ᠠᠷᠠᠳ ᠲᠦᠮᠡᠨ ᠳᠤ ᠨᠡᠩ ᠵᠤᠯ ᠵᠢᠷᠭᠠᠯᠳᠤ ᠠᠮᠢᠳᠤᠷᠠᠯ ᠢ ᠡᠳ᠋ᠯᠡᠬᠦᠯᠰᠦᠬᠡᠢ
ᠨᠡᠶᠢᠲᠡᠯᠡᠭᠰᠡᠨ ᠴᠠᠭ᠄
2020/12/7
    ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠶᠢᠨ ᠦᠨᠳᠤᠰᠤᠨ ᠬᠠᠷᠠᠯᠳᠠ ᠪᠤᠯ ᠲᠠᠷᠦᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ  ᠶᠠᠪᠣᠳᠠᠯ ᠪᠤᠯᠤᠨ᠎ᠠ᠃ ᠤᠯᠠᠮ ᠬᠦᠴᠢᠷᠲᠠᠯᠳᠠᠢ ᠴᠠᠭ ᠦᠶ᠎ᠠ ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠲᠡ ᠶᠢᠨ ᠦᠵᠠᠯ ᠰᠠᠨᠠᠭ᠎ᠠ ᠶᠢ ᠤᠯᠠᠮ ᠪᠠᠳᠤ ᠪᠤᠢ ᠪᠤᠯᠭᠠᠵᠤ᠂ ᠬᠦᠴᠦᠨ ᠢᠶᠠᠨ ᠲᠦᠪᠯᠡᠷᠡᠬᠦᠯᠦᠨ ᠲᠦᠭᠡᠮᠡᠯ ᠬᠠᠷᠠᠭᠠᠯᠵᠠᠯ ᠤᠨ ᠴᠢᠨᠠᠷᠳᠠᠢ᠂ ᠰᠠᠭᠤᠷᠢ ᠴᠢᠨᠠᠷᠳᠠᠢ᠂ ᠪᠠᠳᠤᠯᠠᠭ᠎ᠠ ᠶᠢᠨ ᠴᠢᠨᠠᠷᠳᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠳᠠ ᠶᠢ ᠰᠠᠶᠢᠳᠤᠷ ᠬᠢᠵᠤ᠂ ᠦᠨᠳᠤᠰᠤᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠲᠡᠯ ᠵᠤᠯ ᠵᠢᠷᠭᠠᠯᠳᠤ ᠲᠦᠷᠦᠭᠲᠡᠯ ᠠᠮᠤᠷ ᠲᠦᠪᠰᠢᠨ ᠤ ᠲᠦᠷᠦᠭᠲᠡᠯ ᠢ ᠤᠯᠠᠮ ᠨᠡᠮᠡᠭᠲᠡᠬᠦᠯᠬᠦ ᠭᠡᠷᠡᠭᠲᠡᠢ᠃     ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠪᠤᠯ ᠮᠠᠨ ᠤ ᠨᠠᠮ ᠤᠨ ᠦᠨᠳᠤᠰᠤᠨ ᠵᠤᠷᠢᠯᠳᠠ ᠪᠤᠯᠤᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠪᠤᠯ ᠨᠠᠮ ᠤᠨ ᠦᠨᠳᠤᠰᠤᠨ ᠵᠤᠷᠢᠯᠳᠠ ᠶᠢ ᠦᠢᠯᠡᠳᠦᠯᠭᠡᠵᠢᠬᠦᠯᠬᠦ ᠱᠠᠭᠠᠷᠳᠠᠯᠭ᠎ᠠ ᠪᠤᠯᠤᠨ᠎ᠠ᠃ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠦᠨᠳᠤᠰᠤᠨ ᠠᠰᠢᠭ ᠲᠤᠰᠠ ᠶᠢ ᠰᠠᠶᠢᠳᠤᠷ ᠪᠡᠶᠡᠯᠡᠬᠦᠯᠤᠨ ᠬᠠᠮᠠᠭᠠᠯᠠᠬᠤ ᠪᠤᠯ ᠨᠠᠮ ᠪᠠ ᠵᠠᠰᠠᠭ ᠤᠨ ᠠᠯᠢᠪᠠ ᠠᠵᠢᠯ ᠤᠨ ᠭᠠᠷᠳᠠᠴᠠ ᠪᠠ ᠵᠤᠭᠰᠤᠴᠠ ᠪᠦᠭᠡᠳ ᠮᠦᠨ ᠴᠤ ᠪᠠᠶᠠᠨ ᠴᠢᠨᠡᠭᠡᠯᠢᠭ ᠪᠤᠯᠪᠠᠰᠤᠨ ᠦᠵᠡᠰᠬᠦᠯᠡᠩᠳᠤ ᠰᠠᠶᠢᠬᠠᠨ ᠵᠤᠯ ᠵᠢᠷᠭᠠᠯᠳᠤ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ ᠶᠢᠨ ᠦᠨᠳᠤᠰᠤ ᠰᠠᠭᠤᠷᠢ ᠪᠤᠯᠤᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ ᠦᠢᠷ᠎ᠠ ᠶᠢᠨ ᠵᠢᠯ ᠳᠤ ᠮᠠᠨ ᠤ ᠠᠶᠢᠮᠠᠭ ᠤᠨ ᠠᠷᠠᠳ ᠤᠨ ᠠᠮᠢᠳᠤᠷᠠᠯ ᠤᠨ ᠠᠵᠢᠯ ᠲᠦᠷᠭᠡᠨ ᠢᠶᠠᠷ ᠤᠷᠤᠭᠰᠢᠯᠠᠭᠰᠠᠨ ᠪᠠᠶᠢᠨ᠎ᠠ᠃ ᠭᠡᠪᠡᠴᠦ ᠪᠢᠳᠠ ᠡᠷᠭᠡᠪᠰᠢ ᠰᠢᠨ᠎ᠠ ᠴᠠᠭ ᠦᠶ᠎ᠠ ᠳᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠱᠠᠭᠠᠷᠳᠠᠯᠭ᠎ᠠ ᠤᠯᠠᠮ ᠦᠨᠳᠤᠷ ᠪᠤᠯᠤᠭᠰᠠᠨ ᠢ ᠤᠯᠵᠤ ᠬᠠᠷᠠᠵᠤ᠂ ᠠᠷᠠᠳ ᠤᠨ ᠠᠮᠢᠳᠤᠷᠠᠯ ᠤᠨ ᠠᠵᠢᠯ ᠳᠤ ᠨᠡᠩ ᠦᠨᠳᠤᠷ ᠱᠠᠭᠠᠷᠳᠠᠯᠭ᠎ᠠ ᠲᠠᠯᠪᠢᠭᠰᠠᠨ ᠢ ᠲᠠᠨᠢᠵᠤ ᠤᠯᠬᠤ ᠭᠡᠷᠡᠭᠲᠡᠢ᠃     ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ ᠳᠤ ᠠᠷᠠᠳ ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠳᠤ ᠡᠵᠡᠮᠳᠡᠵᠤ᠂ ᠠᠷᠠᠳ ᠲᠦᠮᠠᠨ ᠤ ᠬᠦᠰᠡᠯ ᠱᠠᠭᠠᠷᠳᠠᠯᠭ᠎ᠠ ᠳᠤ ᠨᠡᠶᠢᠴᠡᠬᠦᠯᠤᠨ᠂ ᠠᠷᠠᠳ ᠲᠤ ᠨᠡᠩ ᠠᠷᠪᠢᠨ ᠠᠰᠢᠭ ᠬᠦᠷᠲᠡᠬᠡᠬᠦ ᠶᠢ ᠲᠦᠯᠦᠪᠯᠡᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠤᠯᠠᠨ ᠰᠢᠢᠳᠪᠤᠷᠢᠯᠡᠵᠤ᠂ ᠠᠷᠠᠳ ᠤᠨ ᠠᠮᠢᠳᠤᠷᠠᠯ ᠤᠨ ᠲᠤᠳᠠᠭᠤᠳᠠᠯ ᠢ ᠲᠦᠷᠭᠡᠨ ᠨᠦᠬᠦᠪᠦᠷᠢᠯᠡᠵᠤ᠂ ᠦᠭᠡᠷᠡᠴᠢᠯᠡᠯᠲᠡ ᠬᠦᠭᠵᠢᠯᠲᠡ ᠶᠢᠨ ᠦᠷ᠎ᠠ ᠪᠦᠲᠦᠭᠡᠯ ᠢ ᠨᠡᠩ ᠤᠯᠠᠨ ᠨᠡᠩ ᠲᠦᠪ ᠭᠤᠤᠯᠴᠢ ᠪᠠᠷ ᠠᠷᠠᠳ ᠲᠦᠮᠡᠨ ᠳᠤ ᠡᠳ᠋ᠯᠡᠬᠦᠯᠬᠦ ᠭᠡᠷᠡᠭᠲᠡᠢ᠃ ᠤᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠤᠨ ᠲᠤᠭᠤᠷᠢᠨ ᠳᠤ ᠤᠶᠤᠳᠠᠳ᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢᠨ ᠠᠵᠢᠯ ᠢ ᠰᠠᠶᠢᠳᠤᠷ ᠠᠳᠬᠤᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠪᠠ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠶᠡᠭᠡᠪᠡᠷ ᠲᠡᠭᠡᠭᠰᠢᠯᠡᠬᠦᠯᠵᠤ᠂ ᠦᠨᠳᠤᠰᠤᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠭᠡᠮ ᠤᠨ ᠪᠠᠳᠤᠯᠠᠭ᠎ᠠ ᠪᠠ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠬᠦᠯᠲᠡᠷᠵᠢᠬᠦᠯᠤᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠲᠡᠢ᠃ ᠠᠮᠤᠷ ᠲᠤᠭᠳᠠᠭᠤᠨ ᠪᠤᠯ ᠰᠠᠶᠢᠨ ᠰᠠᠶᠢᠬᠠᠨ ᠠᠮᠢᠳᠤᠷᠠᠯ ᠤᠨ ᠤᠷᠢᠳᠠᠯ ᠪᠠ ᠰᠠᠭᠤᠷᠢ ᠪᠤᠯᠤᠨ᠎ᠠ᠃ ᠲᠤᠭᠳᠠᠭᠤᠨ ᠢ ᠬᠠᠮᠠᠭᠠᠯᠠᠬᠤ᠂ ᠠᠮᠤᠷ ᠲᠦᠪᠰᠢᠨ ᠢ ᠬᠠᠮᠠᠭᠠᠯᠠᠬᠤ᠂ ᠡᠶ᠎ᠡ ᠲᠤᠭᠳᠠᠭᠤᠨ ᠢ ᠠᠬᠢᠭᠤᠯᠬᠤ ᠡᠯ᠎ᠡ ᠲᠠᠯ᠎ᠠ ᠶᠢᠨ ᠠᠵᠢᠯ ᠢ ᠰᠤᠯᠠᠷᠠᠭᠤᠯᠤᠰᠢ ᠦᠭᠡᠢ ᠠᠳᠬᠤᠵᠤ᠂ ︽ᠠᠮᠤᠭᠤᠯᠠᠩ ᠰᠢᠯᠢ ᠶᠢᠨ ᠭᠤᠤᠯ︾ ︽ᠬᠠᠤᠯᠢᠵᠢᠯ ᠤᠨ ᠰᠢᠯᠢ ᠶᠢᠨ ᠭᠤᠤᠯ ︾᠎ ᠤᠨ ᠪᠠᠶᠢᠭᠤᠯᠤᠯᠳᠠ ᠶᠢ ᠲᠦᠷᠭᠡᠳᠭᠡᠨ᠂ ᠵᠦᠷᠢᠴᠡᠯ ᠵᠢᠭᠤᠷᠠᠭᠠᠨ ᠢ ᠪᠠᠶᠢᠴᠠᠭᠠᠨ ᠡᠶᠡᠳᠡᠬᠦᠯᠬᠦ ᠶᠢ ᠪᠠᠶᠢᠩᠭᠤ ᠦᠷᠨᠢᠬᠦᠯᠵᠤ᠂ ᠬᠠᠷ᠎ᠠ ᠪᠦᠯᠦᠭᠲᠡᠨ ᠬᠠᠷᠬᠢᠰ  ᠬᠦᠴᠦᠨ ᠢ ᠠᠷᠢᠯᠭᠠᠬᠤ  ᠲᠤᠰᠬᠠᠢ ᠲᠡᠮᠡᠴᠡᠯ ᠢ ᠬᠦᠨᠵᠡᠭᠡᠶᠢᠷᠡᠬᠦᠯᠤᠨ᠂ ᠠᠶᠦᠯᠬᠦᠢ  ᠦᠢᠯᠡᠳᠪᠤᠷᠢᠯᠡᠯ᠂ ᠪᠠᠴᠢᠮ  ᠪᠠᠶᠢᠳᠠᠯ ᠢ  ᠠᠷᠭᠠᠴᠠᠭᠠᠬᠤ ᠬᠠᠮᠢᠶᠠᠷᠤᠯᠳᠠ᠂ ᠰᠦᠯᠵᠢᠶᠠᠨ ᠤ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠠᠵᠢᠯ ᠢ ᠬᠦᠴᠦᠯᠡᠨ ᠠᠳᠬᠤᠵᠤ᠂ ᠴᠢᠨᠠᠷ ᠰᠠᠶᠢᠳᠠᠢ ᠬᠦᠭᠵᠢᠯᠲᠡ ᠳᠤ ᠡᠶ᠎ᠡ ᠲᠤᠭᠳᠠᠭᠤᠨ ᠨᠡᠶᠢᠭᠡᠮ ᠤᠨ ᠤᠷᠴᠢᠨ ᠢ ᠪᠦᠷᠢᠯᠳᠦᠬᠦᠯᠵᠤ ᠦᠭᠬᠦ ᠭᠡᠷᠡᠭᠲᠡᠢ᠃     ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠬᠦ ᠰᠢᠢᠳᠪᠤᠷᠢᠲᠦ ᠢᠯᠡᠯᠲᠡ ᠶᠢ ᠤᠯᠬᠤ ᠶᠠᠪᠤᠴᠠ ᠲᠤᠮᠳᠠ᠂ ᠠᠷᠠᠳ ᠤᠨ ᠠᠮᠢᠳᠤᠷᠠᠯ ᠢ ᠨᠢᠭᠡ ᠮᠦᠴᠡ ᠴᠤ ᠤᠮᠳᠤᠭᠠᠢᠢᠯᠠᠵᠤ ᠪᠤᠯᠬᠤ ᠦᠭᠡᠢ ᠶᠤᠮ᠃ ᠦᠭᠡᠷᠡᠴᠢᠯᠡᠯᠲᠡ ᠬᠦᠭᠵᠢᠯᠲᠡ ᠶᠢᠨ ᠦᠷ᠎ᠠ ᠪᠦᠲᠦᠭᠡᠯ ᠢ ᠨᠡᠩ ᠤᠯᠠᠨ ᠬᠦᠮᠦᠨ ᠳᠤ ᠬᠦᠷᠳᠡᠭᠡᠵᠤ᠂ ᠠᠷᠠᠳ ᠲᠦᠮᠡᠨ ᠤ ᠠᠮᠢᠳᠤᠷᠠᠯ ᠢ ᠨᠡᠩ ᠵᠤᠯ ᠵᠢᠷᠭᠠᠯᠳᠠᠢ ᠪᠤᠯᠭᠠᠪᠠᠯ ᠰᠠᠶ᠋ᠢ ᠦᠨᠢ ᠡᠬᠦᠷᠢᠲᠡ ᠠᠷᠠᠳ ᠲᠦᠮᠡᠨ ᠲᠠᠢ ᠬᠠᠮᠳᠤ ᠵᠤᠭᠰᠤᠵᠤ᠂ ᠰᠡᠳᠬᠢᠯ ᠵᠤᠷᠢᠭ ᠢᠶᠠᠨ ᠨᠢᠭᠳᠠᠷᠠᠭᠤᠯᠤᠨ ᠲᠠᠪᠠᠯᠳᠠᠳᠤ ᠬᠦᠭᠵᠢᠯᠲᠡ ᠶᠢ ᠠᠬᠢᠭᠤᠯᠵᠤ ᠴᠢᠳᠠᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号