︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠶᠢ ᠠᠩᠬᠠᠷᠴᠤ᠂ ᠮᠡᠳᠡᠯᠭᠡ ᠪᠦᠬᠦᠨ ᠢ ᠡᠵᠡᠮᠰᠢᠮᠦ︕
ᠨᠡᠶᠢᠲᠡᠯᠡᠭᠰᠡᠨ ᠴᠠᠭ᠄
2020/2/14
       ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠨᠡᠶᠢᠭᠡᠮ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ ᠪᠠᠶᠢᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠮᠰᠠᠷ ᠢ ᠴᠢᠩᠭᠠᠳᠬᠠᠵᠤ᠂ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠶᠢᠨ ᠬᠤᠯᠪᠣᠭᠳᠠᠯ ᠪᠦᠬᠦᠢ ᠮᠡᠳᠡᠯᠭᠡ ᠶᠢ ᠡᠮᠬᠢᠯᠡᠵᠦ᠂ ᠲᠠ ᠤᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠵᠣᠬᠢᠬᠤ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃       ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾      ︵1989 ᠤᠨ ᠤ 2 ᠰᠠᠷ᠎ᠠ ᠶᠢᠨ 21᠎ ᠤ ᠡᠳᠦᠷ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠠᠴᠠ ᠪᠠᠳᠤᠯᠠᠪᠠ᠃       2004 ᠤᠨ ᠤ 8 ᠰᠠᠷ᠎ᠠ ᠶᠢᠨ 28᠎ ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠃       2013 ᠣᠨ ᠤ 6 ᠰᠠᠷ᠎ᠠ ᠶᠢᠨ 29᠎ ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ﹀ ᠵᠡᠷᠭᠡ ᠠᠷᠪᠠᠨ ᠬᠤᠶᠠᠷ ᠬᠠᠤᠯᠢ ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ︾᠎ ᠢ ᠦᠨᠳᠦᠰᠦᠯᠡᠨ ᠵᠠᠰᠠᠪᠠ︶       ★ ᠵᠣᠷᠢᠯᠭ᠎ᠠ        ᠬᠠᠯᠳᠠᠪᠤᠷᠢᠳᠤ ᠡᠪᠡᠳᠴᠢᠨ ᠤ ᠡᠬᠦᠰᠴᠦ ᠲᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠠᠷᠢᠯᠭᠠᠵᠤ᠂ ᠬᠦᠮᠦᠨ ᠤ ᠪᠡᠶ᠎ᠠ ᠮᠠᠬᠠᠪᠤᠳ ᠤᠨ ᠡᠷᠡᠬᠦᠯ ᠮᠡᠨᠳᠦ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠢ ᠪᠠᠳᠤᠯᠠᠬᠤ ᠶᠢᠨ ᠲᠦᠯᠦᠭᠡ ᠲᠤᠰ ᠬᠠᠤᠯᠢ ᠶᠢ ᠲᠤᠭᠳᠠᠭᠠᠪᠠ᠃       ★ ᠴᠢᠭᠯᠡᠯᠲᠡ ᠪᠠ ᠵᠠᠷᠴᠢᠮ        ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠤᠯ ᠪᠤᠯᠭᠠᠬᠤ ᠴᠢᠭᠯᠡᠯᠳᠡ ᠶᠢ ᠬᠡᠷᠡᠭᠵᠢᠬᠦᠯᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠨ᠂ ᠲᠦᠷᠦᠯ ᠬᠤᠪᠢᠶᠠᠨ ᠬᠠᠮᠢᠶᠠᠷᠴᠤ᠂ ᠰᠢᠨᠵᠢᠯᠡᠬᠦ ᠤᠬᠠᠭᠠᠨ ᠳᠤ ᠲᠦᠰᠢᠭᠯᠡᠨ᠂ ᠤᠯᠠᠨ ᠲᠦᠮᠡᠨ ᠢ ᠲᠦᠰᠢᠭᠯᠡᠨ᠎ᠡ᠃       ★ ᠬᠠᠯᠳᠠᠪᠤᠷᠢᠲᠤ ᠡᠪᠡᠳᠴᠢᠨ ᠤ ᠡᠪᠡᠳᠴᠢᠨ ᠤ ᠲᠥᠷᠥᠯ ᠤᠨ ᠲᠣᠭᠲᠠᠭᠠᠯᠲᠠ᠂ ᠲᠥᠷᠥᠯ ᠬᠤᠪᠢᠶᠠᠷᠢᠯᠠᠯ ᠪᠠ ᠬᠠᠮᠢᠶᠠᠷᠤᠯᠲᠠ        ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠬᠥᠭᠡ ᠲᠦᠷᠦᠯ᠂ ᠬᠥᠬᠡᠭᠴᠢᠨ ᠲᠦᠷᠦᠯ ᠪᠠ ᠤᠯᠠᠭᠠᠨ ᠲᠦᠷᠦᠯ ᠭᠡᠵᠤ ᠬᠤᠪᠢᠶᠠᠨ᠎ᠠ᠃        ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠤᠯᠤᠭᠠᠨ᠎ᠠ ᠬᠢᠵᠢᠭ᠂ ᠬᠤᠯᠢᠷ᠎ᠠ ᠶᠢ ᠵᠢᠭᠠᠵᠤ ᠪᠠᠶᠢᠨ᠎ᠠ᠃        ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠠᠯᠳᠠᠪᠤᠷᠢᠳᠤ ᠴᠢᠨᠠᠷᠳᠠᠢ ᠨᠠᠶᠢᠳᠡᠯᠢᠭ ᠪᠤᠰᠤ ᠬᠡᠯᠪᠡᠷᠢ ᠶᠢᠨ ᠠᠭᠤᠰᠬᠢᠨ ᠦᠷᠪᠢᠰᠦᠯ᠂ ᠠᠶᠢᠽ ᠡᠪᠡᠳᠴᠢᠨ᠂ ᠸᠢᠷᠦ᠋ᠰᠲᠦ ᠡᠯᠢᠭᠡᠨ ᠦᠷᠪᠢᠰᠦᠯ᠂ ᠨᠤᠭᠤᠰᠤᠨ ᠤ ᠪᠤᠷᠤ ᠪᠤᠳᠠᠰ ᠤᠨ ᠦᠷᠪᠢᠰᠦᠯ᠂ ᠬᠦᠮᠦᠨ ᠳᠤ ᠬᠠᠯᠳᠠᠪᠤᠷᠢᠯᠠᠬᠤ ᠬᠦᠨᠳᠦ ᠡᠪᠡᠳᠴᠢᠯᠡᠭᠦᠯᠬᠦ ᠴᠢᠨᠠᠷᠲᠠᠢ ᠵᠢᠬᠦᠷᠳᠡᠨ ᠤ ᠲᠠᠭᠰᠢᠭᠤᠷ᠂ ᠤᠯᠠᠭᠠᠨ ᠨᠤᠳ᠂ ᠲᠠᠬᠤᠯᠳᠤ ᠴᠢᠰᠤ ᠭᠠᠷᠬᠤ ᠬᠠᠯᠠᠭᠤᠨ᠂ ᠭᠠᠯᠵᠠᠭᠤ ᠡᠪᠡᠳᠴᠢᠨ᠂ ᠬᠥᠬᠡᠭᠴᠢᠨ ᠬᠡᠯᠪᠡᠷᠢᠳᠦ ᠲᠠᠬᠤᠯ ᠤᠨ ᠲᠠᠷᠢᠬᠢᠨ ᠦᠷᠪᠢᠰᠦᠯ᠂ ᠳ᠋ᠸᠡᠭᠬᠦ᠋ ᠬᠠᠯᠠᠭᠤᠷᠠᠯᠭ᠎ᠠ᠂ ᠪᠤᠭᠤᠮ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠠᠭᠤᠰᠬᠢᠨ ᠰᠦᠷᠢᠶ᠎ᠠ᠂ ᠲᠤᠮᠤᠭᠤ ᠪᠠ ᠢᠵᠢᠯ ᠲᠤᠮᠤᠭᠤ᠂ ᠲᠠᠬᠤᠯᠳᠤ ᠲᠠᠷᠢᠬᠢ ᠨᠤᠭᠤᠰᠤᠨ ᠪᠦᠷᠬᠦᠪᠴᠢ ᠶᠢᠨ ᠦᠷᠪᠢᠰᠦᠯ᠂ ᠵᠠᠭᠤᠨ ᠬᠤᠨᠤᠭ ᠤᠨ ᠬᠠᠨᠢᠶᠠᠳᠤ᠂ ᠰᠠᠬᠤᠤ᠂ ᠰᠠᠶ᠋ᠢ ᠲᠦᠷᠦᠭᠰᠡᠨ ᠬᠡᠦᠬᠡᠳ ᠤᠨ ᠲᠠᠳᠠᠷᠠᠩ᠂ ᠤᠯᠠᠭᠠᠨ ᠡᠰᠡᠷᠭᠡᠨ᠎ᠡ᠂ ᠪᠷᠦ᠋ᠽᠧᠯ ᠡᠪᠡᠳᠴᠢᠨ᠂ ᠬᠦᠢᠳᠡᠨ ᠡᠪᠡᠳᠴᠢᠨ᠂ ᠲᠠᠮᠪᠤᠤ᠂ ᠭᠤᠬ᠎ᠠ ᠮᠤᠰᠬᠢᠷᠠᠭᠠᠳᠠᠨ ᠡᠪᠡᠳᠴᠢᠨ᠂ ᠴᠢᠰᠦ ᠰᠤᠷᠤᠭᠴᠢ ᠬᠤᠷᠤᠬᠠᠢᠢᠳᠤ ᠡᠪᠡᠳᠴᠢᠨ᠂ ᠱᠦᠯᠬᠦᠬᠡ ᠡᠪᠡᠳᠴᠢᠨ ᠢ ᠵᠢᠭᠠᠵᠤ ᠪᠠᠶᠢᠨ᠎ᠠ᠃       ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠲᠠᠬᠤᠯ ᠲᠠᠭᠰᠢᠭᠤᠷ᠂ ᠲᠦᠭᠦᠰᠢ ᠶᠢᠨ ᠪᠤᠯᠴᠢᠷᠬᠠᠢ ᠶᠢᠨ ᠲᠠᠬᠤᠯᠳᠤ ᠦᠷᠪᠢᠰᠦᠯ᠂ ᠰᠠᠯᠬᠢᠨ ᠴᠡᠴᠡᠭ᠂ ᠲᠦᠷᠭᠡᠨ ᠴᠢᠰᠦ ᠭᠠᠷᠬᠤ ᠴᠢᠨᠠᠷᠲᠠᠢ ᠨᠠᠶᠢᠯᠠᠮᠠᠯ ᠪᠦᠷᠬᠦᠪᠴᠢ ᠶᠢᠨ ᠦᠷᠪᠢᠰᠦᠯ᠂ ᠤᠶᠠᠮᠠᠨ ᠡᠪᠡᠳᠴᠢᠨ᠂ ᠲᠠᠬᠤᠯ ᠤᠨ ᠴᠢᠨᠠᠷᠲᠠᠢ ᠪᠠ ᠤᠷᠤᠨ ᠨᠤᠳᠤᠭ ᠤᠨ ᠴᠢᠨᠠᠷᠲᠠᠢ ᠡᠰᠡᠷᠭᠡᠨᠡᠳᠦ ᠬᠢᠵᠢᠭ᠂ ᠬᠠᠷ᠎ᠠ ᠬᠠᠯᠠᠭᠤᠷᠠᠯᠭ᠎ᠠ ᠡᠪᠡᠳᠴᠢᠨ᠂ ᠬᠤᠷᠤᠬᠠᠢ ᠶᠢᠨ ᠪᠡᠲᠡᠭᠢ ᠡᠪᠡᠳᠴᠢᠨ᠂ ᠤᠳᠠᠰᠤᠯᠢᠭ ᠬᠤᠷᠤᠬᠠᠢᠢᠳᠤ ᠡᠪᠡᠳᠴᠢᠨ᠂ ᠵᠢᠴᠢ ᠬᠤᠯᠢᠷ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠲᠤᠮᠤᠭᠤ ᠪᠠ ᠢᠵᠢᠯ ᠲᠤᠮᠤᠭᠤ ᠠᠴᠠ ᠭᠠᠳᠠᠨᠠᠬᠢ ᠬᠠᠯᠳᠠᠪᠤᠷᠢᠯᠠᠬᠤ ᠴᠢᠨᠠᠷᠳᠠᠢ ᠰᠠᠭᠤᠯᠭᠠᠬᠤ ᠡᠪᠡᠳᠴᠢᠨ ᠢ ᠵᠢᠭᠠᠵᠤ ᠪᠠᠶᠢᠨ᠎ᠠ᠃       2020 ᠣᠨ ᠤ 1 ᠳ᠋ᠦ᠋ᠭᠡᠷ ᠰᠠᠷ᠎ᠠ ᠶᠢᠨ 20᠎ ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ 1 ᠳ᠋ᠦ᠋ᠭᠡᠷ ᠲᠣᠭᠠᠲᠤ ᠠᠯᠪᠠᠨ ᠵᠠᠷ ᠨᠡᠶᠢᠲᠡᠯᠡᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠳᠤ ᠲᠣᠭᠲᠠᠭᠠᠭᠰᠠᠨ ᠬᠥᠬᠡᠭᠴᠢᠨ ᠲᠥᠷᠥᠯ ᠤᠨ ᠬᠠᠯᠳᠠᠪᠤᠷᠢᠲᠦ ᠡᠪᠡᠳᠴᠢᠨ ᠳᠤ ᠣᠷᠣᠭᠤᠯᠬᠤ ᠶᠢᠨ ᠬᠠᠮᠲᠤ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠠᠪᠬᠤ ᠪᠣᠯᠣᠨ᠎ᠠ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾᠎ ᠳᠤ ᠲᠣᠭᠲᠠᠭᠠᠭᠰᠠᠨ ᠬᠢᠵᠢᠭ ᠪᠠᠶᠢᠴᠠᠭᠠᠬᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠳᠤ ᠣᠷᠣᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ  ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠪᠤᠰᠤᠳ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠤᠯᠢ ᠶᠣᠰᠣᠭᠠᠷ ᠡᠪᠡᠳᠴᠢᠲᠡᠨ ᠢ ᠲᠤᠰᠠᠭᠠᠷᠯᠠᠨ ᠡᠮᠨᠡᠵᠦ᠂ ᠨᠢᠭᠳᠠ ᠤᠢᠢᠷᠠᠳᠤᠭᠰᠠᠳ ᠢ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠢᠷᠢᠰ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠠ‌ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠬᠠᠯᠳᠠᠪᠤᠷᠢᠯᠠᠯ ᠢ ᠬᠠᠮᠲᠤ ᠪᠠᠷ ᠰᠡᠷᠭᠡᠶᠢᠯᠡᠵᠦ ᠪᠣᠯᠤᠨ᠎ᠠ᠃       ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤᠮᠳᠠ ᠠᠷᠠᠳ ᠢᠷᠭᠡᠨ ᠶᠠᠮᠠᠷ ᠶᠠᠮᠠᠷ ᠡᠭᠦᠷᠭᠡ ᠡᠭᠦᠷᠭᠡᠯᠡᠬᠦ ᠪᠣᠶ︖         ᠠᠷᠪᠠᠨ ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠲᠡᠪᠢᠰᠭᠡᠷ ᠲᠠᠬᠢ ᠠᠯᠢᠪᠠ ᠨᠢᠭᠡᠴᠢ ᠪᠠ ᠬᠤᠪᠢ ᠬᠦᠮᠦᠨ ᠡᠷᠭᠡᠪᠰᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠳᠠᠪᠤᠷᠢᠳᠤ ᠡᠪᠡᠳᠴᠢᠨ ᠤ ᠲᠤᠬᠠᠢ ᠪᠠᠶᠢᠴᠠᠭᠠᠯᠳᠠ ᠬᠢᠬᠦ᠂ ᠰᠢᠯᠭᠠᠨ ᠪᠠᠶᠢᠴᠠᠭᠠᠬᠤ᠂ ᠦᠯᠢᠭᠡᠷ ᠡᠳ᠋ ᠴᠤᠭᠯᠠᠭᠤᠯᠬᠤ᠂ ᠲᠤᠰᠠᠭᠠᠷᠯᠠᠨ ᠡᠮᠨᠡᠬᠦ ᠵᠡᠷᠬᠡ ᠰᠡᠷᠭᠡᠶᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠦᠯᠢᠶᠡᠨ ᠠᠪᠴᠤ᠂ ᠬᠤᠯᠪᠤᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠨᠭ᠍ᠭᠠᠬᠤ ᠬᠡᠷᠡᠭᠳᠡᠢ᠃ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠠᠳᠠᠷᠠᠭᠤᠯᠵᠤ ᠪᠤᠯᠬᠤ ᠦᠭᠡᠢ᠃        ★ ᠬᠠᠯᠳᠠᠪᠤᠷᠢᠲᠤ ᠡᠪᠡᠳᠴᠢᠨ ᠡᠭᠦᠰᠦᠭᠰᠡᠨ᠂ ᠳᠡᠯᠭᠡᠷᠡᠭᠰᠡᠨ ᠦᠶ᠎ᠡ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ ᠶᠠᠮᠠᠷ ᠶᠠᠮᠠᠷ ᠪᠠᠴᠢᠮ ᠠᠷᠭ᠎ᠠ ᠬᠡᠮᠵᠢᠶ᠎ᠡ ᠠᠪᠴᠤ ᠪᠣᠯᠬᠤ ᠪᠤᠢ︖         ᠲᠦᠴᠢᠨ ᠬᠤᠶᠠᠳᠤᠭᠠᠷ ᠵᠦᠢᠯ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠲᠡᠷᠡ ᠲᠤᠤᠷ᠎ᠠ ᠨᠢ ᠬᠦᠴᠦᠨ ᠢᠶᠠᠨ ᠵᠤᠬᠢᠶᠠᠨ ᠪᠠᠶᠢᠭᠤᠯᠵᠤ᠂ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠶᠤᠰᠤᠭᠠᠷ ᠰᠡᠷᠭᠡᠶᠢᠯᠡᠨ ᠵᠠᠰᠠᠵᠤ᠂ ᠬᠠᠯᠳᠠᠪᠤᠷᠢᠳᠤ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠳᠡᠢ᠂ ᠴᠢᠬᠤᠯᠠᠲᠠᠢ ᠦᠶ᠎ᠡ ᠳᠤ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠲᠤᠭᠳᠠᠭᠠᠯᠭᠠᠵᠤ ᠲᠤᠤᠷ᠎ᠠ ᠵᠢᠭᠰᠠᠭᠠᠭᠰᠠᠨ ᠪᠠᠴᠢᠮ ᠠᠷᠭ᠎ᠠ ᠬᠡᠮᠵᠢᠶ᠎ᠡ ᠶᠢ ᠠᠪᠬᠤ ᠶᠢᠨ ᠬᠠᠮᠳᠤ ᠵᠠᠷᠯᠠᠵᠤ ᠪᠤᠯᠤᠨ᠎ᠠ᠄       ︵ᠨᠢᠬᠡ︶ ᠴᠤᠭᠯᠠᠭ᠎ᠠ ᠮᠠᠶᠢᠮᠠᠢ᠂ ᠺᠢᠨᠣ᠋ ᠲᠢᠶᠠᠳ᠋ᠷ ᠤᠨ ᠲᠤᠭᠯᠠᠯᠳᠠ ᠪᠤᠶᠤ ᠬᠦᠮᠦᠰ ᠤᠨ ᠴᠤᠭᠯᠠᠷᠠᠳᠠᠭ ᠪᠤᠰᠤᠳ ᠠᠵᠢᠯᠯᠠᠭ᠎ᠠ ᠶᠢ ᠬᠢᠵᠠᠭᠠᠷᠯᠠᠬᠤ ᠪᠤᠶᠤ ᠵᠤᠭᠰᠤᠭᠠᠬᠤ︔       ︵ᠬᠤᠶᠠᠷ︶ ᠠᠵᠢᠯ᠂ ᠠᠷᠠᠯᠵᠢᠶ᠎ᠠ᠂ ᠬᠢᠴᠢᠶᠡᠯ ᠢ ᠵᠤᠭᠰᠤᠭᠠᠬᠤ︔       ︵ᠭᠤᠷᠪᠠ︶ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠤᠯᠠᠨ ᠨᠠᠶᠢᠳᠠ ᠶᠢᠨ ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ ᠪᠢᠳᠡᠬᠦᠮᠵᠢᠯᠡᠬᠦ ᠪᠤᠶᠤ ᠪᠢᠳᠡᠬᠦᠮᠵᠢᠯᠡᠨ ᠬᠠᠳᠠᠭᠠᠯᠠᠬᠤ︔        ︵ᠲᠦᠷᠪᠡ︶ ᠬᠢᠵᠢᠭ ᠬᠠᠯᠳᠠᠪᠤᠷᠢᠯᠠᠭᠰᠠᠨ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ ᠬᠢᠵᠠᠭᠠᠷᠯᠠᠬᠤ ᠪᠤᠶᠤ ᠤᠰᠠᠳᠬᠠᠬᠤ︔        ︵ᠲᠠᠪᠤ︶ ᠬᠠᠯᠳᠠᠪᠤᠷᠢᠳᠤ ᠡᠪᠡᠳᠴᠢᠨ ᠲᠠᠷᠬᠠᠭᠠᠵᠤ ᠮᠡᠳᠡᠬᠦ ᠲᠠᠯᠠᠪᠤᠷ ᠭᠠᠵᠠᠷ ᠢ ᠪᠢᠳᠡᠬᠦᠮᠵᠢᠯᠡᠬᠦ᠃      ★ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠪᠤᠶᠤ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠣᠯᠪᠠᠯ᠂ ᠴᠠᠭ ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖        ᠲᠦᠴᠢᠳᠦᠬᠡᠷ ᠵᠦᠢᠯ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠪᠤᠶᠤ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠤᠯᠪᠠᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄        ︵ᠨᠢᠬᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠵᠤ᠂ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠢᠵᠢᠭᠳᠦ ᠴᠡᠭ᠂ ᠬᠢᠵᠢᠭᠳᠦ ᠤᠷᠤᠨ ᠢ ᠵᠠᠭᠠᠭᠯᠠᠨ ᠲᠤᠭᠳᠠᠭᠠᠬᠤ ᠰᠠᠨᠠᠭᠤᠯᠭ᠎ᠠ ᠶᠢ ᠲᠤᠷᠠᠳᠤᠨ ᠭᠠᠷᠭᠠᠵᠤ᠂ ᠪᠤᠬᠢᠷᠳᠤᠭᠳᠠᠭᠰᠠᠨ ᠭᠠᠵᠠᠷ ᠲᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠦ᠂ ᠨᠢᠭᠳᠠ ᠤᠢᠢᠷᠠᠳᠤᠭᠰᠠᠳ ᠲᠤ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠡ ᠠᠪᠬᠤ ᠶᠢᠨ ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠨ᠎ᠠ︔       ︵ᠬᠤᠶᠠᠷ︶ ᠬᠠᠯᠳᠠᠪᠤᠷᠢᠳᠤ ᠡᠪᠡᠳᠴᠢᠨ ᠡᠬᠦᠰᠥᠭᠰᠡᠨ᠂ ᠲᠡᠯᠭᠡᠷᠡᠭᠰᠡᠨ ᠦᠶ᠎ᠡ ᠳᠤ ᠬᠢᠵᠢᠭᠳᠦ ᠴᠡᠭ᠂ ᠬᠢᠵᠢᠭᠳᠦ ᠤᠷᠤᠨ ᠳᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠤ᠂ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠬᠤ ᠶᠢᠨ ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠷᠭ᠎ᠠ ᠬᠡᠮᠵᠢᠶ᠎ᠡ ᠠᠪᠤᠨ᠎ᠠ︔       ︵ᠭᠤᠷᠪᠠ︶ ᠲᠤᠤᠷᠠᠳᠤ ᠱᠠᠳᠤᠨ ᠤ ᠪᠠᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ ᠵᠢᠯᠤᠭᠤᠳᠤᠨ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠤᠯᠵᠤ᠂ ᠬᠤᠯᠪᠤᠭᠳᠠᠯ ᠪᠦᠬᠦᠢ ᠨᠢᠬᠡᠴᠢ ᠶᠢᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠤᠨ᠎ᠠ᠃       ★ ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠤᠯᠵᠤ ᠮᠡᠳᠡᠪᠡᠯ᠂ ᠴᠠᠭ ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖        ᠭᠤᠴᠢ ᠶᠢᠰᠦᠳᠦᠭᠡᠷ ᠵᠦᠢᠯ ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠤᠯᠵᠤ ᠮᠡᠳᠡᠪᠡᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄      ︵ᠨᠢᠬᠡ︶ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠢ ᠲᠤᠰᠠᠭᠠᠷᠯᠠᠨ ᠡᠮᠨᠡᠨ ᠵᠠᠰᠠᠨ᠎ᠠ᠂ ᠲᠤᠰᠠᠭᠠᠷᠯᠠᠬᠤ ᠬᠤᠭᠤᠴᠠᠭ᠎ᠠ ᠶᠢ ᠠᠨᠠᠭᠠᠬᠤ ᠤᠬᠠᠭᠠᠨ ᠤ ᠪᠠᠶᠢᠴᠠᠭᠠᠯᠳᠠ ᠶᠢᠨ ᠦᠷ᠎ᠡ ᠳ᠋ᠦᠩ ᠢ ᠦᠨᠳᠦᠰᠦᠯᠡᠵᠦ ᠲᠤᠭᠳᠠᠭᠠᠨ᠎ᠠ      ︵ᠬᠤᠶᠠᠷ︶ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠪᠤᠯ ᠡᠪᠡᠳᠴᠢᠨ ᠢ ᠨᠢ ᠲᠤᠳᠤᠯᠠᠬᠤ ᠠᠴᠠ ᠡᠮᠦᠨ᠎ᠡ ᠲᠤᠭᠳᠠᠭᠰᠠᠨ ᠲᠠᠯᠠᠪᠤᠷ ᠭᠠᠵᠠᠷ ᠲᠤ ᠲᠤᠰᠠᠭᠠᠷᠯᠠᠨ ᠡᠮᠨᠡᠵᠦ ᠵᠠᠰᠠᠨ᠎ᠠ︔      ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠶᠢᠨ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠲᠠᠢ ᠨᠢᠭᠳᠠ ᠦᠢᠷᠡᠳᠦᠬᠰᠡᠳ ᠲᠤ ᠪᠤᠯ᠂ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠠ ᠶᠢ ᠠᠪᠤᠨ᠎ᠠ᠃ ᠲᠤᠰᠠᠭᠠᠷᠯᠠᠵᠤ ᠡᠮᠨᠡᠨ ᠵᠠᠰᠠᠬᠤ ᠶᠢ ᠲᠡᠪᠴᠢᠭᠰᠡᠨ ᠬᠦᠮᠥᠨ ᠪᠤᠶᠤ ᠲᠤᠰᠠᠭᠠᠷᠯᠠᠬᠤ ᠬᠤᠭᠤᠴᠠᠭ᠎ᠠ ᠲᠦᠬᠦᠷᠦᠭᠡᠳᠦᠢ ᠪᠠᠷ ᠲᠤᠰᠠᠭᠠᠷᠯᠠᠵᠤ ᠡᠮᠨᠡᠨ ᠵᠠᠰᠠᠬᠤ ᠭᠠᠵᠠᠷ ᠠᠴᠠ ᠲᠤᠷ᠎ᠠ ᠪᠠᠷ ᠢᠶᠠᠨ ᠰᠠᠯᠵᠤ ᠶᠠᠪᠤᠭᠰᠠᠳ ᠲᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠮᠴᠢᠯᠡᠬᠡᠨ ᠤ ᠪᠠᠶᠢᠭᠤᠯᠤᠮᠵᠢ ᠲᠠᠢ ᠬᠠᠮᠵᠢᠵᠤ ᠪᠠᠶᠢᠭᠠᠳ ᠠᠯᠪᠠᠳᠠᠨ ᠲᠤᠰᠠᠭᠠᠷᠯᠠᠵᠤ ᠡᠮᠨᠡᠬᠦ ᠠᠷᠭ᠎ᠠ ᠬᠡᠮᠵᠢᠶ᠎ᠡ ᠠᠪᠴᠤ ᠪᠤᠯᠤᠨ᠎ᠠ᠃         ᠡᠮᠴᠢᠯᠡᠬᠡᠨ ᠤ ᠪᠠᠶᠢᠭᠤᠯᠤᠮᠵᠢ ᠬᠥᠬᠡᠭᠴᠢᠨ ᠲᠦᠷᠦᠯ ᠪᠤᠶᠤ ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠲᠠᠢ ᠡᠪᠡᠳᠴᠢᠳᠡᠨ ᠪᠠᠶᠢᠬᠤ ᠶᠢ ᠤᠯᠵᠤ ᠮᠡᠳᠡᠪᠡᠯ᠂ ᠡᠪᠡᠳᠴᠢᠨ ᠤ ᠬᠢᠨᠢ ᠪᠠᠶᠢᠳᠠᠯ ᠢ ᠦᠨᠳᠦᠰᠦᠯᠡᠨ ᠴᠢᠬᠤᠯᠠ ᠪᠦᠬᠦᠢ ᠡᠮᠨᠡᠨ ᠵᠠᠰᠠᠬᠤ ᠪᠠ ᠬᠠᠯᠳᠠᠪᠤᠷᠢᠯᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃       ᠡᠮᠴᠢᠯᠡᠭᠡᠨ ᠤ ᠪᠠᠶᠢᠭᠤᠯᠤᠮᠵᠢ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠬᠰᠠᠨ ᠭᠠᠵᠠᠷ᠂ ᠡᠳ᠋ ᠪᠤᠳᠠᠰ ᠵᠢᠴᠢ ᠡᠮᠴᠢᠯᠡᠭᠡ ᠶᠢᠨ ᠬᠠᠶᠠᠭᠳᠠᠮᠠᠯ ᠪᠤᠳᠠᠰ ᠢ ᠡᠷᠭᠡᠪᠰᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠤᠭᠳᠠᠭᠠᠯ ᠶᠤᠰᠤᠭᠠᠷ ᠠᠷᠢᠭᠤᠳᠬᠠᠬᠤ ᠪᠠ ᠬᠤᠤᠷ ᠦᠭᠡᠶᠢᠵᠢᠬᠦᠯᠦᠨ ᠰᠢᠢᠳᠪᠤᠷᠢᠯᠡᠬᠦ ᠬᠡᠷᠡᠭᠳᠡᠢ᠃       ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠢ ᠵᠥᠷᠢᠴᠡᠪᠡᠯ ᠶᠠᠮᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖        ᠵᠢᠷᠠᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠲᠤᠰ ᠬᠠᠤᠯᠢ ᠶᠢᠨ ᠲᠤᠭᠳᠠᠭᠠᠯ ᠶᠤᠰᠤᠭᠠᠷ ᠮᠡᠳᠡᠬᠦᠯᠦᠯᠳᠡ ᠬᠢᠬᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠴᠠᠭ ᠲᠤᠬᠠᠢ ᠳᠤᠨᠢ ᠠᠪᠤᠷᠠᠵᠤ ᠵᠠᠰᠠᠬᠤ ᠠᠵᠢᠯ ᠢ ᠵᠤᠬᠢᠶᠠᠨ ᠪᠠᠶᠢᠭᠤᠯᠤᠬᠰᠠᠨ ᠦᠭᠡᠢ᠂ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ       ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄         ︵ᠨᠢᠭᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ᠂ ᠮᠡᠳᠡᠬᠦᠯᠬᠦ ᠪᠤᠶᠤ ᠨᠡᠶᠢᠲᠡᠯᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔         ︵ᠬᠤᠶᠠᠷ︶ ᠬᠠᠯᠳᠠᠪᠤᠷᠢᠳᠤ ᠡᠪᠡᠳᠴᠢᠨ ᠤ ᠲᠠᠷᠬᠠᠯᠲᠠ ᠡᠬᠦᠰᠦᠭᠰᠡᠨ ᠪᠤᠶᠤ ᠡᠬᠦᠰᠴᠦ ᠮᠡᠳᠡᠬᠦ ᠦᠶ᠎ᠡ ᠳᠤ ᠴᠠᠭ ᠲᠤᠬᠠᠢ ᠳᠤᠨᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠦᠯᠦ ᠠᠪᠤᠭᠰᠠᠨ︔         ︵ᠭᠤᠷᠪᠠ︶ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ ᠂ ᠡᠰᠡᠬᠦᠯ᠎ᠡ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠴᠠᠭ ᠲᠤᠬᠠᠢ ᠳᠤᠨᠢ ᠡᠰᠡ ᠪᠠᠶᠢᠴᠠᠭᠠᠨ ᠰᠢᠳᠭᠡᠭᠰᠡᠨ︔        ︵ᠳᠥᠷᠪᠡ︶ ᠲᠤᠤᠷᠠᠳᠤ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠠᠶᠢᠬᠤ ᠶᠢ ᠢᠯᠡᠴᠢᠯᠡᠨ ᠮᠡᠳᠡᠬᠦᠯᠦᠭᠰᠡᠨ ᠨᠢᠬᠡᠴᠢ ᠪᠠ ᠬᠤᠪᠢ ᠬᠦᠮᠦᠨ ᠤ ᠮᠡᠳᠡᠬᠦᠯᠦᠯᠳᠡ ᠶᠢ ᠴᠠᠭ ᠲᠤᠬᠠᠢ ᠳᠤᠨᠢ ᠡᠰᠡ ᠪᠠᠶᠢᠴᠠᠭᠠᠨ ᠰᠢᠢᠳᠪᠤᠷᠢᠯᠡᠭᠰᠡᠨ︔        ︵ᠲᠠᠪᠤ︶ ᠲᠤᠰ ᠬᠠᠤᠯᠢ ᠶᠢ ᠵᠦᠷᠢᠴᠡᠭᠰᠡᠨ ᠲᠤᠰᠢᠶᠠᠯ ᠳᠠᠭᠠᠨ ᠤᠰᠤᠯᠳᠠᠵᠤ᠂ ᠲᠤᠰᠢᠶᠠᠯ ᠢᠶᠠᠨ ᠭᠤᠳᠤᠭᠠᠭᠰᠠᠨ ᠪᠤᠰᠤᠳ ᠦᠢᠯᠡ ᠠᠵᠢᠯᠯᠠᠭ᠎ᠠ᠃         ᠵᠢᠷᠠᠨ ᠲᠤᠯᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠪᠠ ᠰᠡᠷᠭᠡᠶᠢᠯᠡᠨ ᠵᠠᠰᠠᠬᠤ ᠶᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠦᠯᠦ ᠬᠦᠢᠴᠡᠳᠭᠡᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠠᠨ ᠨᠠᠢᠮᠠᠳᠤᠭᠠᠷ ᠵᠦᠢᠯ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠵᠤ ᠬᠢᠵᠠᠭᠠᠷᠯᠠᠬᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄       ︵ᠨᠢᠭᠡ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ︔       ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔      ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠴᠤᠭᠯᠠᠭᠤᠯᠤᠭᠰᠠᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠪᠠ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠴᠠᠭ ᠲᠤᠬᠠᠢ ᠳᠤᠨᠢ ᠵᠠᠳᠠᠯᠤᠨ ᠰᠢᠨᠵᠢᠯᠡᠵᠤ᠂ ᠪᠠᠶᠢᠴᠠᠭᠠᠨ ᠰᠤᠳᠤᠯᠵᠤ᠂ ᠬᠢᠨᠠᠨ ᠮᠠᠭᠠᠳᠯᠠᠬᠰᠠᠨ ᠦᠭᠡᠢ︔      ︵ᠲᠦᠷᠪᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠲᠤᠰᠢᠶᠠᠯ ᠬᠠᠷᠢᠭᠤᠴᠠᠯᠭ᠎ᠠ ᠶᠤᠰᠤᠭᠠᠷ ᠲᠤᠰ ᠬᠠᠤᠯᠢ ᠳᠤ ᠲᠤᠭᠳᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ︔      ︵ᠲᠠᠪᠤ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃        ᠵᠢᠷᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠬᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄       ︵ᠨᠢᠬᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠵᠢᠯ᠂ ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠡᠬᠦᠷᠭᠡ ᠪᠠ ᠬᠠᠷᠢᠭᠤᠴᠠᠯᠭᠠᠳᠤ ᠤᠷᠤᠨ ᠤ ᠪᠠᠨ ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠲᠤᠭᠳᠠᠭᠠᠯ ᠶᠤᠰᠤᠭᠠᠷ ᠦᠯᠦ ᠡᠭᠦᠷᠭᠡᠯᠡᠭᠰᠡᠨ︔       ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔       ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠴᠢᠯᠡᠵᠤ ᠠᠪᠤᠷᠠᠬᠤ᠂ ᠲᠤᠬᠠᠢ ᠶᠢᠨ ᠲᠠᠯᠠᠪᠤᠷ ᠲᠤᠨᠢ ᠠᠪᠤᠷᠠᠵᠤ ᠲᠤᠰᠠᠯᠠᠬᠤ᠂ ᠤᠨᠤᠰᠢᠯᠠᠬᠤ᠂ ᠰᠢᠯᠵᠢᠬᠦᠯᠦᠨ ᠤᠨᠤᠰᠢᠯᠠᠬᠤ ᠦᠢᠯᠡᠴᠢᠯᠡᠭᠡ ᠶᠢ ᠲᠤᠭᠳᠠᠭᠠᠯ ᠶᠤᠰᠤᠭᠠᠷ ᠦᠯᠦ ᠬᠠᠨᠭ᠍ᠭᠠᠭᠰᠠᠨ᠂ ᠡᠰᠡᠬᠦᠯ᠎ᠡ ᠰᠢᠯᠵᠢᠬᠦᠯᠦᠨ ᠤᠨᠤᠰᠢᠯᠠᠬᠤ ᠶᠢ ᠬᠦᠯᠢᠶᠡᠵᠦ ᠠᠪᠬᠤ ᠶᠢ ᠲᠡᠪᠴᠢᠭᠰᠡᠨ︔       ︵ᠳᠥᠷᠪᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠲᠠᠯᠠᠪᠤᠷ ᠭᠠᠵᠠᠷ᠂ ᠡᠳ᠋ ᠪᠤᠳᠠᠰ ᠵᠢᠴᠢ ᠡᠮᠴᠢᠯᠡᠬᠡᠨ ᠤ ᠬᠠᠶᠠᠭᠳᠠᠮᠠᠯ ᠡᠳ᠋ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ ᠪᠤᠶᠤ ᠬᠤᠤᠷ ᠦᠭᠡᠶᠢᠵᠢᠬᠦᠯᠦᠨ ᠰᠢᠢᠳᠪᠤᠷᠢᠯᠡᠭᠰᠡᠨ ᠦᠭᠡᠢ︔       ︵ᠲᠠᠪᠤ︶ ᠡᠮᠴᠢᠯᠡᠬᠡᠨ ᠤ ᠪᠠᠭᠠᠵᠢ ᠬᠡᠷᠡᠭᠯᠡᠬᠦᠷ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ᠂ ᠡᠰᠡᠬᠦᠯ᠎ᠡ ᠲᠤᠭᠳᠠᠭᠠᠯ ᠶᠤᠰᠤᠭᠠᠷ ᠨᠢᠭᠡ ᠯᠠ ᠤᠳᠠᠭ᠎ᠠ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ ᠦᠭᠡᠶᠢᠬᠢᠭᠰᠡᠨ ᠦᠭᠡᠢ ᠪᠠᠷ ᠲᠠᠬᠢᠨ ᠬᠡᠷᠡᠭᠯᠡᠭᠰᠡᠨ︔       ︵ᠵᠢᠷᠭᠤᠭ᠎ᠠ︶ ᠡᠮᠨᠡᠵᠤ ᠠᠪᠤᠷᠠᠬᠤ ᠶᠠᠪᠤᠴᠠ ᠳᠠᠭᠠᠨ ᠠᠨᠠᠭᠠᠬᠤ ᠤᠬᠠᠭᠠᠨ ᠤ ᠲᠡᠮᠳᠡᠭᠯᠡᠯ ᠮᠠᠲ᠋ᠧᠷᠢᠶᠠᠯ ᠢ ᠲᠤᠭᠳᠠᠭᠠᠯ ᠶᠤᠰᠤᠭᠠᠷ ᠡᠰᠡ ᠬᠠᠳᠠᠭᠠᠯᠠᠨ ᠬᠠᠮᠢᠶᠠᠷᠤᠭᠰᠠᠨ︔       ︵ᠲᠤᠯᠤᠭ᠎ᠠ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃             ᠲᠠᠯᠠᠳᠤᠭᠠᠷ ᠵᠦᠢᠯ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠭᠰᠡᠨ ᠦᠭᠡᠢ ᠠᠴᠠ ᠪᠤᠯᠵᠤ ᠶᠡᠬᠦᠯᠡᠭᠰᠡᠨ ᠴᠢᠰᠦ ᠨᠢ ᠴᠢᠰᠤ ᠪᠠᠷ ᠳᠠᠮᠵᠢᠬᠤ ᠡᠪᠡᠳᠴᠢᠨ ᠢ ᠡᠬᠦᠰᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠤᠭᠰᠠᠨ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ ᠬᠤᠳᠠᠯᠳᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠴᠠᠭᠠᠵᠠᠯᠠᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠬᠡᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠠᠯᠠᠨ ᠨᠢᠭᠡᠳᠦᠭᠡᠷ ᠵᠦᠢᠯ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠪᠠᠶᠢᠭᠤᠯᠭ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠲᠠᠯᠠᠨ ᠬᠤᠶᠠᠳᠤᠭᠠᠷ ᠵᠦᠢᠯ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠡᠵᠡᠩᠨᠡᠯᠳᠡ ᠶᠢᠨ ᠨᠢᠭᠡᠴᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠭᠡᠷᠡᠭᠯᠡᠬᠦᠷ ᠢ ᠡ᠊ᠩ ᠲᠡᠷᠢᠬᠦᠨ ᠳᠤ ᠵᠥᠭᠡᠭᠡᠪᠦᠷᠢᠯᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠤᠨ᠎ᠠ︔ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ᠃        ᠲᠠᠯᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠠᠳ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠬᠦᠷᠥᠭᠦᠯᠬᠦ ᠪᠤᠯᠤᠯᠴᠠᠭ᠎ᠠ ᠲᠠᠢ ᠪᠤᠯᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠭᠡᠵᠦ ᠪᠤᠯᠤᠨ᠎ᠠ︔ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠦᠨᠡᠮᠯᠡᠯ ᠤᠯᠭᠤᠭᠰᠠᠨ ᠤᠤᠯ ᠤᠨ ᠰᠠᠯᠠᠭ᠎ᠠ ᠮᠦᠴᠢᠷ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄         ︵ᠨᠢᠭᠡ︶ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠬᠠᠨᠭ᠍ᠭᠠᠭᠰᠠᠨ ᠤᠤᠭᠤᠬᠤ ᠤᠰᠤ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔         ︵ᠬᠤᠶᠠᠷ︶ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔         ︵ᠭᠤᠷᠪᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔         ︵ᠲᠦᠷᠪᠡ︶ ᠬᠢᠵᠢᠭᠳᠦ ᠤᠷᠤᠨ ᠳᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠯᠤᠯᠴᠠᠭ᠎ᠠ ᠲᠠᠢ ᠡᠳ᠋ ᠪᠤᠳᠠᠰ ᠢ ᠠᠷᠢᠭᠤᠳᠬᠠᠵᠤ ᠰᠢᠢᠳᠪᠤᠷᠢᠯᠡᠭᠰᠡᠨ ᠦᠭᠡᠢ ᠪᠠᠷ ᠬᠤᠳᠠᠯᠳᠤᠭᠰᠠᠨ᠂ ᠲᠡᠭᠡᠭᠡᠪᠦᠷᠢᠯᠡᠭᠰᠡᠨ︔         ︵ᠲᠠᠪᠤ︶ ᠠᠮᠢᠳᠤ ᠪᠤᠳᠠᠰ ᠤᠨ ᠪᠦᠲᠦᠭᠡᠭᠳᠡᠭᠦᠨ ᠦᠢᠯᠡᠳᠪᠦᠷᠢᠯᠡᠬᠦ ᠨᠢᠭᠡᠴᠢ ᠶᠢᠨ ᠦᠢᠯᠡᠳᠪᠦᠷᠢᠯᠡᠭᠰᠡᠨ‌‍ᠴᠢᠰᠤᠨ ᠤ ᠪᠦᠳᠦᠭᠡᠭᠳᠡᠬᠦᠨ ᠨᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ ᠨᠠᠶᠢᠴᠡᠬᠦ᠃         ᠲᠠᠯᠠᠨ ᠲᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ᠂ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ ᠂ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄       ︵ᠨᠢᠭᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠳᠡᠭ ᠨᠢᠭᠡᠴᠢ ᠨᠢ ᠤᠯᠤᠰ ᠠᠴᠠ ᠲᠤᠭᠳᠠᠭᠠᠭᠰᠠᠨ ᠨᠦᠬᠦᠴᠡᠯ ᠪᠠ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠦᠯᠢᠭᠡᠷ ᠡᠳ᠋ ᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠤᠭᠰᠠᠨ ᠦᠭᠡᠢ ᠠᠴᠠ ᠪᠤᠯᠵᠤ ᠲᠤᠷᠰᠢᠯᠳᠠ ᠶᠢᠨ ᠲᠠᠰᠤᠭ ᠤᠨ ᠬᠠᠯᠳᠠᠪᠤᠷᠢᠯᠠᠯ ᠢ ᠡᠭᠦᠰᠬᠡᠭᠰᠡᠨ ᠪᠠ ᠡᠪᠡᠳᠴᠢᠨ ᠡᠬᠦᠰᠬᠡᠬᠦ ᠮᠢᠺᠷᠤᠪ ᠢ ᠲᠠᠷᠬᠠᠭᠠᠭᠰᠠᠨ︔       ︵ᠬᠤᠶᠠᠷ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠤ᠂ ᠬᠠᠯᠳᠠᠪᠤᠷᠢᠳᠤ ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠦᠯᠢᠭᠡᠷ ᠡᠳ᠋ ᠢ ᠴᠤᠭᠯᠠᠭᠤᠯᠵᠤ᠂ ᠬᠠᠳᠠᠭᠠᠯᠠᠵᠤ᠂ ᠠᠪᠴᠤ ᠶᠠᠪᠤᠵᠤ᠂ ᠲᠡᠭᠡᠭᠡᠪᠦᠷᠢᠯᠡᠭᠰᠡᠨ ᠪᠠ ᠬᠡᠷᠡᠭᠯᠡᠭᠰᠡᠨ︔       ︵ᠭᠤᠷᠪᠠ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠯᠦ ᠬᠡᠷᠡᠭᠵᠢᠬᠦᠯᠵᠦ᠂ ᠴᠢᠰᠤ ᠶᠡᠬᠦᠯᠡᠬᠦ᠂ ᠴᠢᠰᠤᠨ ᠤ ᠪᠦᠳᠦᠭᠡᠭᠳᠡᠬᠦᠨ ᠢ ᠬᠡᠷᠡᠭᠯᠡᠭᠰᠡᠨ ᠠᠴᠠ ᠪᠤᠯᠵᠤ ᠴᠢᠰᠤ ᠪᠠᠷ ᠳᠠᠮᠵᠢᠬᠤ ᠡᠪᠡᠳᠴᠢᠨ ᠡᠮᠬᠡᠭ ᠢ ᠡᠬᠦᠰᠭᠡᠭᠰᠡᠨ᠃          ᠲᠠᠯᠠᠨ ᠲᠠᠪᠤᠳᠤᠭᠠᠷ ᠵᠦᠢᠯ ᠬᠢᠵᠢᠭ ᠤᠨ ᠪᠠᠶᠢᠴᠠᠭᠠᠯᠳᠠ ᠬᠢᠭᠰᠡᠨ ᠦᠭᠡᠢ ᠪᠠᠷ ᠬᠦᠮᠦᠨ ᠮᠠᠯ ᠳᠤ ᠪᠦᠷ ᠲᠤᠰᠳᠠᠭ ᠬᠠᠯᠳᠠᠪᠤᠷᠢᠳᠤ ᠡᠪᠡᠳᠴᠢᠨ ᠲᠠᠢ ᠬᠤᠯᠪᠤᠭᠳᠠᠯ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ ᠬᠤᠳᠠᠯᠳᠤᠵᠤ᠂ ᠲᠡᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠤ ᠠᠬᠤᠢ ᠮᠠᠯ ᠡᠮᠨᠡᠯᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠶᠢᠨ ᠬᠠᠮᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃       ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ‍ᠤᠨ‌‍ᠰᠣᠷᠪᠤᠯᠵᠢᠳᠤ ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ ᠵᠡᠷᠬᠡ ᠶᠢᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠪᠠᠶᠢᠭᠤᠯᠬᠤ ᠳᠠᠭᠠᠨ ᠡᠷᠡᠬᠦᠯ ᠬᠠᠮᠠᠭᠠᠯᠠᠯ ᠤᠨ ᠪᠠᠶᠢᠴᠠᠭᠠᠯᠳᠠ ᠬᠢᠭᠰᠡᠨ ᠦᠭᠡᠢ ᠪᠠᠷ ᠠᠵᠢᠯ ᠡᠬᠢᠯᠡᠬᠦᠯᠦᠭᠰᠡᠨ᠂ ᠡᠰᠡᠬᠦᠯ᠎ᠡ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠨᠠᠯ ᠢᠶᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠴᠤ᠂ ᠲᠡᠪᠤᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠨ᠎ᠡ︔ ᠬᠤᠭᠤᠴᠠᠭ᠎ᠠ ᠬᠡᠳᠦᠷᠡᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠤᠷᠪᠠᠨ ᠲᠦᠮᠡᠨ ᠲᠦᠬᠦᠷᠢᠭ ᠠᠴᠠ ᠲᠡᠭᠡᠭᠰᠢ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠬᠦ ᠶᠢᠨ ᠬᠠᠮᠳᠤ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠳᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠪᠠᠨ ᠦᠨᠳᠦᠰᠦᠯᠡᠨ ᠵᠠᠷᠯᠢᠭᠳᠠᠵᠤ ᠪᠠᠶᠢᠭᠤᠯᠬᠤ ᠠᠵᠢᠯ ᠢ ᠨᠢ ᠵᠤᠭᠰᠤᠭᠠᠵᠤ᠂ ᠡᠬᠦᠳᠡ ᠶᠢ ᠨᠢ ᠬᠠᠭᠠᠯᠭᠠᠬᠤ ᠪᠠᠷ ᠰᠠᠨᠠᠯ ᠲᠡᠪᠰᠢᠬᠦᠯᠵᠦ ᠪᠤᠯᠤᠨ᠎ᠠ᠃        ᠲᠠᠯᠠᠨ ᠲᠤᠯᠤᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠬᠠᠤᠯᠢ ᠶᠢᠨ ᠲᠤᠭᠳᠠᠭᠠᠯ ᠢ ᠵᠦᠷᠢᠴᠡᠭᠰᠡᠨ ᠠᠴᠠ ᠪᠤᠯᠵᠤ ᠬᠠᠯᠳᠠᠪᠤᠷᠢᠳᠤ ᠡᠪᠡᠳᠴᠢᠨ ᠲᠠᠷᠬᠠᠬᠤ᠂ ᠳᠡᠯᠭᠡᠷᠡᠬᠦ ᠳᠤ ᠬᠦᠷᠦᠭᠦᠯᠵᠦ᠂ ᠪᠤᠰᠤᠳ ᠤᠨ ᠪᠡᠶ᠎ᠡ ᠮᠠᠬᠠᠪᠤᠳ᠂ ᠡᠳ᠋ ᠬᠦᠷᠦᠩᠬᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号