ᠬᠦᠪᠡᠭᠡᠳᠤ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ 1958 ᠤᠨ ᠳᠤ ᠪᠠᠶᠢᠭᠤᠯᠤᠬᠳᠠᠵᠤ᠂ ᠨᠠᠮ ᠵᠠᠰᠠᠭ | ᠤᠨ ᠳᠤᠳᠤᠨᠤ ᠬᠠᠯᠠᠮᠵᠢᠯᠠᠯ ᠢᠶᠠᠷ ᠵᠢᠷᠠᠭᠠᠳ ᠵᠢᠯ ᠤᠨ ᠰᠠᠯᠬᠢ ᠪᠤᠷᠤᠭᠠᠨ ᠢ ᠲᠤᠭᠤᠯᠤᠨ᠂ ᠦᠶ᠎ᠠ ᠦᠶ᠎ᠠ ᠶᠢᠨ | ᠠᠬᠠᠮᠠᠳ ᠲᠤᠬᠯᠠᠬᠴᠢᠳ ᠤᠨ ᠢᠶᠠᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠤᠳᠤ ᠪᠤᠯᠬᠤ ᠳᠤ 35 | ᠨᠠᠷᠠ ᠲᠤᠬᠯᠠᠬᠴᠢ ᠲᠠᠢ᠂ ᠠᠯᠪᠠᠯᠠᠬᠤ ᠠᠰᠠᠷ᠂ ᠪᠤᠯᠪᠠᠰᠤᠷᠠᠯ ᠤᠨ ᠲᠠᠩᠬᠢᠮ᠂ ᠲᠡᠷᠭᠡ ᠤᠨᠤᠭ᠎ᠠ ᠪᠠ ᠲᠤᠬᠯᠠᠯᠳᠠ ᠶᠢᠨ | ᠲᠤᠨᠤᠭ ᠲᠦᠬᠦᠭᠡᠷᠤᠮᠵᠢ ᠢᠵᠢ ᠪᠦᠷᠢᠨ ᠪᠤᠯᠵᠤ ᠂ ᠨᠠᠮ ᠤᠨ ᠰᠤᠷᠳᠠᠯ ᠤᠬᠠᠭᠤᠯᠭ᠎ᠠ ᠶᠢ ᠦᠨᠳᠤᠰᠤᠨ ᠱᠠᠳᠤᠨ ᠳᠤ | ᠬᠦᠷᠭᠡᠭᠰᠡᠭᠡᠷ ᠢᠷᠡᠭᠰᠡᠨ ᠶᠤᠮ᠃ ᠨᠠᠮ ᠤᠨ ᠤᠳᠬ᠎ᠠ ᠤᠷᠠᠯᠢᠭ ᠤᠨ ᠴᠢᠭᠯᠡᠯᠳᠠ ᠲᠦᠷᠦ ᠶᠢᠨ ᠪᠤᠳᠤᠯᠭ᠎ᠠ ᠶᠢ ᠡᠷᠡᠰ | ᠪᠠᠷᠢᠮᠳᠠᠯᠠᠵᠤ᠂ ᠲᠤᠬᠯᠠᠯᠳᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠤᠭᠤᠳᠬᠤ᠂ ᠦᠢᠯᠡᠴᠢᠯᠡᠬᠦ᠂ ᠵᠤᠬᠢᠶᠠᠨ | ᠪᠦᠳᠤᠭᠡᠬᠦ᠂ ᠰᠢᠨ᠎ᠠ ᠶᠢ ᠡᠬᠦᠳᠬᠦ ᠵᠢᠷᠭᠤᠭᠠᠨ ᠶᠡᠭᠡ ᠦᠢᠯᠡᠳᠤᠯ ᠢᠶᠠᠨ ᠪᠠᠳᠠᠷᠠᠭᠤᠯᠵᠤ᠂ ᠲᠠᠯ᠎ᠠ ᠨᠤᠳᠤᠭ ᠲᠠᠭᠠᠨ | ᠦᠨᠳᠤᠰᠤᠯᠡᠵᠤ᠂ ᠮᠠᠯᠴᠢᠨ ᠲᠦᠮᠡᠨ ᠲᠠᠢ ᠪᠠᠨ ᠡᠭᠡᠨᠡᠭᠰᠢᠨ᠂ ᠨᠠᠶᠢᠭᠡᠮ ᠵᠢᠷᠤᠮᠳᠦ ᠤᠳᠬ᠎ᠠ ᠤᠷᠠᠯᠢᠭ ᠤᠨ ᠦᠢᠯᠡᠰ | ᠤᠨ ᠦᠷᠨᠢᠬᠦᠨ ᠬᠦᠭᠵᠢᠯᠳᠠ᠂ ᠦᠷᠭᠡᠨ ᠤᠯᠠᠨ ᠲᠦᠮᠡᠨ ᠤ ᠤᠶᠤᠨ ᠰᠠᠨᠠᠭᠠᠨ ᠤ ᠰᠤᠶᠤᠯ ᠪᠤᠯᠪᠠᠰᠤᠨ ᠤ | ᠴᠢᠨᠡᠭᠡᠯᠢᠭᠴᠢᠯᠡᠯᠳᠠ᠂ ᠡᠶ᠎ᠡ ᠵᠤᠬᠢᠴᠠᠯᠳᠦ ᠨᠠᠶᠢᠭᠡᠮ ᠤᠨ ᠪᠦᠳᠤᠭᠡᠨ ᠪᠠᠶᠢᠭᠤᠯᠤᠯᠳᠠ ᠳᠤ ᠬᠦᠴᠤᠨ ᠵᠤᠷᠢᠭ ᠢᠶᠠᠨ | ᠬᠠᠷᠠᠮ ᠦᠭᠡᠢ ᠡᠷᠬᠦᠭᠰᠡᠭᠡᠷ ᠢᠷᠠᠵᠠᠢ᠃ | ᠬᠦᠪᠡᠭᠡᠳᠤ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠤᠷᠤᠨ ᠠᠶᠢᠮᠠᠭ ᠤᠨ ᠤᠷᠠᠯᠢᠭ ᠤᠨ ᠴᠢᠭᠤᠯᠭᠠᠨ ᠳᠤ | ᠠᠯᠳᠠ᠂ ᠮᠦᠩᠬᠦᠨ ᠱᠠᠩᠨᠠᠯ ᠢ ᠤᠯᠠᠨᠳᠠ ᠬᠦᠷᠳᠡᠵᠤ᠂ ᠪᠦᠬᠦ ᠤᠯᠤᠰ ᠤᠨ︽ᠰᠢᠯᠢᠳᠡᠭ ᠤᠯᠠᠭᠠᠨᠮᠦ᠋ᠴᠢᠷ︾᠂ ᠪᠦᠬᠦ | ᠤᠷᠤᠨ ᠤ ︽ᠠᠷᠪᠠᠨ ᠰᠤᠳᠤᠨ ᠤᠯᠠᠭᠠᠨᠮᠦ᠋ᠴᠢᠷ︾᠂ ︽ᠨᠢᠭᠡᠳᠤᠭᠡᠷ ᠲᠦᠷᠤᠯ ᠤᠨ ᠤᠯᠠᠭᠠᠨᠮᠦ᠋ᠴᠢᠷ︾ ᠵᠠᠷᠭᠡ | ᠢᠷᠠᠭᠤ ᠠᠯᠳᠠᠷ ᠢ ᠬᠦᠷᠳᠡᠭᠰᠡᠭᠡᠷ ᠢᠷᠡᠪᠡ᠃ ᠮᠦᠨᠴᠤ ᠮᠤᠩᠭᠤᠯ ᠤᠯᠤᠰ᠂ ᠺᠤᠷᠢᠶᠠ᠂ ᠲᠤᠮᠳᠠᠳᠤ ᠤᠯᠤᠰ ᠤᠨ | ᠲᠠᠭᠤᠤ ᠬᠦᠭᠵᠢᠮ ᠤᠨ ᠶᠡᠭᠡ ᠰᠤᠷᠭᠠᠭᠤᠯᠢ ᠶᠢᠨ ᠵᠦᠴᠤᠭᠡ ᠶᠢᠨ ᠲᠢᠶᠠᠲᠷ᠂ ᠪᠡᠭᠡᠵᠢᠩ ᠬᠤᠳᠠ ᠶᠢᠨ ᠤᠯᠤᠰ ᠤᠨ | ᠨᠤᠮ ᠤᠨ ᠰᠠᠩ ᠤᠨ ᠶᠡᠭᠡ ᠲᠢᠶᠠᠲᠷ᠂ ᠤᠯᠤᠰ ᠤᠨ ᠵᠦᠴᠤᠭᠡ ᠶᠢᠨ ᠶᠡᠭᠡ ᠲᠢᠶᠠᠲᠷ ᠲᠤ ᠬᠦᠷᠴᠤ ᠲᠤᠬᠯᠠᠬᠰᠠᠨ | ᠪᠦᠭᠡᠳ ᠠᠽᠢᠶ᠎ᠠ ᠶᠢᠨ ᠰᠤᠶᠤᠯ ᠪᠤᠯᠪᠠᠰᠤᠨ ᠤ ᠶᠠᠷᠢᠶ᠎ᠠ ᠢᠯᠡᠳᠭᠡᠯ ᠤᠨ ᠶᠡᠭᠡ ᠬᠤᠷᠠᠯ ᠤᠨ ᠡᠬᠢᠯᠡᠯᠳᠠ ᠶᠢᠨ ᠶᠤᠰᠤᠯᠠᠯ | ᠳᠤ ᠤᠷᠤᠯᠴᠠᠨ ᠭᠤᠴᠤ ᠰᠠᠶᠢᠬᠠᠨ ᠲᠤᠬᠯᠠᠯᠳᠠ ᠪᠠᠨ ᠡᠷᠬᠦᠭᠰᠡᠨ ᠶᠣᠮ᠃ | ᠬᠦᠪᠡᠭᠡᠳᠤ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠰᠢᠨ᠎ᠠ ᠴᠠᠭ ᠦᠶ᠎ᠠ ᠲᠠᠢ ᠵᠠᠷᠭᠡᠴᠡᠨ ᠤᠷᠤᠬᠰᠢᠯᠠᠵᠤ᠂ | ᠰᠢᠯᠢᠳᠡᠭ ᠰᠤᠳᠤᠨ ᠪᠦᠳᠤᠭᠡᠯ ᠵᠤᠬᠢᠶᠠᠨ ᠪᠦᠳᠤᠭᠡᠵᠤ᠂ ᠨᠠᠮ ᠤᠨ ᠲᠠᠭᠤ ᠬᠤᠭᠤᠯᠠᠢ ᠪᠤᠯᠵᠤ᠂ ᠲᠠᠯ᠎ᠠ ᠨᠤᠳᠤᠭ ᠤᠨ | ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠨ ᠮᠤᠷᠢᠳᠦ ᠴᠡᠷᠢᠭ ᠤᠨ ᠵᠤᠷᠢᠭ ᠰᠠᠨᠠᠭ᠎ᠠ ᠪᠠᠨ ᠦᠨᠢ ᠡᠬᠦᠷᠢᠳᠡ | ᠤᠯᠠᠮᠵᠢᠯᠠᠨ ᠪᠠᠳᠠᠷᠠᠭᠤᠯᠵᠣ ᠪᠠᠶᠢᠨ᠎ᠠ᠃ | |