ᠬᠠᠷᠠᠭ᠎ᠠ ᠮᠠᠭᠤᠳᠠᠬᠤ ᠨᠢ ᠤᠷᠮ᠎ᠠ ᠶᠢ ᠨᠦᠯᠦᠭᠡᠯᠡᠨ᠎ᠡ
ᠨᠡᠶᠢᠲᠡᠯᠡᠭᠰᠡᠨ ᠴᠠᠭ᠄
2020/12/30
    ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠬᠠᠮᠤᠬ ᠤᠨ ᠰᠢᠨ᠎ᠡ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠬᠠᠷᠠᠭ᠎ᠠ ᠵᠢᠭᠠᠬᠠᠨ ᠮᠠᠭᠤᠳᠠᠭᠰᠠᠨ ᠴᠤ ᠤᠢᠢᠳᠬᠠᠷᠯᠠᠬᠤ ᠪᠠ ᠭᠠᠭᠴᠠᠭᠠᠷᠳᠠᠬᠤ ᠲᠦᠭᠰᠢᠬᠦᠷᠢ ᠶᠢ ᠨᠡᠮᠡᠭᠳᠡᠬᠦᠯᠵᠦ ᠮᠡᠳᠡᠬᠦ ᠪᠦᠭᠡᠳ ᠤᠷᠮ᠎ᠠ ᠰᠡᠳᠬᠢᠯᠭᠡ ᠶᠢ ᠮᠠᠭᠤᠳᠠᠭᠤᠯᠤᠨ᠂ ᠡᠷᠡᠬᠦᠯ ᠮᠡᠨᠳᠦ ᠶᠢ ᠨᠦᠯᠦᠬᠡᠯᠡᠵᠦ ᠮᠡᠳᠡᠨ᠎ᠡ᠃ ᠰᠤᠳᠤᠯᠭᠠᠳᠠᠳ 11.2 ᠲᠦᠮᠡᠨ 40 ~ 74 ᠨᠠᠰᠤᠨ ᠤ ᠳᠤᠷᠰᠢᠯᠳᠠ ᠳᠤ ᠤᠷᠤᠯᠴᠠᠭᠴᠢ ᠶᠢᠨ ᠨᠢᠳᠤᠨ ᠤ ᠡᠷᠡᠬᠦᠯ ᠮᠡᠨᠳᠦ ᠵᠢᠴᠢ ᠤᠷᠮ᠎ᠠ ᠰᠡᠳᠬᠢᠯᠭᠡ ᠶᠢᠨ ᠬᠤᠪᠢᠷᠠᠯᠳᠠ ᠶᠢ ᠪᠠᠭᠳᠠᠭᠠᠭᠰᠠᠨ ᠬᠠᠮᠢᠶ᠎ᠠ ᠪᠦᠬᠦᠢ ᠡᠷᠡᠬᠦᠯ ᠮᠡᠨᠳᠦ ᠶᠢᠨ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠳᠤ ᠤᠯᠠᠩᠬᠢ ᠨᠢ ᠴᠠᠭᠠᠨ ᠬᠠᠷᠠᠩ᠂ ᠴᠡᠩᠭᠡᠷ ᠬᠠᠷᠠᠩ ᠪᠤᠶᠤ ᠰᠢᠷ᠎ᠠ ᠳᠤᠯᠪᠤ ᠶᠢᠨ ᠴᠢᠨᠠᠷ ᠨᠢ ᠬᠤᠪᠢᠷᠠᠭᠰᠠᠨ ᠵᠡᠷᠭᠡ ᠬᠠᠷᠠᠭ᠎ᠠ ᠮᠠᠭᠤᠳᠠᠬᠰᠠᠨ ᠢᠯᠡᠷᠡᠯ ᠲᠠᠢ ᠪᠠᠶᠢᠪᠠ᠃ ᠡᠬᠦᠨ ᠳᠤ᠂ ᠨᠢᠳᠦ ᠡᠷᠡᠬᠦᠯ ᠬᠦᠮᠦᠰ ᠲᠠᠢ ᠬᠠᠷᠢᠴᠠᠭᠤᠯᠪᠠᠯ᠂ ᠬᠠᠷᠠᠭ᠎ᠠ ᠵᠢᠭᠠᠬᠠᠨ ᠮᠠᠭᠤ ᠬᠦᠮᠦᠰ ᠤᠨ ᠦᠪᠡᠷ ᠤᠨ ᠢᠶᠠᠨ ᠪᠡᠶ᠎ᠡ ᠮᠠᠭᠤ ᠭᠡᠵᠦ ᠶᠠᠷᠢᠭᠠᠳ ᠪᠠᠶᠢᠳᠠᠭ ᠬᠠᠷᠢᠴᠠᠯ ᠨᠢ 12%᠎ ᠢᠶᠠᠷ ᠦᠨᠳᠦᠷ ᠪᠠᠶᠢᠯ᠎ᠠ᠃ ᠡᠳᠡᠭᠡᠷ ᠬᠠᠷᠠᠭ᠎ᠠ ᠮᠠᠭᠤ ᠬᠦᠮᠦᠰ ᠤᠨ ᠳᠤᠮᠳᠠᠬᠢ 14%᠎ ᠨᠢ ᠤᠢᠢᠳᠬᠠᠷᠯᠠᠬᠤ ᠭᠡᠮ᠂ ᠵᠤᠪᠠᠨᠢᠬᠤ ᠭᠡᠮ ᠪᠠ ᠪᠤᠰᠤᠳ ᠤᠶᠤᠨ ᠰᠠᠨᠠᠭᠠᠨ ᠤ ᠡᠷᠡᠬᠦᠯ ᠮᠡᠨᠳᠦ ᠶᠢᠨ ᠠᠰᠠᠭᠤᠳᠠᠯ ᠠᠴᠠ ᠪᠤᠯᠵᠤ ᠵᠠᠰᠠᠯᠭ᠎ᠠ ᠬᠢᠯᠭᠡᠵᠦ ᠪᠤᠢ᠃ ᠰᠤᠳᠤᠯᠭᠠᠳᠠᠳ ᠤᠨ ᠵᠠᠳᠠᠯᠤᠯᠳᠠ ᠪᠠᠷ᠂ ᠲᠡᠷᠭᠡ ᠵᠢᠯᠤᠭᠤᠳᠬᠤ ᠶᠢ ᠨᠦᠯᠦᠭᠡᠯᠡᠬᠦ ᠦᠭᠡᠢ ᠪᠠᠭ᠎ᠠ ᠬᠠᠷᠠᠭᠠᠨ ᠤ ᠬᠠᠷᠰᠢ ᠨᠢ ᠴᠤ ᠭᠡᠰᠡᠨ ᠬᠦᠮᠦᠨ ᠤ ᠢᠳᠡᠭᠡᠨ ᠤᠮᠳᠠᠭᠠᠨ ᠤ ᠳᠠᠳᠬᠠᠯ᠂ ᠪᠡᠶ᠎ᠡ ᠶᠢᠨ ᠬᠦᠳᠡᠯᠵᠦ ᠪᠠᠷᠢᠬᠤ ᠬᠢᠷᠢ ᠲᠦᠪᠰᠢᠨ ᠵᠢᠴᠢ ᠨᠡᠶᠢᠭᠡᠮ ᠤᠨ ᠬᠠᠷᠢᠯᠴᠠᠭᠠᠨ ᠤ ᠠᠮᠢᠳᠤᠷᠠᠯ᠂ ᠤᠢᠢᠴᠢᠵᠤ ᠳᠤᠰᠬᠤ ᠵᠡᠷᠭᠡ ᠲᠦᠭᠰᠢᠬᠦᠷᠢ ᠶᠢ ᠨᠡᠮᠡᠭᠳᠡᠬᠦᠯᠦᠨ᠂ ᠡᠬᠦᠨ ᠤ ᠤᠯᠠᠮ ᠠᠴᠠ ᠡᠳᠦᠷ ᠳᠤᠳᠤᠮ ᠤᠨ ᠠᠮᠢᠳᠤᠷᠠᠯ ᠳᠤ ᠮᠠᠭᠤ ᠨᠦᠯᠦᠭᠡ ᠪᠤᠯᠳᠠᠭ᠃ ᠡᠶᠢᠮᠦ ᠠᠴᠠ ᠡᠪᠡᠳᠴᠢᠳᠡᠨ ᠳᠤ ᠠᠮᠢᠳᠤᠷᠠᠯ ᠢ ᠡᠵᠡᠮᠳᠡᠬᠦ ᠴᠢᠳᠠᠪᠤᠷᠢ ᠨᠢ ᠶᠡᠭᠡᠪᠡᠷ ᠮᠠᠭᠤᠳᠠᠭᠰᠠᠨ ᠰᠢᠬ ᠲᠦᠷᠦᠭᠳᠡᠯ ᠦᠭᠴᠦ᠂ ᠰᠡᠳᠬᠢᠯ ᠤᠨ ᠳᠠᠷᠤᠭᠠᠰᠦ ᠨᠡᠩ ᠶᠡᠭᠡᠰᠦᠨ᠂ ᠤᠷᠮ᠎ᠠ ᠰᠡᠳᠬᠢᠯᠭᠡ ᠴᠤ ᠨᠡᠩ ᠮᠠᠭᠤ ᠪᠤᠯᠳᠠᠭ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号