ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠡᠷᠭᠡ ᠣᠨᠤᠭ᠎ᠠ᠂  ᠬᠦᠮᠦᠰ ᠤᠨ ᠬᠠᠮᠢᠶᠠᠷᠣᠯᠳᠠ ᠳᠤ ᠦᠷᠭᠦᠯᠵᠢ ᠲᠣᠬᠢᠶᠠᠯᠳᠤᠳᠠᠭ ᠠᠰᠠᠭᠤᠯᠳᠠ ᠬᠠᠷᠢᠭᠤᠯᠲᠠ ᠨᠤᠭᠤᠳ
ᠨᠡᠶᠢᠲᠡᠯᠡᠭᠰᠡᠨ ᠴᠠᠭ᠄
2020/2/18
    ᠠᠰᠠᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾᠎ ᠲᠠᠢ ᠲᠡᠷᠭᠡ ᠣᠨᠤᠭ᠎ᠠ ᠬᠤᠲᠠ ᠶᠢᠨ ᠲᠣᠭᠤᠷᠢᠭ ᠤᠨ ᠶᠠᠮᠠᠷᠪᠠ ᠰᠠᠭᠤᠭᠠᠯᠢ ᠲᠣᠭᠤᠷᠢᠭ ᠲᠤ ᠣᠷᠣᠵᠤ ᠪᠣᠯᠤᠨ᠎ᠠ ᠤᠤ︖     ᠬᠠᠷᠢᠭᠤᠯᠲᠠ᠄ ᠪᠣᠯᠬᠤ ᠦᠭᠡᠢ᠃ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾᠎  ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠡᠷᠭᠡ ᠣᠨᠣᠭᠠᠨ ᠤ ᠬᠤᠲᠠ ᠲᠣᠭᠤᠷᠢᠭ ᠤᠨ ᠵᠠᠮ ᠢᠶᠠᠷ ᠨᠡᠪᠲᠡᠷᠡᠬᠦ ᠴᠤᠷ ᠤᠨ ᠭᠠᠭᠴᠠ ᠬᠦᠴᠦᠨ ᠲᠠᠢ ᠦᠨᠡᠮᠯᠡᠬᠦ ᠪᠣᠯᠬᠤ ᠪᠥᠭᠡᠳ ᠬᠤᠲᠠ ᠶᠢᠨ ᠲᠣᠭᠤᠷᠢᠭ ᠤᠨ ᠲᠣᠳᠣᠷ᠎ᠠ 24 ᠴᠠᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠪᠠᠨ ᠭᠦᠢᠴᠡᠳᠬᠡᠭᠦ ᠪᠣᠯᠤᠨ᠎ᠠ᠃ ᠭᠡᠪᠡᠴᠦ ᠲᠡᠷᠭᠡ ᠣᠨᠤᠭ᠎ᠠ ᠶᠢᠨ ᠡᠵᠡᠨ ᠤ ᠰᠠᠭᠤᠵᠤ ᠪᠠᠶᠢᠭ᠎ᠠ ᠰᠠᠭᠤᠭᠠᠯᠢ ᠲᠣᠭᠤᠷᠢᠭ ᠲᠤ ᠣᠷᠣᠬᠤ ᠳᠤ᠂ ᠡᠷᠬᠡᠪᠰᠢ ᠲᠣᠰ ᠰᠠᠭᠤᠭᠠᠯᠢ ᠲᠣᠭᠤᠷᠢᠭ ᠠᠴᠠ ᠲᠠᠷᠬᠠᠭᠠᠭᠰᠠᠨ ︽ᠲᠡᠷᠭᠡ ᠨᠡᠪᠲᠡᠷᠡᠬᠦ ᠦᠨᠡᠮᠯᠡᠯ︾ ᠵᠢᠴᠢ ︽ ᠬᠦᠮᠦᠰ ᠤᠨ ᠣᠷᠣᠵᠤ ᠭᠠᠷᠬᠤ ᠦᠨᠡᠮᠯᠡᠯ︾᠎ ᠎ ᠶᠢ ᠵᠡᠷᠭᠡ ᠳᠤᠨᠢ ᠬᠠᠩᠭᠠᠬᠤ ᠬᠡᠷᠡᠭᠲᠡᠶ᠂ ᠲᠣᠰ ᠰᠠᠭᠤᠭᠠᠯᠢ ᠠᠷᠠᠳ ᠤᠨ ᠲᠣᠭᠤᠷᠢᠭ ᠤᠨ ᠪᠤᠰᠤ ᠬᠥᠮᠦᠰ ᠣᠷᠣᠵᠤ ᠪᠣᠯᠬᠤ ᠦᠭᠡᠢ᠃     ᠠᠰᠠᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠣ᠂ ᠣᠷᠣᠢ ᠎ ᠶᠢᠨ22᠄ 00 ᠴᠠᠭ ᠠᠴᠠ ᠥᠷᠯᠥᠭᠡ ᠶᠢᠨ 7᠄ 00 ᠴᠠᠭ ᠤᠨ ᠬᠤᠭᠤᠷᠣᠨᠳᠣ ᠰᠠᠭᠤᠭᠠᠯᠢ ᠲᠣᠭᠤᠷᠢᠭ ᠢᠶᠠᠷ ᠣᠷᠣᠵᠤ ᠭᠠᠷᠴᠤ ᠪᠣᠯᠤᠨ᠎ᠠ ᠤᠤ︖     ᠬᠠᠷᠢᠭᠤᠯᠲᠠ᠄ ᠪᠣᠯᠤᠨ᠎ᠠ᠃ ᠭᠡᠪᠡᠴᠦ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠪᠤᠶᠤ ᠪᠠᠶᠢᠭᠤᠯᠭ᠎ᠠ ᠶᠢᠨ ᠲᠠᠨᠢᠯᠴᠠᠭᠤᠯᠭ᠎ᠠ ᠶᠢᠨ ᠪᠢᠴᠢᠭ ᠪᠠᠶᠢᠬᠤ ᠬᠡᠷᠡᠭᠲᠡᠶ᠃ ᠠᠰᠠᠭᠤᠯᠲᠠ᠄  ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾᠎ ᠲᠠᠢ ᠲᠡᠷᠭᠡ ᠰᠠᠭᠤᠭᠠᠯᠢ ᠲᠣᠭᠤᠷᠢᠭ ᠢᠶᠠᠷ ᠣᠷᠣᠵᠤ ᠭᠠᠷᠬᠤ ᠳᠤ᠂ ᠵᠢᠯᠣᠭᠤᠴᠢ ᠪᠠ ᠬᠠᠮᠳᠣ ᠪᠠᠶᠢᠭ᠎ᠠ ᠬᠥᠮᠦᠰ ᠲᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠴᠢᠬᠤᠯᠠᠲᠠᠶ ᠤᠤ︖ᠬᠠᠷᠢᠭᠤᠯᠲᠠ᠄ ᠴᠢᠬᠤᠯᠠᠲᠠᠢ᠃ ᠶᠠᠮᠠᠷᠪᠠ ᠲᠡᠷᠭᠡ ᠣᠨᠤᠭ᠎ᠠ᠂ ᠶᠠᠮᠠᠷᠪᠠ ᠬᠥᠮᠦᠨ ᠭᠡᠳ ᠶᠠᠮᠠᠷᠪᠠ ᠴᠠᠭ ᠲᠤ ᠶᠠᠮᠠᠷᠪᠠ ᠰᠠᠭᠤᠭᠠᠯᠢ ᠲᠣᠭᠤᠷᠢᠭ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠣᠷᠣᠬᠤ ᠳᠤ᠂  ᠴᠥᠮ ᠰᠡᠷᠭᠡᠶᠢᠯᠡᠨ ᠡᠵᠡᠮᠳᠡᠬᠦ  ᠠᠵᠢᠯᠲᠠᠨ ᠠᠴᠠ ᠲᠡᠭᠦᠨ ᠳᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠬᠡᠷᠡᠭᠲᠡᠶ᠃     ᠠᠰᠠᠭᠤᠯᠲᠠ᠄  ᠶᠠᠮᠠᠷ ᠲᠡᠷᠭᠡ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠬᠦᠢᠴᠡᠳᠬᠡᠭᠦ ᠴᠢᠬᠤᠯᠠ ᠥᠬᠡᠶ ᠪᠣᠶ︖     ᠬᠠᠷᠢᠭᠤᠯᠲᠠ᠄ 1. ᠴᠡᠷᠢᠭ ᠠᠩᠭᠢ᠂ ᠵᠡᠪᠰᠡᠭᠲᠦ ᠴᠠᠭᠳᠠᠭᠠᠨ ᠤ ᠲᠡᠷᠭᠡ᠂ ᠡᠭᠦᠷᠭᠡ ᠬᠦᠢᠴᠡᠳᠬᠡᠵᠣ ᠪᠠᠶᠢᠭ᠎ᠠ ᠴᠠᠭᠳᠠᠭᠠᠨ ᠤ ᠲᠡᠷᠭᠡ᠂ ᠠᠪᠤᠷᠠᠨ ᠲᠤᠰᠠᠯᠠᠬᠤ ᠲᠡᠷᠭᠡ ᠵᠡᠷᠭᠡ ᠣᠨᠴᠠ ᠲᠥᠷᠥᠯ ᠤᠨ ᠲᠡᠷᠭᠡ ᠵᠢᠴᠢ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ︾  ᠎ ᠶᠢᠨ ᠲᠡᠮᠳᠡᠭ ᠪᠥᠬᠦᠶ ᠲᠡᠷᠭᠡ ᠣᠨᠤᠭ᠎ᠠ︔   2. ᠣᠯᠠᠨ ᠨᠡᠶᠢᠲᠡ ᠶᠢᠨ ᠦᠢᠯᠡᠰ ᠡᠷᠬᠢᠯᠡᠵᠣ ᠪᠠᠶᠢᠭ᠎ᠠ ︵ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠪᠠᠷᠢᠯᠭ᠎ᠠ ᠶᠢᠨ ᠲᠡᠷᠭᠡ ᠬᠥᠰᠬᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠬᠤᠭ ᠨᠣᠪᠰᠢ ᠠᠷᠢᠯᠭᠠᠬᠤ᠂ ᠡᠮ ᠡᠮᠴᠢᠯᠡᠭᠡ ᠵᠡᠷᠭᠡ︶᠎ ᠤᠨ ᠲᠡᠷᠭᠡ ᠣᠨᠤᠭ᠎ᠠ᠃   3. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠬᠡᠪᠰᠢ ︵ᠡᠮᠴᠢᠯᠡᠭᠡᠨ ᠤ ᠮᠠᠰᠢᠨ ᠲᠦᠭᠦᠭᠡᠷᠦᠮᠵᠢ᠂ ᠡᠮ ᠤᠨ ᠵᠦᠢᠯ᠂ ᠰᠡᠷᠭᠡᠶᠢᠯᠡᠨ ᠬᠠᠮᠠᠭᠠᠯᠠᠬᠤ ᠡᠳ᠋ ᠢ ᠦᠢᠯᠡᠳᠪᠦᠷᠢᠯᠡᠬᠦ ᠪᠠ ᠪᠣᠷᠣᠯᠠᠭᠤᠯᠬᠤ ᠵᠡᠷᠭᠡ︶ ᠲᠡᠷᠭᠡ ᠣᠨᠤᠭ᠎ᠠ  ᠃   4. ᠣᠯᠠᠨ ᠲᠦᠮᠡᠨ ᠤ ᠠᠮᠢᠳᠤᠷᠠᠯ ᠡᠷᠬᠡᠪᠰᠢ ︵ᠬᠡᠲᠦ ᠳᠡᠯᠭᠡᠭᠦᠷ ᠤᠨ ᠬᠤᠳᠠᠯᠳᠤᠭ᠎ᠠ ᠶᠢᠨ ᠲᠠᠯᠠᠪᠤᠷ᠂ ᠢᠳᠡᠭᠡᠨ ᠤ  ᠦᠢᠯᠡᠳᠪᠦᠷᠢᠯᠡᠯ ᠬᠠᠩᠭᠠᠯᠭ᠎ᠠ᠂ ᠡᠪᠡᠰᠦ ᠪᠣᠷᠳᠤᠭ᠎ᠠ ᠲᠡᠭᠡᠭᠡᠪᠦᠷᠢᠯᠡᠬᠦ ᠵᠡᠷᠭᠡ︶ ᠲᠡᠷᠭᠡ ᠣᠨᠤᠭ᠎ᠠ  ᠃     ᠠᠰᠠᠭᠤᠯᠲᠠ᠄ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠬᠡᠷᠬᠢᠨ ᠰᠠᠭᠤᠭᠠᠯᠢ ᠲᠣᠭᠤᠷᠢᠭ ᠲᠤ ᠣᠷᠣᠵᠣ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠪᠣᠶ︖     ᠬᠠᠷᠢᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾᠎ ᠢᠶᠠᠨ ᠠᠪᠬᠤ ᠶᠢᠨ ᠬᠠᠮᠲᠤ᠂ ᠠᠵᠢᠯ ᠤᠨ ᠦᠨᠡᠮᠯᠡᠯ ᠪᠤᠶᠤ ᠪᠠᠶᠢᠭᠤᠯᠭ᠎ᠠ ᠶᠢᠨ ᠲᠠᠨᠢᠯᠴᠠᠭᠤᠯᠭ᠎ᠠ ᠶᠢᠨ ᠪᠢᠴᠢᠭ ᠢᠶᠠᠨ ᠦᠵᠡᠬᠦᠯᠬᠦ ᠶᠢᠨ ᠬᠠᠮᠲᠤ ᠵᠢᠵᠢᠭᠦᠷᠯᠡᠵᠣ ᠪᠠᠶᠢᠭ᠎ᠠ ᠬᠥᠮᠦᠰ ᠲᠤ ᠠᠵᠢᠯ ᠤᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠠᠢ᠃     ᠠᠰᠠᠭᠤᠯᠲᠠ᠄ ᠮᠠᠰᠢᠨ ᠲᠡᠷᠭᠡ ᠥᠬᠡᠶ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠡᠳ᠋ ᠪᠣᠳᠠᠰ ᠤᠨ ᠪᠠᠲᠤᠯᠠᠭ᠎ᠠ ᠬᠠᠩᠭᠠᠵᠣ ᠪᠠᠶᠢᠭ᠎ᠠ ᠵᠡᠷᠭᠡ ᠬᠥᠮᠦᠰ ᠰᠠᠭᠤᠭᠠᠯᠢ ᠲᠣᠭᠤᠷᠢᠭ ᠠᠴᠠ ᠣᠷᠣᠵᠤ ᠭᠠᠷᠴᠤ ᠪᠣᠯᠤᠨ᠎ᠠ ᠤᠤ︖     ᠬᠠᠷᠢᠭᠤᠯᠲᠠ᠄ ᠪᠣᠯᠤᠨ᠎ᠠ᠃ ᠰᠠᠭᠤᠭᠠᠯᠢ ᠲᠣᠭᠤᠷᠢᠭ ᠠᠴᠠ ᠲᠠᠷᠬᠠᠭᠠᠭᠰᠠᠨ ︽ᠠᠵᠢᠯᠲᠠᠨ ᠤ ᠣᠷᠣᠵᠤ ᠭᠠᠷᠬᠤ ᠦᠨᠡᠮᠯᠡᠯ︾᠂ ᠪᠡᠶ᠎ᠡ ᠶᠢᠨ ᠦᠨᠡᠮᠯᠡᠯ  ᠪᠣᠯᠣᠨ ᠠᠵᠢᠯᠯᠠᠵᠤ ᠪᠠᠶᠢᠭ᠎ᠠ ᠪᠠᠶᠢᠭᠤᠯᠭ᠎ᠠ ᠠᠴᠠ ᠭᠠᠷᠭᠠᠭᠰᠠᠨ ᠲᠠᠨᠢᠯᠴᠠᠭᠤᠯᠭ᠎ᠠ ᠶᠢᠨ ᠪᠢᠴᠢᠭ ︵ᠠᠵᠢᠯᠲᠠᠨ ᠤ ᠮᠡᠳᠡᠭᠡ ᠵᠠᠩᠭᠢ᠂ ᠠᠵᠢᠯᠯᠠᠬᠤ ᠴᠠᠭ ᠢ ᠨᠠᠷᠢᠨ ᠲᠣᠳᠣᠷᠬᠠᠶ ᠲᠣᠳᠣᠷᠬᠠᠶᠢᠯᠠᠬᠤ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ︶᠎ ᠂  ᠲᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ᠂ ᠠᠳᠠᠯ ᠠᠬᠤᠶ ᠶᠢᠨ ᠺᠣᠮᠫᠠᠨᠢ ᠶᠢᠨ ᠬᠠᠮᠢᠶᠠᠷᠤᠯᠲᠠ ᠶᠢᠨ ᠠᠵᠢᠯᠲᠠᠨ ᠢᠶᠠᠷ ᠬᠢᠨᠠᠨ ᠬᠠᠷᠭᠤᠭᠤᠯᠤᠭᠠᠳ ᠲᠠᠰᠢᠶ᠎ᠠ ᠥᠬᠡᠶ ᠪᠣᠯ᠂ ᠰᠠᠭᠤᠭᠠᠯᠢ ᠲᠣᠭᠤᠷᠢᠭ ᠵᠢᠴᠢ  ᠠᠵᠢᠯᠯᠠᠵᠣ ᠪᠠᠶᠢᠭ᠎ᠠ ᠲᠣᠭᠤᠷᠢᠭ ᠲᠤ ᠣᠷᠣᠵᠤ ᠪᠣᠯᠤᠨ᠎ᠠ᠃     ᠠᠰᠠᠭᠤᠯᠲᠠ᠄ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠡᠷᠬᠢᠨ ᠰᠠᠭᠤᠭᠠᠯᠢ ᠲᠣᠭᠤᠷᠢᠭ ᠠᠴᠠ ᠣᠷᠣᠵᠤ ᠭᠠᠷᠬᠤ ᠪᠣᠶ︖     ᠬᠠᠷᠢᠭᠤᠯᠲᠠ᠄ ᠰᠠᠭᠤᠭᠠᠯᠢ ᠲᠣᠭᠤᠷᠢᠭ ᠠᠴᠠ ᠣᠯᠭᠤᠭᠰᠠᠨ ︽ᠠᠵᠢᠯᠲᠠᠨ ᠤ ᠣᠷᠣᠵᠤ ᠭᠠᠷᠬᠤ ᠦᠨᠡᠮᠯᠡᠯ︾᠎ ᠢ ᠠᠪᠴᠤ᠂ ︽ ᠰᠢᠷ᠎ᠠ  ᠬᠠᠨᠵᠢᠶᠠᠷ︾ ᠡᠮᠦᠰᠴᠦ ᠰᠠᠭᠤᠭᠠᠯᠢ ᠲᠣᠭᠤᠷᠢᠭ ᠲᠤ ᠣᠷᠣᠵᠤ ᠪᠣᠯᠤᠨ᠎ᠠ᠃     ᠠᠰᠠᠭᠤᠯᠲᠠ᠄ ᠪᠠᠴᠢᠮ ᠪᠠᠶᠢᠳᠠᠯ ᠠᠴᠠ ᠪᠣᠯᠵᠣ ᠰᠠᠭᠤᠭᠠᠯᠢ ᠲᠣᠭᠤᠷᠢᠭ ᠢᠶᠠᠷ ᠣᠷᠣᠵᠤ ᠭᠠᠷᠬᠤ ᠴᠢᠬᠤᠯᠠᠲᠠᠶ ᠬᠥᠮᠦᠰ ᠶᠠᠭᠠᠬᠢᠪᠠᠯ ᠵᠣᠬᠢᠬᠤ ᠪᠣᠶ︖     ᠬᠠᠷᠢᠭᠤᠯᠲᠠ᠄ ᠪᠠᠶᠢᠭ᠎ᠠ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠠᠴᠠ ᠬᠢᠨᠠᠨ ᠬᠠᠷᠭᠤᠭᠤᠯᠵᠤ ᠨᠤᠲᠠᠯᠠᠬᠤ ᠶᠢᠨ ᠬᠠᠮᠲᠤ ᠲᠡᠭᠦᠨ ᠳᠤ ᠪᠡᠶ᠎ᠡ ᠶᠢᠨ ᠳᠤᠯᠠᠭᠠᠨ ᠤ ᠭᠡᠷᠡᠴᠢ ︵24 ᠴᠠᠭ ᠤᠨ ᠳᠣᠲᠣᠷ᠎ᠠ ᠬᠦᠴᠦᠨ ᠎ ᠲᠠᠢ︶ ᠬᠢᠵᠦ ᠥᠭᠭᠦᠭᠰᠡᠨ ᠤ ᠳᠠᠷᠠᠭ᠎ᠠ᠂ ᠶᠠᠪᠣᠵᠣ ᠪᠣᠯᠣᠨ᠎ᠠ᠃    ᠠᠰᠠᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾᠎  ᠥᠬᠡᠶ ᠲᠡᠷᠭᠡ  ᠰᠢᠯᠢ ᠶᠢᠨ ᠬᠤᠳᠠ ᠠᠴᠠ ᠶᠠᠪᠤᠵᠤ ᠪᠣᠯᠤᠨ᠎ᠠ ᠤᠤ︖     ᠬᠠᠷᠢᠭᠤᠯᠲᠠ᠄ ᠪᠣᠯᠤᠨ᠎ᠠ᠃ ᠪᠡᠶ᠎ᠡ ᠶᠢᠨ ᠦᠨᠡᠮᠯᠡᠯ ᠢᠶᠠᠨ ᠠᠪᠴᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠡᠮᠴᠢᠯᠡᠭᠡᠨ ᠤ ᠭᠠᠵᠠᠷ᠂ ᠡᠮᠨᠡᠯᠭᠡ ᠎ ᠶᠢᠨ ᠲᠠᠰᠤᠭ ᠵᠡᠷᠭᠡ ᠣᠯᠠᠨ ᠨᠡᠶᠢᠳᠡ ᠶᠢᠨ ᠡᠮᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠪᠡᠶ᠎ᠡ ᠶᠢᠨ ᠳᠤᠯᠠᠭᠠᠨ ᠤ ᠪᠠᠶᠢᠴᠠᠭᠠᠯᠳᠠ ᠬᠢᠯᠭᠡᠵᠦ᠂ ᠪᠡᠶ᠎ᠡ  ᠶᠢᠨ ᠳᠤᠯᠠᠭᠠᠨ ᠬᠡᠪ  ᠤᠨ ᠬᠥᠮᠦᠰ ᠲᠤ ᠡᠮᠴᠢᠯᠡᠭᠡᠨ ᠤ ᠪᠠᠶᠢᠭᠤᠯᠣᠮᠵᠢ ᠠᠴᠠ ᠪᠡᠶ᠎ᠡ ᠶᠢᠨ ᠳᠤᠯᠠᠭᠠᠨ ᠤ ᠭᠡᠷᠡᠴᠢ ︵24 ᠴᠠᠭ ᠤᠨ ᠳᠣᠲᠣᠷ᠎ᠠ ᠬᠦᠴᠦᠨ ᠲᠠᠢ︶ ᠬᠢᠵᠦ ᠥᠭᠭᠦᠭᠰᠡᠨ ᠤ ᠳᠠᠷᠠᠭ᠎ᠠ᠂ ᠲᠡᠷᠭᠡ ᠵᠢᠯᠣᠭᠤᠳᠴᠤ ᠰᠢᠯᠢ ᠶᠢᠨ ᠬᠤᠲᠠ ᠠᠴᠠ ᠰᠠᠯᠵᠤ ᠪᠣᠯᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号