ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠡᠭᠦᠰᠦᠭᠰᠡᠨ ᠠᠴᠠ ᠨᠠᠭᠠᠰᠢ᠂ ᠨᠡᠶᠢᠭᠡᠮ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ ᠪᠠᠶᠢᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠮᠰᠠᠷ ᠢ | ᠴᠢᠩᠭᠠᠳᠬᠠᠵᠤ᠂ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ | ᠬᠤᠯᠪᠣᠭᠳᠠᠯ ᠪᠦᠬᠦᠢ ᠮᠡᠳᠡᠯᠭᠡ ᠶᠢ ᠡᠮᠬᠢᠯᠡᠵᠦ᠂ ᠲᠠ ᠤᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠵᠣᠬᠢᠬᠤ | ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃ | ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ | ᠬᠠᠤᠯᠢ︾ | ︵1989 ᠤᠨ ᠤ 2 ᠰᠠᠷ᠎ᠠ ᠶᠢᠨ 21 ᠤ ᠡᠳᠦᠷ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠠᠴᠠ ᠪᠠᠳᠤᠯᠠᠪᠠ᠃ | 2004 ᠤᠨ ᠤ 8 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ᠵᠠᠰᠠᠪᠤᠷᠢ | ᠤᠷᠤᠭᠤᠯᠪᠠ᠃ | 2013 ᠣᠨ ᠤ 6 ᠰᠠᠷ᠎ᠠ ᠶᠢᠨ 29 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ︽︿ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ﹀ ᠵᠡᠷᠭᠡ | ᠠᠷᠪᠠᠨ ᠬᠤᠶᠠᠷ ᠬᠠᠤᠯᠢ ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ︾ ᠢ ᠦᠨᠳᠦᠰᠦᠯᠡᠨ ᠵᠠᠰᠠᠪᠠ︶ | ★ ᠵᠣᠷᠢᠯᠭ᠎ᠠ | ᠬᠠᠯᠳᠠᠪᠤᠷᠢᠳᠤ ᠡᠪᠡᠳᠴᠢᠨ ᠤ ᠡᠬᠦᠰᠴᠦ ᠲᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ | ᠠᠷᠢᠯᠭᠠᠵᠤ᠂ ᠬᠦᠮᠦᠨ ᠤ ᠪᠡᠶ᠎ᠠ ᠮᠠᠬᠠᠪᠤᠳ ᠤᠨ ᠡᠷᠡᠬᠦᠯ ᠮᠡᠨᠳᠦ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠢ | ᠪᠠᠳᠤᠯᠠᠬᠤ ᠶᠢᠨ ᠲᠦᠯᠦᠭᠡ ᠲᠤᠰ ᠬᠠᠤᠯᠢ ᠶᠢ ᠲᠤᠭᠳᠠᠭᠠᠪᠠ᠃ | ★ ᠴᠢᠭᠯᠡᠯᠲᠡ ᠪᠠ ᠵᠠᠷᠴᠢᠮ | ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠤᠯ ᠪᠤᠯᠭᠠᠬᠤ | ᠴᠢᠭᠯᠡᠯᠳᠡ ᠶᠢ ᠬᠡᠷᠡᠭᠵᠢᠬᠦᠯᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠨ᠂ ᠲᠦᠷᠦᠯ ᠬᠤᠪᠢᠶᠠᠨ ᠬᠠᠮᠢᠶᠠᠷᠴᠤ᠂ | ᠰᠢᠨᠵᠢᠯᠡᠬᠦ ᠤᠬᠠᠭᠠᠨ ᠳᠤ ᠲᠦᠰᠢᠭᠯᠡᠨ᠂ ᠤᠯᠠᠨ ᠲᠦᠮᠡᠨ ᠢ ᠲᠦᠰᠢᠭᠯᠡᠨ᠎ᠡ᠃ | ★ ᠬᠠᠯᠳᠠᠪᠤᠷᠢᠲᠤ ᠡᠪᠡᠳᠴᠢᠨ ᠤ ᠡᠪᠡᠳᠴᠢᠨ ᠤ ᠲᠥᠷᠥᠯ ᠤᠨ ᠲᠣᠭᠲᠠᠭᠠᠯᠲᠠ᠂ ᠲᠥᠷᠥᠯ ᠬᠤᠪᠢᠶᠠᠷᠢᠯᠠᠯ ᠪᠠ | ᠬᠠᠮᠢᠶᠠᠷᠤᠯᠲᠠ | ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠬᠥᠭᠡ ᠲᠦᠷᠦᠯ᠂ ᠬᠥᠬᠡᠭᠴᠢᠨ ᠲᠦᠷᠦᠯ ᠪᠠ | ᠤᠯᠠᠭᠠᠨ ᠲᠦᠷᠦᠯ ᠭᠡᠵᠤ ᠬᠤᠪᠢᠶᠠᠨ᠎ᠠ᠃ | ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠤᠯᠤᠭᠠᠨ᠎ᠠ ᠬᠢᠵᠢᠭ᠂ ᠬᠤᠯᠢᠷ᠎ᠠ ᠶᠢ ᠵᠢᠭᠠᠵᠤ ᠪᠠᠶᠢᠨ᠎ᠠ᠃ | ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠠᠯᠳᠠᠪᠤᠷᠢᠳᠤ ᠴᠢᠨᠠᠷᠳᠠᠢ ᠨᠠᠶᠢᠳᠡᠯᠢᠭ ᠪᠤᠰᠤ | ᠬᠡᠯᠪᠡᠷᠢ ᠶᠢᠨ ᠠᠭᠤᠰᠬᠢᠨ ᠦᠷᠪᠢᠰᠦᠯ᠂ ᠠᠶᠢᠽ ᠡᠪᠡᠳᠴᠢᠨ᠂ ᠸᠢᠷᠦ᠋ᠰᠲᠦ ᠡᠯᠢᠭᠡᠨ ᠦᠷᠪᠢᠰᠦᠯ᠂ ᠨᠤᠭᠤᠰᠤᠨ ᠤ ᠪᠤᠷᠤ | ᠪᠤᠳᠠᠰ ᠤᠨ ᠦᠷᠪᠢᠰᠦᠯ᠂ ᠬᠦᠮᠦᠨ ᠳᠤ ᠬᠠᠯᠳᠠᠪᠤᠷᠢᠯᠠᠬᠤ ᠬᠦᠨᠳᠦ ᠡᠪᠡᠳᠴᠢᠯᠡᠭᠦᠯᠬᠦ ᠴᠢᠨᠠᠷᠲᠠᠢ ᠵᠢᠬᠦᠷᠳᠡᠨ ᠤ ᠲᠠᠭᠰᠢᠭᠤᠷ᠂ | ᠤᠯᠠᠭᠠᠨ ᠨᠤᠳ᠂ ᠲᠠᠬᠤᠯᠳᠤ ᠴᠢᠰᠤ ᠭᠠᠷᠬᠤ ᠬᠠᠯᠠᠭᠤᠨ᠂ ᠭᠠᠯᠵᠠᠭᠤ ᠡᠪᠡᠳᠴᠢᠨ᠂ ᠬᠥᠬᠡᠭᠴᠢᠨ ᠬᠡᠯᠪᠡᠷᠢᠳᠦ ᠲᠠᠬᠤᠯ ᠤᠨ | ᠲᠠᠷᠢᠬᠢᠨ ᠦᠷᠪᠢᠰᠦᠯ᠂ ᠳ᠋ᠸᠡᠭᠬᠦ᠋ ᠬᠠᠯᠠᠭᠤᠷᠠᠯᠭ᠎ᠠ᠂ ᠪᠤᠭᠤᠮ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ | ᠠᠭᠤᠰᠬᠢᠨ ᠰᠦᠷᠢᠶ᠎ᠠ᠂ ᠲᠤᠮᠤᠭᠤ ᠪᠠ ᠢᠵᠢᠯ ᠲᠤᠮᠤᠭᠤ᠂ ᠲᠠᠬᠤᠯᠳᠤ ᠲᠠᠷᠢᠬᠢ ᠨᠤᠭᠤᠰᠤᠨ ᠪᠦᠷᠬᠦᠪᠴᠢ ᠶᠢᠨ ᠦᠷᠪᠢᠰᠦᠯ᠂ | ᠵᠠᠭᠤᠨ ᠬᠤᠨᠤᠭ ᠤᠨ ᠬᠠᠨᠢᠶᠠᠳᠤ᠂ ᠰᠠᠬᠤᠤ᠂ ᠰᠠᠶ᠋ᠢ ᠲᠦᠷᠦᠭᠰᠡᠨ ᠬᠡᠦᠬᠡᠳ ᠤᠨ ᠲᠠᠳᠠᠷᠠᠩ᠂ ᠤᠯᠠᠭᠠᠨ ᠡᠰᠡᠷᠭᠡᠨ᠎ᠡ᠂ | ᠪᠷᠦ᠋ᠽᠧᠯ ᠡᠪᠡᠳᠴᠢᠨ᠂ ᠬᠦᠢᠳᠡᠨ ᠡᠪᠡᠳᠴᠢᠨ᠂ ᠲᠠᠮᠪᠤᠤ᠂ ᠭᠤᠬ᠎ᠠ ᠮᠤᠰᠬᠢᠷᠠᠭᠠᠳᠠᠨ ᠡᠪᠡᠳᠴᠢᠨ᠂ ᠴᠢᠰᠦ ᠰᠤᠷᠤᠭᠴᠢ | ᠬᠤᠷᠤᠬᠠᠢᠢᠳᠤ ᠡᠪᠡᠳᠴᠢᠨ᠂ ᠱᠦᠯᠬᠦᠬᠡ ᠡᠪᠡᠳᠴᠢᠨ ᠢ ᠵᠢᠭᠠᠵᠤ ᠪᠠᠶᠢᠨ᠎ᠠ᠃ | ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠲᠠᠬᠤᠯ ᠲᠠᠭᠰᠢᠭᠤᠷ᠂ ᠲᠦᠭᠦᠰᠢ ᠶᠢᠨ ᠪᠤᠯᠴᠢᠷᠬᠠᠢ ᠶᠢᠨ | ᠲᠠᠬᠤᠯᠳᠤ ᠦᠷᠪᠢᠰᠦᠯ᠂ ᠰᠠᠯᠬᠢᠨ ᠴᠡᠴᠡᠭ᠂ ᠲᠦᠷᠭᠡᠨ ᠴᠢᠰᠦ ᠭᠠᠷᠬᠤ ᠴᠢᠨᠠᠷᠲᠠᠢ ᠨᠠᠶᠢᠯᠠᠮᠠᠯ ᠪᠦᠷᠬᠦᠪᠴᠢ ᠶᠢᠨ ᠦᠷᠪᠢᠰᠦᠯ᠂ | ᠤᠶᠠᠮᠠᠨ ᠡᠪᠡᠳᠴᠢᠨ᠂ ᠲᠠᠬᠤᠯ ᠤᠨ ᠴᠢᠨᠠᠷᠲᠠᠢ ᠪᠠ ᠤᠷᠤᠨ ᠨᠤᠳᠤᠭ ᠤᠨ ᠴᠢᠨᠠᠷᠲᠠᠢ ᠡᠰᠡᠷᠭᠡᠨᠡᠳᠦ ᠬᠢᠵᠢᠭ᠂ ᠬᠠᠷ᠎ᠠ | ᠬᠠᠯᠠᠭᠤᠷᠠᠯᠭ᠎ᠠ ᠡᠪᠡᠳᠴᠢᠨ᠂ ᠬᠤᠷᠤᠬᠠᠢ ᠶᠢᠨ ᠪᠡᠲᠡᠭᠢ ᠡᠪᠡᠳᠴᠢᠨ᠂ ᠤᠳᠠᠰᠤᠯᠢᠭ ᠬᠤᠷᠤᠬᠠᠢᠢᠳᠤ ᠡᠪᠡᠳᠴᠢᠨ᠂ ᠵᠢᠴᠢ | ᠬᠤᠯᠢᠷ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠲᠤᠮᠤᠭᠤ ᠪᠠ ᠢᠵᠢᠯ ᠲᠤᠮᠤᠭᠤ ᠠᠴᠠ ᠭᠠᠳᠠᠨᠠᠬᠢ | ᠬᠠᠯᠳᠠᠪᠤᠷᠢᠯᠠᠬᠤ ᠴᠢᠨᠠᠷᠳᠠᠢ ᠰᠠᠭᠤᠯᠭᠠᠬᠤ ᠡᠪᠡᠳᠴᠢᠨ ᠢ ᠵᠢᠭᠠᠵᠤ ᠪᠠᠶᠢᠨ᠎ᠠ᠃ | 2020 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ 1 ᠳ᠋ᠦ᠋ᠭᠡᠷ ᠲᠣᠭᠠᠲᠤ ᠠᠯᠪᠠᠨ ᠵᠠᠷ ᠨᠡᠶᠢᠲᠡᠯᠡᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠲᠣᠭᠲᠠᠭᠠᠭᠰᠠᠨ ᠬᠥᠬᠡᠭᠴᠢᠨ ᠲᠥᠷᠥᠯ ᠤᠨ ᠬᠠᠯᠳᠠᠪᠤᠷᠢᠲᠦ | ᠡᠪᠡᠳᠴᠢᠨ ᠳᠤ ᠣᠷᠣᠭᠤᠯᠬᠤ ᠶᠢᠨ ᠬᠠᠮᠲᠤ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ | ᠡᠵᠡᠮᠳᠡᠬᠦ ᠠᠷᠭ᠎ᠠ ᠬᠡᠮᠵᠢᠶ᠎ᠡ ᠠᠪᠬᠤ ᠪᠣᠯᠣᠨ᠎ᠠ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ | ᠬᠢᠵᠢᠭ ᠪᠠᠶᠢᠴᠠᠭᠠᠬᠤ ᠬᠠᠤᠯᠢ︾ ᠳᠤ ᠲᠣᠭᠲᠠᠭᠠᠭᠰᠠᠨ ᠬᠢᠵᠢᠭ ᠪᠠᠶᠢᠴᠠᠭᠠᠬᠤ ᠬᠠᠯᠳᠠᠪᠤᠷᠢᠲᠤ ᠡᠪᠡᠳᠴᠢᠨ ᠤ | ᠬᠠᠮᠢᠶᠠᠷᠤᠯᠲᠠ ᠳᠤ ᠣᠷᠣᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠪᠤᠰᠤᠳ ᠰᠠᠯᠠᠭ᠎ᠠ ᠮᠥᠴᠢᠷ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠤᠯᠢ ᠶᠣᠰᠣᠭᠠᠷ ᠡᠪᠡᠳᠴᠢᠲᠡᠨ ᠢ ᠲᠤᠰᠠᠭᠠᠷᠯᠠᠨ ᠡᠮᠨᠡᠵᠦ᠂ ᠨᠢᠭᠳᠠ | ᠤᠢᠢᠷᠠᠳᠤᠭᠰᠠᠳ ᠢ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠢᠷᠢᠰ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ | ᠠᠪᠴᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠡᠴᠠᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ | ᠬᠠᠯᠳᠠᠪᠤᠷᠢᠯᠠᠯ ᠢ ᠬᠠᠮᠲᠤ ᠪᠠᠷ ᠰᠡᠷᠭᠡᠶᠢᠯᠡᠵᠦ ᠪᠣᠯᠤᠨ᠎ᠠ᠃ | ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤᠮᠳᠠ ᠠᠷᠠᠳ ᠢᠷᠭᠡᠨ ᠶᠠᠮᠠᠷ ᠶᠠᠮᠠᠷ ᠡᠭᠦᠷᠭᠡ | ᠡᠭᠦᠷᠭᠡᠯᠡᠬᠦ ᠪᠣᠶ︖ | ᠠᠷᠪᠠᠨ ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ ᠲᠡᠪᠢᠰᠭᠡᠷ ᠲᠠᠬᠢ | ᠠᠯᠢᠪᠠ ᠨᠢᠭᠡᠴᠢ ᠪᠠ ᠬᠤᠪᠢ ᠬᠦᠮᠦᠨ ᠡᠷᠭᠡᠪᠰᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ | ᠡᠮᠴᠢᠯᠡᠬᠡᠨ ᠤ ᠪᠠᠶᠢᠭᠤᠯᠤᠮᠵᠢ ᠶᠢᠨ ᠬᠠᠯᠳᠠᠪᠤᠷᠢᠳᠤ ᠡᠪᠡᠳᠴᠢᠨ ᠤ ᠲᠤᠬᠠᠢ ᠪᠠᠶᠢᠴᠠᠭᠠᠯᠳᠠ ᠬᠢᠬᠦ᠂ ᠰᠢᠯᠭᠠᠨ ᠪᠠᠶᠢᠴᠠᠭᠠᠬᠤ᠂ | ᠦᠯᠢᠭᠡᠷ ᠡᠳ᠋ ᠴᠤᠭᠯᠠᠭᠤᠯᠬᠤ᠂ ᠲᠤᠰᠠᠭᠠᠷᠯᠠᠨ ᠡᠮᠨᠡᠬᠦ ᠵᠡᠷᠬᠡ ᠰᠡᠷᠭᠡᠶᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠦᠯᠢᠶᠡᠨ | ᠠᠪᠴᠤ᠂ ᠬᠤᠯᠪᠤᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠨᠭ᠍ᠭᠠᠬᠤ ᠬᠡᠷᠡᠭᠳᠡᠢ᠃ ᠡᠪᠡᠳᠴᠢᠨ ᠡᠮᠬᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ | ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠠᠳᠠᠷᠠᠭᠤᠯᠵᠤ ᠪᠤᠯᠬᠤ ᠦᠭᠡᠢ᠃ | ★ ᠬᠠᠯᠳᠠᠪᠤᠷᠢᠲᠤ ᠡᠪᠡᠳᠴᠢᠨ ᠡᠭᠦᠰᠦᠭᠰᠡᠨ᠂ ᠳᠡᠯᠭᠡᠷᠡᠭᠰᠡᠨ ᠦᠶ᠎ᠡ ᠳᠤ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠬᠢᠵᠠᠭᠠᠷᠯᠠᠬᠤ ᠬᠡᠷᠡᠭᠴᠡᠭᠡ ᠶᠢ | ᠦᠨᠳᠦᠰᠦᠯᠡᠨ ᠶᠠᠮᠠᠷ ᠶᠠᠮᠠᠷ ᠪᠠᠴᠢᠮ ᠠᠷᠭ᠎ᠠ ᠬᠡᠮᠵᠢᠶ᠎ᠡ ᠠᠪᠴᠤ ᠪᠣᠯᠬᠤ ᠪᠤᠢ︖ | ᠲᠦᠴᠢᠨ ᠬᠤᠶᠠᠳᠤᠭᠠᠷ ᠵᠦᠢᠯ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠰᠢᠶᠠᠨ ᠤ | ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠲᠡᠷᠡ ᠲᠤᠤᠷ᠎ᠠ ᠨᠢ ᠬᠦᠴᠦᠨ ᠢᠶᠠᠨ | ᠵᠤᠬᠢᠶᠠᠨ ᠪᠠᠶᠢᠭᠤᠯᠵᠤ᠂ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠶᠤᠰᠤᠭᠠᠷ ᠰᠡᠷᠭᠡᠶᠢᠯᠡᠨ ᠵᠠᠰᠠᠵᠤ᠂ ᠬᠠᠯᠳᠠᠪᠤᠷᠢᠳᠤ | ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠳᠡᠢ᠂ ᠴᠢᠬᠤᠯᠠᠲᠠᠢ ᠦᠶ᠎ᠡ ᠳᠤ ᠲᠡᠭᠡᠷ᠎ᠡ ᠨᠢᠭᠡ ᠱᠠᠳᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠲᠤᠭᠳᠠᠭᠠᠯᠭᠠᠵᠤ ᠲᠤᠤᠷ᠎ᠠ ᠵᠢᠭᠰᠠᠭᠠᠭᠰᠠᠨ ᠪᠠᠴᠢᠮ ᠠᠷᠭ᠎ᠠ ᠬᠡᠮᠵᠢᠶ᠎ᠡ ᠶᠢ | ᠠᠪᠬᠤ ᠶᠢᠨ ᠬᠠᠮᠳᠤ ᠵᠠᠷᠯᠠᠵᠤ ᠪᠤᠯᠤᠨ᠎ᠠ᠄ | ︵ᠨᠢᠬᠡ︶ ᠴᠤᠭᠯᠠᠭ᠎ᠠ ᠮᠠᠶᠢᠮᠠᠢ᠂ ᠺᠢᠨᠣ᠋ ᠲᠢᠶᠠᠳ᠋ᠷ ᠤᠨ ᠲᠤᠭᠯᠠᠯᠳᠠ ᠪᠤᠶᠤ ᠬᠦᠮᠦᠰ ᠤᠨ ᠴᠤᠭᠯᠠᠷᠠᠳᠠᠭ ᠪᠤᠰᠤᠳ | ᠠᠵᠢᠯᠯᠠᠭ᠎ᠠ ᠶᠢ ᠬᠢᠵᠠᠭᠠᠷᠯᠠᠬᠤ ᠪᠤᠶᠤ ᠵᠤᠭᠰᠤᠭᠠᠬᠤ︔ | ︵ᠬᠤᠶᠠᠷ︶ ᠠᠵᠢᠯ᠂ ᠠᠷᠠᠯᠵᠢᠶ᠎ᠠ᠂ ᠬᠢᠴᠢᠶᠡᠯ ᠢ ᠵᠤᠭᠰᠤᠭᠠᠬᠤ︔ | ︵ᠭᠤᠷᠪᠠ︶ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠤᠯᠠᠨ ᠨᠠᠶᠢᠳᠠ ᠶᠢᠨ | ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ ᠪᠢᠳᠡᠬᠦᠮᠵᠢᠯᠡᠬᠦ ᠪᠤᠶᠤ | ᠪᠢᠳᠡᠬᠦᠮᠵᠢᠯᠡᠨ ᠬᠠᠳᠠᠭᠠᠯᠠᠬᠤ︔ | ︵ᠲᠦᠷᠪᠡ︶ ᠬᠢᠵᠢᠭ ᠬᠠᠯᠳᠠᠪᠤᠷᠢᠯᠠᠭᠰᠠᠨ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ | ᠬᠢᠵᠠᠭᠠᠷᠯᠠᠬᠤ ᠪᠤᠶᠤ ᠤᠰᠠᠳᠬᠠᠬᠤ︔ | ︵ᠲᠠᠪᠤ︶ ᠬᠠᠯᠳᠠᠪᠤᠷᠢᠳᠤ ᠡᠪᠡᠳᠴᠢᠨ ᠲᠠᠷᠬᠠᠭᠠᠵᠤ ᠮᠡᠳᠡᠬᠦ ᠲᠠᠯᠠᠪᠤᠷ ᠭᠠᠵᠠᠷ ᠢ ᠪᠢᠳᠡᠬᠦᠮᠵᠢᠯᠡᠬᠦ᠃ | ★ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠲᠦ ᠡᠪᠡᠳᠴᠢᠨ ᠤ ᠬᠢᠵᠢᠭ ᠤᠨ | ᠪᠠᠶᠢᠳᠠᠯ ᠢ ᠣᠯᠵᠤ ᠮᠡᠳᠡᠭᠰᠡᠨ ᠪᠤᠶᠤ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠣᠯᠪᠠᠯ᠂ | ᠴᠠᠭ ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠲᠦᠴᠢᠳᠦᠬᠡᠷ ᠵᠦᠢᠯ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠪᠤᠶᠤ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ | ᠮᠡᠳᠡᠬᠦᠯᠦᠯᠳᠡ ᠶᠢ ᠤᠯᠪᠠᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄ | ︵ᠨᠢᠬᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠵᠤ᠂ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠢᠵᠢᠭᠳᠦ ᠴᠡᠭ᠂ ᠬᠢᠵᠢᠭᠳᠦ ᠤᠷᠤᠨ ᠢ ᠵᠠᠭᠠᠭᠯᠠᠨ | ᠲᠤᠭᠳᠠᠭᠠᠬᠤ ᠰᠠᠨᠠᠭᠤᠯᠭ᠎ᠠ ᠶᠢ ᠲᠤᠷᠠᠳᠤᠨ ᠭᠠᠷᠭᠠᠵᠤ᠂ ᠪᠤᠬᠢᠷᠳᠤᠭᠳᠠᠭᠰᠠᠨ ᠭᠠᠵᠠᠷ ᠲᠤ ᠡᠷᠡᠭᠦᠯ ᠬᠠᠮᠠᠭᠠᠯᠠᠯ ᠤᠨ | ᠰᠢᠢᠳᠪᠦᠷᠢᠯᠡᠯᠲᠡ ᠬᠢᠵᠦ᠂ ᠨᠢᠭᠳᠠ ᠤᠢᠢᠷᠠᠳᠤᠭᠰᠠᠳ ᠲᠤ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ | ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠡ ᠠᠪᠬᠤ ᠶᠢᠨ ᠬᠠᠮᠳᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ | ᠭᠠᠷᠭᠠᠨ᠎ᠠ︔ | ︵ᠬᠤᠶᠠᠷ︶ ᠬᠠᠯᠳᠠᠪᠤᠷᠢᠳᠤ ᠡᠪᠡᠳᠴᠢᠨ ᠡᠬᠦᠰᠥᠭᠰᠡᠨ᠂ ᠲᠡᠯᠭᠡᠷᠡᠭᠰᠡᠨ ᠦᠶ᠎ᠡ ᠳᠤ ᠬᠢᠵᠢᠭᠳᠦ ᠴᠡᠭ᠂ ᠬᠢᠵᠢᠭᠳᠦ | ᠤᠷᠤᠨ ᠳᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠤ᠂ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠬᠤ ᠶᠢᠨ ᠬᠠᠮᠳᠤ ᠡᠷᠡᠬᠦᠯ ᠬᠠᠮᠠᠭᠠᠯᠠᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠷᠭ᠎ᠠ ᠬᠡᠮᠵᠢᠶ᠎ᠡ ᠠᠪᠤᠨ᠎ᠠ︔ | ︵ᠭᠤᠷᠪᠠ︶ ᠲᠤᠤᠷᠠᠳᠤ ᠱᠠᠳᠤᠨ ᠤ ᠪᠠᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ | ᠵᠢᠯᠤᠭᠤᠳᠤᠨ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠤᠯᠵᠤ᠂ | ᠬᠤᠯᠪᠤᠭᠳᠠᠯ ᠪᠦᠬᠦᠢ ᠨᠢᠬᠡᠴᠢ ᠶᠢᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠢ ᠵᠤᠬᠢᠶᠠᠨ | ᠪᠠᠶᠢᠭᠤᠯᠵᠤ᠂ ᠵᠢᠯᠤᠭᠤᠳᠤᠨ᠎ᠠ᠃ | ★ ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠤᠯᠵᠤ ᠮᠡᠳᠡᠪᠡᠯ᠂ ᠴᠠᠭ | ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠭᠤᠴᠢ ᠶᠢᠰᠦᠳᠦᠭᠡᠷ ᠵᠦᠢᠯ ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ | ᠤᠯᠵᠤ ᠮᠡᠳᠡᠪᠡᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄ | ︵ᠨᠢᠬᠡ︶ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠢ ᠲᠤᠰᠠᠭᠠᠷᠯᠠᠨ ᠡᠮᠨᠡᠨ ᠵᠠᠰᠠᠨ᠎ᠠ᠂ | ᠲᠤᠰᠠᠭᠠᠷᠯᠠᠬᠤ ᠬᠤᠭᠤᠴᠠᠭ᠎ᠠ ᠶᠢ ᠠᠨᠠᠭᠠᠬᠤ ᠤᠬᠠᠭᠠᠨ ᠤ ᠪᠠᠶᠢᠴᠠᠭᠠᠯᠳᠠ ᠶᠢᠨ ᠦᠷ᠎ᠡ ᠳ᠋ᠦᠩ ᠢ ᠦᠨᠳᠦᠰᠦᠯᠡᠵᠦ ᠲᠤᠭᠳᠠᠭᠠᠨ᠎ᠠ | ︔ | ︵ᠬᠤᠶᠠᠷ︶ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠪᠤᠯ ᠡᠪᠡᠳᠴᠢᠨ ᠢ ᠨᠢ ᠲᠤᠳᠤᠯᠠᠬᠤ ᠠᠴᠠ | ᠡᠮᠦᠨ᠎ᠡ ᠲᠤᠭᠳᠠᠭᠰᠠᠨ ᠲᠠᠯᠠᠪᠤᠷ ᠭᠠᠵᠠᠷ ᠲᠤ ᠲᠤᠰᠠᠭᠠᠷᠯᠠᠨ ᠡᠮᠨᠡᠵᠦ ᠵᠠᠰᠠᠨ᠎ᠠ︔ | ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠶᠢᠨ ᠡᠪᠡᠳᠴᠢᠳᠡᠨ᠂ ᠡᠪᠡᠳᠴᠢᠨ ᠡᠬᠦᠰᠭᠡᠭᠴᠢ ᠶᠢ | ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠲᠠᠢ ᠨᠢᠭᠳᠠ ᠦᠢᠷᠡᠳᠦᠬᠰᠡᠳ ᠲᠤ ᠪᠤᠯ᠂ | ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠤᠷᠢᠳᠴᠢᠯᠠᠨ | ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠠ ᠶᠢ ᠠᠪᠤᠨ᠎ᠠ᠃ ᠲᠤᠰᠠᠭᠠᠷᠯᠠᠵᠤ ᠡᠮᠨᠡᠨ ᠵᠠᠰᠠᠬᠤ ᠶᠢ ᠲᠡᠪᠴᠢᠭᠰᠡᠨ ᠬᠦᠮᠥᠨ ᠪᠤᠶᠤ | ᠲᠤᠰᠠᠭᠠᠷᠯᠠᠬᠤ ᠬᠤᠭᠤᠴᠠᠭ᠎ᠠ ᠲᠦᠬᠦᠷᠦᠭᠡᠳᠦᠢ ᠪᠠᠷ ᠲᠤᠰᠠᠭᠠᠷᠯᠠᠵᠤ ᠡᠮᠨᠡᠨ ᠵᠠᠰᠠᠬᠤ ᠭᠠᠵᠠᠷ ᠠᠴᠠ ᠲᠤᠷ᠎ᠠ ᠪᠠᠷ ᠢᠶᠠᠨ ᠰᠠᠯᠵᠤ | ᠶᠠᠪᠤᠭᠰᠠᠳ ᠲᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠮᠴᠢᠯᠡᠬᠡᠨ ᠤ ᠪᠠᠶᠢᠭᠤᠯᠤᠮᠵᠢ ᠲᠠᠢ ᠬᠠᠮᠵᠢᠵᠤ ᠪᠠᠶᠢᠭᠠᠳ | ᠠᠯᠪᠠᠳᠠᠨ ᠲᠤᠰᠠᠭᠠᠷᠯᠠᠵᠤ ᠡᠮᠨᠡᠬᠦ ᠠᠷᠭ᠎ᠠ ᠬᠡᠮᠵᠢᠶ᠎ᠡ ᠠᠪᠴᠤ ᠪᠤᠯᠤᠨ᠎ᠠ᠃ | ᠡᠮᠴᠢᠯᠡᠬᠡᠨ ᠤ ᠪᠠᠶᠢᠭᠤᠯᠤᠮᠵᠢ ᠬᠥᠬᠡᠭᠴᠢᠨ ᠲᠦᠷᠦᠯ ᠪᠤᠶᠤ ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠲᠠᠢ | ᠡᠪᠡᠳᠴᠢᠳᠡᠨ ᠪᠠᠶᠢᠬᠤ ᠶᠢ ᠤᠯᠵᠤ ᠮᠡᠳᠡᠪᠡᠯ᠂ ᠡᠪᠡᠳᠴᠢᠨ ᠤ ᠬᠢᠨᠢ ᠪᠠᠶᠢᠳᠠᠯ ᠢ ᠦᠨᠳᠦᠰᠦᠯᠡᠨ ᠴᠢᠬᠤᠯᠠ ᠪᠦᠬᠦᠢ ᠡᠮᠨᠡᠨ | ᠵᠠᠰᠠᠬᠤ ᠪᠠ ᠬᠠᠯᠳᠠᠪᠤᠷᠢᠯᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃ | ᠡᠮᠴᠢᠯᠡᠭᠡᠨ ᠤ ᠪᠠᠶᠢᠭᠤᠯᠤᠮᠵᠢ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠬᠰᠠᠨ ᠭᠠᠵᠠᠷ᠂ ᠡᠳ᠋ ᠪᠤᠳᠠᠰ ᠵᠢᠴᠢ ᠡᠮᠴᠢᠯᠡᠭᠡ ᠶᠢᠨ ᠬᠠᠶᠠᠭᠳᠠᠮᠠᠯ ᠪᠤᠳᠠᠰ ᠢ ᠡᠷᠭᠡᠪᠰᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠤᠭᠳᠠᠭᠠᠯ ᠶᠤᠰᠤᠭᠠᠷ ᠠᠷᠢᠭᠤᠳᠬᠠᠬᠤ ᠪᠠ ᠬᠤᠤᠷ ᠦᠭᠡᠶᠢᠵᠢᠬᠦᠯᠦᠨ ᠰᠢᠢᠳᠪᠤᠷᠢᠯᠡᠬᠦ ᠬᠡᠷᠡᠭᠳᠡᠢ᠃ | ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠢ ᠵᠥᠷᠢᠴᠡᠪᠡᠯ ᠶᠠᠮᠠᠷ ᠬᠠᠤᠯᠢ | ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖ | ᠵᠢᠷᠠᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠲᠤᠰ | ᠬᠠᠤᠯᠢ ᠶᠢᠨ ᠲᠤᠭᠳᠠᠭᠠᠯ ᠶᠤᠰᠤᠭᠠᠷ ᠮᠡᠳᠡᠬᠦᠯᠦᠯᠳᠡ ᠬᠢᠬᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ᠂ | ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ | ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ ᠴᠠᠭ | ᠲᠤᠬᠠᠢ ᠳᠤᠨᠢ ᠠᠪᠤᠷᠠᠵᠤ ᠵᠠᠰᠠᠬᠤ ᠠᠵᠢᠯ ᠢ ᠵᠤᠬᠢᠶᠠᠨ ᠪᠠᠶᠢᠭᠤᠯᠤᠬᠰᠠᠨ ᠦᠭᠡᠢ᠂ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ | ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ | ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ | ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠳᠤ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ᠂ | ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ | ᠡᠷᠬᠢᠯᠡᠨ ᠬᠠᠮᠢᠶᠠᠷᠬᠤ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ | ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ᠂ ᠮᠡᠳᠡᠬᠦᠯᠬᠦ ᠪᠤᠶᠤ ᠨᠡᠶᠢᠲᠡᠯᠡᠬᠦ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠲᠠᠷᠬᠠᠯᠲᠠ ᠡᠬᠦᠰᠦᠭᠰᠡᠨ ᠪᠤᠶᠤ ᠡᠬᠦᠰᠴᠦ ᠮᠡᠳᠡᠬᠦ ᠦᠶ᠎ᠡ ᠳᠤ ᠴᠠᠭ | ᠲᠤᠬᠠᠢ ᠳᠤᠨᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠦᠯᠦ ᠠᠪᠤᠭᠰᠠᠨ︔ | ︵ᠭᠤᠷᠪᠠ︶ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ | ᠂ ᠡᠰᠡᠬᠦᠯ᠎ᠡ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠴᠠᠭ ᠲᠤᠬᠠᠢ ᠳᠤᠨᠢ ᠡᠰᠡ ᠪᠠᠶᠢᠴᠠᠭᠠᠨ | ᠰᠢᠳᠭᠡᠭᠰᠡᠨ︔ | ︵ᠳᠥᠷᠪᠡ︶ ᠲᠤᠤᠷᠠᠳᠤ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠠᠶᠢᠬᠤ ᠶᠢ | ᠢᠯᠡᠴᠢᠯᠡᠨ ᠮᠡᠳᠡᠬᠦᠯᠦᠭᠰᠡᠨ ᠨᠢᠬᠡᠴᠢ ᠪᠠ ᠬᠤᠪᠢ ᠬᠦᠮᠦᠨ ᠤ ᠮᠡᠳᠡᠬᠦᠯᠦᠯᠳᠡ ᠶᠢ ᠴᠠᠭ ᠲᠤᠬᠠᠢ ᠳᠤᠨᠢ ᠡᠰᠡ ᠪᠠᠶᠢᠴᠠᠭᠠᠨ | ᠰᠢᠢᠳᠪᠤᠷᠢᠯᠡᠭᠰᠡᠨ︔ | ︵ᠲᠠᠪᠤ︶ ᠲᠤᠰ ᠬᠠᠤᠯᠢ ᠶᠢ ᠵᠦᠷᠢᠴᠡᠭᠰᠡᠨ ᠲᠤᠰᠢᠶᠠᠯ ᠳᠠᠭᠠᠨ ᠤᠰᠤᠯᠳᠠᠵᠤ᠂ ᠲᠤᠰᠢᠶᠠᠯ ᠢᠶᠠᠨ ᠭᠤᠳᠤᠭᠠᠭᠰᠠᠨ | ᠪᠤᠰᠤᠳ ᠦᠢᠯᠡ ᠠᠵᠢᠯᠯᠠᠭ᠎ᠠ᠃ | ᠵᠢᠷᠠᠨ ᠲᠤᠯᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠢ | ᠰᠡᠷᠭᠡᠶᠢᠯᠡᠨ ᠵᠠᠰᠠᠬᠤ ᠪᠠ ᠰᠡᠷᠭᠡᠶᠢᠯᠡᠨ ᠵᠠᠰᠠᠬᠤ ᠶᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠦᠯᠦ ᠬᠦᠢᠴᠡᠳᠭᠡᠭᠰᠡᠨ | ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ | ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ | ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ | ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠨᠠᠢᠮᠠᠳᠤᠭᠠᠷ ᠵᠦᠢᠯ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠵᠤ ᠬᠢᠵᠠᠭᠠᠷᠯᠠᠬᠤ ᠪᠠᠶᠢᠭᠤᠯᠤᠮᠵᠢ ᠲᠤᠰ | ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ | ᠳᠣᠩᠭᠤᠳᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ | ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ | ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ | ᠬᠦᠢᠴᠡᠳᠭᠡᠭᠰᠡᠨ ᠦᠭᠡᠢ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ | ᠴᠤᠭᠯᠠᠭᠤᠯᠤᠭᠰᠠᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠪᠠ | ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠴᠠᠭ ᠲᠤᠬᠠᠢ ᠳᠤᠨᠢ ᠵᠠᠳᠠᠯᠤᠨ ᠰᠢᠨᠵᠢᠯᠡᠵᠤ᠂ ᠪᠠᠶᠢᠴᠠᠭᠠᠨ ᠰᠤᠳᠤᠯᠵᠤ᠂ ᠬᠢᠨᠠᠨ | ᠮᠠᠭᠠᠳᠯᠠᠬᠰᠠᠨ ᠦᠭᠡᠢ︔ | ︵ᠲᠦᠷᠪᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠲᠤᠰᠢᠶᠠᠯ | ᠬᠠᠷᠢᠭᠤᠴᠠᠯᠭ᠎ᠠ ᠶᠤᠰᠤᠭᠠᠷ ᠲᠤᠰ ᠬᠠᠤᠯᠢ ᠳᠤ ᠲᠤᠭᠳᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ︔ | ︵ᠲᠠᠪᠤ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ | ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ | ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠵᠢᠷᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠬᠡᠷᠡᠬᠦ ᠳᠤ | ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ | ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ | ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ | ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠬᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠵᠢᠯ᠂ | ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠡᠬᠦᠷᠭᠡ ᠪᠠ ᠬᠠᠷᠢᠭᠤᠴᠠᠯᠭᠠᠳᠤ ᠤᠷᠤᠨ ᠤ ᠪᠠᠨ ᠲᠤᠳᠤᠷᠠᠬᠢ | ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠲᠤᠭᠳᠠᠭᠠᠯ ᠶᠤᠰᠤᠭᠠᠷ ᠦᠯᠦ ᠡᠭᠦᠷᠭᠡᠯᠡᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ | ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ | ᠤᠳᠠᠭᠠᠰᠢᠷᠠᠭᠤᠯᠤᠨ ᠮᠡᠳᠡᠬᠦᠯᠦᠭᠰᠡᠨ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ ᠬᠠᠯᠳᠠᠪᠤᠷᠢᠳᠤ | ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠴᠢᠯᠡᠵᠤ ᠠᠪᠤᠷᠠᠬᠤ᠂ ᠲᠤᠬᠠᠢ ᠶᠢᠨ | ᠲᠠᠯᠠᠪᠤᠷ ᠲᠤᠨᠢ ᠠᠪᠤᠷᠠᠵᠤ ᠲᠤᠰᠠᠯᠠᠬᠤ᠂ ᠤᠨᠤᠰᠢᠯᠠᠬᠤ᠂ ᠰᠢᠯᠵᠢᠬᠦᠯᠦᠨ ᠤᠨᠤᠰᠢᠯᠠᠬᠤ ᠦᠢᠯᠡᠴᠢᠯᠡᠭᠡ ᠶᠢ ᠲᠤᠭᠳᠠᠭᠠᠯ | ᠶᠤᠰᠤᠭᠠᠷ ᠦᠯᠦ ᠬᠠᠨᠭ᠍ᠭᠠᠭᠰᠠᠨ᠂ ᠡᠰᠡᠬᠦᠯ᠎ᠡ ᠰᠢᠯᠵᠢᠬᠦᠯᠦᠨ ᠤᠨᠤᠰᠢᠯᠠᠬᠤ ᠶᠢ ᠬᠦᠯᠢᠶᠡᠵᠦ ᠠᠪᠬᠤ ᠶᠢ ᠲᠡᠪᠴᠢᠭᠰᠡᠨ︔ | ︵ᠳᠥᠷᠪᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠲᠠᠯᠠᠪᠤᠷ ᠭᠠᠵᠠᠷ᠂ ᠡᠳ᠋ ᠪᠤᠳᠠᠰ ᠵᠢᠴᠢ ᠡᠮᠴᠢᠯᠡᠬᠡᠨ ᠤ ᠬᠠᠶᠠᠭᠳᠠᠮᠠᠯ ᠡᠳ᠋ ᠢ ᠲᠤᠭᠳᠠᠭᠠᠯ ᠶᠤᠰᠤᠭᠠᠷ ᠦᠯᠦ | ᠠᠷᠢᠭᠤᠳᠬᠠᠭᠰᠠᠨ ᠪᠤᠶᠤ ᠬᠤᠤᠷ ᠦᠭᠡᠶᠢᠵᠢᠬᠦᠯᠦᠨ ᠰᠢᠢᠳᠪᠤᠷᠢᠯᠡᠭᠰᠡᠨ ᠦᠭᠡᠢ︔ | ︵ᠲᠠᠪᠤ︶ ᠡᠮᠴᠢᠯᠡᠬᠡᠨ ᠤ ᠪᠠᠭᠠᠵᠢ ᠬᠡᠷᠡᠭᠯᠡᠬᠦᠷ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ᠂ ᠡᠰᠡᠬᠦᠯ᠎ᠡ | ᠲᠤᠭᠳᠠᠭᠠᠯ ᠶᠤᠰᠤᠭᠠᠷ ᠨᠢᠭᠡ ᠯᠠ ᠤᠳᠠᠭ᠎ᠠ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ ᠦᠭᠡᠶᠢᠬᠢᠭᠰᠡᠨ ᠦᠭᠡᠢ ᠪᠠᠷ ᠲᠠᠬᠢᠨ | ᠬᠡᠷᠡᠭᠯᠡᠭᠰᠡᠨ︔ | ︵ᠵᠢᠷᠭᠤᠭ᠎ᠠ︶ ᠡᠮᠨᠡᠵᠤ ᠠᠪᠤᠷᠠᠬᠤ ᠶᠠᠪᠤᠴᠠ ᠳᠠᠭᠠᠨ ᠠᠨᠠᠭᠠᠬᠤ ᠤᠬᠠᠭᠠᠨ ᠤ ᠲᠡᠮᠳᠡᠭᠯᠡᠯ ᠮᠠᠲ᠋ᠧᠷᠢᠶᠠᠯ ᠢ ᠲᠤᠭᠳᠠᠭᠠᠯ | ᠶᠤᠰᠤᠭᠠᠷ ᠡᠰᠡ ᠬᠠᠳᠠᠭᠠᠯᠠᠨ ᠬᠠᠮᠢᠶᠠᠷᠤᠭᠰᠠᠨ︔ | ︵ᠲᠤᠯᠤᠭ᠎ᠠ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ | ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ ᠨᠢᠭᠤᠴᠠ ᠳᠤ | ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠲᠠᠯᠠᠳᠤᠭᠠᠷ ᠵᠦᠢᠯ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ | ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠤᠯᠤᠰ ᠤᠨ | ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠭᠰᠡᠨ ᠦᠭᠡᠢ ᠠᠴᠠ ᠪᠤᠯᠵᠤ ᠶᠡᠬᠦᠯᠡᠭᠰᠡᠨ ᠴᠢᠰᠦ ᠨᠢ ᠴᠢᠰᠤ ᠪᠠᠷ ᠳᠠᠮᠵᠢᠬᠤ | ᠡᠪᠡᠳᠴᠢᠨ ᠢ ᠡᠬᠦᠰᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ | ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ | ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ | ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠴᠢᠰᠤ ᠠᠪᠬᠤ ᠴᠢᠰᠤ ᠬᠠᠨᠭ᠍ᠭᠠᠬᠤ | ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ | ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠤᠭᠰᠠᠨ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ | ᠬᠤᠳᠠᠯᠳᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠴᠠᠭᠠᠵᠠᠯᠠᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ | ᠠᠰᠢᠭ ᠢ ᠨᠢ ᠬᠤᠷᠢᠶᠠᠨ ᠠᠪᠴᠤ᠂ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠨᠠᠶᠢᠯᠡᠬᠦᠯᠦᠨ ᠰᠢᠳᠬᠡᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠳᠠᠯᠠᠨ ᠨᠢᠭᠡᠳᠦᠭᠡᠷ ᠵᠦᠢᠯ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠪᠠᠶᠢᠭᠤᠯᠭ᠎ᠠ᠂ | ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ | ᠮᠦᠴᠢᠷ ᠠᠴᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠵᠠᠷᠯᠢᠭᠳᠠᠨ | ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ | ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ | ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ | ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠯᠠᠨ ᠬᠤᠶᠠᠳᠤᠭᠠᠷ ᠵᠦᠢᠯ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ ᠠᠭᠠᠷ ᠤᠨ | ᠠᠶᠠᠯᠠᠯ ᠤᠨ ᠡᠵᠡᠩᠨᠡᠯᠳᠡ ᠶᠢᠨ ᠨᠢᠭᠡᠴᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ ᠵᠦᠢᠯ | ᠪᠠ ᠡᠮᠴᠢᠯᠡᠭᠡᠨ ᠤ ᠪᠠᠭᠠᠵᠢ ᠭᠡᠷᠡᠭᠯᠡᠬᠦᠷ ᠢ ᠡ᠊ᠩ ᠲᠡᠷᠢᠬᠦᠨ ᠳᠤ ᠵᠥᠭᠡᠭᠡᠪᠦᠷᠢᠯᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ | ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠤᠨ᠎ᠠ︔ ᠬᠦᠨᠳᠦ ᠨᠤᠴᠢᠳᠠᠢ | ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ | ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ | ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ᠃ | ᠲᠠᠯᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠶᠢ ᠭᠠᠷᠭᠠᠭᠠᠳ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ | ᠬᠦᠷᠥᠭᠦᠯᠬᠦ ᠪᠤᠯᠤᠯᠴᠠᠭ᠎ᠠ ᠲᠠᠢ ᠪᠤᠯᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ | ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ ᠲᠠᠪᠤᠨ ᠲᠦᠮᠡᠨ | ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠭᠡᠵᠦ ᠪᠤᠯᠤᠨ᠎ᠠ︔ ᠨᠢᠭᠡᠨᠳᠡ | ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠦᠨᠡᠮᠯᠡᠯ ᠤᠯᠭᠤᠭᠰᠠᠨ ᠤᠤᠯ ᠤᠨ ᠰᠠᠯᠠᠭ᠎ᠠ ᠮᠦᠴᠢᠷ ᠬᠠᠤᠯᠢ ᠶᠤᠰᠤᠭᠠᠷ | ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠬᠠᠨᠭ᠍ᠭᠠᠭᠰᠠᠨ ᠤᠤᠭᠤᠬᠤ ᠤᠰᠤ ᠨᠢ ᠤᠯᠤᠰ ᠤᠨ | ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠬᠤᠶᠠᠷ︶ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ | ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠭᠤᠷᠪᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ | ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ | ᠨᠠᠶᠢᠴᠡᠬᠦ︔ | ︵ᠲᠦᠷᠪᠡ︶ ᠬᠢᠵᠢᠭᠳᠦ ᠤᠷᠤᠨ ᠳᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠪᠤᠯᠤᠯᠴᠠᠭ᠎ᠠ ᠲᠠᠢ | ᠡᠳ᠋ ᠪᠤᠳᠠᠰ ᠢ ᠠᠷᠢᠭᠤᠳᠬᠠᠵᠤ ᠰᠢᠢᠳᠪᠤᠷᠢᠯᠡᠭᠰᠡᠨ ᠦᠭᠡᠢ ᠪᠠᠷ ᠬᠤᠳᠠᠯᠳᠤᠭᠰᠠᠨ᠂ ᠲᠡᠭᠡᠭᠡᠪᠦᠷᠢᠯᠡᠭᠰᠡᠨ︔ | ︵ᠲᠠᠪᠤ︶ ᠠᠮᠢᠳᠤ ᠪᠤᠳᠠᠰ ᠤᠨ ᠪᠦᠲᠦᠭᠡᠭᠳᠡᠭᠦᠨ ᠦᠢᠯᠡᠳᠪᠦᠷᠢᠯᠡᠬᠦ ᠨᠢᠭᠡᠴᠢ ᠶᠢᠨ ᠦᠢᠯᠡᠳᠪᠦᠷᠢᠯᠡᠭᠰᠡᠨᠴᠢᠰᠤᠨ ᠤ | ᠪᠦᠳᠦᠭᠡᠭᠳᠡᠬᠦᠨ ᠨᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ ᠨᠠᠶᠢᠴᠡᠬᠦ᠃ | ᠲᠠᠯᠠᠨ ᠲᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ᠂ ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ | ᠂ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ ᠦᠭᠡᠢ | ᠪᠤᠯᠭᠠᠵᠤ ᠪᠤᠯᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ | ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ | ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ | ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠪᠠ | ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠳᠡᠭ ᠨᠢᠭᠡᠴᠢ ᠨᠢ ᠤᠯᠤᠰ ᠠᠴᠠ ᠲᠤᠭᠳᠠᠭᠠᠭᠰᠠᠨ ᠨᠦᠬᠦᠴᠡᠯ ᠪᠠ | ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠦᠯᠢᠭᠡᠷ ᠡᠳ᠋ ᠢ | ᠲᠤᠭᠳᠠᠭᠠᠯ ᠶᠤᠰᠤᠭᠠᠷ ᠴᠢᠩᠭ᠎ᠠ ᠬᠠᠮᠢᠶᠠᠷᠤᠭᠰᠠᠨ ᠦᠭᠡᠢ ᠠᠴᠠ ᠪᠤᠯᠵᠤ ᠲᠤᠷᠰᠢᠯᠳᠠ ᠶᠢᠨ ᠲᠠᠰᠤᠭ ᠤᠨ ᠬᠠᠯᠳᠠᠪᠤᠷᠢᠯᠠᠯ ᠢ | ᠡᠭᠦᠰᠬᠡᠭᠰᠡᠨ ᠪᠠ ᠡᠪᠡᠳᠴᠢᠨ ᠡᠬᠦᠰᠬᠡᠬᠦ ᠮᠢᠺᠷᠤᠪ ᠢ ᠲᠠᠷᠬᠠᠭᠠᠭᠰᠠᠨ︔ | ︵ᠬᠤᠶᠠᠷ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠤ᠂ ᠬᠠᠯᠳᠠᠪᠤᠷᠢᠳᠤ ᠡᠪᠡᠳᠴᠢᠨ ᠤ | ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠦᠯᠢᠭᠡᠷ ᠡᠳ᠋ ᠢ | ᠴᠤᠭᠯᠠᠭᠤᠯᠵᠤ᠂ ᠬᠠᠳᠠᠭᠠᠯᠠᠵᠤ᠂ ᠠᠪᠴᠤ ᠶᠠᠪᠤᠵᠤ᠂ ᠲᠡᠭᠡᠭᠡᠪᠦᠷᠢᠯᠡᠭᠰᠡᠨ ᠪᠠ ᠬᠡᠷᠡᠭᠯᠡᠭᠰᠡᠨ︔ | ︵ᠭᠤᠷᠪᠠ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ | ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠯᠦ ᠬᠡᠷᠡᠭᠵᠢᠬᠦᠯᠵᠦ᠂ ᠴᠢᠰᠤ ᠶᠡᠬᠦᠯᠡᠬᠦ᠂ ᠴᠢᠰᠤᠨ ᠤ ᠪᠦᠳᠦᠭᠡᠭᠳᠡᠬᠦᠨ ᠢ | ᠬᠡᠷᠡᠭᠯᠡᠭᠰᠡᠨ ᠠᠴᠠ ᠪᠤᠯᠵᠤ ᠴᠢᠰᠤ ᠪᠠᠷ ᠳᠠᠮᠵᠢᠬᠤ ᠡᠪᠡᠳᠴᠢᠨ ᠡᠮᠬᠡᠭ ᠢ ᠡᠬᠦᠰᠭᠡᠭᠰᠡᠨ᠃ | ᠲᠠᠯᠠᠨ ᠲᠠᠪᠤᠳᠤᠭᠠᠷ ᠵᠦᠢᠯ ᠬᠢᠵᠢᠭ ᠤᠨ ᠪᠠᠶᠢᠴᠠᠭᠠᠯᠳᠠ ᠬᠢᠭᠰᠡᠨ ᠦᠭᠡᠢ ᠪᠠᠷ ᠬᠦᠮᠦᠨ ᠮᠠᠯ ᠳᠤ ᠪᠦᠷ ᠲᠤᠰᠳᠠᠭ | ᠬᠠᠯᠳᠠᠪᠤᠷᠢᠳᠤ ᠡᠪᠡᠳᠴᠢᠨ ᠲᠠᠢ ᠬᠤᠯᠪᠤᠭᠳᠠᠯ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ ᠵᠢᠬᠦᠷᠳᠡᠨ ᠢ | ᠬᠤᠳᠠᠯᠳᠤᠵᠤ᠂ ᠲᠡᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠤ ᠮᠠᠯ ᠠᠵᠤ ᠠᠬᠤᠢ ᠮᠠᠯ ᠡᠮᠨᠡᠯᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠢ | ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠶᠢᠨ ᠬᠠᠮᠳᠤ ᠬᠠᠤᠯᠢ ᠶᠤᠰᠤᠭᠠᠷ ᠵᠠᠰᠠᠭ ᠵᠠᠬᠢᠷᠭᠠᠨ ᠤ | ᠰᠢᠳᠭᠡᠯ ᠦᠭᠬᠦᠨ᠎ᠡ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ᠤᠨᠰᠣᠷᠪᠤᠯᠵᠢᠳᠤ | ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ ᠵᠡᠷᠬᠡ ᠶᠢᠨ ᠲᠤᠮᠤ | ᠬᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠪᠠᠶᠢᠭᠤᠯᠬᠤ ᠳᠠᠭᠠᠨ ᠡᠷᠡᠬᠦᠯ ᠬᠠᠮᠠᠭᠠᠯᠠᠯ ᠤᠨ ᠪᠠᠶᠢᠴᠠᠭᠠᠯᠳᠠ | ᠬᠢᠭᠰᠡᠨ ᠦᠭᠡᠢ ᠪᠠᠷ ᠠᠵᠢᠯ ᠡᠬᠢᠯᠡᠬᠦᠯᠦᠭᠰᠡᠨ᠂ ᠡᠰᠡᠬᠦᠯ᠎ᠡ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢᠨ ᠰᠠᠨᠠᠯ ᠢᠶᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠴᠢᠬᠤᠯᠠ ᠪᠦᠬᠦᠢ ᠠᠷᠭ᠎ᠠ | ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ | ᠳᠣᠩᠭᠤᠳᠴᠤ᠂ ᠲᠡᠪᠤᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ | ᠵᠤᠭᠤᠰ ᠢᠶᠠᠷ ᠲᠤᠷᠭᠠᠬᠤ ᠪᠠᠷ ᠰᠢᠳᠬᠡᠨ᠎ᠡ︔ ᠬᠤᠭᠤᠴᠠᠭ᠎ᠠ ᠬᠡᠳᠦᠷᠡᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠤᠷᠪᠠᠨ ᠲᠦᠮᠡᠨ | ᠲᠦᠬᠦᠷᠢᠭ ᠠᠴᠠ ᠲᠡᠭᠡᠭᠰᠢ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠬᠦ ᠶᠢᠨ | ᠬᠠᠮᠳᠤ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠳᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ | ᠬᠡᠪᠴᠢᠶ᠎ᠡ ᠪᠠᠨ ᠦᠨᠳᠦᠰᠦᠯᠡᠨ ᠵᠠᠷᠯᠢᠭᠳᠠᠵᠤ ᠪᠠᠶᠢᠭᠤᠯᠬᠤ ᠠᠵᠢᠯ ᠢ ᠨᠢ ᠵᠤᠭᠰᠤᠭᠠᠵᠤ᠂ ᠡᠬᠦᠳᠡ ᠶᠢ ᠨᠢ ᠬᠠᠭᠠᠯᠭᠠᠬᠤ ᠪᠠᠷ | ᠰᠠᠨᠠᠯ ᠲᠡᠪᠰᠢᠬᠦᠯᠵᠦ ᠪᠤᠯᠤᠨ᠎ᠠ᠃ | ᠲᠠᠯᠠᠨ ᠲᠤᠯᠤᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠬᠠᠤᠯᠢ ᠶᠢᠨ ᠲᠤᠭᠳᠠᠭᠠᠯ ᠢ ᠵᠦᠷᠢᠴᠡᠭᠰᠡᠨ ᠠᠴᠠ | ᠪᠤᠯᠵᠤ ᠬᠠᠯᠳᠠᠪᠤᠷᠢᠳᠤ ᠡᠪᠡᠳᠴᠢᠨ ᠲᠠᠷᠬᠠᠬᠤ᠂ ᠳᠡᠯᠭᠡᠷᠡᠬᠦ ᠳᠤ ᠬᠦᠷᠦᠭᠦᠯᠵᠦ᠂ ᠪᠤᠰᠤᠳ ᠤᠨ ᠪᠡᠶ᠎ᠡ ᠮᠠᠬᠠᠪᠤᠳ᠂ ᠡᠳ᠋ | ᠬᠦᠷᠦᠩᠬᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ | ᠡᠬᠦᠷᠬᠡᠯᠡᠬᠦ ᠬᠡᠷᠡᠭᠳᠡᠢ᠃ |