ᠤᠢᠢᠷ᠎ᠠ ᠳᠤ᠂ ᠠᠶᠢᠮᠠᠭ ᠤᠨ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠦᠩᠬᠡᠨ ᠮᠤᠷᠢᠲᠤ ᠴᠡᠷᠢᠭ︾ | ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠬᠢ ᠠᠪᠠᠭ᠎ᠠ ᠬᠤᠰᠢᠭᠤ᠂ ᠰᠢᠯᠤᠭᠤᠨ ᠬᠦᠪᠡᠭᠡᠲᠤ ᠴᠠᠭᠠᠨ ᠬᠤᠰᠢᠭᠤ᠂ | ᠲᠤᠯᠤᠨ ᠨᠤᠤᠷ ᠰᠢᠶᠠᠨ᠂ ᠬᠦᠪᠡᠭᠡᠲᠤ ᠰᠢᠷ᠎ᠡ ᠬᠤᠰᠢᠭᠤᠨ ᠳᠤ ᠬᠦᠨᠵᠡᠬᠡᠶᠢᠷᠡᠨ᠂ ᠺᠠᠳ᠋ᠷ ᠤᠯᠠᠨ ᠲᠦᠮᠡᠨ ᠳᠤ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠪᠠ᠃ | ᠠᠪᠠᠭ᠎ᠠ ᠬᠤᠰᠢᠭᠤᠨ ᠤ ᠪᠡᠯᠬᠦᠳᠠᠢ ᠪᠠᠯᠭᠠᠰᠤ ᠶᠢᠨ ᠵᠠᠰᠠᠭ ᠤᠨ ᠤᠷᠳᠤᠨ᠂ ᠠᠪᠠᠭ᠎ᠠ ᠬᠤᠰᠢᠭᠤᠨ ᠤ ᠬᠠᠮ | ᠵᠠᠭᠤᠴᠢᠯᠠᠭᠤᠷ ᠤᠨ ᠲᠦᠪ ᠲᠤ᠂ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠬᠢ ᠶᠢᠨ ᠪᠦᠷᠢᠯᠳᠦᠬᠦᠨ | ᠰᠡᠴᠡᠨᠪᠠᠭᠠᠲᠤᠷ ᠪᠦᠬᠦᠲᠡ ᠬᠤᠷᠠᠯ ᠤᠨ ᠲᠡᠥᠬᠡᠲᠤ ᠠᠴᠢ ᠬᠤᠯᠪᠤᠭᠳᠠᠯ᠂ ᠮᠠᠨ ᠤ ᠤᠯᠤᠰ ᠤᠨ ᠰᠢᠨ᠎ᠡ | ᠬᠦᠭᠵᠢᠯᠲᠠ ᠶᠢᠨ ᠱᠠᠲᠤᠨ ᠳᠤ ᠤᠷᠤᠭᠰᠠᠨ ᠴᠢᠬᠤᠯᠠ ᠶᠡᠭᠡ ᠠᠴᠢ ᠬᠤᠯᠪᠤᠭᠳᠠᠯ᠂ ᠠᠰᠢᠭ ᠲᠠᠢ ᠨᠦᠬᠦᠴᠡᠯ ᠪᠠ | ᠴᠢᠬᠤᠯᠠ ᠤᠨᠴᠠᠯᠢᠭ ᠤᠨ ᠲᠤᠭᠤᠷᠢᠨ ᠳᠤ᠂ 2035 ᠤᠨ ᠤ ᠠᠯᠤᠰ ᠤᠨ ᠬᠠᠷᠠᠯᠳᠠ ᠪᠠ ︽ᠠᠷᠪᠠᠨ ᠲᠦᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠮᠠᠨ ᠤ ᠤᠯᠤᠰ ᠤᠨ ᠬᠦᠭᠵᠢᠯᠲᠠ ᠶᠢᠨ ᠵᠢᠯᠤᠭᠤᠳᠬᠤ ᠴᠢᠭᠯᠡᠯ᠂ ᠭᠤᠤᠯ | ᠬᠠᠷᠠᠯᠳᠠ᠂ ᠭᠤᠤᠯᠳᠠᠯᠭ᠎ᠠ ᠲᠠᠢ ᠡᠬᠦᠷᠭᠡ ᠵᠡᠷᠭᠡ ᠠᠭᠤᠯᠭ᠎ᠠ ᠪᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠰᠢᠰᠲ᠋ᠧᠮ ᠲᠠᠢ ᠲᠠᠶᠢᠯᠪᠤᠷᠢᠯᠠᠵᠠᠢ᠃ | ᠰᠢᠯᠤᠭᠤᠨ ᠬᠦᠪᠡᠭᠡᠲᠤ ᠴᠠᠭᠠᠨ ᠬᠤᠰᠢᠭᠤᠨ ᠳᠤ ᠶᠠᠪᠤᠭᠳᠠᠭᠰᠠᠨ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ | ᠤᠬᠠᠭᠤᠯᠤᠨ ᠲᠠᠶᠢᠯᠪᠤᠷᠢᠯᠠᠬᠤ ᠬᠤᠷᠠᠯ ᠲᠡᠭᠡᠷ᠎ᠡ᠂ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠬᠢ ᠶᠢᠨ ᠪᠦᠷᠢᠯᠳᠦᠬᠦᠨ | ᠬᠠᠳᠠ ᠮᠠᠨ ᠤ ᠤᠯᠤᠰ ᠤᠨ ᠤᠳᠤᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠳᠤ ᠲᠤᠯᠭᠠᠷᠠᠵᠦ ᠪᠠᠶᠢᠭ᠎ᠠ | ᠠᠰᠠᠭᠤᠳᠠᠯ᠂ ︽ᠰᠠᠨᠠᠭᠤᠯᠭ᠎ᠠ︾ ᠳᠤ ᠲᠤᠷᠠᠳᠤᠭᠰᠠᠨ ᠭᠤᠤᠯᠳᠠᠯᠭ᠎ᠠ ᠲᠠᠢ ᠡᠬᠦᠷᠭᠡ ᠵᠡᠷᠭᠡ ᠲᠠᠯ᠎ᠠ ᠪᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢᠨ ᠴᠢᠬᠤᠯᠠ ᠠᠴᠢ ᠬᠤᠯᠪᠤᠭᠳᠠᠯ ᠪᠠ ᠦᠢᠯᠡᠳᠦᠯᠭᠡ ᠶᠢᠨ ᠵᠢᠯᠤᠭᠤᠳᠤᠮᠵᠢ ᠶᠢᠨ | ᠦᠢᠯᠡᠳᠦᠯ ᠢ ᠨᠠᠷᠢᠨ ᠲᠠᠶᠢᠯᠪᠤᠷᠢᠯᠠᠵᠠᠢ᠃ ᠰᠢᠯᠤᠭᠤᠨ ᠬᠦᠪᠡᠭᠡᠲᠤ ᠴᠠᠭᠠᠨ ᠬᠤᠰᠢᠭᠤᠨ ᠤ ᠡᠪᠯᠡᠯ ᠤᠨ | ᠲᠦᠯᠦᠭᠡᠯᠡᠭᠴᠢᠳ ᠤᠨ ᠬᠠᠷᠢᠯᠴᠠᠬᠤ ᠦᠷᠳᠡᠭᠡᠨ ᠳᠤ᠂ ᠬᠠᠳᠠ ᠪᠦᠬᠦᠳᠡ ᠬᠤᠷᠠᠯ ᠠᠴᠠ ᠲᠤᠷᠠᠳᠤᠭᠰᠠᠨ ᠰᠢᠨ᠎ᠡ | ᠦᠵᠡᠯ ᠰᠠᠨᠠᠭ᠎ᠠ ᠰᠢᠨ᠎ᠠ ᠦᠵᠡᠯᠳᠡ ᠰᠢᠨ᠎ᠡ ᠨᠤᠳᠠᠯᠠᠯᠳᠠ ᠰᠢᠨ᠎ᠠ ᠱᠠᠭᠠᠷᠳᠠᠯᠭ᠎ᠠ ᠶᠢ ᠨᠢᠮᠪᠠᠢ ᠲᠠᠶᠢᠯᠪᠤᠷᠢᠯᠠᠵᠦ᠂ | ᠰᠤᠷᠤᠯᠴᠠᠭᠰᠠᠨ ᠤᠯᠤᠯᠲᠠ ᠲᠦᠷᠦᠭᠳᠡᠯ ᠢᠶᠠᠨ ᠬᠤᠪᠢᠶᠠᠯᠴᠠᠵᠠᠢ᠃ | ᠬᠦᠪᠡᠭᠡᠲᠦ ᠰᠢᠷ᠎ᠠ ᠬᠤᠰᠢᠭᠤᠨ ᠳᠤ ᠶᠠᠪᠤᠭᠳᠠᠭᠰᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠲᠠᠪᠤᠳᠤᠭᠠᠷ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ | ᠮᠡᠳᠡᠬᠦᠯᠦᠯᠲᠡ ᠶᠢᠨ ᠬᠤᠷᠠᠯ ᠲᠡᠭᠡᠷ᠎ᠠ᠂ ᠤᠬᠠᠭᠤᠯᠤᠨ ᠲᠠᠶᠢᠯᠪᠤᠷᠢᠯᠡᠬᠤ ᠰᠠᠯᠪᠤᠷᠢ ᠠᠩᠬᠢ ᠶᠢᠨ ᠪᠦᠷᠢᠯᠳᠦᠬᠦᠨ ᠡᠦ ᠯᠢᠨ | ᠵᠦᠩ ᠪᠦᠬᠦᠳᠠ ᠬᠤᠷᠠᠯ ᠠᠴᠠ ᠪᠠᠳᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠭ᠎ᠠ︾ ᠶᠢ ᠨᠤᠤᠷᠠᠭᠯᠠᠭᠰᠠᠨ ᠶᠠᠪᠤᠴᠠ᠂ ᠤᠨᠴᠠᠯᠢᠭ᠂ ᠪᠤᠷᠦ ᠲᠦᠯᠦᠪ ᠤᠨ ᠪᠦᠲᠦᠴᠡ᠂ ᠰᠢᠨ᠎ᠡ ᠶᠢ | ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ | ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠬᠤ᠂ ᠰᠢᠨ᠎ᠠ ᠬᠦᠭᠵᠢᠯᠲᠡ ᠶᠢᠨ ᠰᠢᠨ᠎ᠠ ᠪᠠᠶᠢᠷᠢᠰᠢᠯ ᠢ ᠪᠠᠶᠢᠭᠤᠯᠬᠤ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠵᠡᠷᠭᠡ ᠲᠡᠯ᠎ᠡ ᠪᠠᠷ | ᠲᠠᠶᠢᠯᠪᠤᠷᠢᠯᠠᠵᠠᠢ᠃ ᠬᠦᠪᠡᠭᠡᠲᠦ ᠰᠢᠷ᠎ᠡ ᠬᠤᠰᠢᠭᠤᠨ ᠤ ᠰᠢᠨᠠᠪᠤᠯᠠᠭ ᠪᠠᠯᠭᠠᠰᠤᠨ ᠤ ᠡᠷᠳᠡᠨᠢ ᠨᠡᠶᠢᠭᠡᠮ ᠲᠤᠭᠤᠷᠢᠭ ᠲᠤ᠂ | ᠡᠦ ᠯᠢᠨ ᠵᠦᠩ ᠨᠡᠶᠢᠭᠡᠮ ᠲᠤᠭᠤᠷᠢᠭ ᠤᠨ ᠠᠵᠢᠯᠳᠠᠨ᠂ ᠰᠠᠭᠤᠭᠠᠯᠢ ᠠᠷᠠᠳ ᠤᠨ ᠲᠦᠯᠦᠭᠡᠯᠡᠭᠴᠢᠳ ᠲᠠᠢ ᠰᠠᠨᠠᠯ ᠢᠶᠠᠨ | ᠰᠤᠯᠢᠯᠴᠠᠵᠤ᠂ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠢ ᠲᠠᠶᠢᠯᠪᠤᠷᠢᠯᠡᠵᠤ ᠦᠭᠪᠡ᠃ | ᠤᠬᠠᠭᠤᠯᠭ᠎ᠠ ᠲᠠᠶᠢᠯᠦᠮᠵᠢ ᠨᠢ ᠪᠤᠳᠠᠳᠤ ᠪᠠᠶᠢᠳᠠᠯ ᠲᠠᠢ ᠨᠢᠭᠳᠠ ᠬᠠᠷᠢᠯᠴᠠᠵᠤ᠂ ᠤᠨᠤᠯ ᠤᠨ ᠲᠠᠶᠢᠯᠤᠮᠵᠢ | ᠪᠠᠶᠢᠬᠤ ᠠᠴᠠ ᠭᠠᠳᠠᠨ᠎ᠠ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠪᠦᠬᠦᠳᠠ ᠬᠤᠷᠠᠯ ᠠᠴᠠ ᠲᠤᠷᠠᠳᠤᠭᠰᠠᠨ | ᠰᠢᠨ᠎ᠠ ᠬᠦᠭᠵᠢᠯᠲᠡ ᠶᠢᠨ ᠱᠠᠳᠤ᠂ ᠰᠢᠨ᠎ᠠ ᠬᠦᠭᠵᠢᠯᠲᠡ ᠶᠢᠨ ᠪᠠᠶᠢᠷᠢᠰᠢᠯ᠂ ᠰᠢᠨ᠎ᠠ ᠬᠠᠷᠠᠯᠳᠠ ᠡᠬᠦᠷᠭᠡ᠂ ᠴᠢᠨᠠᠷ | ᠰᠠᠶᠢᠳᠠᠢ ᠬᠦᠭᠵᠢᠯᠲᠡ ᠵᠡᠷᠭᠡ ᠴᠢᠬᠤᠯᠠ ᠶᠡᠭᠡ ᠠᠰᠠᠭᠤᠳᠠᠯ ᠢ ᠦᠢᠯᠠᠭᠠᠵᠤ᠂ ᠪᠦᠬᠦᠳᠠ ᠬᠤᠷᠠᠯ ᠤᠨ ᠵᠤᠷᠢᠭ ᠰᠠᠨᠠᠭ᠎ᠠ | ᠮᠠᠨ ᠤ ᠠᠶᠢᠮᠠᠭ ᠲᠤ ᠪᠤᠳᠠᠳᠠᠢ ᠨᠠᠶᠢᠳᠠᠪᠤᠷᠢᠵᠢᠭᠳᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ | ᠪᠠᠶᠢᠵᠤ᠂ ᠮᠡᠰᠢ ᠶᠡᠭᠡ ᠰᠡᠩᠭᠡᠷᠡᠬᠦᠯᠦᠯ ᠪᠤᠯᠵᠠᠢ ᠭᠡᠵᠤ ᠤᠯᠠᠨ ᠢᠶᠠᠷ ᠢᠶᠠᠨ ᠢᠯᠡᠷᠭᠡᠶᠢᠯᠡᠵᠦ ᠪᠠᠶᠢᠪᠠ᠃ | http://mongol.people.com.cn/15833528.html | |