ᠤᠯᠠᠮᠵᠢᠯᠠᠯᠳᠤ ᠵᠠᠩ ᠦᠢᠯᠡ ᠶᠢᠨ ᠦᠵᠡᠭᠦᠯᠭᠡ
ᠨᠡᠶᠢᠲᠡᠯᠡᠭᠰᠡᠨ ᠴᠠᠭ᠄
2020/12/24
    ᠭᠡᠷ ᠤᠨ ᠠᠬᠠᠮᠠᠳ ᠲᠤ ᠭᠡᠷ ᠪᠥᠯᠢ ᠶᠢᠨ ᠬᠥᠮᠥᠵᠢᠯ ᠤᠨ ᠴᠢᠬᠤᠯᠠ ᠴᠢᠨᠠᠷ ᠢ ᠤᠢᠢᠯᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠰᠤᠷᠤᠭᠴᠢ ᠶᠢᠨ ᠥᠰᠥᠯᠳᠡ ᠪᠤᠶᠢᠵᠢᠯᠳᠡ ᠳᠤ ᠢᠳᠡᠪᠬᠢᠳᠡᠢ ᠤᠷᠤᠯᠴᠠᠬᠤ ᠶᠢ ᠤᠷᠢᠶᠠᠯᠠᠨ᠂ ᠰᠤᠷᠭᠠᠭᠤᠯᠢ ᠶᠢᠨ ᠰᠤᠷᠭᠠᠨ ᠬᠥᠮᠥᠵᠢᠯ ᠪᠤᠯᠤᠨ ᠭᠡᠷ ᠪᠥᠯᠢ ᠶᠢᠨ ᠬᠥᠮᠥᠵᠢᠯ ᠢ ᠤᠶᠠᠯᠳᠤᠭᠤᠯᠤᠭᠰᠠᠨ ᠪᠠᠶᠠᠯᠢᠬ ᠠᠭᠤᠯᠭ᠎ᠠ ᠪᠥᠬᠦᠢ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢ ᠶᠢᠨ ᠡᠷᠡᠬᠦᠯ ᠴᠢᠬᠢᠷᠠᠭ᠂ ᠡᠶ᠎ᠡ ᠵᠤᠬᠢᠴᠠᠯ ᠲᠠᠢ ᠬᠥᠭᠵᠢᠯᠳᠡ ᠶᠢ ᠠᠬᠢᠭᠤᠯᠬᠤ ᠶᠢᠨ ᠳᠥᠯᠥᠭᠡ 11 ᠰᠠᠷ᠎ᠠ ᠶᠢᠨ 20᠎ ᠤ ᠡᠳᠤᠷ ᠠᠪᠠᠭ᠎ᠠ ᠬᠤᠰᠢᠭᠤᠨ ᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠨᠢ ᠰᠤᠷᠭᠠᠭᠤᠯᠢ᠂ ᠭᠡᠷ ᠤᠨ ᠠᠬᠠᠮᠠᠳ ᠤᠨ ᠬᠠᠮᠵᠢᠯᠴᠠᠭᠰᠠᠨ ᠤᠯᠠᠮᠵᠢᠯᠠᠯᠳᠤ ᠵᠠᠩ ᠥᠢᠯᠡ ᠶᠢᠨ ᠥᠵᠡᠬᠦᠯᠭᠡ ᠡᠷᠬᠢᠯᠡᠵᠤ᠂ ᠠᠩᠬᠢ ᠪᠠᠷ ᠨᠢᠭᠡᠴᠢᠯᠡᠨ ᠪᠥᠬᠦ ᠰᠤᠷᠤᠭᠴᠢᠳ ᠳᠤᠭᠤᠷᠢᠨ ᠰᠤᠷᠤᠯᠴᠠᠪᠠ᠃ ᠳᠤᠰ ᠠᠵᠢᠯᠯᠠᠭ᠎ᠠ ᠶᠢ ᠰᠤᠷᠭᠠᠭᠤᠯᠢ ᠶᠢᠨ ᠬᠥᠷᠢᠶᠡᠨ ᠤ ᠵᠠᠩ ᠥᠢᠯᠡ ᠶᠢᠨ ᠬᠢᠴᠢᠶᠡᠯᠯᠡᠭᠡ ᠶᠢᠨ ᠳᠤᠮᠤ ᠮᠤᠩᠭᠤᠯ ᠭᠡᠷ ᠲᠤ ᠡᠷᠬᠢᠯᠡᠵᠤ᠂ ᠮᠠᠯᠴᠢᠨ ᠭᠠᠷ ᠤᠷᠠᠯᠢᠬᠴᠢᠳ ᠢ ᠤᠷᠢᠵᠤ᠂ ᠡᠮᠡᠭᠡᠯ᠂ ᠬᠠᠵᠠᠭᠠᠷ ᠨᠤᠭᠳᠤ᠂ ᠳᠠᠰᠢᠭᠤᠷ ᠤᠨ ᠪᠥᠳᠥᠴᠡ ᠨᠠᠷᠡᠶᠢᠳᠤᠯ ᠢ ᠪᠤᠳᠠᠳᠠᠢ ᠳᠤ ᠥᠵᠡᠬᠦᠯᠥᠨ ᠳᠠᠶᠢᠯᠪᠤᠷᠢᠯᠡᠵᠤ᠂ ᠤᠳᠠᠰᠤ ᠡᠭᠡᠷᠡᠬᠦ᠂ ᠳᠡᠭᠡᠰᠤ ᠳᠠᠮᠤᠬᠤ ᠵᠡᠷᠭᠡ ᠶᠢ ᠰᠤᠷᠤᠭᠴᠢᠳ ᠲᠠᠢ ᠬᠠᠮᠳᠤᠷᠠᠨ ᠭᠠᠷ ᠬᠥᠳᠡᠯᠵᠤ ᠥᠢᠯᠡᠳᠤᠯᠭᠡ ᠪᠠᠷ ᠳᠠᠮᠵᠢᠨ ᠳᠠᠨᠢᠭᠤᠯᠬᠤ ᠶᠢ ᠵᠤᠷᠢᠭᠰᠠᠨ ᠪᠠᠶᠢᠨ᠎ᠠ᠃ ᠡᠬᠦᠨ ᠤ ᠬᠠᠮᠳᠤ᠂ ᠢᠰᠡᠭᠡᠢ ᠤᠷᠠᠯᠠᠯ ᠤᠨ ᠥᠵᠡᠬᠦᠯᠭᠡ ᠶᠢ ᠳᠤᠬᠢᠷᠠᠭᠤᠯᠵᠠᠢ᠃ ᠢᠰᠡᠭᠡᠢ ᠤᠷᠠᠯᠠᠯ ᠪᠤᠯ ᠮᠤᠩᠭᠤᠯᠴᠤᠳ ᠤᠨ ᠨᠡᠬᠦᠳᠡᠯ ᠮᠠᠯᠵᠢᠯ ᠤᠨ ᠠᠮᠢᠳᠤᠷᠠᠯ ᠥᠢᠯᠡᠳᠪᠤᠷᠢᠯᠡᠯ ᠳᠤ ᠳᠤᠳᠠᠭᠳᠠᠵᠤ ᠪᠤᠯᠤᠰᠢ ᠥᠭᠡᠢ ᠵᠥᠢᠯ ᠶᠤᠮ᠃ ᠳᠤᠰ ᠰᠤᠷᠭᠠᠭᠤᠯᠢ ᠨᠢ ᠭᠡᠤᠭᠡᠳ ᠪᠠᠭᠠᠴᠤᠳ ᠲᠤ ᠬᠠᠷᠠᠬᠠᠨ ᠪᠠᠭ᠎ᠠ ᠠᠴᠠ ᠨᠢ ᠤᠯᠠᠮᠵᠢᠯᠠᠯᠳᠤ ᠰᠤᠶᠤᠯ ᠢ ᠥᠪᠯᠡᠨ ᠵᠠᠯᠭᠠᠮᠵᠢᠯᠠᠭᠤᠯᠬᠤ ᠡᠬᠦᠳᠡᠨ ᠠᠴᠠ ᠢᠰᠡᠭᠡᠢ ᠤᠷᠠᠯᠠᠯ ᠤᠨ ᠳᠤᠷ᠎ᠠ ᠰᠤᠨᠢᠷᠬᠠᠯᠳᠤ ᠠᠩᠬᠢ ᠡᠷᠬᠢᠯᠡᠵᠤ᠂ ᠬᠤᠰᠢᠭᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ ᠴᠤᠯᠮᠤᠨ ᠢ ᠤᠷᠢᠵᠤ᠂ ᠢᠰᠡᠭᠡᠢ ᠤᠷᠠᠯᠠᠯ ᠤᠨ ᠮᠡᠷᠭᠡᠵᠢᠯ ᠢᠶᠠᠷ ᠬᠢᠴᠢᠶᠠᠯᠯᠡᠬᠦᠯᠵᠤ ᠪᠠᠶᠢᠭ᠎ᠠ ᠶᠤᠮ᠃ ᠳᠤᠰ ᠤᠳᠠᠭᠠᠨ ᠤ ᠥᠵᠡᠬᠦᠯᠭᠡ ᠳᠤ ᠴᠤᠯᠮᠤᠨ ᠠᠴᠠ ᠬᠤᠶᠠᠷ ᠨᠠᠰᠤᠳᠠᠨ ᠲᠠᠢ ᠬᠠᠮᠳᠤᠷᠠᠨ ᠤᠷᠠᠯᠠᠭᠰᠠᠨ ᠰᠢᠯᠢᠳᠡᠭ ᠰᠠᠶᠢᠬᠠᠨ ᠪᠥᠳᠥᠭᠡᠯ ᠠᠴᠠ ᠪᠠᠨ ᠳᠡᠯᠭᠡᠨ ᠥᠵᠡᠬᠦᠯᠥᠭᠰᠡᠨ ᠢᠶᠠᠷ ᠪᠠᠷᠠᠬᠤ ᠥᠭᠡᠢ ᠠᠬᠤᠢ ᠳᠠᠯᠠᠪᠠᠢ ᠳᠤ ᠢᠰᠡᠭᠡᠢ ᠬᠢᠬᠦ ᠠᠷᠭ᠎ᠠ ᠮᠠᠶᠢᠬ᠂ ᠵᠡᠭᠡᠭᠯᠡᠬᠦ᠂ ᠢᠰᠡᠭᠡᠢ ᠡᠯᠳᠡᠬᠦ᠂ ᠤᠷᠠᠯᠠᠬᠤ ᠵᠡᠷᠭᠡ ᠮᠡᠷᠭᠡᠵᠢᠯ ᠢ ᠬᠠᠷᠠᠭᠤᠯᠤᠨ ᠳᠠᠨᠢᠯᠴᠠᠭᠤᠯᠪᠠ᠃ ᠡᠬᠦᠨ ᠤ ᠳᠠᠭᠠᠤ ᠰᠤᠷᠤᠭᠴᠢᠳ ᠤᠨ ᠢᠰᠡᠭᠡᠢ ᠤᠷᠠᠯᠠᠯ ᠤᠨ ᠪᠥᠳᠥᠭᠡᠯ ᠢ ᠳᠡᠯᠭᠡᠨ ᠥᠵᠡᠬᠦᠯᠵᠤ ᠤᠷᠮᠠᠰᠢᠭᠤᠯᠤᠨ᠂ ᠰᠤᠷᠤᠭᠴᠢᠳ ᠤᠨ ᠤᠷᠮ᠎ᠠ ᠵᠤᠷᠢᠭ ᠢ ᠨᠢ ᠬᠥᠪᠴᠢᠯᠡᠵᠡᠢ᠃     ᠠᠬᠤᠢ ᠳᠠᠯᠠᠪᠠᠢ ᠳᠤ ᠰᠤᠷᠤᠭᠴᠢᠳ ᠤᠩᠭᠠᠰᠤ ᠰᠠᠪᠠᠭᠠᠳᠠᠬᠤ᠂ ᠳᠡᠭᠡᠰᠤ ᠳᠠᠮᠤᠬᠤ᠂ ᠤᠳᠠᠰᠤ ᠡᠭᠡᠷᠡᠵᠤ᠂ ᠢᠰᠡᠭᠡᠢ ᠡᠯᠳᠡᠬᠦ ᠳᠤ ᠢᠳᠡᠪᠬᠢᠳᠡᠢ ᠭᠠᠷ ᠬᠥᠳᠡᠯᠥᠨ ᠤᠷᠤᠯᠴᠠᠵᠠᠭᠠᠵᠤ᠂ ᠭᠡᠷ ᠤᠨ ᠠᠬᠠᠮᠠᠳ ᠴᠤ ᠰᠤᠷᠤᠭᠴᠢᠳ ᠲᠤ ᠤᠯᠠᠮᠵᠢᠯᠠᠯᠳᠤ ᠰᠤᠶᠤᠯ ᠵᠠᠩ ᠥᠢᠯᠡ ᠶᠢ ᠳᠠᠨᠢᠭᠤᠯᠵᠤ ᠪᠠᠶᠢᠭ᠎ᠠ ᠳᠤ ᠪᠠᠨ ᠮᠠᠰᠢ ᠤᠯᠵᠠᠷᠬᠠᠵᠤ᠂ ᠬᠢᠴᠢᠶᠠᠯ ᠨᠢ ᠪᠥᠷ ᠬᠥᠷ ᠬᠥᠭᠵᠢᠶᠡᠨ ᠲᠠᠢ ᠤᠳᠬ᠎ᠠ ᠳᠡᠬᠦᠯᠳᠡᠷ ᠶᠠᠪᠤᠭᠳᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号