ᠭᠦᠳᠡᠭᠡ ᠶᠢᠨ ᠤᠷᠤᠨ ᠰᠠᠭᠤᠴᠠ ᠶᠢᠨ ᠭᠠᠵᠠᠷ ᠤᠨ ᠭᠡᠷᠡᠭᠯᠡᠭᠦ ᠡᠷᠭᠡ ᠶᠢ ᠬᠤᠳᠠ ᠪᠠᠯᠭᠠᠰᠤᠨ ᠳᠤ ᠡᠷᠦᠭᠡ ᠠᠮᠠ ᠲᠠᠢ ᠦᠷ᠎ᠠ ᠭᠡᠦᠭᠡᠳ ᠨᠢ ᠵᠠᠯᠭᠠᠮᠵᠢᠯᠠᠵᠦ ᠪᠤᠯᠤᠨ᠎ᠠ
ᠨᠡᠶᠢᠲᠡᠯᠡᠭᠰᠡᠨ ᠴᠠᠭ᠄
2020/11/4
    ᠪᠠᠶᠢᠭᠠᠯᠢ ᠶᠢᠨ ᠡᠭᠢ ᠪᠠᠶᠠᠯᠢᠭ ᠤᠨ ᠶᠠᠮᠤᠨ ᠠᠴᠠ ᠤᠷᠤᠨ ᠰᠠᠭᠤᠴᠠ ᠪᠠ ᠬᠤᠳᠠ ᠭᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠨᠢᠭᠤᠴᠠ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠲᠡᠭᠡᠳᠦ ᠰᠢᠭᠦᠭᠦ ᠬᠤᠷᠢᠶ᠎ᠠ᠂ ᠭᠦᠳᠡᠭᠡ ᠠᠵᠤ ᠠᠬᠤᠢ ᠭᠦᠳᠡᠭᠡ ᠲᠤᠰᠬᠤᠨ ᠤ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠭᠡᠢ ᠲᠤᠪᠴᠢᠶ᠎ᠠ ᠲᠠᠢ ᠵᠦᠪᠳᠡᠯᠴᠡᠭᠦ ᠪᠠᠷ ᠲᠠᠮᠵᠢᠨ᠂ ᠤᠢᠢᠷ᠎ᠠ ᠳᠤ ︽ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 3226 ᠳ᠋ᠤᠭᠠᠷ ᠰᠠᠨᠠᠭᠤᠯᠭ᠎ᠠ︾ ᠳᠤ ᠲᠤᠷᠠᠳᠤᠭᠰᠠᠨ ︽ᠭᠦᠳᠡᠭᠡ ᠲᠤᠰᠬᠤᠨ ᠤ ᠤᠷᠤᠨ ᠰᠠᠭᠤᠴᠠ ᠶᠢᠨ ᠭᠠᠵᠠᠷ ᠤᠨ ᠭᠡᠷᠡᠭᠯᠡᠭᠦ ᠡᠷᠭᠡ ᠶᠢ ᠲᠠᠩᠰᠠᠯᠠᠬᠤ ᠠᠰᠠᠭᠤᠳᠠᠯ︾ ᠤᠨ ᠲᠤᠬᠠᠢ ᠬᠠᠷᠢᠭᠤᠯᠳᠠ ᠦᠭᠭᠦ ᠳᠤ ᠪᠠᠨ᠄ ᠲᠠᠷᠢᠶᠠᠴᠢᠳ ᠤᠨ ᠤᠷᠤᠨ ᠰᠠᠭᠤᠴᠠ ᠶᠢᠨ ᠭᠠᠵᠠᠷ ᠤᠨ ᠭᠡᠷᠡᠭᠯᠡᠭᠦ ᠡᠷᠭᠡ ᠶᠢ ᠬᠤᠳᠠ ᠪᠠᠯᠭᠠᠰᠤᠨ ᠳᠤ ᠡᠷᠦᠭᠡ ᠠᠮᠠ ᠶᠢᠨ ᠲᠠᠩᠰᠠ ᠲᠠᠢ ᠦᠷ᠎ᠠ ᠭᠡᠦᠭᠡᠳ ᠨᠢ ᠬᠠᠤᠯᠢ ᠶᠤᠰᠤᠭᠠᠷ ᠦᠪ ᠵᠠᠯᠭᠠᠮᠵᠢᠯᠠᠬᠤ ᠶᠢᠨ ᠬᠠᠮᠳᠤ ᠦᠯᠦ ᠭᠦᠳᠡᠯᠭᠦ ᠭᠦᠷᠦᠩᠭᠡ ᠶᠢᠨ ᠲᠠᠩᠰᠠᠯᠠᠯᠳᠠ ᠬᠢᠵᠦ ᠪᠤᠯᠤᠨ᠎ᠠ ᠭᠡᠪᠡ᠃     ᠬᠠᠷᠢᠭᠤᠯᠳᠠ ᠳᠤ ᠵᠢᠭᠠᠵᠦ ᠭᠠᠷᠭᠠᠭᠰᠠᠨ ᠨᠢ᠄ ︽ᠦᠪ ᠵᠠᠯᠭᠠᠮᠵᠢᠯᠠᠬᠤ ᠬᠠᠤᠯᠢ︾ ᠶᠢᠨ ᠲᠤᠭᠳᠠᠭᠠᠯ ᠢ ᠦᠨᠳᠦᠰᠦᠯᠡᠪᠡᠯ᠂ ᠦᠪ ᠵᠠᠯᠭᠠᠮᠵᠢᠯᠠᠭᠤᠯᠤᠭᠴᠢ ᠶᠢᠨ ᠭᠡᠷ ᠪᠠᠶᠢᠰᠢᠩ ᠢ ᠦᠪ ᠭᠦᠷᠦᠩᠭᠡ ᠶᠢᠨ ᠬᠤᠪᠢ ᠪᠠᠷ ᠦᠪ ᠵᠠᠯᠭᠠᠮᠵᠢᠯᠠᠭᠴᠢ ᠵᠠᠯᠭᠠᠮᠵᠢᠯᠠᠨ᠎ᠠ᠂ ᠭᠡᠷ ᠭᠠᠵᠠᠷ ᠰᠢᠷᠤᠢ ᠶᠢ ᠨᠢᠭᠡ ᠴᠤᠭᠴᠠ ᠪᠤᠯᠭᠠᠬᠤ ᠵᠠᠷᠴᠢᠮ ᠶᠤᠰᠤᠭᠠᠷ᠂ ᠦᠪ ᠵᠠᠯᠭᠠᠮᠵᠢᠯᠠᠭᠴᠢ ᠨᠢ ᠭᠡᠷ ᠪᠠᠶᠢᠰᠢᠩ ᠢ ᠦᠮᠴᠢᠯᠠᠭᠦ ᠡᠷᠭᠡ ᠪᠠ ᠤᠷᠤᠨ ᠰᠠᠭᠤᠴᠠ ᠶᠢᠨ ᠭᠠᠵᠠᠷ ᠤᠨ ᠭᠡᠷᠡᠭᠯᠡᠭᠦ ᠡᠷᠭᠡ ᠶᠢ ᠵᠠᠯᠭᠠᠮᠵᠢᠯᠠᠵᠦ᠂ ᠭᠦᠳᠡᠭᠡ ᠲᠤᠰᠬᠤᠨ ᠤ ᠤᠷᠤᠨ ᠰᠠᠭᠤᠴᠠ ᠪᠠ ᠤᠷᠤᠨ ᠰᠠᠭᠤᠴᠠ ᠶᠢᠨ ᠭᠠᠵᠠᠷ ᠢ ᠠᠰ ᠠᠰ ᠲᠤ ᠨᠢ ᠵᠠᠯᠭᠠᠮᠵᠢᠯᠠᠵᠦ ᠪᠤᠯᠬᠤ ᠦᠭᠡᠢ᠃ ︽ᠦᠯᠦ ᠭᠦᠳᠡᠯᠭᠦ ᠭᠦᠷᠦᠩᠭᠡ ᠶᠢ ᠲᠠᠩᠰᠠᠯᠠᠬᠤ ᠠᠵᠢᠯᠯᠠᠭᠠᠨ ᠤ ᠵᠢᠷᠤᠮᠵᠢᠯ ︵ᠲᠤᠷᠰᠢᠨ ᠭᠡᠷᠡᠭᠵᠢᠭᠦᠯᠭᠦ︶︾ ᠳᠤ ᠲᠤᠳᠤᠷᠬᠠᠢ ᠲᠤᠭᠳᠠᠭᠠᠭᠰᠠᠨ ᠨᠢ᠂ ᠭᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠲᠤᠰ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠪᠢᠰᠢ ᠭᠡᠰᠢᠭᠦᠨ ︵ᠬᠤᠳᠠ ᠪᠠᠯᠭᠠᠰᠤᠨ ᠤ ᠰᠠᠭᠤᠭᠠᠯᠢ ᠠᠷᠠᠳ ᠪᠠᠭᠳᠠᠨ᠎ᠠ︶ ᠭᠡᠷ ᠪᠠᠶᠢᠰᠢᠩ ᠢ ᠵᠠᠯᠭᠠᠮᠵᠢᠯᠠᠭᠰᠠᠨ ᠠᠴᠠ ᠪᠤᠯᠵᠦ ᠤᠷᠤᠨ ᠰᠠᠭᠤᠴᠠ ᠶᠢᠨ ᠭᠠᠵᠠᠷ ᠢ ᠡᠵᠡᠯᠡᠨ ᠭᠡᠷᠡᠭᠯᠡᠭᠰᠡᠨ ᠪᠤᠯ᠂ ᠬᠠᠮᠢᠶ᠎ᠠ ᠪᠦᠭᠦᠢ ᠲᠤᠭᠳᠠᠭᠠᠯ ᠶᠤᠰᠤᠭᠠᠷ ᠡᠷᠭᠡ ᠶᠢ ᠨᠤᠳᠠᠯᠠᠨ ᠲᠠᠩᠰᠠᠯᠠᠵᠦ᠂ ᠦᠯᠦ ᠭᠦᠳᠡᠯᠭᠦ ᠭᠦᠷᠦᠩᠭᠡ ᠶᠢ ᠲᠠᠩᠰᠠᠯᠠᠭᠤᠯᠤᠭᠰᠠᠨ ᠲᠠᠪᠳᠡᠷ ᠵᠢᠴᠢ ᠦᠨᠡᠮᠯᠡᠯ ᠤᠨ ᠲᠠᠭᠠᠯᠳᠤᠭᠤᠯᠤᠯ ᠭᠦᠰᠦᠨᠦᠭ ᠲᠤ ︽ᠲᠤᠰ ᠡᠷᠭᠡᠳᠦ ᠭᠦᠮᠦᠨ ᠪᠤᠯ ᠲᠤᠰ ᠭᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠤᠤᠯ ᠤᠨ ᠪᠦᠷᠢᠯᠳᠦᠭᠦᠨ ᠭᠡᠰᠢᠭᠦᠨ ᠤ ᠤᠷᠤᠨ ᠰᠠᠭᠤᠴᠠ ᠶᠢᠨ ᠬᠠᠤᠯᠢ ᠶᠤᠰᠤᠨ ᠤ ᠦᠪ ᠵᠠᠯᠭᠠᠮᠵᠢᠯᠠᠭᠴᠢ︾ ᠭᠡᠵᠦ ᠲᠡᠮᠳᠡᠭᠯᠡᠨ᠎ᠠ᠃     ᠡᠭᠦᠨ ᠠᠴᠠ ᠭᠠᠳᠠᠨ᠎ᠠ ︽ᠦᠯᠦ ᠭᠦᠳᠡᠯᠭᠦ ᠭᠦᠷᠦᠩᠭᠡ ᠶᠢ ᠬᠠᠮᠳᠤ ᠪᠠᠷ ᠦᠮᠴᠢᠯᠡᠭᠦ ᠲᠠᠩᠰᠠᠯᠠᠯᠳᠠ︾ ᠵᠡᠷᠭᠡ ᠠᠰᠠᠭᠤᠳᠠᠯ ᠤᠨ ᠲᠤᠬᠠᠢ ᠴᠦ ᠲᠤᠳᠤᠷᠬᠠᠢ ᠬᠠᠷᠢᠭᠤᠯᠳᠠ ᠦᠭᠴᠠᠢ᠃ ᠲᠠᠷᠤᠢ᠄ ᠦᠯᠦ ᠭᠦᠳᠡᠯᠭᠦ ᠭᠦᠷᠦᠩᠭᠡ ᠶᠢᠨ ᠲᠠᠩᠰᠠᠯᠠᠯᠳᠠ ᠶᠢᠨ ᠪᠠᠶᠢᠭᠤᠯᠤᠮᠵᠢ ᠴᠦᠭᠡᠨ ᠲᠤᠭᠠᠨ ᠤ ᠬᠠᠮᠳᠤᠪᠠᠷ ᠦᠮᠴᠢᠯᠡᠭᠴᠢ ᠬᠠᠮᠵᠢᠯᠴᠠᠭᠰᠠᠨ ᠦᠭᠡᠢ ᠠᠴᠠ ᠪᠤᠯᠵᠦ ᠲᠠᠩᠰᠠᠯᠠᠯᠳᠠ ᠬᠢᠭᠦ ᠦᠭᠡᠢ ᠪᠠᠶᠢᠬᠤ ᠠᠰᠠᠭᠤᠳᠠᠯ ᠨᠢ ᠭᠦᠢᠴᠡᠳᠭᠡᠭᠦ ᠲᠠᠪᠬᠤᠷᠭ᠎ᠠ ᠶᠢᠨ ᠠᠰᠠᠭᠤᠳᠠᠯ ᠳᠤ ᠲᠤᠭᠠᠴᠠᠭᠳᠠᠨ᠎ᠠ᠃ ᠬᠢᠨᠠᠯᠳᠠ ᠲᠠᠯᠪᠢᠵᠦ ᠵᠢᠯᠤᠭᠤᠳᠬᠤ ᠪᠠᠨ ᠴᠢᠩᠭᠠᠳᠬᠠᠵᠦ᠂ ᠬᠠᠤᠯᠢ ᠴᠠᠭᠠᠵᠠ ᠶᠢᠨ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ᠦᠯᠦ ᠭᠦᠳᠡᠯᠭᠦ ᠭᠦᠷᠦᠩᠭᠡ ᠶᠢᠨ ᠡᠷᠭᠡᠳᠦ ᠭᠦᠮᠦᠨ ᠤ ᠬᠠᠤᠯᠢ ᠶᠤᠰᠤᠨ ᠤ ᠡᠷᠭᠡ ᠠᠰᠢᠭ ᠢ ᠦᠨᠡᠨ ᠭᠦ ᠬᠠᠮᠠᠭᠠᠯᠠᠬᠤ ᠭᠡᠷᠡᠭᠳᠠᠢ ᠭᠡᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号