ᠪᠤᠰᠤᠳ ᠤᠨ ᠠᠮᠵᠢᠯᠳᠠᠳᠠᠢ ᠠᠷᠭ᠎ᠠ ᠲᠤᠷᠰᠢᠯᠭ᠎ᠠ ᠠᠴᠠ ᠰᠤᠷᠤᠯᠴᠠᠬᠤ ᠶᠢᠨ ᠤᠴᠢᠷ
ᠨᠡᠶᠢᠲᠡᠯᠡᠭᠰᠡᠨ ᠴᠠᠭ᠄
2020/12/22
    ᠮᠠᠯᠵᠢᠬᠤ ᠦᠢᠯᠡᠳᠪᠦᠷᠢᠯᠡᠯ ᠠᠮᠢᠳᠤᠷᠠᠯ ᠳᠤ ᠮᠠᠯᠴᠢᠳ ᠦᠶ᠎ᠠ ᠤᠯᠠᠷᠢᠨ ᠬᠠᠰᠢᠷ ᠲᠤᠷᠰᠢᠯᠭ᠎ᠠ ᠲᠠᠢ ᠠᠬᠠᠮᠠᠳ ᠮᠠᠯᠴᠢᠳ ᠠᠴᠠ ᠪᠠᠨ ᠲᠤᠷᠰᠢᠯᠭ᠎ᠠ ᠰᠤᠷᠭᠠᠮᠵᠢ ᠬᠤᠷᠠᠮᠳᠤᠭᠤᠯᠵᠦ᠂ ᠮᠠᠯᠵᠢᠯ ᠤᠨ ᠠᠷᠭ᠎ᠠ ᠤᠬᠠᠭᠠᠨ ᠰᠤᠷᠴᠦ᠂ ᠮᠠᠯ ᠰᠦᠷᠦᠭ ᠢᠶᠠᠨ ᠦᠨᠢᠷ ᠦᠰᠭᠡᠵᠦ᠂ ᠠᠮᠢ ᠠᠬᠤᠢ ᠪᠠᠨ ᠬᠠᠮᠠᠭᠠᠯᠠᠵᠦ᠂ ᠠᠮᠢᠳᠤᠷᠠᠯ ᠢᠶᠠᠨ ᠦᠭᠡᠳᠡᠯᠡᠬᠦᠯᠵᠦ ᠢᠷᠡᠭᠰᠡᠨ ᠶᠤᠮ᠃ ᠦᠨᠦᠳᠦᠷ ᠤᠨ ᠮᠠᠯ ᠠᠵᠦ ᠠᠬᠤᠢ ᠶᠢᠨ ᠠᠵᠦ ᠦᠢᠯᠡᠰᠵᠢᠯᠳᠡ ᠶᠢᠨ ᠴᠠᠭ ᠡᠷᠢᠨ ᠳᠤ ᠴᠦ ᠮᠠᠯ ᠠᠵᠦ ᠠᠬᠤᠢ ᠶᠢᠨ ᠡᠵᠡᠩᠨᠡᠯᠳᠡ ᠶᠢᠨ ᠠᠷᠭ᠎ᠠ ᠭᠡᠯᠪᠡᠷᠢ ᠶᠢᠨ ᠰᠢᠨ᠎ᠠ ᠶᠢ ᠡᠬᠦᠳᠴᠦ᠂ ᠠᠰᠢᠭ ᠤᠷᠤᠯᠭ᠎ᠠ ᠪᠠᠨ ᠨᠡᠮᠡᠭᠳᠡᠬᠦᠯᠵᠦ᠂ ᠠᠮᠵᠢᠯᠳᠠ ᠳᠤ ᠬᠦᠷᠴᠦ ᠪᠠᠶᠢᠭ᠎ᠠ ᠮᠠᠯᠴᠢᠳ ᠴᠦ ᠤᠯᠠᠨ ᠪᠠᠶᠢᠳᠠᠭ᠃ ᠡᠳᠡᠭᠡᠷ ᠬᠦᠮᠦᠰ ᠪᠤᠯ ᠪᠢᠳᠡᠨ ᠤ ᠲᠡᠷᠭᠡᠳᠡᠭᠢ ᠵᠢᠱᠢᠶ᠎ᠠ ᠲᠠᠭᠤᠷᠢᠶᠠᠯ ᠪᠤᠯᠤᠨ᠎ᠠ᠃ ᠲᠡᠳᠡᠨ ᠤ ᠲᠤᠷᠰᠢᠯᠭ᠎ᠠ ᠠᠴᠠ ᠰᠤᠷᠤᠯᠴᠠᠬᠤ ᠪᠤᠯ ᠮᠠᠯᠵᠢᠬᠤ ᠦᠢᠯᠡᠳᠪᠦᠷᠢᠯᠡᠯ ᠢᠶᠠᠨ ᠬᠦᠭᠵᠢᠬᠦᠯᠬᠦ ᠪᠠᠰᠠ ᠨᠢᠭᠡᠨ ᠲᠦᠳᠡ ᠵᠠᠮ ᠪᠤᠯᠬᠤ ᠶᠤᠮ᠃     ᠤᠷᠴᠢᠮ ᠤᠨ ᠵᠢᠯ ᠮᠠᠯᠴᠢᠳ ᠮᠠᠯ ᠰᠦᠷᠦᠭ ᠢᠶᠠᠨ ᠡᠬᠦᠯᠳᠡᠷ ᠰᠢᠯᠢᠳᠡᠭᠵᠢᠬᠦᠯᠦᠨ ᠦᠰᠭᠡᠬᠦ ᠳᠤ ᠪᠠᠨ ᠪᠤᠳᠠᠳᠦ ᠪᠠᠶᠢᠳᠠᠯ ᠠᠴᠠ ᠪᠠᠨ ᠡᠬᠦᠰᠬᠦ ᠦᠭᠡᠢ᠂ ᠰᠤᠬᠤᠷ ᠪᠠᠯᠠᠢ ᠪᠠᠷ ᠰᠢᠯᠢᠳᠡᠭ ᠡᠬᠦᠯᠳᠡᠷ ᠤᠷᠤᠭᠤᠯᠵᠦ᠂ ᠠᠷᠠᠴᠢᠯᠠᠵᠦ ᠮᠠᠯᠵᠢᠬᠤ ᠲᠠᠯ᠎ᠠ ᠪᠠᠷ ᠬᠦᠷᠦᠯᠴᠡᠬᠦ ᠦᠭᠡᠢ ᠠᠯᠳᠠᠵᠦ ᠤᠨᠤᠭᠰᠠᠨ ᠤᠴᠢᠷ ᠴᠦ ᠭᠠᠷᠴᠦ ᠪᠠᠶᠢᠵᠠᠢ᠃ ᠡᠨᠡ ᠨᠢ ᠦᠵᠡᠬᠦ ᠳᠤ ᠮᠠᠯ ᠰᠦᠷᠦᠭ ᠲᠤ ᠪᠠᠨ ᠲᠤᠬᠢᠷᠠᠭᠤᠯᠤᠯᠳᠠ ᠬᠢᠭᠰᠡᠨ ᠰᠢᠭ ᠪᠤᠯᠪᠠᠴᠦ ᠪᠤᠳᠠᠳᠠᠢ ᠪᠠᠶᠢᠳᠠᠯ ᠳᠤ ᠪᠠᠨ ᠰᠠᠭᠤᠷᠢᠯᠠᠭᠰᠠᠨ ᠦᠭᠡᠢ᠂ ᠦᠪᠡᠷ ᠤᠨ ᠬᠦᠷᠦᠯᠴᠡᠬᠦ ᠦᠭᠡᠢ ᠲᠠᠯ᠎ᠠ ᠪᠠᠨ ᠤᠯᠵᠦ ᠬᠠᠷᠠᠭᠰᠠᠨ ᠦᠭᠡᠢ ᠲᠠᠢ ᠬᠤᠯᠪᠤᠭ᠎ᠠ ᠲᠠᠢ ᠶᠤᠮ᠃ ᠰᠢᠨ᠎ᠠ ᠵᠦᠢᠯ ᠢ ᠰᠡᠳᠦᠵᠦ ᠬᠢᠬᠦ ᠳᠤ ᠨᠤᠳᠤᠭ ᠪᠡᠯᠴᠢᠭᠡᠷ ᠤᠨ ᠤᠨᠴᠠᠯᠢᠭ ᠠᠴᠠ ᠪᠠᠨ ᠡᠬᠦᠰᠬᠦ᠂ ᠦᠪᠡᠷ ᠤᠨ ᠪᠤᠳᠠᠳᠠᠢ ᠲᠠᠢ ᠪᠠᠨ ᠤᠶᠠᠯᠳᠤᠭᠤᠯᠬᠤ ᠡᠰᠡᠬᠦ ᠪᠤᠯ ᠵᠠᠩᠬᠢᠯᠠᠭ᠎ᠠ ᠪᠤᠯᠳᠠᠭ᠃ ᠬᠠᠷᠢᠨ ᠰᠤᠬᠤᠷ ᠪᠠᠯᠠᠢ ᠪᠠᠷ ᠲᠠᠭᠠᠵᠦ ᠬᠢᠬᠦ᠂ ᠠᠷᠠᠴᠢᠯᠠᠵᠦ ᠬᠠᠮᠢᠶᠠᠷᠬᠤ ᠲᠠᠯ᠎ᠠ ᠪᠠᠷ ᠬᠦᠢᠴᠡᠳ ᠪᠡᠯᠡᠳᠭᠡᠯ ᠦᠭᠡᠢ ᠪᠤᠯ ᠦᠷ᠎ᠠ ᠠᠰᠢᠭ ᠢᠯᠡᠷᠡᠵᠦ ᠲᠡᠶᠢᠯᠬᠦ ᠦᠭᠡᠢ᠂ ᠭᠡᠳᠡᠷᠬᠦ ᠪᠠᠨ ᠠᠯᠳᠠᠵᠦ ᠬᠤᠬᠢᠷᠠᠯ ᠪᠤᠯᠳᠠᠭ᠃ ᠡᠨᠡ ᠪᠠᠶᠢᠳᠠᠯ ᠳᠤ ᠦᠪᠡᠷ ᠤᠨ ᠪᠤᠳᠠᠳᠠᠢ ᠲᠠᠢ ᠪᠠᠨ ᠤᠶᠠᠯᠳᠤᠭᠤᠯᠵᠥ᠂ ᠨᠤᠳᠤᠭ ᠪᠡᠯᠴᠢᠭᠡᠷ ᠵᠡᠷᠭᠡ ᠡᠯ᠎ᠠ ᠲᠠᠯ᠎ᠠ ᠶᠢᠨ ᠨᠦᠬᠦᠴᠡᠯ ᠪᠤᠯᠤᠮᠵᠢ ᠠᠳᠠᠯᠢᠪᠳᠤᠷ ᠵᠢᠱᠢᠶᠠᠴᠢ ᠡᠷᠥᠭᠡ ᠶᠢᠨ ᠠᠮᠵᠢᠯᠳᠠ ᠲᠠᠢ ᠠᠷᠭ᠎ᠠ ᠠᠴᠠ ᠰᠤᠷᠤᠯᠴᠠᠵᠥ ᠪᠤᠯᠬᠤ ᠶᠤᠮ᠃ ᠪᠠᠷᠠᠭᠤᠨ ᠥᠵᠥᠮᠥᠴᠢᠨ ᠬᠤᠰᠢᠭᠤᠨ  ᠤ ᠵᠢᠷ  ᠤᠨ ᠭᠤᠤᠯ ᠪᠠᠯᠭᠠᠰᠤᠨ ᠤ ᠪᠠᠶ᠋ᠬᠠᠠᠭᠤᠯᠠ ᠭᠠᠴᠠᠭᠠᠨ  ᠤ ᠮᠠᠯᠴᠢᠨ ᠤᠶᠤᠨᠳᠠᠯᠠᠢ ᠶᠢᠨ ᠰᠢᠯᠢᠳᠡᠭ ᠡᠬᠦᠯᠳᠡᠷ ᠤᠨ ᠦᠭᠡᠷ ᠮᠠᠯᠵᠢᠵᠦ᠂ ᠢᠴᠡᠭᠡᠯ ᠦᠷ᠎ᠠ ᠶᠢᠨ ᠭᠡᠭᠡᠯᠳᠦᠬᠦᠯᠭᠡ ᠬᠢᠬᠦ ᠶᠢ ᠪᠠᠷᠢᠮᠳᠠᠯᠠᠵᠦ᠂ ᠲᠤᠭᠤᠯ ᠪᠠ ᠦᠭᠡᠷ ᠢᠶᠠᠨ ᠪᠡᠯᠴᠢᠭᠡᠷᠯᠡᠬᠦᠯᠬᠦ ᠪᠠ ᠲᠡᠵᠢᠭᠡᠬᠦ ᠲᠠᠯ ᠎ᠠ ᠪᠠᠷ ᠠᠪᠤᠭᠰᠠᠨ ᠮᠠᠯ ᠮᠠᠯᠵᠢᠯᠭ᠎ᠠ ᠶᠢᠨ ᠠᠷᠭ᠎ᠠ ᠭᠡᠯᠪᠡᠷᠢ ᠨᠢ ᠲᠤᠯᠢᠯᠠᠭᠤᠰᠢᠳᠠᠢ ᠵᠢᠱᠢᠶ ᠎ᠠ ᠪᠤᠯᠵᠦ ᠪᠤᠯᠤᠨ᠎ᠠ᠃     ᠬᠦᠳᠡᠯᠮᠤᠷᠢ ᠬᠦᠮᠦᠨ ᠢ ᠭᠤᠮᠤᠳᠠᠭᠠᠳᠠᠭ ᠦᠭᠡᠢ᠃ ᠭᠡᠬᠦ ᠳᠤ ᠪᠠᠨ ᠤᠬᠠᠭᠠᠨ ᠲᠠᠢ ᠬᠦᠳᠡᠯᠮᠤᠷᠢᠯᠡᠬᠦ ᠪᠤᠯ ᠠᠮᠵᠢᠯᠳᠠ ᠳᠤ ᠬᠦᠷᠬᠦ ᠨᠠᠩ ᠤᠢᠢᠷᠠᠬᠠᠨ ᠵᠠᠮ ᠪᠤᠯᠤᠨ᠎ᠠ᠃ ᠶᠠᠮᠠᠷᠪᠠ ᠨᠢᠭᠡᠨ ᠠᠵᠢᠯ ᠬᠦᠳᠡᠯᠮᠤᠷᠢ ᠶᠢ ᠬᠢᠬᠦ ᠳᠤ ᠰᠤᠬᠤᠷ ᠪᠠᠯᠠᠢ ᠪᠠᠷ ᠬᠦᠭᠡᠭᠡᠴᠡᠯᠳᠦᠬᠦ ᠦᠭᠡᠢ᠂ ᠰᠤᠷᠭᠠᠮᠵᠢ ᠠᠴᠠ ᠰᠡᠷᠡᠮᠵᠢ ᠠᠪᠴᠦ᠂ ᠠᠮᠵᠢᠯᠳᠠᠳᠠᠢ ᠠᠷᠭ᠎ᠠ ᠲᠤᠷᠰᠢᠯᠭ᠎ᠠ ᠠᠴᠠ ᠰᠤᠷᠤᠯᠴᠠᠬᠤ ᠪᠤᠯ ᠠᠮᠢᠳᠤᠷᠠᠯ ᠢᠶᠠᠨ ᠦᠭᠡᠳᠡᠯᠡᠬᠦᠯᠬᠦ ᠨᠢᠭᠡᠨ ᠪᠦᠳᠦᠮᠵᠢᠳᠡᠢ ᠠᠷᠭ᠎ᠠ ᠪᠤᠯᠬᠤ ᠨᠢ ᠯᠠᠪᠳᠠᠢ ᠶᠤᠮ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号