ᠪᠠᠲᠤᠯᠠᠬᠳᠠᠪᠠ︕ ᠡᠨᠡ ᠬᠠᠤᠯᠢ ᠨᠢ ᠴᠡᠷᠢᠭ ᠤᠨ ᠠᠯᠪᠠ ᠠᠴᠠ ᠪᠠᠭᠤᠬᠰᠠᠳ ᠤᠨ ᠡᠷᠬᠡ ᠠᠰᠢᠭ ᠢ ᠨᠠᠩ ᠰᠠᠶᠢᠨ ᠪᠠᠲᠤᠯᠠᠨ᠎ᠠ
ᠨᠡᠶᠢᠲᠡᠯᠡᠭᠰᠡᠨ ᠴᠠᠭ᠄
2020/12/3
    ᠭᠤᠷᠪᠠ ᠤᠳᠠᠭ᠎ᠠ ᠬᠢᠨᠠᠨ ᠵᠦᠪᠯᠡᠭᠦ ᠪᠠᠷ ᠲᠠᠮᠵᠢᠨ ᠠᠷᠪᠠᠨ ᠭᠤᠷᠪᠠᠳᠤᠭᠠᠷ  ᠬᠤᠭᠤᠴᠠᠭᠠᠨ ᠤ  ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ 11᠎ ᠤ ᠡᠳᠦᠷ ᠴᠡᠷᠢᠭ  ᠤᠨ ᠠᠯᠪᠠ ᠠᠴᠠ ᠪᠠᠭᠤᠬᠰᠠᠳ ᠤᠨ ᠪᠠᠲᠤᠯᠠᠭ᠎ᠠ  ᠶᠢᠨ  ᠬᠠᠤᠯᠢ ᠶᠢ  ᠪᠠᠲᠤᠯᠠᠪᠠ᠃  ᠲᠣᠰ  ᠬᠠᠤᠯᠢ ᠎ ᠶᠢ   2021ᠣᠨ  ᠤ  1 ᠰᠠᠷ᠎ᠠ ᠎ ᠶᠢᠨ  1᠎ ᠤ  ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃             ᠴᠡᠷᠢᠭ ᠤᠨ ᠠᠯᠪᠠ ᠠᠴᠠ ᠪᠠᠭᠤᠭᠰᠠᠳ ᠤᠨ ᠪᠠᠲᠤᠯᠠᠭ᠎ᠠ ᠶᠢᠨ ᠬᠠᠤᠯᠢ ᠳᠤ ᠶᠡᠷᠦᠩᠬᠡᠶ ᠲᠦᠷᠢᠮ᠂ ᠰᠢᠯᠵᠢᠭᠦᠯᠦᠨ ᠲᠤᠰᠢᠶᠠᠬᠤ ᠪᠠ ᠭᠥᠯᠢᠶᠡᠨ ᠠᠪᠬᠤ᠂ ᠴᠡᠷᠢᠭ ᠤᠨ ᠠᠯᠪᠠ ᠠᠴᠠ ᠪᠠᠭᠤᠬᠰᠠᠳ ᠢ ᠲᠥᠪᠬᠢᠨᠡᠭᠦᠯᠬᠦ᠂ ᠬᠥᠮᠦᠵᠢᠯ  ᠪᠣᠯᠪᠠᠰᠤᠷᠠᠭᠤᠯᠤᠯ᠂ ᠠᠵᠢᠯ ᠣᠯᠵᠤ ᠦᠢᠯᠡᠰ ᠪᠤᠰᠬᠠᠬᠤ᠂ ᠠᠰᠠᠷᠠᠮᠵᠢ ᠬᠠᠷᠠᠭᠠᠯᠵᠠᠯ᠂ ᠰᠠᠶᠢᠰᠢᠶᠠᠯ ᠵᠤᠷᠢᠬᠵᠢᠭᠤᠯᠤᠯ᠂ ᠦᠢᠯᠡᠴᠢᠯᠡᠭᠡ  ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ ᠭᠡᠭᠦ 10 ᠪᠦᠯᠦᠭ ᠪᠠᠭᠲᠠᠵᠤ᠂ ᠨᠡᠶᠢᠲᠡ 85 ᠵᠤᠷᠪᠤᠰ ᠪᠤᠢ᠃             ᠴᠡᠷᠢᠭ ᠤᠨ ᠠᠯᠪᠠ ᠠᠴᠠ ᠪᠠᠭᠤᠬᠰᠠᠳ ᠤᠨ ᠪᠠᠳᠤᠯᠠᠭ᠎ᠠ ᠶᠢᠨ ᠬᠠᠤᠯᠢ ᠳᠤ᠂ ᠴᠡᠷᠢᠭ ᠤᠨ ᠠᠯᠪᠠ ᠠᠴᠠ ᠪᠠᠭᠤᠬᠰᠠᠳ ᠢ ᠬᠦᠨᠳᠦᠳᠬᠡᠡ ᠬᠠᠶᠢᠷᠠᠯᠠᠬᠤ ᠪᠣᠯ ᠨᠡᠶᠢᠭᠡᠮ ᠲᠠᠶᠠᠭᠠᠷ ᠤᠨ ᠬᠠᠮᠲᠤ ᠶᠢᠨ ᠬᠠᠷᠢᠭᠤᠴᠠᠯᠭ᠎ᠠ ᠮᠥᠨ᠃ ᠤᠯᠤᠰ ᠠᠴᠠ ᠴᠡᠷᠢᠭ ᠤᠨ ᠠᠯᠪᠠ ᠠᠴᠠ ᠪᠠᠭᠤᠭᠰᠠᠳ ᠢ  ᠬᠠᠯᠠᠮᠵᠢᠯᠠᠨ ᠬᠠᠷᠠᠭᠠᠯᠵᠠᠵᠤ᠂ ᠴᠡᠷᠢᠭ ᠎ ᠤᠨ ᠠᠯᠪᠠ  ᠠᠴᠠ ᠪᠠᠭᠤᠭᠰᠠᠳ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠪᠠᠭᠤᠭᠰᠠᠳ ᠤᠨ ᠬᠠᠤᠯᠢ ᠶᠣᠰᠣᠭᠠᠷ ᠬᠠᠷᠠᠭᠠᠯᠵᠠᠬᠰᠠᠨ‌ᠡᠷᠬᠡ ᠠᠰᠢᠭ ᠡᠳ᠋ᠯᠡᠬᠦ ᠶᠢ ᠪᠠᠲᠤᠯᠠᠨ᠎ᠠ ᠭᠡᠵᠦ ᠲᠤᠳᠤᠷᠬᠠᠢ ᠲᠤᠬᠳᠠᠭᠠᠪᠠ᠃             ᠴᠡᠷᠢᠭ ᠤᠨ ᠠᠯᠪᠠ ᠠᠴᠠ ᠪᠠᠭᠤᠬᠰᠠᠳ ᠤᠨ ᠬᠠᠷᠠᠭᠠᠯᠵᠠᠯ ᠢ ᠬᠡᠷᠬᠢᠨ ᠲᠣᠭᠲᠠᠭᠠᠬᠤ ᠪᠣᠶ  ᠬᠡᠪᠡᠯ  ᠲᠣᠰ  ᠬᠠᠤᠯᠢ ᠳᠤ᠂ ᠴᠡᠷᠢᠭ ᠤᠨ ᠠᠯᠪᠠ ᠠᠴᠠ ᠪᠠᠭᠤᠬᠰᠠᠳ ᠤᠨ ᠤᠯᠤᠰ ᠲᠥᠷᠥ᠂ ᠠᠮᠢᠳᠤᠷᠠᠯ ᠵᠡᠷᠭᠡ ᠬᠠᠷᠠᠭᠠᠯᠵᠠᠯ ᠢ ᠲᠡᠭᠦᠨ ᠤ ᠴᠡᠷᠢᠭ ᠤᠨ ᠠᠯᠪᠠ ᠬᠠᠭᠠᠵᠤ ᠪᠠᠶᠢᠭ᠎ᠠ ᠬᠤᠭᠤᠴᠠᠭᠠᠨ ᠎ ᠳᠠᠭᠠᠨ ᠭᠠᠷᠭᠠᠭᠰᠠᠨ ᠬᠤᠪᠢ ᠨᠡᠮᠡᠷᠢ ᠲᠠᠢ ᠨᠢ ᠬᠤᠯᠪᠣᠭᠳᠠᠭᠤᠯᠤᠨ᠎ᠠ  ᠭᠡᠵᠦ  ᠲᠤᠬᠳᠠᠭᠠᠵᠠᠢ᠃ ᠡᠭᠦᠨ ᠤ ᠬᠠᠮᠲᠤ ᠤᠯᠤᠰ ᠠᠴᠠ ᠲᠠᠶᠢᠨ  ᠳᠤ ᠣᠷᠣᠯᠴᠠᠬᠰᠠᠠ ᠴᠡᠷᠢᠭ ᠎ ᠤᠨ ᠠᠯᠪᠠ ᠠᠴᠠ ᠪᠠᠭᠤᠭᠰᠠᠳ ᠲᠤ ᠣᠨᠴᠠ ᠬᠠᠷᠠᠭᠠᠯᠵᠠᠯ ᠦᠵᠡᠭᠦᠯᠬᠦ ᠲᠣᠭᠲᠠᠴᠠ ᠶᠢ ᠪᠠᠶᠢᠭᠤᠯᠤᠨ᠎ᠠ ᠭᠡᠵᠦ ᠲᠣᠭᠲᠠᠭᠠᠵᠠᠶ᠃ ᠥᠷᠭᠡᠨ ᠣᠯᠠᠨ ᠴᠡᠷᠢᠭ ᠤᠨ ᠠᠯᠪᠠ ᠠᠴᠠ ᠪᠠᠭᠤᠭᠰᠠᠳ ᠤᠨ ᠰᠡᠳᠬᠢᠯ ᠲᠠᠯᠪᠢᠵᠤ ᠪᠠᠶᠢᠭ᠎ᠠ ᠴᠡᠷᠢᠭ ᠤᠨ ᠠᠯᠪᠠ ᠠᠴᠠ ᠪᠠᠭᠤᠬᠰᠠᠨ ᠤ ᠲᠠᠷᠠᠭᠠᠭᠢ ᠲᠥᠪᠬᠢᠨᠡᠭᠦᠯᠬᠦ ᠠᠰᠠᠭᠤᠳᠠᠯ ᠳᠤ  ᠴᠢᠭᠯᠡᠭᠦᠯᠦᠨ ᠬᠠᠤᠯᠢ ᠴᠠᠭᠠᠵᠠ ᠳᠤ᠂ ᠴᠡᠷᠢᠭ ᠎ ᠤᠨ ᠠᠯᠪᠠ ᠠᠴᠠ ᠪᠠᠭᠤᠭᠰᠠᠨ ᠣᠹᠢᠼᠧᠷ ᠢ ᠤᠯᠤᠰ ᠠᠴᠠ ᠠᠵᠢᠯ ᠠᠴᠠ ᠪᠠᠨ ᠪᠠᠭᠤᠵᠤ ᠠᠮᠠᠷᠠᠬᠤ᠂ ᠴᠡᠷᠢᠭ ᠠᠴᠠ ᠰᠢᠯᠵᠢᠭᠦ᠂ ᠰᠠᠷ᠎ᠠ ᠪᠠᠷ ᠨᠢᠭᠡᠴᠢᠯᠡᠨ‌‍ᠴᠡᠷᠢᠭ ᠤᠨ ᠠᠯᠪᠠ ᠠᠴᠠ ᠪᠠᠭᠤᠭᠰᠠᠨ ᠮᠥᠩᠭᠦ ᠠᠪᠬᠤ᠂  ᠴᠡᠷᠢᠭ ᠠᠴᠠ   ᠬᠠᠯᠠᠭᠳᠠᠬᠤ  ᠵᠡᠷᠭᠡ ᠠᠷᠭ᠎ᠠ ᠬᠡᠯᠪᠡᠷᠢ ᠪᠠᠷ ᠲᠣᠬᠢᠲᠠᠶ ᠲᠥᠪᠬᠢᠨᠡᠭᠦᠯᠦᠨ᠎ᠡ᠃ ᠴᠡᠷᠢᠭ ᠤᠨ  ᠠᠯᠪᠠ ᠠᠴᠠ ᠪᠠᠭᠤᠭᠰᠠᠨ ᠲᠦᠷᠦᠭᠦᠴᠢ ᠶᠢ ᠤᠯᠤᠰ ᠠᠴᠠ ᠰᠠᠷ᠎ᠠ ᠪᠠᠷ ᠨᠢᠭᠡᠴᠢᠯᠡᠨ ᠴᠡᠷᠢᠭ ‍ᠤᠨ‌ᠠᠯᠪᠠ ᠠᠴᠠ ᠪᠠᠭᠤᠬᠰᠠᠠ ᠮᠥᠩᠭᠦ ᠠᠪᠬᠤ᠂ ᠪᠡᠶ᠎ᠡ ᠎ ᠪᠠᠨ ᠳᠠᠭᠠᠭᠠᠵᠤ ᠠᠵᠢᠯ ᠤᠯᠬᠤ᠂ ᠠᠵᠢᠯ ᠲᠣᠬᠢᠷᠠᠭᠤᠯᠬᠤ᠂  ᠠᠵᠢᠯ ᠠᠴᠠ ᠪᠠᠨ ᠪᠠᠭᠤᠵᠤ ᠠᠮᠠᠷᠠᠬᠤ᠂ ᠠᠰᠠᠷᠠᠨ  ᠲᠡᠵᠢᠭᠡᠬᠦ  ᠵᠡᠷᠭᠡ  ᠠᠷᠭ᠎ᠠ ᠬᠡᠯᠪᠡᠷᠢ ᠪᠠᠷ ᠲᠣᠬᠢᠲᠠᠶ ᠲᠥᠪᠬᠢᠨᠡᠭᠦᠯᠦᠨ᠎ᠡ᠃ ᠴᠡᠷᠢᠭ ᠤᠨ ᠠᠯᠪᠠ ᠠᠴᠠ ᠪᠠᠭᠤᠭᠰᠠᠨ ᠠᠯᠪᠠᠨ ᠵᠢᠷᠤᠮ ᠤᠨ ᠴᠡᠷᠢᠭ ᠢ ᠤᠯᠤᠰ ᠠᠴᠠ ᠪᠡᠶ᠎ᠡ ᠪᠠᠨ ᠳᠠᠭᠠᠭᠠᠵᠤ ᠠᠵᠢᠯ ᠣᠯᠬᠤ᠂ ᠠᠵᠢᠯ ᠲᠣᠬᠢᠷᠠᠭᠤᠯᠬᠤ᠂ ᠠᠰᠠᠷᠠᠨ ᠲᠡᠵᠢᠭᠡᠬᠦ ᠵᠡᠷᠭᠡ ᠠᠷᠭ᠎ᠠ ᠬᠡᠯᠪᠡᠷᠢ ᠪᠠᠷ ᠲᠣᠬᠢᠲᠠᠶ ᠲᠥᠪᠬᠢᠨᠡᠭᠦᠯᠦᠨ᠎ᠡ ᠭᠡᠵᠦ ᠲᠤᠬᠳᠠᠭᠠᠵᠠᠢ᠃             ᠡᠭᠦᠨ ᠤ ᠬᠠᠮᠲᠤ ᠬᠠᠤᠯᠢ ᠴᠠᠭᠠᠵᠠ ᠳᠤ ᠪᠠᠰᠠ᠂ ᠠᠯᠪᠠᠨ ᠪᠠᠶᠢᠭᠤᠯᠭ᠎ᠠ᠂ ᠤᠯᠠᠨ ᠲᠦᠮᠡᠨ  ᠤ  ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠡ ᠲᠦᠪᠬᠢᠨᠡᠭᠦᠯᠭᠡ ᠪᠠᠷ  ᠴᠡᠷᠢᠭ ᠠᠴᠠ ᠰᠢᠯᠵᠢᠭᠰᠡᠨ ᠣᠹᠢᠼᠧᠷ᠂ ᠠᠵᠢᠯ ᠲᠤᠬᠢᠷᠠᠭᠤᠯᠤᠬᠰᠠᠨ ᠳᠠᠷᠤᠭ᠎ᠠ  ᠪᠠ ᠠᠯᠪᠠᠨ  ᠵᠢᠷᠤᠮ ᠤᠨ ᠴᠡᠷᠢᠭ ᠢ ᠬᠦᠯᠢᠶᠡᠨ ᠠᠪᠤᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠲᠣᠭᠠᠨ ᠤ ᠪᠠᠲᠤᠯᠠᠭ᠎ᠠ ᠥᠭᠬᠦ ᠬᠡᠷᠡᠭᠲᠡᠶ ᠭᠡᠵᠦ ᠲᠤᠬᠳᠠᠭᠠᠵᠠᠢ᠃             ᠬᠥᠮᠦᠵᠢᠯ ᠪᠣᠯᠪᠠᠰᠤᠷᠠᠭᠤᠯᠤᠯ᠂ ᠠᠵᠢᠯ ᠣᠯᠵᠤ ᠦᠢᠯᠡᠰ ᠪᠤᠰᠬᠠᠬᠤ ᠵᠡᠷᠭᠡ ᠲᠠᠯ᠎ᠠ ᠪᠠᠷ᠂ ᠬᠠᠤᠯᠢ  ᠴᠠᠭᠠᠵᠠ ᠳᠤ ᠪᠠᠰᠠ ᠴᠡᠷᠢᠭ ᠎ ᠤᠨ ᠠᠯᠪᠠ ᠎ ᠠᠴᠠ ᠪᠠᠭᠤᠬᠰᠠᠳ ᠲᠤ ︽ᠲᠣᠮᠣ  ᠪᠡᠯᠡᠭ︾   ᠪᠡᠯᠡᠭᠯᠡᠪᠡ᠃  ᠬᠠᠤᠯᠢ  ᠴᠠᠭᠠᠵᠠ ᠳᠤ᠂  ᠶᠡᠭᠡ  ᠳᠡᠭᠡᠳᠦ ᠰᠤᠷᠭᠠᠭᠤᠯᠢ ᠨᠢ ᠤᠯᠤᠰ ᠤᠨ ᠨᠢᠭᠡᠳᠦᠯᠲᠡᠢ ᠲᠥᠯᠥᠪᠵᠢᠭᠦᠯᠭᠡ ᠶᠢ ᠦᠨᠳᠦᠰᠦᠯᠡᠨ᠂ ᠲᠤᠰᠠᠭᠠᠷ ᠲᠥᠯᠥᠪᠯᠡᠭᠡ ᠲᠤᠬᠳᠠᠭᠠᠬᠤ᠂ ᠲᠤᠰᠠᠭᠠᠷ ᠰᠤᠷᠤᠭᠴᠢ ᠡᠯᠰᠡᠬᠦ ᠵᠡᠷᠭᠡ ᠠᠷᠭ᠎ᠠ ᠬᠡᠯᠪᠡᠷᠢ ᠪᠠᠷ ᠴᠡᠷᠢᠭ ᠤᠨ ᠠᠯᠪᠠ ᠠᠴᠠ ᠪᠠᠭᠤᠭᠰᠠᠳ ᠢ ᠡᠯᠰᠡᠵᠦ ᠪᠣᠯᠤᠨ᠎ᠠ ᠭᠡᠵᠦ ᠲᠤᠬᠳᠠᠭᠠᠵᠠᠢ᠃ ᠡᠭᠦᠨ ᠤ ᠬᠠᠮᠲᠤ᠂ ᠴᠡᠷᠢᠭ ᠤᠨ ᠠᠯᠪᠠ ᠠᠴᠠ ᠪᠠᠭᠤᠭᠰᠠᠳ  ᠵᠢᠵᠢᠭ  ᠪᠢᠴᠢᠯ  ᠠᠵᠤ  ᠠᠬᠤᠶᠢᠯᠠᠯ ᠢ  ᠡᠭᠦᠳᠦᠨ ᠪᠠᠶᠢᠭᠤᠯᠬᠤ ᠳᠤ ᠤᠯᠤᠰ ᠤᠨ ᠬᠤᠯᠪᠣᠭᠳᠠᠯ ᠪᠦᠬᠦᠢ  ᠲᠣᠭᠲᠠᠭᠠᠯ  ᠶᠣᠰᠣᠭᠠᠷ  ᠦᠢᠯᠡᠰ  ᠪᠤᠰᠬᠠᠬᠤ  ᠲᠠᠭᠠᠭᠠᠯᠲᠠᠲᠤ  ᠵᠢᠭᠡᠯᠡᠯᠭᠡ ᠭᠤᠶᠤᠴᠢᠯᠠᠵᠤ ᠪᠣᠯᠬᠤ ᠪᠥᠭᠡᠳ ᠬᠦᠦ ᠮᠦᠡᠭᠭᠦ ᠶᠢ ᠨᠢ ᠤᠷᠤᠯᠠᠨ ᠥᠭᠬᠦ ᠵᠡᠷᠭᠡ ᠪᠡᠯᠡ  ᠲᠣᠬᠢᠷᠠᠭᠤᠯᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ ᠭᠡᠵᠦ ᠲᠤᠬᠳᠠᠭᠠᠵᠠᠢ᠃           ᠡᠭᠦᠨ ᠠᠴᠠ ᠭᠠᠳᠠᠨ᠎ᠠ᠂ ᠬᠠᠤᠯᠢ ᠴᠠᠭᠠᠵᠠ ᠳᠤ ᠪᠠᠰᠠ ᠠᠰᠠᠷᠠᠮᠵᠢ ᠬᠠᠷᠠᠭᠠᠯᠵᠠᠯ᠂  ᠰᠠᠶᠢᠰᠢᠶᠠᠯ  ᠵᠤᠷᠢᠬᠵᠢᠭᠤᠯᠤᠯ᠂ ᠦᠢᠯᠡᠴᠢᠯᠡᠭᠡ  ᠬᠠᠮᠢᠶᠠᠷᠤᠯᠲᠠ  ᠵᠡᠷᠭᠡ  ᠠᠵᠢᠯ ᠎ ᠳᠤ  ᠲᠣᠭᠲᠠᠭᠠᠯ  ᠭᠠᠷᠭᠠᠪᠠ᠂ ᠵᠢᠱᠢᠶᠡᠯᠡᠪᠡᠯ ᠴᠡᠷᠢᠭ  ᠤᠨ ᠠᠯᠪᠠ ᠠᠴᠠ ᠪᠠᠭᠤᠬᠰᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ᠂ ᠦᠷᠡᠵᠢᠯ ᠵᠡᠷᠭᠡ ᠨᠡᠶᠢᠭᠡᠮ ᠤᠨ ᠳᠠᠭᠠᠳᠬᠠᠯ ᠳᠤ ᠬᠠᠤᠯᠢ ᠶᠣᠰᠣᠭᠠᠷ ᠤᠷᠤᠯᠴᠠᠵᠤ᠂ ᠵᠤᠬᠢᠴᠠᠩᠭᠤᠢ ᠬᠠᠷᠠᠭᠠᠯᠵᠠᠯ ᠬᠦᠷᠲᠡᠭᠦ ᠶᠢ  ᠲᠣᠳᠣᠷᠬᠠᠶ ᠲᠣᠭᠲᠠᠭᠠᠵᠠᠶ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号