ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢᠨ ᠴᠢᠬᠤᠯᠠ ᠴᠢᠨᠠᠷ
ᠨᠡᠶᠢᠲᠡᠯᠡᠭᠰᠡᠨ ᠴᠠᠭ᠄
2020/12/25
    ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠴᠢᠬᠤᠯᠠ ᠠᠭᠤᠯᠭ᠎ᠠ ᠪᠠᠶᠢᠵᠤ᠂ ᠮᠦᠨ ᠴᠦ ᠭᠠᠵᠠᠷ ᠤᠷᠤᠨ ᠤ ᠪᠦᠬᠦ ᠠᠷᠠᠳ ᠤᠨ ᠴᠢᠨᠠᠷ ᠴᠢᠨᠰᠠᠭ᠎ᠠ ᠶᠢ ᠨᠡᠶᠢᠳᠡᠮ ᠲᠡᠬᠡᠭᠰᠢᠯᠡᠬᠦᠯᠬᠦ ᠴᠢᠬᠤᠯᠠ ᠠᠵᠢᠯ ᠮᠦᠷᠳᠡᠬᠡᠨ ᠶᠠᠳᠠᠭᠤ ᠬᠦᠴᠢᠷᠳᠡᠯᠳᠠᠢ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠬᠤ ᠴᠢᠬᠤᠯᠠ ᠠᠷᠭ᠎ᠠ ᠬᠡᠯᠪᠡᠷᠢ ᠪᠤᠯᠤᠨ᠎ᠠ᠃     ᠶᠠᠳᠠᠭᠤ ᠬᠦᠴᠢᠷᠳᠡᠯᠳᠠᠢ ᠡᠷᠦᠬᠡ ᠶᠢᠨ ᠠᠮᠢᠳᠤᠷᠠᠯ ᠬᠦᠴᠢᠷᠳᠡᠯᠳᠠᠢ ᠪᠤᠯᠤᠭᠰᠠᠨ ᠰᠢᠯᠳᠠᠭᠠᠨ ᠳᠤ ᠰᠤᠶᠤᠯ ᠤᠨ ᠬᠢᠷᠢ ᠲᠦᠪᠰᠢᠨ ᠲᠤᠤᠷ᠎ᠠ᠂ ᠠᠵᠢᠯ ᠮᠡᠷᠬᠡᠵᠢᠯ ᠤᠨ ᠴᠢᠳᠠᠪᠤᠷᠢ ᠲᠤᠳᠠᠭᠳᠠᠬᠤ ᠵᠡᠷᠬᠡ ᠠᠰᠠᠭᠤᠳᠠᠯ ᠪᠠᠰᠠ ᠨᠡᠯᠢᠶᠡᠳ ᠬᠤᠪᠢ ᠶᠢᠨ ᠵᠢᠩ ᠢ ᠡᠵᠡᠯᠡᠵᠦ᠂ ᠶᠠᠳᠠᠭᠤ ᠠᠴᠠ ᠠᠩᠬᠢᠵᠢᠷᠠᠭᠤᠯᠬᠤ ᠳᠤ ᠬᠦᠴᠢᠷ ᠪᠠᠶᠢᠳᠠᠭ ᠤᠨ ᠨᠢᠭᠡᠨ ᠭᠤᠤᠯ ᠰᠢᠯᠳᠠᠭᠠᠨ ᠪᠤᠯᠤᠭᠰᠠᠨ ᠪᠠᠶᠢᠳᠠᠭ᠃ ᠤᠷᠳᠤ ᠬᠤᠭᠤᠴᠠᠭᠠᠨ ᠤ ᠲᠤᠷᠰᠢ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠤᠳᠠᠭᠠᠨ᠂ ᠡᠳ᠋ ᠤᠨ ᠵᠠᠰᠠᠭ ᠤᠨ ᠤᠷᠤᠯᠭ᠎ᠠ ᠲᠤᠤᠷ᠎ᠠ᠂ ᠰᠤᠷᠭᠠᠨ ᠬᠦᠮᠦᠵᠢᠯ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠳᠤ ᠤᠷᠤᠭᠤᠯᠤᠭᠰᠠᠨ ᠪᠡᠯᠡ ᠮᠦᠡᠭᠬᠦ ᠬᠢᠵᠠᠭᠠᠷᠳᠠᠢ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠬᠦᠷᠦᠯᠴᠡᠬᠦ ᠦᠬᠡᠢ ᠵᠡᠷᠬᠡ ᠤᠯᠠᠨ ᠰᠢᠯᠳᠠᠭᠠᠨ ᠠᠴᠠ ᠪᠤᠯᠵᠤ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠰᠤᠷᠤᠭᠴᠢᠳ ᠰᠢᠯᠢᠳᠡᠭ ᠰᠤᠷᠭᠠᠨ ᠬᠦᠮᠦᠵᠢᠯ ᠢ ᠬᠦᠷᠳᠡᠵᠦ ᠴᠢᠳᠠᠬᠤ ᠦᠬᠡᠢ ᠪᠠᠶᠢᠵᠤ᠂ ᠡᠬᠦᠨ ᠤ ᠤᠯᠠᠮ ᠢᠶᠠᠷ ᠰᠤᠷᠭᠠᠭᠤᠯᠢ ᠪᠠᠨ ᠲᠡᠬᠦᠰᠦᠭᠰᠡᠨ ᠴᠦ ᠰᠤᠶᠤᠯ ᠤᠨ ᠬᠢᠷᠢ ᠲᠦᠪᠰᠢᠨ ᠲᠤᠤᠷ᠎ᠠ᠂ ᠨᠢᠬᠡ ᠪᠦᠯᠦᠭ ᠲᠤᠤᠷ᠎ᠠ ᠤᠷᠤᠯᠭ᠎ᠠ ᠲᠠᠢ ᠬᠦᠮᠦᠰ ᠪᠤᠯᠵᠤ᠂ ᠭᠠᠵᠠᠷ ᠤᠷᠤᠨ ᠤ ᠶᠠᠳᠠᠭᠤ ᠬᠦᠴᠢᠷᠳᠡᠯᠳᠠᠢ ᠪᠠᠶᠢᠳᠠᠯ ᠢ ᠬᠤᠪᠢᠷᠠᠭᠤᠯᠬᠤ ᠳᠤ ᠬᠦᠴᠢᠷ ᠪᠠᠶᠢᠳᠠᠭ᠃ ᠡᠶᠢᠨ ᠬᠦ ᠶᠠᠳᠠᠭᠤ ᠶᠢ ᠲᠡᠳᠬᠦᠬᠦ ᠠᠵᠢᠯ ᠤᠨ ᠲᠤᠮᠳᠠ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠶᠠᠳᠠᠭᠤ ᠬᠦᠴᠢᠷᠳᠡᠯᠳᠠᠢ ᠭᠠᠵᠠᠷ ᠤᠷᠤᠨ ᠤ ᠰᠤᠷᠤᠭᠴᠢᠳ ᠤᠨ ᠰᠤᠷᠤᠯᠭ᠎ᠠ ᠠᠮᠢᠳᠤᠷᠠᠯ ᠢ ᠬᠠᠯᠠᠮᠵᠢᠯᠠᠨ ᠲᠡᠳᠬᠦᠵᠦ᠂ ᠶᠠᠳᠠᠭᠤ ᠬᠦᠴᠢᠷᠳᠠᠯᠳᠠᠢ ᠭᠠᠵᠠᠷ ᠤᠷᠤᠨ ᠤ ᠰᠤᠷᠭᠠᠨ ᠬᠦᠮᠦᠵᠢᠯ ᠤᠨ ᠦᠢᠯᠡᠰ ᠢ ᠬᠦᠭᠵᠢᠬᠦᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠶᠡᠷᠦᠩᠬᠡᠶᠢᠯᠡᠭᠰᠡᠨ ᠴᠢᠨᠠᠷ ᠴᠢᠨᠰᠠᠭ᠎ᠠ ᠶᠢ  ᠲᠡᠬᠡᠭᠰᠢᠯᠡᠬᠦᠯᠬᠦ ᠨᠢ ᠭᠠᠵᠠᠷ ᠤᠷᠤᠨ ᠤ ᠶᠠᠳᠠᠭᠤ ᠬᠦᠴᠢᠷᠳᠠᠯᠳᠠᠢ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠬᠤ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠪᠤᠯᠤᠨ᠎ᠠ᠃     ᠮᠠᠨ ᠤ ᠠᠶᠢᠮᠠᠭ ᠤᠯᠠᠨ ᠵᠢᠯ ᠤᠨ ᠲᠤᠷᠰᠢ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠶᠠᠳᠠᠭᠤ ᠠᠴᠠ  ᠠᠩᠬᠢᠵᠢᠷᠠᠭᠤᠯᠬᠤ  ᠪᠤᠭᠤᠮᠳᠠ  ᠰᠢᠪᠳᠤᠯᠬᠤ  ᠲᠠᠶᠢᠯᠠᠯᠳᠤᠭᠠᠨ ᠤ ᠴᠢᠬᠤᠯᠠ ᠨᠢᠬᠡ ᠠᠭᠤᠯᠭ᠎ᠠ ᠪᠤᠯᠭᠠᠨ ᠠᠳᠬᠤᠵᠤ᠂ ᠰᠤᠷᠭᠠᠨ  ᠬᠦᠮᠦᠵᠢᠯ ᠤᠨ ᠦᠢᠯᠡᠰ ᠤᠨ ᠪᠡᠯᠡ ᠤᠷᠤᠭᠤᠯᠤᠯᠳᠠ ᠪᠠᠨ ᠲᠠᠰᠤᠷᠠᠯᠳᠠ ᠦᠬᠡᠢ ᠨᠡᠮᠡᠭᠳᠡᠬᠦᠯᠵᠦ᠂ ᠰᠠᠭᠤᠷᠢ ᠲᠦᠬᠦᠬᠡᠷᠦᠮᠵᠢ ᠪᠠᠨ ᠰᠢᠯᠢᠳᠡᠭᠵᠢᠬᠦᠯᠵᠦ᠂ ᠪᠠᠭᠰᠢ  ᠶᠢᠨ  ᠡᠩᠨᠡᠭᠡ ᠪᠠᠨ  ᠬᠦᠴᠦᠷᠬᠡᠭᠵᠢᠬᠦᠯᠵᠦ᠂ ᠵᠢᠭᠠᠨ ᠰᠤᠷᠭᠠᠯᠳᠠ ᠶᠢᠨ ᠴᠢᠨᠠᠷᠵᠢᠯ ᠢᠶᠠᠨ ᠲᠡᠬᠡᠭᠰᠢᠯᠡᠬᠦᠯᠦᠨ᠂ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠠᠬᠢᠭᠤᠯᠤᠭᠰᠠᠭᠠᠷ ᠢᠷᠡᠪᠡ᠃ ᠮᠦᠨᠴᠦ ᠶᠠᠳᠠᠭᠤ ᠬᠦᠴᠢᠷᠳᠡᠯᠳᠠᠢ ᠡᠷᠦᠬᠡ ᠶᠢᠨ ᠰᠤᠷᠤᠭᠴᠢᠳ ᠢ ᠢᠯᠭᠠᠨ ᠲᠤᠭᠳᠠᠭᠠᠨ ᠳᠠᠩᠰᠠᠯᠠᠬᠤ ᠠᠵᠢᠯ ᠢ ᠰᠠᠶᠢᠳᠤᠷ ᠬᠢᠵᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠪᠦᠬᠦ ᠠᠶᠢᠮᠠᠭ ᠤᠨ ᠠᠮᠢᠳᠤᠷᠠᠯ ᠬᠦᠴᠢᠷᠳᠡᠯᠳᠠᠢ ᠡᠷᠦᠬᠡ ᠶᠢᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠤ ᠰᠤᠷᠭᠠᠭᠤᠯᠢ ᠠᠴᠠ ᠪᠠᠨ ᠲᠤᠷᠭᠤᠨ ᠵᠤᠭᠰᠤᠭᠰᠠᠨ ᠬᠦᠮᠦᠨ ᠦᠬᠡᠢ ᠪᠠᠶᠢᠬᠤ ᠶᠢ ᠪᠡᠶᠡᠯᠡᠬᠦᠯᠵᠦ᠂ ᠠᠮᠢᠳᠤᠷᠠᠯ ᠬᠦᠴᠢᠷᠳᠠᠯᠳᠠᠢ ᠡᠷᠦᠬᠡ ᠶᠢᠨ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠬᠠᠷᠠᠭᠠᠯᠵᠠᠯ ᠬᠦᠷᠳᠡᠬᠡᠵᠦ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠠᠨ ᠳᠤ ᠬᠦᠷᠬᠡᠨ ᠰᠢᠯᠢᠳᠡᠭᠵᠢᠬᠦᠯᠵᠠᠢ᠃ ᠡᠬᠦᠨ ᠤ ᠬᠠᠮᠳᠤ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠭᠤᠤᠯᠳᠠᠯᠭ᠎ᠠ ᠲᠠᠢ ᠠᠳᠬᠤᠵᠤ᠂ ᠶᠠᠳᠠᠭᠤ ᠬᠦᠴᠢᠷᠳᠡᠯᠳᠠᠢ ᠡᠷᠦᠬᠡ ᠶᠢᠨ ᠦᠷ᠎ᠡ ᠬᠡᠦᠬᠡᠳ ᠲᠤ ᠠᠵᠢᠯ ᠮᠡᠷᠬᠡᠵᠢᠯ ᠤᠨ ᠴᠢᠳᠠᠪᠤᠷᠢ ᠶᠢ ᠡᠵᠡᠮᠰᠢᠬᠦᠯᠬᠦ ᠪᠠᠷ ᠲᠠᠮᠵᠢᠨ ᠲᠡᠳᠡᠨᠡᠷ ᠤᠨ ᠠᠵᠢᠯ ᠤᠯᠭᠤᠯᠳᠠ ᠪᠠ ᠦᠢᠯᠡᠰ ᠪᠤᠰᠬᠠᠬᠤ ᠶᠢ ᠲᠡᠮᠵᠢᠨ ᠲᠡᠳᠬᠦᠵᠦ᠂ ᠬᠡᠷ ᠪᠦᠯᠢ ᠶᠢ ᠨᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃     ᠶᠠᠳᠠᠭᠤ ᠶᠢ ᠲᠡᠳᠬᠦᠬᠦ ᠠᠵᠢᠯ ᠪᠤᠯ ᠤᠷᠳᠤ ᠬᠤᠭᠤᠴᠠᠭᠠᠨ ᠤ ᠠᠵᠢᠯ ᠮᠦᠨ᠃ ᠶᠠᠭ ᠡᠶᠢᠨ ᠬᠦ ᠤᠷᠳᠤ ᠬᠤᠭᠤᠴᠠᠭᠠᠨ ᠤ ᠲᠤᠷᠰᠢ ᠡᠯ᠎ᠠ ᠱᠠᠳᠤᠨ ᠤ ᠬᠢᠨ ᠬᠠᠮᠳᠤᠷᠠᠨ ᠬᠦᠳᠡᠯᠦᠯᠴᠡᠵᠦ᠂ ᠰᠡᠳᠬᠢᠯ ᠨᠢᠬᠡᠳᠦᠨ ᠴᠢᠷᠮᠠᠶᠢᠭᠰᠠᠨ ᠠᠴᠠ ᠶᠠᠳᠠᠭᠤ ᠶᠢ ᠲᠡᠳᠬᠦᠬᠦ ᠠᠵᠢᠯ ᠢᠯᠡᠳᠳᠡ ᠦᠷ᠎ᠡ ᠪᠦᠳᠦᠮᠵᠢ ᠤᠯᠤᠭᠰᠠᠨ ᠶᠤᠮ᠃ ᠤᠳᠤᠬᠠᠨ ᠳᠤ ᠮᠦᠨ ᠬᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠤᠭᠳᠤ ᠰᠤᠯᠠᠷᠠᠭᠤᠯᠤᠯ ᠦᠬᠡᠢ ᠠᠳᠬᠤᠵᠤ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠮᠦᠨ ᠬᠦ ᠬᠤᠶᠢᠰᠢᠳᠠ ᠶᠢᠨ ᠬᠤᠭᠤᠴᠠᠭᠠᠨ ᠤ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠪᠤᠯᠭᠠᠵᠤ᠂ ᠶᠠᠳᠠᠭᠤ ᠠᠴᠠ ᠠᠩᠬᠢᠵᠢᠷᠠᠭᠰᠠᠨ ᠦᠷ᠎ᠡ ᠪᠦᠳᠦᠬᠡᠯ ᠢ ᠪᠠᠳᠤᠳᠬᠠᠵᠤ᠂ ᠲᠠᠬᠢᠨ ᠶᠠᠳᠠᠭᠤᠷᠠᠬᠤ ᠠᠴᠠ ᠰᠡᠷᠬᠡᠶᠢᠯᠡᠨ᠂ ᠰᠤᠷᠭᠠᠨ ᠬᠦᠮᠦᠵᠢᠯ ᠤᠨ ᠬᠦᠭᠵᠢᠯᠳᠡ ᠪᠠᠷ ᠭᠠᠵᠠᠷ ᠤᠷᠤᠨ ᠤ ᠠᠵᠤ ᠠᠬᠤᠢ᠂ ᠨᠡᠶᠢᠬᠡᠮ ᠤᠨ ᠬᠦᠭᠵᠢᠯᠳᠡ ᠶᠢ ᠲᠠᠶᠢᠴᠢᠯᠠᠨ᠂ ᠬᠦᠮᠦᠨ ᠠᠮᠠ ᠶᠢᠨ ᠶᠡᠷᠦᠩᠬᠡᠶᠢᠯᠡᠭᠰᠡᠨ ᠴᠢᠨᠠᠷ ᠴᠢᠨᠰᠠᠭ᠎ᠠ ᠶᠢ  ᠦᠷᠬᠦᠯᠵᠢᠯᠡᠨ ᠲᠡᠬᠡᠭᠰᠢᠯᠡᠬᠦᠯᠦᠨ᠂ ᠶᠠᠳᠠᠭᠤ ᠬᠦᠴᠢᠷᠳᠡᠯᠳᠠᠢ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠪᠠᠯ ᠵᠤᠬᠢᠯᠳᠠᠢ ᠪᠢᠯᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号