ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠤᠨ ᠲᠤᠪᠴᠢ ᠲᠠᠨᠢᠯᠴᠠᠭᠤᠯᠭ᠎ᠠ 
ᠨᠡᠶᠢᠲᠡᠯᠡᠭᠰᠡᠨ ᠴᠠᠭ᠄
2020/11/5
    ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠨᠢ 2010 ᠣᠨ ᠤ12 ᠰᠠᠷ᠎ᠠ ᠳᠤ ᠪᠠᠶᠢᠭᠤᠯᠤᠭᠳᠠᠵᠤ᠂  ᠣᠳᠣᠬᠠᠨ ᠳᠤ ᠤᠯᠠᠭᠠᠨᠮᠥ᠋ᠴᠢᠷ ᠨᠢ 1 ᠠᠵᠢᠯᠴᠢᠨ ᠲᠠᠢ  ᠃     ᠤᠯᠠᠭᠠᠶ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠨᠢ ᠣᠳᠣᠬᠠᠨ ᠳᠤ᠂ ᠶᠠᠭ ᠰᠠᠶᠢᠬᠠᠨ ᠪᠥᠵᠢᠭ  ᠤᠨ ᠨᠠᠶᠢᠷᠠᠭᠤᠯᠤᠨ ᠤᠳᠤᠷᠢᠳᠤᠭᠠᠴᠢ᠂ ᠭᠡᠷᠡᠯᠲᠦᠭᠦᠯᠦᠭᠴᠢ᠂ ᠳᠠᠭᠤ ᠲᠣᠬᠢᠷᠠᠭᠤᠯᠤᠭᠴᠢ᠂  ᠤᠷᠠᠯᠢᠭ  ᠤᠨ ᠵᠣᠬᠢᠶᠠᠨ ᠪᠦᠲᠦᠭᠡᠯᠴᠢ᠂ ᠰᠡᠭᠦᠯᠴᠢ  ᠶᠢᠨ ᠬᠤᠭᠤᠴᠠᠭᠠᠨ ᠤ ᠦᠢᠯᠡᠳᠦᠭᠴᠢ᠂ ᠨᠠᠶᠢᠷᠠᠭᠤᠯᠤᠨ ᠤᠳᠤᠷᠢᠳᠤᠭᠠᠴᠢ ᠵᠡᠷᠭᠡ 6 ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ ᠡᠯᠰᠡᠬᠦ ᠪᠠᠷ  ᠪᠠᠶᠢᠵᠣ᠂ ᠲᠣᠰ ᠡᠯᠰᠡᠬᠦ ᠠᠵᠢᠯ  ᠳᠠᠭᠤᠰᠤᠭᠰᠠᠨ  ᠤ ᠳᠠᠷᠠᠭ᠎ᠠ  ᠭᠡᠷ᠎ᠡ  ᠶᠢᠨ  ᠳᠦᠷᠢᠮᠲᠦ ᠲᠣᠭᠯᠠᠭᠴᠢ ᠡᠯᠰᠡᠬᠦ ᠠᠵᠢᠯ ᠬᠢᠵᠦ᠂ ᠳᠠᠭᠤ ᠬᠥᠭᠵᠢᠮ᠂ ᠪᠥᠵᠢᠭ᠂ ᠬᠥᠭᠵᠢᠮ ᠵᠡᠷᠭᠡ 35 ᠲᠣᠭᠯᠠᠭᠴᠢ ᠡᠯᠰᠡᠬᠦ ᠪᠠᠷ ᠵᠢᠱᠢᠵᠦ᠂ 2020 ᠣᠨ ᠳᠤ ᠡᠯᠰᠡᠬᠦ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠣᠶ᠃     ᠡᠯᠰᠡᠨ ᠬᠡᠷᠡᠭᠯᠡᠬᠦ ᠠᠵᠢᠯ  ᠢᠶᠠᠨ ᠪᠡᠶᠡᠯᠡᠭᠦᠯᠦᠭᠰᠡᠨ ᠤ ᠳᠠᠷᠠᠭ᠎ᠠ ᠲᠡᠷᠡ ᠳᠠᠷᠤᠶ ᠳᠤᠨᠢ ᠭᠡᠰᠢᠭᠦᠳ ᠢᠶᠠᠨ ᠲᠦᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠲᠣᠬᠢᠷᠠᠭᠤᠯᠵᠤ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ︽ᠤᠯᠠᠭᠠᠨᠮᠥ᠋ᠴᠢᠷ  ᠤᠨ ᠲᠦᠷᠢᠮ︾ ᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠬᠤ ᠪᠠ ᠤᠯᠠᠭᠠᠨᠮᠥ᠋ᠴᠢᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ  ᠢ ᠬᠡᠷᠡᠭᠵᠢᠬᠦᠯᠦᠨ᠂ ︽ᠤᠯᠠᠭᠠᠨᠮᠥ᠋ᠴᠢᠷ ᠤᠨ ᠳᠣᠲᠣᠭᠠᠳᠤ  ᠶᠢᠨ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠵᠤ᠂ ᠭᠡᠰᠢᠭᠦᠳ ᠤᠨ ᠬᠠᠮᠢᠶᠠᠷᠤᠯᠲᠠ  ᠶᠢ  ᠴᠢᠩᠭᠠᠳᠬᠠᠬᠤ ᠶᠢᠨ ᠳᠠᠭᠤ᠂ ᠪᠠᠭᠰᠢ ᠤᠷᠢᠵᠤ ᠤᠷᠠᠯᠢᠭ ᠤᠨ ᠪᠣᠯᠪᠠᠰᠤᠷᠠᠯ ᠬᠢᠵᠣ᠂ ᠲᠤᠰᠬᠠᠶ ᠮᠡᠷᠭᠡᠵᠢᠯ ᠤᠨ ᠬᠢᠷᠢ ᠲᠦᠪᠰᠢᠨ  ᠢ ᠨᠢ ᠳᠡᠭᠡᠭᠰᠢᠯᠡᠬᠦᠯᠦᠨ᠂ ᠣᠷᠣᠨ ᠂ ᠠᠶᠢᠮᠠᠭ ᠤᠨ ᠳᠡᠰ ᠤᠨ ᠪᠣᠯᠪᠠᠰᠤᠷᠠᠯ ᠳᠤ ᠣᠷᠣᠯᠴᠠᠭᠤᠯᠵᠤ᠂ ᠰᠢᠯᠢᠳᠡᠭ ᠤᠯᠠᠭᠠᠨᠮᠥ᠋ᠴᠢᠷ ᠠᠴᠠ ᠲᠠᠭᠠᠨ ᠰᠣᠷᠣᠯᠴᠠᠭᠤᠯᠣᠨ᠂ ᠭᠠᠵᠠᠷ  ᠣᠷᠣᠨ ᠤ ᠣᠨᠴᠠᠯᠢᠭ ᠲᠠᠢ ᠰᠢᠯᠢᠳᠡᠭ ᠵᠦᠴᠦᠭᠡ ︵ᠫᠷᠣᠭ᠍ᠷᠠᠮ︶ ᠶᠢ ᠵᠣᠬᠢᠶᠠᠨ  ᠪᠦᠲᠦᠭᠡᠨ᠎ᠡ᠃     ᠳᠠᠷᠠᠭᠠᠴᠢ ᠵᠢᠨ‌ᠠᠯᠬᠤᠮ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠨᠮᠦ᠋ᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦ᠋ᠭᠵᠢᠯᠳᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠨᠠᠮ ᠳᠠᠭᠠᠨ ᠰᠢᠳᠤᠷᠭᠤ᠂  ᠠᠷᠠᠳ ᠲᠦᠮᠡᠨ ᠳᠡᠭᠡᠨ ᠬᠠᠶᠢᠷᠠᠳᠠᠢ᠂ ᠲᠡᠰᠪᠦᠷᠢ ᠬᠠᠳᠠᠭᠤᠵᠢᠯᠳᠠᠢ᠂ ᠦᠪᠡᠷ ᠢ ᠪᠠᠨ ᠵᠤᠷᠢᠭᠤᠯᠬᠤ᠂ ᠪᠦᠯᠬᠦᠮᠳᠡᠨ  ᠲᠡᠮᠡᠴᠡᠬᠦ᠂ ᠵᠤᠷᠢᠭᠳᠠᠢ ᠪᠠᠷ ᠰᠢᠨ᠎ᠡ ᠶᠢ ᠡᠬᠦᠳᠬᠦ ᠢᠷᠠᠭᠤ ᠠᠯᠳᠠᠷᠳᠦ ᠤᠯᠠᠮᠵᠢᠯᠠᠯ ᠪᠠ ᠰᠢᠯᠢᠳᠡᠭ ᠬᠡᠪ ᠰᠤᠷᠳᠠᠯ   ᠢᠶᠠᠨ ᠪᠠᠳᠠᠷᠠᠭᠤᠯᠵᠦ᠂ ᠨᠡᠶᠢᠭᠡᠮ ᠵᠢᠷᠦᠮᠳᠦ ᠦᠷᠳᠡᠭ ᠤᠨ ᠦᠵᠡᠯᠳᠡ ᠪᠠᠷ ᠵᠢᠯᠤᠭᠤᠳᠤᠮᠵᠢ ᠪᠤᠯᠭᠠᠨ᠂  ᠤᠯᠠᠭᠠᠨᠮᠦ᠋ᠴᠢᠷ ᠤᠨ ︽ᠲᠤᠭᠯᠠᠬᠤ᠂ ᠤᠬᠠᠭᠤᠯᠬᠤ᠂ ᠵᠢᠭᠠᠬᠤ᠂ ᠦᠢᠯᠡᠴᠢᠯᠡᠬᠦ᠂ ᠪᠦᠳᠦᠬᠡᠬᠦ᠂ ᠰᠢᠨᠡᠴᠢᠯᠡᠬᠦ︾ ᠴᠢᠳᠠᠪᠬᠢ ᠪᠠᠨ ᠴᠢᠩᠭ᠎ᠠ  ᠪᠠᠷᠢᠮᠲᠠᠯᠠᠵᠤ᠂ ᠤᠯᠠᠭᠠᠨᠮᠦ᠋ᠴᠢᠷ ‍ᠣᠨ‌ᠦᠨᠳᠦᠰᠦᠨ ᠱᠠᠳᠤᠨ ᠳᠤ ᠬᠦᠨᠵᠡᠭᠡᠶᠢᠷᠡᠵᠦ᠂ ᠮᠠᠯᠴᠢᠨ ᠲᠠᠷᠢᠶᠠᠴᠢᠳ ᠲᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠤᠯᠠᠮ ᠨᠢᠭᠡ ᠠᠯᠬᠤᠮ ᠦᠷᠬᠦᠯᠵᠢᠯᠡᠬᠦᠯᠦᠨ᠂ ᠦᠷᠭᠡᠨ ᠤᠯᠠᠨ ᠮᠠᠯᠴᠢᠨ ᠲᠠᠷᠢᠶᠠᠴᠢᠳ ᠲᠤ ᠨᠡᠩ ᠰᠠᠶᠢᠨ ᠰᠠᠶᠢᠬᠠᠨ ᠪᠠᠶᠠᠷ ᠪᠠᠶᠠᠰᠤᠯ ᠪᠠ ᠰᠤᠶᠤᠯ ᠪᠤᠯᠪᠠᠰᠤᠨ ᠢ ᠬᠦᠷᠭᠡᠬᠦ ᠪᠠᠷ ᠴᠢᠷᠮᠠᠶᠢᠨ᠎ᠠ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号