢ ᠪᠤᠢ ᠪᠤᠯᠭᠠᠨ᠂ ᠤᠯᠠᠮᠵᠢᠯᠠᠯᠳᠤ ᠰᠤᠶᠤᠯ ᠢᠶᠠᠨ ᠬᠤᠶᠢᠴᠢ ᠨᠢᠬᠡ ᠦᠶ᠎ᠡ ᠶᠢᠨ ᠬᠢᠨ ᠳᠤ ᠪᠠᠨ ᠤᠯᠠᠮᠵᠢᠯᠠᠨ ᠦᠭᠴᠦ᠂ ᠦᠨᠳᠦᠰᠦᠳᠡᠨ ᠤ ᠰᠤᠶᠤᠯ ᠢᠶᠠᠨ ᠠᠴᠢᠶᠠᠯᠠᠨ ᠶᠠᠪᠤᠵᠤ ᠪᠠᠶᠢᠭ᠎ᠠ ᠪᠠᠭᠰᠢ ᠬᠦᠮᠦᠨ ᠤ ᠲᠠᠷᠬᠠᠨ ᠡᠬᠦᠷᠬᠡ ᠬᠠᠷᠢᠭᠤᠴᠠᠯᠭ᠎ᠠ ᠪᠠᠨ ᠪᠡᠶᠡᠯᠡᠬᠦᠯᠬᠦ ᠪᠠᠷ ᠴᠠᠭ ᠢᠮᠠᠭᠳᠠ ᠴᠢᠷᠮᠠᠶᠢᠨ ᠵᠢᠳᠬᠦᠵᠦ ᠶᠠᠪᠤᠨ᠎ᠠ᠃     ᠬᠤᠷᠢᠭᠠᠳ ᠵᠢᠯ ᠤᠨ ᠠᠵᠢᠯ ᠤᠨ ᠲᠤᠷᠰᠢᠯᠭ᠎ᠠ ᠲᠠᠢ ᠠᠬᠠᠮᠠᠳ ᠪᠠᠭᠰᠢ᠂ ᠮᠦᠨ ᠴᠦ ᠨᠢᠬᠡᠨ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠲᠡᠷᠡ ᠦᠷᠬᠦᠯᠵᠢ ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ᠂ ᠲᠤᠬᠠᠢᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠵᠦ᠂ ᠵᠢᠱᠢᠶᠡᠴᠢ ᠲᠠᠭᠤᠷᠢᠶᠠᠯ ᠤᠨ ᠦᠢᠯᠡᠳᠦᠯ ᠢ ᠦᠵᠡᠬᠦᠯᠦᠭᠰᠡᠬᠡᠷ ᠢᠷᠡᠭᠰᠡᠨ ᠮᠦᠷᠳᠡᠬᠡᠨ ᠵᠠᠯᠠᠭᠤ ᠪᠠᠭᠰᠢ ᠨᠠᠷ ᠢ ᠵᠢᠯᠤᠭᠤᠳᠤᠨ ᠲᠠᠭᠠᠭᠤᠯᠵᠤ᠂ ᠦᠪᠡᠷ ᠤᠨ ᠠᠵᠢᠯ ᠤᠨ ᠲᠤᠷᠰᠢᠯᠭ᠎ᠠ ᠪᠠᠨ ᠬᠠᠷᠠᠮ ᠦᠬᠡᠢ ᠬᠤᠪᠢᠶᠠᠯᠴᠠᠬᠤ ᠶᠢᠨ ᠵᠡᠷᠬᠡᠪᠡᠷ ᠵᠠᠯᠠᠭᠤ ᠪᠠᠭᠰᠢ ᠨᠠᠷ ᠤᠨ ᠰᠢᠨ᠎ᠡ ᠰᠡᠪᠡᠬᠦᠨ ᠵᠢᠭᠠᠨ ᠰᠤᠷᠭᠠᠬᠤ ᠠᠷᠭ᠎ᠠ ᠬᠡᠯᠪᠡᠷᠢ ᠶᠢ ᠴᠦ ᠲᠠᠭᠠᠨ ᠰᠤᠷᠤᠯᠴᠠᠵᠤ᠂ ᠲᠡᠳᠡᠨᠡᠷ ᠲᠠᠢ ᠬᠠᠷᠢᠯᠴᠠᠨ ᠰᠤᠷᠤᠯᠴᠠᠵᠤ ᠬᠠᠮᠳᠤᠪᠡᠷ ᠲᠠᠪᠰᠢᠬᠤ ᠶᠢ ᠵᠤᠷᠢᠳᠠᠭ᠃     ᠪᠠᠭᠰᠢ ᠬᠡᠷ ᠤᠨ ᠠᠬᠠᠮᠠᠳ ᠬᠠᠷᠢᠯᠴᠠᠨ ᠬᠠᠪᠰᠤᠷᠤᠯᠴᠠᠪᠠᠯ ᠰᠠᠶ᠋ᠢ ᠰᠢᠯᠢᠳᠡᠭ ᠰᠠᠶᠢᠨ ᠬᠡᠦᠬᠡᠳ ᠢ ᠬᠦᠮᠦᠵᠢᠬᠦᠯᠵᠦ ᠴᠢᠳᠠᠨ᠎ᠠ ᠬᠡᠵᠦ ᠰᠡᠷᠬᠦᠯᠡᠩᠴᠡᠴᠡᠭ ᠪᠠᠭᠰᠢ ᠦᠷᠬᠦᠯᠵᠢ ᠶᠠᠷᠢᠳᠠᠭ᠃ ᠲᠡᠷᠡ ᠪᠠᠶᠢᠡᠭᠭᠤ ᠬᠡᠷ ᠤᠨ ᠠᠬᠠᠮᠠᠳ ᠲᠠᠢ ᠨᠦᠬᠦᠷᠰᠡᠭ ᠬᠠᠷᠢᠯᠴᠠᠵᠤ᠂ ᠬᠡᠦᠬᠡᠳ ᠢ ᠠᠰᠠᠷᠠᠨ ᠬᠦᠮᠦᠵᠢᠬᠦᠯᠬᠦ ᠲᠠᠯ᠎ᠠ ᠪᠠᠷ ᠪᠤᠳᠤᠯ ᠰᠠᠨᠠᠯ ᠢᠶᠠᠨ ᠰᠤᠯᠢᠯᠴᠠᠵᠤ᠂ ᠬᠡᠦᠬᠡᠳ ᠤᠨ ᠴᠡᠴᠡᠷᠯᠢᠭ ᠲᠠᠬᠢ ᠢᠯᠡᠷᠡᠯ ᠵᠡᠷᠬᠡ ᠶᠢ ᠬᠡᠷ ᠤᠨ ᠠᠬᠠᠮᠠᠳ ᠲᠤ ᠴᠠᠭ ᠲᠤᠬᠠᠢ ᠳᠤ ᠨᠢ ᠲᠤᠰᠬᠠᠵᠤ᠂ ᠡᠩ ᠤᠨ ᠴᠠᠭ ᠤᠨ ᠬᠡᠷ ᠲᠤ ᠪᠠᠨ ᠪᠠᠶᠢᠬᠤ ᠦᠶᠡᠰ ᠤᠨ ᠢᠯᠡᠷᠡᠯ ᠢ ᠨᠢ ᠴᠦ ᠬᠡᠷ ᠤᠨ ᠠᠬᠠᠮᠠᠳ ᠠᠴᠠ ᠦᠷᠬᠦᠯᠵᠢ ᠠᠰᠠᠭᠤᠨ ᠰᠤᠷᠠᠵᠤ᠂ ᠴᠡᠴᠡᠷᠯᠢᠭ ᠪᠠ ᠬᠡᠷ ᠪᠦᠯᠢ ᠬᠠᠮᠳᠤᠷᠠᠨ ᠬᠡᠦᠬᠡᠳ ᠢ ᠬᠦᠮᠦᠵᠢᠬᠦᠯᠬᠦ ᠶᠢ ᠵᠤᠷᠢᠳᠠᠭ ᠶᠤᠮ᠃     ᠤᠯᠠᠨ ᠵᠢᠯ ᠤᠨ ᠲᠤᠷᠰᠢ᠂ ᠰᠡᠷᠬᠦᠯᠡᠩᠴᠡᠴᠡᠭ ᠪᠠᠭᠰᠢ ᠴᠡᠴᠡᠷᠯᠢᠭ ᠤᠨ ᠵᠢᠭᠠᠨ ᠰᠤᠷᠭᠠᠯᠳᠠ ᠶᠢᠨ ᠠᠵᠢᠯ ᠳᠤ ᠭᠠᠷᠮᠠᠭᠠᠢᠢᠯᠠᠨ ᠵᠢᠳᠬᠦᠨ᠂ ᠠᠩᠬᠢ ᠶᠢᠨ ᠡᠷᠬᠢᠯᠡᠭᠴᠢ ᠶᠢᠨ ᠠᠵᠢᠯ ᠳᠤ ᠪᠠᠨ ᠬᠢᠯᠠᠷᠠᠭᠤᠯᠵᠤ ᠶᠠᠪᠤᠨ ᠤᠳᠤ ᠪᠤᠯᠬᠤ ᠳᠤ ᠴᠡᠴᠡᠷᠯᠢᠭ ᠤᠨ ᠢᠶᠠᠨ ᠭᠤᠤᠯᠯᠠᠭᠴᠢ ᠪᠠᠭᠰᠢ ᠪᠤᠯᠵᠤ᠂ ᠴᠡᠴᠡᠷᠯᠢᠭ ᠢᠶᠠᠨ ᠲᠦᠯᠦᠬᠡᠯᠡᠨ ᠤᠯᠠᠠ ᠤᠳᠠᠭ᠎ᠠ ᠤᠷᠤᠨ᠂ ᠠᠶᠢᠮᠠᠭ᠂ ᠬᠤᠳᠠ ᠶᠢᠨ ᠲᠡᠰ ᠤᠨ ᠵᠢᠭᠠᠨ ᠰᠤᠷᠭᠠᠯᠳᠠ ᠶᠢᠨ ᠦᠵᠡᠬᠦᠯᠬᠡ ᠪᠠ ᠤᠷᠤᠯᠳᠤᠭᠠᠨ ᠳᠤ ᠤᠷᠤᠯᠴᠠᠨ᠂ ᠰᠠᠶᠢᠨ ᠬᠢᠷᠢ ᠪᠦᠳᠦᠮᠵᠢ ᠤᠯᠠᠨᠳᠠ ᠤᠯᠵᠤ ᠪᠠᠶᠢᠭᠰᠠᠨ ᠪᠢᠯᠠ᠃ ᠲᠡᠬᠦᠨ ᠤ ᠡᠷᠬᠢᠯᠡᠭᠰᠡᠨ ᠠᠩᠬᠢ ᠨᠢᠬᠡᠴᠢ ᠴᠦ ᠤᠯᠠᠨ ᠤᠳᠠᠭ᠎ᠠ ᠬᠤᠳᠠ ᠶᠢᠨ ᠲᠡᠰ ᠤᠨ ︽ᠲᠡᠷᠢᠬᠦᠨ ᠤ ᠠᠩᠬᠢ ᠨᠢᠬᠡᠴᠢ︾ ᠪᠠᠷ ᠬᠦᠬᠢᠬᠦᠯᠦᠭᠳᠡᠵᠦ᠂ ᠦᠪᠡᠷ ᠢᠶᠠᠨ ᠴᠦ ᠤᠷᠤᠨ ᠠᠶᠢᠮᠠᠭ᠂ ᠬᠤᠳᠠ ᠶᠢᠨ ᠲᠡᠰ ᠤᠨ ᠰᠢᠯᠢᠳᠡᠭ ᠪᠠᠭᠰᠢ᠂ ᠲᠡᠷᠢᠬᠦᠨ ᠤ ᠪᠠᠭᠰᠢ᠂ ᠰᠢᠯᠢᠳᠡᠭ ᠵᠢᠭᠠᠨ ᠰᠤᠷᠭᠠᠬᠤ ᠴᠢᠳᠠᠪᠤᠷᠢᠳᠠᠨ᠂ ᠰᠢᠯᠢᠳᠡᠭ ᠵᠢᠭᠠᠨ ᠵᠢᠯᠤᠭᠤᠳᠤᠭᠴᠢ ᠪᠠᠭᠰᠢ ᠵᠡᠷᠬᠡ ᠶᠢᠨ ᠢᠷᠠᠭᠤ ᠠᠯᠳᠠᠷ ᠢ ᠬᠦᠷᠳᠡᠵᠦ᠂ 2019 ᠤᠨ ᠳᠤ ᠪᠠᠰᠠ ᠰᠢᠯᠢ ᠶᠢᠨ ᠬᠤᠳᠠ ᠶᠢᠨ ︽ᠬᠠᠮᠤᠭ ᠭᠤᠶᠤ ᠪᠠᠭᠰᠢ︾ ᠪᠠᠷ ᠬᠦᠬᠢᠬᠦᠯᠦᠭᠳᠡᠵᠦ᠂ ᠤᠯᠠᠨ ᠤ ᠪᠠᠨ ᠲᠤᠮᠳᠠ ᠲᠠᠭᠤᠷᠢᠶᠠᠯ ᠲᠠᠢ ᠶᠠᠪᠤᠵᠤ ᠪᠠᠶᠢᠭ᠎ᠠ ᠪᠢᠯᠠ᠃     ᠬᠤᠷᠢᠨ ᠵᠢᠷᠭᠤᠭᠠᠨ ᠵᠢᠯ ᠤᠨ ᠲᠤᠷᠰᠢ᠂ ᠲᠡᠷᠡ ᠴᠡᠴᠡᠷᠯᠢᠭ ᠤᠨ ᠪᠠᠭᠰᠢ ᠶᠢᠨ ᠠᠵᠢᠯ ᠠᠯᠪᠠᠨ ᠳᠤ ᠪᠠᠨ ᠦᠨᠡᠨᠴᠢᠬᠡᠨ ᠵᠢᠳᠬᠦᠯ ᠢᠶᠠᠨ ᠭᠠᠷᠭᠠᠵᠤ᠂ ︽ᠪᠠᠭᠰᠢ︾ ᠬᠡᠮᠡᠬᠦ ᠡᠷᠬᠢᠮ ᠠᠯᠳᠠᠷ ᠤᠨ ᠴᠠᠭᠠᠨᠠᠬᠢ ᠡᠬᠦᠷᠬᠡ ᠬᠠᠷᠢᠭᠤᠴᠠᠯᠭ᠎ᠠ ᠪᠠ ᠦᠨ᠎ᠡ ᠴᠠᠨ᠎ᠠ ᠶᠢ ᠰᠡᠳᠬᠢᠯ ᠤᠨ ᠤᠭ ᠠᠴᠠ ᠪᠠᠨ ᠮᠡᠳᠡᠷᠡᠵᠦ᠂ ᠦᠷᠯᠦᠬᠡ ᠦᠳᠡᠰᠢ ᠶᠢᠨ ᠵᠠᠢ ᠳᠤ ᠴᠢᠷᠮᠠᠶᠢᠨ ᠠᠵᠢᠯᠯᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠲᠤ ᠬᠠᠷᠠᠮ ᠦᠬᠡᠢ ᠵᠢᠳᠬᠦᠵᠦ ᠶᠠᠪᠤᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号