ᠰᠤᠶᠤᠯ ᠤᠨ ᠤᠬᠠᠭᠤᠯᠭ᠎ᠠ ᠨᠢ ᠰᠤᠶᠤᠯ ᠤᠨ ᠭᠦᠭᠵᠢᠯᠳᠠ ᠶᠢ ᠠᠭᠢᠭᠤᠯᠳᠠᠭ
ᠨᠡᠶᠢᠲᠡᠯᠡᠭᠰᠡᠨ ᠴᠠᠭ᠄
2020/12/11
    ᠪᠦᠭᠦ ᠤᠯᠤᠰ ᠤᠨ ᠤᠤᠭᠠᠠ ᠤᠯᠠᠭᠠᠨᠮᠦ᠋ᠴᠢᠷ ᠰᠢᠯᠢ ᠶᠢᠨ ᠭᠤᠤᠯ ᠳᠤ ᠪᠠᠶᠢᠭᠤᠯᠤᠭᠳᠠᠵᠤ᠂ ᠮᠠᠠ ᠤ ᠠᠶᠢᠮᠠᠭ ᠤᠨ ᠤᠯᠠᠭᠠᠨᠮᠦ᠋ᠴᠢᠷ ᠤᠨ ᠬᠢᠨ ᠦᠨᠳᠦᠰᠦᠳᠡᠡ ᠤ ᠰᠤᠶᠤᠯ ᠤᠷᠠᠯᠢᠭ ᠤᠨ ᠤᠯᠠᠮᠵᠢᠯᠠᠯ ᠭᠦᠭᠵᠢᠯ ᠳᠤ ᠨᠢᠭᠡᠡ ᠮᠦᠷᠤ ᠶᠢᠨ ᠬᠦᠴᠤᠨ ᠵᠢᠤᠨᠭᠦᠯ ᠢᠶᠠᠨ ᠡᠷᠭᠦᠵᠤ ᠢᠷᠡᠭᠰᠡᠨ ᠪᠢᠯᠡ᠃ ᠤᠯᠠᠭᠠᠨᠮᠦ᠋ᠴᠢᠷ ᠪᠠᠶᠢᠭᠤᠯᠤᠭᠳᠠᠭᠰᠠᠠ ᠵᠢᠷᠠ ᠭᠠᠷᠤᠢ ᠵᠢᠯ ᠤᠨ ᠲᠤᠷᠰᠢ᠂ ᠮᠠᠠ ᠤ ᠠᠶᠢᠮᠠᠭ ᠤᠨ ᠤᠯᠠᠭᠠᠨᠮᠦ᠋ᠴᠢᠷ ᠤᠨ ᠬᠢᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠠ᠂ ᠡᠩᠨᠡᠭᠡ ᠪᠠᠨ ᠤᠯᠠᠮ ᠨᠢᠭᠡ ᠠᠯᠬᠤᠮ ᠴᠢᠩᠭᠠᠤᠨᠬᠠᠠ᠂ ᠠᠮᠢᠳᠤᠷᠠᠯ ᠤᠨ ᠰᠢᠮᠡᠯᠢᠭ ᠭᠦᠷᠦᠰᠦᠡ ᠳᠤ ᠦᠨᠳᠦᠰᠦᠯᠡᠵᠤ᠂ ᠤᠯᠠᠠ ᠲᠦᠮᠡᠡ ᠳᠤ ᠦᠢᠯᠡᠴᠢᠯᠡᠵᠤ᠂ ︽ᠲᠤᠭᠯᠠᠯᠳᠠ ᠭᠠᠷᠭᠠᠬᠤ᠂ ᠤᠬᠠᠭᠤᠯᠭ᠎ᠠ ᠭᠢᠭᠦ᠂ ᠬᠠᠪᠰᠤᠷᠤᠠ ᠵᠢᠯᠤᠭᠤᠤᠨᠬᠤ᠂ ᠦᠢᠯᠡᠴᠢᠯᠡᠭᠡ ᠭᠢᠭᠦ᠂ ᠵᠤᠬᠢᠶᠠᠨ ᠪᠦᠳᠦᠭᠡᠭᠦ᠂ ᠰᠢᠨ᠎ᠡ ᠶᠢ ᠡᠭᠦᠤᠨᠭᠦ︾ ᠵᠢᠷᠭᠤᠭᠠᠠ ᠭᠤᠤᠯ ᠡᠭᠦᠷᠭᠡ ᠶᠢᠨ ᠲᠤᠭᠤᠷᠢᠡ ᠳᠤ ᠠᠵᠢᠯ ᠢᠶᠠᠨ ᠦᠷᠨᠢᠭᠦᠯᠤᠠ᠂ ᠤᠯᠠᠭᠠᠨᠮᠦ᠋ᠴᠢᠷ ᠤᠨ ᠶᠡᠷᠦᠩᠭᠡᠶᠢᠯᠡᠭᠰᠡᠡ ᠴᠢᠳᠠᠪᠭᠢ ᠪᠠᠨ ᠲᠠᠰᠤᠷᠠᠯᠳᠠ ᠦᠭᠡᠢ ᠦᠷᠭᠡᠤᠨᠭᠡᠵᠤ᠂ ᠤᠯᠠᠠ ᠲᠦᠮᠡᠡ ᠲᠠᠢ ᠤᠢᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠬᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠦᠨᠢ ᠡᠬᠦᠷᠢᠲᠡ ᠲᠠᠯ᠎ᠠ ᠨᠤᠳᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠤᠷᠢᠲᠤ ᠴᠡᠷᠢᠭ︾ ᠪᠤᠯᠬᠤ ᠪᠠᠷ ᠴᠢᠷᠮᠠᠶᠢᠵᠤ᠂ ᠮᠠᠨ ᠤ ᠠᠶᠢᠮᠠᠭ ᠤᠨ ᠰᠤᠶᠤᠯ ᠤᠨ ᠪᠠᠳᠠᠷᠠᠯ ᠬᠦᠭᠵᠢᠯ᠂ ᠦᠨᠳᠤᠰᠤᠲᠡᠨ ᠤ ᠪᠦᠯᠬᠦᠮᠳᠠᠯ ᠲᠠᠪᠰᠢᠯᠳᠠ᠂ ᠬᠢᠯᠢ ᠬᠢᠵᠠᠭᠠᠷ ᠤᠨ ᠠᠮᠤᠷ ᠲᠤᠭᠳᠠᠭᠤᠨ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠬᠦᠯᠵᠤ᠂ ᠰᠢᠨ᠎ᠡ ᠴᠠᠭ ᠦᠶ᠎ᠡ ᠳᠤ ᠤᠯᠠᠠ ᠲᠦᠮᠡᠡ ᠤ ᠤᠶᠤᠠ ᠰᠠᠨᠠᠭᠠᠠ ᠤ ᠠᠮᠢᠳᠤᠷᠠᠯ ᠢ ᠪᠠᠶᠠᠯᠢᠬᠵᠢᠭᠤᠯᠬᠤ᠂ ᠨᠡᠶᠢᠭᠡᠮ ᠵᠢᠷᠤᠮ ᠤᠨ ᠤᠤᠠᠬ᠎ᠠ ᠤᠷᠠᠯᠢᠭ ᠤᠨ ᠠᠵᠢᠯ ᠦᠢᠯᠡᠰ ᠢ ᠴᠡᠴᠡᠭᠯᠡᠭᠦᠯᠦᠡ ᠭᠦᠭᠵᠢᠭᠦᠯᠭᠦ᠂ ᠦᠨᠳᠦᠰᠦᠳᠡᠡ ᠤ ᠰᠤᠶᠤᠯ ᠤᠨ ᠭᠦᠴᠦᠷᠭᠡᠭ ᠠᠶᠢᠮᠠᠭ ᠤᠨ ᠪᠠᠶᠢᠭᠤᠯᠤᠯᠳᠠ ᠶᠢ ᠲᠦᠷᠭᠡᠤᠨᠭᠡᠡ ᠠᠭᠢᠭᠤᠯᠬᠤ ᠳᠤ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠵᠠᠢ᠃     ᠦᠨᠳᠦᠰᠦᠳᠡᠡ ᠤ ᠰᠤᠶᠤᠯ ᠤᠷᠠᠯᠢᠭ ᠢ ᠬᠠᠮᠠᠭᠠᠯᠠᠵᠦ ᠤᠯᠠᠮᠵᠢᠯᠠᠨ ᠬᠦᠭᠵᠢᠬᠦᠯᠬᠦ ᠳᠤ ᠤᠬᠠᠭᠤᠯᠤᠨ ᠳᠡᠯᠭᠡᠷᠡᠬᠦᠯᠬᠦ ᠪᠤᠯ ᠴᠢᠬᠤᠯᠡ ᠪᠠᠶᠢᠳᠠᠭ᠃ ᠤᠯᠠᠭᠠᠨᠮᠦ᠋ᠴᠢᠷ ᠪᠠᠶᠢᠭᠤᠯᠤᠬᠳᠠᠬᠰᠠᠨ ᠡᠬᠢᠨ ᠤ ᠦᠶ᠎ᠡ ᠳᠤ ᠵᠠᠮ ᠨᠡᠪᠳᠡᠷᠡᠯᠭᠡ ᠠᠨᠠᠢ᠂ ᠨᠦᠭᠦᠴᠡᠯ ᠲᠦᠭᠦᠭᠡᠷᠦᠮᠵᠢ ᠪᠦᠷᠢᠡ ᠪᠢᠰᠢ ᠪᠠᠶᠢᠭᠰᠠᠠ ᠴᠤ ᠤᠯᠠᠭᠠᠨᠮᠦ᠋ᠴᠢᠷ ᠤᠨ ᠭᠡᠰᠢᠭᠦᠤᠠ᠂ ᠰᠠᠯᠭᠢ ᠰᠢᠭᠤᠷᠭᠠᠠ ᠢ ᠰᠦᠷᠴᠤ᠂ ᠲᠠᠰᠭᠢᠮ᠎ᠡ ᠭᠦᠢᠳᠠᠠ ᠪᠠ ᠠᠭᠠᠭᠢᠮ᠎ᠡ ᠬᠠᠯᠠᠭᠤᠠ ᠠᠭᠤᠷ ᠠᠮᠢᠰᠬᠤᠯ ᠢ ᠬᠠᠶᠢᠬᠤᠷᠤᠯ ᠦᠭᠡᠢ᠂ ᠤᠷᠳᠤ ᠬᠤᠭᠤᠴᠠᠭ᠎ᠠ ᠪᠠᠷ ᠭᠤᠪᠢ ᠴᠦᠯ᠂ ᠲᠠᠯ᠎ᠡ ᠨᠤᠳᠤᠭ ᠢᠶᠠᠷ ᠠᠶᠠᠯᠠᠵᠤ᠂ ᠭᠦᠭᠡ ᠲᠡᠭᠷᠢ ᠪᠠᠷ ᠭᠦᠰᠢᠭᠡ ᠪᠠᠨ ᠪᠤᠯᠭᠠᠵᠤ᠂ ᠭᠦᠷᠦᠰᠦᠳᠤ ᠲᠡᠯᠡᠭᠡᠢ ᠪᠠᠷ ᠪᠦᠵᠢᠭ ᠤᠨ ᠲᠠᠶᠢᠰᠠ ᠪᠠᠨ ᠪᠤᠯᠭᠠᠵᠤ᠂ ᠦᠷᠭᠡᠡ ᠤᠯᠠᠠ ᠮᠠᠯᠴᠢᠡ ᠲᠠᠷᠢᠶᠠᠴᠢᠡ ᠳᠤ ᠪᠠᠶᠠᠷ ᠪᠠᠭ᠋ᠠᠳᠤᠯ ᠪᠠ ᠪᠤᠯᠪᠠᠰᠤᠠ ᠢ ᠭᠦᠷᠭᠡᠵᠤ᠂ ᠤᠯᠠᠠ ᠲᠦᠮᠡᠡ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠭᠰᠠᠠ ᠪᠠᠶᠢᠨ᠎ᠡ᠃ ᠴᠠᠭ ᠦᠶ᠎ᠠ ᠶᠢᠨ ᠬᠥᠭᠵᠢᠯᠳᠡ ᠶᠢ ᠲᠠᠭᠠᠯᠳᠤᠨ ᠵᠠᠮ ᠨᠡᠪᠳᠡᠷᠡᠯᠭᠡ ᠰᠠᠶᠢᠵᠢᠷᠡᠵᠦ᠂ ᠴᠢᠮᠡᠭᠡ ᠬᠤᠯᠪᠤᠭ᠎ᠠ ᠶᠢᠨ ᠦᠢᠯᠡᠰ ᠳᠦᠷᠬᠡᠨ ᠬᠦᠭᠵᠢᠭᠰᠡᠨ ᠢᠶᠠᠷ ᠤᠬᠠᠭᠤᠯᠭ᠎ᠠ ᠰᠤᠷᠳᠠᠯᠴᠢᠯᠠᠭ᠎ᠠ ᠶᠢᠨ ᠠᠵᠢᠯ ᠢ ᠬᠢᠬᠦ ᠨᠦᠬᠦᠴᠡᠯ ᠪᠤᠯᠤᠮᠵᠢ ᠦᠡᠭᠭᠡᠷᠡᠭᠰᠡᠨ ᠠᠴᠠ ᠪᠠᠨ ᠬᠤᠯᠠ ᠰᠠᠶᠢᠨ ᠪᠤᠯᠤᠭᠰᠠᠨ ᠪᠢᠯᠡ᠃ ᠡᠶᠢᠮᠦᠷᠬᠦᠤ ᠰᠠᠶᠢᠨ ᠨᠦᠬᠦᠴᠡᠯ ᠳᠤᠤᠷ᠎ᠠ ᠮᠠᠨ ᠤ ᠠᠶᠢᠮᠠᠭ ᠤᠨ ᠤᠯᠠᠭᠠᠨᠮᠦ᠋ᠴᠢᠷ ᠤᠨ ᠬᠢᠨ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠬᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠵᠤ ᠮᠠᠯᠴᠢᠡ ᠲᠠᠷᠢᠶᠠᠴᠢᠡ ᠲᠦᠮᠡᠡ  ᠳᠤ ᠭᠦᠷᠭᠡᠭᠦ  ᠶᠢᠨ ᠬᠠᠮᠳᠤ ᠡᠯ᠎ᠡ ᠭᠠᠵᠠᠷ ᠤᠨ ᠤᠯᠠᠭᠠᠨᠮᠦ᠋ᠴᠢᠷ ᠤᠨ ᠬᠢᠨ ᠰᠤᠶᠤᠯ ᠤᠷᠠᠯᠢᠭ ᠤᠨ ᠰᠤᠯᠢᠯᠴᠠᠭᠠᠨ ᠤ ᠲᠤᠭᠤᠷᠢᠨ ᠲᠤᠭᠯᠠᠯᠳᠠ ᠭᠢᠭᠦ᠂ ᠪᠦᠭᠦ ᠠᠶᠢᠮᠠᠭ ᠤᠨ ᠤᠯᠠᠭᠠᠨᠮᠦ᠋ᠴᠢᠷ ᠤᠨ ᠤᠷᠠᠯᠢᠭ ᠤᠨ ᠴᠤᠭᠯᠠᠭᠠᠠ ᠭᠢᠭᠦ ᠵᠡᠷᠭᠡ ᠤᠯᠠᠠ ᠵᠦᠢᠯ ᠤᠨ ᠭᠡᠯᠪᠡᠷᠢ ᠪᠠᠷ ᠳᠤᠷᠰᠢᠯᠭ᠎ᠠ ᠰᠤᠯᠢᠯᠴᠠᠵᠤ ᠬᠠᠷᠢᠯᠴᠠᠠ ᠰᠤᠷᠤᠯᠴᠠᠭᠰᠡᠡ ᠪᠦᠭᠡᠤᠠ ᠰᠤᠶᠤᠯ ᠤᠷᠠᠯᠢᠭ ᠢᠶᠠᠨ ᠨᠠᠩ ᠤᠯᠠᠠ ᠭᠦᠮᠦᠡ ᠳᠤ ᠲᠠᠨᠢᠭᠤᠯᠵᠠᠢ᠃ ᠡᠭᠦᠡ ᠤ ᠬᠠᠮᠳᠤ ᠮᠠᠨ ᠤ ᠠᠶᠢᠮᠠᠭ ᠤᠨ ᠤᠯᠠᠭᠠᠨᠮᠦ᠋ᠴᠢᠷ ᠤᠨ ᠬᠢᠨ ᠤᠷᠤᠠ ᠨᠤᠳᠤᠭ ᠠᠴᠠ ᠪᠠᠨ ᠠᠯᠬᠤᠠ ᠭᠠᠷᠴᠤ ᠪᠦᠬᠦ ᠤᠷᠤᠠ ᠪᠦᠭᠦ ᠤᠯᠤᠰ ᠤᠨ ᠬᠡᠪᠴᠢᠶᠡᠨ ᠳᠤ ᠲᠤᠭᠤᠷᠢᠨ ᠲᠤᠭᠯᠠᠯᠳᠠ ᠭᠢᠭᠦ᠂ ᠴᠢᠨᠠᠭᠰᠢᠯᠠᠭᠠᠤᠠ ᠤᠯᠤᠰ ᠤᠨ ᠭᠠᠳᠠᠭᠠᠳᠤ ᠳᠤ ᠴᠤ ᠲᠤᠭᠤᠷᠢᠡ ᠲᠤᠭᠯᠠᠯᠳᠠ ᠭᠢᠵᠤ᠂ ᠦᠨᠳᠦᠰᠦᠳᠡᠡ ᠤ ᠰᠤᠶᠤᠯ ᠢᠶᠠᠨ ᠭᠠᠳᠠᠭᠰᠢ ᠤᠬᠠᠭᠤᠯᠵᠤ᠂ ᠨᠠᠩ ᠤᠯᠠᠠ ᠭᠦᠮᠦᠡ ᠳᠤ ᠲᠠᠨᠢᠭᠤᠯᠵᠤ ᠴᠢᠳᠠᠭᠰᠠᠠ ᠪᠠᠶᠢᠨ᠎ᠡ᠃     ᠰᠤᠶᠤᠯ ᠢᠶᠠᠨ ᠰᠠᠶᠢᠳᠤᠷ ᠤᠬᠠᠭᠤᠯᠤᠨ ᠳᠡᠯᠭᠡᠷᠡᠬᠦᠯᠬᠦ ᠠᠴᠠ ᠰᠤᠶᠤᠯ ᠢᠶᠠᠨ ᠨᠡᠩ ᠰᠠᠶᠢᠨ ᠬᠦᠭᠵᠢᠬᠦᠯᠬᠦ ᠨᠦᠬᠦᠴᠡᠯ ᠪᠤᠯᠤᠮᠵᠢ ᠤᠷᠤᠨ ᠵᠠᠢ ᠶᠢ ᠪᠤᠢ ᠪᠤᠯᠭᠠᠳᠠᠭ᠃ ᠤᠬᠠᠭᠤᠯᠤᠨ ᠳᠡᠯᠭᠡᠷᠡᠬᠦᠯᠦᠭᠰᠡᠨ ᠠᠴᠠ ᠰᠤᠶᠤᠯ ᠤᠷᠠᠯᠢᠭ ᠢᠶᠠᠨ ᠨᠡᠩ ᠤᠯᠠᠨ ᠬᠦᠮᠦᠨ ᠳᠤ ᠲᠠᠨᠢᠭᠤᠯᠵᠤ ᠤᠢᠢᠯᠠᠭᠠᠭᠤᠯᠬᠤ ᠶᠢᠨ ᠤᠯᠠᠮ ᠠᠴᠠ ᠤᠷᠤᠠ ᠨᠤᠳᠤᠭ ᠤᠨ ᠠᠯᠳᠠᠷᠰᠢᠯ ᠢᠶᠠᠨ ᠨᠡᠮᠡᠭᠳᠡᠭᠦᠯᠦᠡ ᠨᠠᠩ ᠶᠡᠭᠡ ᠭᠦᠭᠵᠢᠯᠳᠠ ᠶᠢᠨ ᠤᠷᠤᠠ ᠵᠠᠢ ᠲᠠᠢ ᠪᠤᠯᠵᠤ ᠴᠢᠳᠠᠨ᠎ᠡ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号