ᠤᠷᠬᠢᠯᠦᠮ᠎ᠠ ᠬᠠᠯᠠᠭᠤᠨ ᠰᠡᠳᠬᠢᠯᠭᠡ ᠪᠠᠷ ᠦᠢᠯᠡᠰ ᠪᠦᠲᠦᠭᠡᠵᠤ ᠵᠢᠳᠬᠦᠯ ᠴᠢᠷᠮᠠᠶᠢᠯᠭ᠎ᠠ ᠭᠠᠷᠭᠠᠰᠤᠭᠠᠢ
ᠨᠡᠶᠢᠲᠡᠯᠡᠭᠰᠡᠨ ᠴᠠᠭ᠄
2020/12/28
    ᠴᠢᠨᠠᠷ ᠰᠠᠶᠢᠳᠠᠢ ᠬᠦᠭᠵᠢᠯᠲᠡ ᠶᠢ ᠪᠡᠶᠡᠯᠡᠬᠦᠯᠬᠦ ᠳᠤ ᠰᠠᠶᠢᠨ ᠰᠡᠳᠬᠢᠴᠡ ᠰᠠᠶᠢᠨ ᠠᠷᠭ᠎ᠠ ᠭᠡᠮᠵᠢᠶ᠎ᠠ ᠱᠠᠭᠠᠷᠳᠠᠭᠳᠠᠬᠤ ᠮᠦᠷᠲᠡᠭᠡᠨ ᠨᠡᠩ ᠴᠤ ᠵᠤᠬᠢᠶᠠᠨ ᠪᠠᠶᠢᠭᠤᠯᠤᠯᠳᠠ ᠪᠠᠷ ᠠᠬᠢᠭᠤᠯᠬᠤ ᠪᠠ ᠺᠠᠳ᠋ᠷ ᠤᠨ ᠤᠷᠬᠢᠯᠦᠮ᠎ᠠ ᠬᠠᠯᠠᠭᠤᠨ ᠰᠡᠳᠬᠢᠯᠭᠡ ᠪᠠᠷ ᠦᠢᠯᠡᠰ ᠪᠦᠲᠦᠭᠡᠵᠤ᠂ ᠵᠤᠷᠢᠭᠳᠠᠢ ᠡᠬᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠬᠤ ᠶᠤᠮ᠃ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠬᠦᠷᠭᠡᠯᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠪᠤᠳᠠᠳᠠᠢ ᠠᠵᠢᠯᠯᠠᠵᠤ ᠪᠤᠳᠠᠳᠤ ᠦᠷ᠎ᠠ ᠪᠦᠲᠦᠮᠵᠢ ᠪᠠᠷ ᠮᠠᠨ ᠤ ᠠᠶᠢᠮᠠᠭ ᠤᠨ ᠪᠦᠲᠦᠭᠡᠨ ᠪᠠᠶᠢᠭᠤᠯᠤᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠬᠦ ᠭᠡᠷᠡᠭᠲᠡᠢ᠃     ᠤᠳᠤᠬᠠᠨ ᠳᠤ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠶᠢᠨ ᠡᠬᠦᠷᠭᠡ ᠬᠦᠨᠳᠤ ᠪᠠᠶᠢᠵᠦ᠂ ᠬᠦᠭᠵᠢᠯᠲᠡ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠨ᠎ᠠ᠃ ᠡᠶᠢᠮᠦᠷᠬᠦᠤ ᠴᠠᠭ ᠦᠶ᠎ᠠ ᠳᠤ ᠤᠯᠠᠮ ᠢᠯᠡᠬᠦᠦ ᠤᠭ ᠰᠠᠨᠠᠭ᠎ᠠ ᠪᠠᠨ ᠪᠠᠳᠤ ᠴᠡᠭᠡᠵᠢᠯᠡᠵᠤ᠂ ᠡᠷᠡᠭᠡᠯᠵᠡᠯ ᠦᠭᠡᠢ ᠡᠬᠦᠷᠭᠡᠯᠡᠵᠤ᠂ ᠪᠤᠴᠠᠯᠳᠠ ᠦᠭᠡᠢ ᠤᠷᠤᠭᠰᠢᠯᠠᠬᠤ ᠲᠡᠮᠡᠴᠡᠯ ᠤᠨ ᠵᠤᠷᠢᠭ ᠰᠠᠨᠠᠭ᠎ᠠ ᠲᠠᠢ ᠪᠠᠶᠢᠬᠤ ᠭᠡᠷᠡᠭᠲᠡᠢ᠃ ᠪᠦᠬᠦ ᠠᠶᠢᠮᠠᠭ ᠤᠨ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠨᠴᠠᠭᠠᠢᠢᠯᠠᠨ ᠤᠳᠤᠷᠢᠳᠬᠤ ᠺᠠᠳ᠋ᠷ ᠵᠦᠪ ᠤᠨᠤᠪᠴᠢᠳᠠᠢ ᠡᠷᠭᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠤᠯᠭᠠᠵᠤ᠂ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠦᠪᠡᠷ ᠤᠨ ᠠᠵᠢᠯ ᠢᠶᠠᠨ ᠴᠢᠷᠮᠠᠶᠢᠨ ᠪᠡᠶᠡᠯᠡᠬᠦᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠭᠳᠠᠭᠠᠭᠰᠠᠨ ᠠᠵᠢᠯ ᠤᠨ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠪᠡᠷᠭᠡᠰᠢᠶᠡᠯ ᠠᠴᠠ ᠠᠶᠤᠬᠤ ᠦᠭᠡᠢ᠂ ᠬᠦᠴᠢᠷ ᠢ ᠰᠦᠷᠦᠨ ᠪᠤᠭᠤᠮᠳᠠ ᠰᠢᠪᠳᠤᠯᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠭᠡᠷᠡᠴᠢᠯᠡᠨ ᠰᠢᠨᠡᠴᠢᠯᠠᠬᠦ᠂ ᠬᠤᠰᠢᠭᠤᠴᠢ ᠪᠤᠯᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠠᠭᠤᠴᠢᠨ ᠰᠡᠳᠬᠢᠬᠦᠢ ᠪᠠᠨ ᠬᠤᠪᠢᠷᠠᠭᠤᠯᠵᠤ᠂ ᠵᠤᠷᠢᠭᠳᠠᠢ ᠪᠠᠷ ᠬᠦᠴᠢᠷ ᠠᠰᠠᠭᠤᠳᠠᠯ ᠢ ᠰᠢᠢᠳᠪᠤᠷᠢᠯᠡᠨ᠂ ᠬᠦᠭᠵᠢᠯᠲᠡ ᠶᠢ ᠠᠬᠢᠭᠤᠯᠬᠤ ᠭᠡᠷᠡᠭᠲᠡᠢ᠃ ᠦᠢᠯᠡᠰ ᠢᠶᠠᠨ ᠲᠡᠭᠡᠲᠦᠯᠡᠵᠤ᠂ ᠪᠤᠳᠠᠳᠠᠢ ᠠᠵᠢᠯᠯᠠᠵᠤ ᠰᠢᠷᠭᠠᠭᠤ ᠠᠵᠢᠯᠯᠠᠵᠤ᠂ ᠠᠵᠤ ᠦᠢᠯᠡᠰ ᠤᠨ ᠬᠦᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠠᠷᠠᠳ ᠤᠨ ᠠᠮᠢᠳᠤᠷᠠᠯ ᠵᠡᠷᠭᠡ ᠪᠦᠬᠦ ᠲᠠᠯ᠎ᠠ ᠳᠤ ᠬᠤᠯᠪᠤᠭᠳᠠᠬᠤ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠦᠢᠯᠡᠰ ᠪᠦᠲᠦᠭᠡᠵᠤ ᠠᠵᠢᠯ ᠤᠯᠭᠤᠬᠤ᠂ ᠰᠤᠷᠭᠠᠨ ᠬᠦᠮᠦᠵᠢᠯ ᠡᠮ ᠡᠮᠨᠡᠯᠭᠡ᠂ ᠠᠮᠤᠭᠤᠯᠠᠩ ᠤᠨ ᠪᠠᠶᠢᠭᠤᠯᠤᠯᠳᠠ ᠵᠡᠷᠭᠡ ᠤᠯᠠᠨ ᠲᠦᠮᠡᠨ ᠤ ᠲᠤᠰ ᠪᠠᠶ᠎ᠠ ᠶᠢᠨ ᠠᠰᠢᠭ ᠲᠤᠰᠠ ᠳᠤ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠨᠢᠭᠡᠲᠦᠯᠲᠡᠢ ᠲᠦᠯᠦᠪᠵᠢᠬᠦᠯᠦᠨ ᠠᠬᠢᠭᠤᠯᠵᠤ᠂ ᠪᠦᠬᠦ ᠠᠶᠢᠮᠠᠭ ᠤᠨ ᠡᠯ᠎ᠡ ᠲᠠᠯ᠎ᠠ ᠶᠢᠨ ᠦᠢᠯᠡᠰ ᠤᠨ ᠪᠦᠬᠦᠯᠢ ᠴᠤᠭᠴᠠ ᠪᠠᠷ ᠲᠡᠭᠡᠭᠰᠢᠯᠡᠵᠤ᠂ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠬᠤ ᠭᠡᠷᠡᠭᠲᠡᠢ᠃     ᠠᠵᠢᠯ ᠬᠢᠵᠦ ᠦᠢᠯᠡᠰ ᠪᠦᠲᠦᠭᠡᠬᠦ ᠳᠤ ᠪᠠᠨ ᠵᠤᠷᠢᠭᠲᠠᠢ ᠡᠬᠦᠷᠭᠡᠯᠡᠵᠦ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠲᠦᠢᠯᠪᠤᠷᠢᠲᠠᠢ ᠰᠠᠶᠢᠨ ᠠᠳᠬᠤᠬᠤ ᠭᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠡᠯ᠎ᠠ ᠲᠠᠯ᠎ᠠ ᠶᠢᠨ ᠠᠵᠢᠯ ᠡᠬᠦᠷᠭᠡ ᠶᠢ ᠡᠷᠡᠰ ᠭᠤᠶᠢᠪᠢᠰᠢ ᠦᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠵᠢᠯ ᠤᠨ ᠠᠬᠢᠴᠠ ᠶᠢ ᠪᠠᠲᠤᠯᠠᠬᠤ ᠭᠡᠷᠡᠭᠲᠡᠢ᠃ ᠠᠵᠢᠯ ᠬᠢᠵᠦ ᠦᠢᠯᠡᠰ ᠪᠦᠲᠦᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠢ ᠵᠤᠷᠢᠭᠵᠢᠭᠤᠯᠤᠨ᠂ ᠦᠨᠳᠦᠰᠦᠨ ᠱᠠᠲᠤᠨ ᠳᠤ ᠬᠦᠨᠵᠡᠬᠡᠶᠢᠷᠡᠨ᠂ ᠪᠤᠳᠠᠳᠠᠢ ᠠᠵᠢᠯ ᠬᠢᠵᠦ᠂ ᠪᠤᠳᠠᠳᠠᠢ ᠦᠷ᠎ᠠ ᠪᠦᠲᠦᠮᠵᠢ ᠭᠠᠷᠭᠠᠵᠦ᠂ ᠦᠢᠯᠡᠳᠦᠯᠭᠡ ᠪᠠ ᠲᠡᠥᠭᠡ ᠶᠢᠨ ᠰᠢᠯᠭᠠᠯᠳᠠ ᠶᠢ ᠲᠠᠭᠠᠭᠠᠵᠦ ᠴᠢᠳᠠᠬᠤ ᠭᠠᠪᠢᠶ᠎ᠠ ᠵᠢᠳᠬᠦᠯ ᠪᠠᠶᠢᠭᠤᠯᠬᠤ ᠭᠡᠷᠡᠭᠲᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号