ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠤᠨ ᠲᠤᠪᠴᠢ ᠲᠠᠨᠢᠯᠴᠠᠭᠤᠯᠭ᠎ᠠ 
ᠨᠡᠶᠢᠲᠡᠯᠡᠭᠰᠡᠨ ᠴᠠᠭ᠄
2020/11/5
    ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠨᠢ 2010 ᠣᠨ ᠤ12 ᠰᠠᠷ᠎ᠠ ᠳᠤ ᠪᠠᠶᠢᠭᠤᠯᠤᠭᠳᠠᠵᠤ᠂  ᠣᠳᠣᠬᠠᠨ ᠳᠤ ᠤᠯᠠᠭᠠᠨᠮᠥ᠋ᠴᠢᠷ ᠨᠢ 1 ᠠᠵᠢᠯᠴᠢᠨ ᠲᠠᠢ  ᠃     ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠨᠢ ᠣᠳᠣᠬᠠᠨ ᠳᠤ᠂ ᠶᠠᠭ ᠰᠠᠶᠢᠬᠠᠨ ᠪᠥᠵᠢᠭ  ᠤᠨ ᠨᠠᠶᠢᠷᠠᠭᠤᠯᠤᠨ ᠤᠳᠤᠷᠢᠳᠤᠭᠠᠴᠢ᠂ ᠭᠡᠷᠡᠯᠲᠦᠭᠦᠯᠦᠭᠴᠢ᠂ ᠳᠠᠭᠤ ᠲᠣᠬᠢᠷᠠᠭᠤᠯᠤᠭᠴᠢ᠂  ᠤᠷᠠᠯᠢᠭ ᠎ ᠤᠨ ᠵᠣᠬᠢᠶᠠᠨ ᠪᠦᠲᠦᠭᠡᠯᠴᠢ᠂ ᠰᠡᠭᠦᠯᠴᠢ ᠎ ᠶᠢᠨ ᠬᠤᠭᠤᠴᠠᠭᠠᠨ ᠤ ᠦᠢᠯᠡᠳᠦᠭᠴᠢ᠂ ᠨᠠᠶᠢᠷᠠᠭᠤᠯᠤᠨ ᠤᠳᠤᠷᠢᠳᠤᠭᠠᠴᠢ ᠵᠡᠷᠭᠡ 6 ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ ᠡᠯᠰᠡᠬᠦ ᠪᠠᠷ  ᠪᠠᠶᠢᠵᠣ᠂ ᠲᠣᠰ ᠡᠯᠰᠡᠬᠦ ᠠᠵᠢᠯ  ᠳᠠᠭᠤᠰᠤᠭᠰᠠᠨ  ᠤ ᠳᠠᠷᠠᠭ᠎ᠠ  ᠭᠡᠷ᠎ᠡ  ᠶᠢᠨ  ᠳᠦᠷᠢᠮᠲᠦ ᠲᠣᠭᠯᠠᠭᠴᠢ ᠡᠯᠰᠡᠬᠦ ᠠᠵᠢᠯ ᠬᠢᠵᠦ᠂ ᠳᠠᠭᠤ ᠬᠥᠭᠵᠢᠮ᠂ ᠪᠥᠵᠢᠭ᠂ ᠬᠥᠭᠵᠢᠮ ᠵᠡᠷᠭᠡ 35 ᠲᠣᠭᠯᠠᠭᠴᠢ ᠡᠯᠰᠡᠬᠦ ᠪᠠᠷ ᠵᠢᠱᠢᠵᠦ᠂ 2020 ᠣᠨ ᠳᠤ ᠡᠯᠰᠡᠬᠦ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠣᠶ᠃     ᠡᠯᠰᠡᠨ ᠬᠡᠷᠡᠭᠯᠡᠬᠦ ᠠᠵᠢᠯ ᠎ ᠢᠶᠠᠨ ᠪᠡᠶᠡᠯᠡᠭᠦᠯᠦᠭᠰᠡᠨ ᠤ ᠳᠠᠷᠠᠭ᠎ᠠ ᠲᠡᠷᠡ ᠳᠠᠷᠤᠶ ᠳᠤᠨᠢ ᠭᠡᠰᠢᠭᠦᠳ ᠢᠶᠠᠨ ᠲᠦᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠲᠣᠬᠢᠷᠠᠭᠤᠯᠵᠤ᠂ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ︽ᠤᠯᠠᠭᠠᠨᠮᠥ᠋ᠴᠢᠷ ᠎ ᠤᠨ ᠲᠦᠷᠢᠮ︾᠎ ᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠬᠤ ᠪᠠ ᠤᠯᠠᠭᠠᠨᠮᠥ᠋ᠴᠢᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠎ ᠢ ᠬᠡᠷᠡᠭᠵᠢᠬᠦᠯᠦᠨ᠂ ︽ᠤᠯᠠᠭᠠᠨᠮᠥ᠋ᠴᠢᠷ ᠤᠨ ᠳᠣᠲᠣᠭᠠᠳᠤ ᠎ ᠶᠢᠨ ᠬᠠᠮᠢᠶᠠᠷᠤᠯᠲᠠ ᠶᠢᠨ ᠲᠦᠷᠢᠮ︾᠎ ᠢ ᠲᠣᠭᠲᠠᠭᠠᠵᠤ᠂ ᠭᠡᠰᠢᠭᠦᠳ ᠤᠨ ᠬᠠᠮᠢᠶᠠᠷᠤᠯᠲᠠ  ᠶᠢ  ᠴᠢᠩᠭᠠᠳᠬᠠᠬᠤ ᠶᠢᠨ ᠳᠠᠭᠤ᠂ ᠪᠠᠭᠰᠢ ᠤᠷᠢᠵᠤ ᠤᠷᠠᠯᠢᠭ ᠤᠨ ᠪᠣᠯᠪᠠᠰᠤᠷᠠᠯ ᠬᠢᠵᠣ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠎ ᠢ ᠨᠢ ᠳᠡᠭᠡᠭᠰᠢᠯᠡᠬᠦᠯᠦᠨ᠂ ᠣᠷᠣᠨ ᠂ ᠠᠶᠢᠮᠠᠭ ᠤᠨ ᠳᠡᠰ ᠤᠨ ᠪᠣᠯᠪᠠᠰᠤᠷᠠᠯ ᠳᠤ ᠣᠷᠣᠯᠴᠠᠭᠤᠯᠵᠤ᠂ ᠰᠢᠯᠢᠳᠡᠭ ᠤᠯᠠᠭᠠᠨᠮᠥ᠋ᠴᠢᠷ ᠠᠴᠠ ᠲᠠᠭᠠᠨ ᠰᠣᠷᠣᠯᠴᠠᠭᠤᠯᠣᠨ᠂ ᠭᠠᠵᠠᠷ  ᠣᠷᠣᠨ ᠤ ᠣᠨᠴᠠᠯᠢᠭ ᠲᠠᠢ ᠰᠢᠯᠢᠳᠡᠭ ᠵᠦᠴᠦᠭᠡ ︵ᠫᠷᠣᠭ᠍ᠷᠠᠮ︶᠎ ᠶᠢ ᠵᠣᠬᠢᠶᠠᠨ  ᠪᠦᠲᠦᠭᠡᠨ᠎ᠡ᠃     ᠳᠠᠷᠠᠭᠠᠴᠢ ᠵᠢᠨ‌ᠠᠯᠬᠤᠮ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠨᠮᠦ᠋ᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦ᠋ᠭᠵᠢᠯᠳᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠨᠠᠮ ᠳᠠᠭᠠᠨ ᠰᠢᠳᠤᠷᠭᠤ᠂  ᠠᠷᠠᠳ ᠲᠦᠮᠡᠨ ᠳᠡᠭᠡᠨ ᠬᠠᠶᠢᠷᠠᠳᠠᠢ᠂ ᠲᠡᠰᠪᠦᠷᠢ ᠬᠠᠳᠠᠭᠤᠵᠢᠯᠳᠠᠢ᠂ ᠦᠪᠡᠷ ᠢ ᠪᠠᠨ ᠵᠤᠷᠢᠭᠤᠯᠬᠤ᠂ ᠪᠦᠯᠬᠦᠮᠳᠡᠨ  ᠲᠡᠮᠡᠴᠡᠬᠦ᠂ ᠵᠤᠷᠢᠭᠳᠠᠢ ᠪᠠᠷ ᠰᠢᠨ᠎ᠡ ᠶᠢ ᠡᠬᠦᠳᠬᠦ ᠢᠷᠠᠭᠤ ᠠᠯᠳᠠᠷᠳᠦ ᠤᠯᠠᠮᠵᠢᠯᠠᠯ ᠪᠠ ᠰᠢᠯᠢᠳᠡᠭ ᠬᠡᠪ ᠰᠤᠷᠳᠠᠯ  ᠎ ᠢᠶᠠᠨ ᠪᠠᠳᠠᠷᠠᠭᠤᠯᠵᠦ᠂ ᠨᠡᠶᠢᠭᠡᠮ ᠵᠢᠷᠦᠮᠳᠦ ᠦᠷᠳᠡᠭ ᠤᠨ ᠦᠵᠡᠯᠳᠡ ᠪᠠᠷ ᠵᠢᠯᠤᠭᠤᠳᠤᠮᠵᠢ ᠪᠤᠯᠭᠠᠨ᠂  ᠤᠯᠠᠭᠠᠨᠮᠦ᠋ᠴᠢᠷ ᠤᠨ ︽ᠲᠤᠭᠯᠠᠬᠤ᠂ ᠤᠬᠠᠭᠤᠯᠬᠤ᠂ ᠵᠢᠭᠠᠬᠤ᠂ ᠦᠢᠯᠡᠴᠢᠯᠡᠬᠦ᠂ ᠪᠦᠳᠦᠬᠡᠬᠦ᠂ ᠰᠢᠨᠡᠴᠢᠯᠡᠬᠦ︾ ᠴᠢᠳᠠᠪᠬᠢ ᠪᠠᠨ ᠴᠢᠩᠭ᠎ᠠ  ᠪᠠᠷᠢᠮᠲᠠᠯᠠᠵᠤ᠂ ᠤᠯᠠᠭᠠᠨᠮᠦ᠋ᠴᠢᠷ ‍ᠣᠨ‌ᠦᠨᠳᠦᠰᠦᠨ ᠱᠠᠳᠤᠨ ᠳᠤ ᠬᠦᠨᠵᠡᠭᠡᠶᠢᠷᠡᠵᠦ᠂ ᠮᠠᠯᠴᠢᠨ ᠲᠠᠷᠢᠶᠠᠴᠢᠳ ᠲᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠤᠯᠠᠮ ᠨᠢᠭᠡ ᠠᠯᠬᠤᠮ ᠦᠷᠬᠦᠯᠵᠢᠯᠡᠬᠦᠯᠦᠨ᠂ ᠦᠷᠭᠡᠨ ᠤᠯᠠᠨ ᠮᠠᠯᠴᠢᠨ ᠲᠠᠷᠢᠶᠠᠴᠢᠳ ᠲᠤ ᠨᠡᠩ ᠰᠠᠶᠢᠨ ᠰᠠᠶᠢᠬᠠᠨ ᠪᠠᠶᠠᠷ ᠪᠠᠶᠠᠰᠤᠯ ᠪᠠ ᠰᠤᠶᠤᠯ ᠪᠤᠯᠪᠠᠰᠤᠨ ᠢ ᠬᠦᠷᠭᠡᠬᠦ ᠪᠠᠷ ᠴᠢᠷᠮᠠᠶᠢᠨ᠎ᠠ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号