ᠠᠰᠠᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠲᠠᠢ ᠲᠡᠷᠭᠡ ᠣᠨᠤᠭ᠎ᠠ ᠬᠤᠲᠠ ᠶᠢᠨ | ᠲᠣᠭᠤᠷᠢᠭ ᠤᠨ ᠶᠠᠮᠠᠷᠪᠠ ᠰᠠᠭᠤᠭᠠᠯᠢ ᠲᠣᠭᠤᠷᠢᠭ ᠲᠤ ᠣᠷᠣᠵᠤ ᠪᠣᠯᠤᠨ᠎ᠠ ᠤᠤ︖ | ᠬᠠᠷᠢᠭᠤᠯᠲᠠ᠄ ᠪᠣᠯᠬᠤ ᠦᠭᠡᠢ᠃ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠪᠣᠯ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠡᠷᠭᠡ ᠣᠨᠣᠭᠠᠨ ᠤ ᠬᠤᠲᠠ ᠲᠣᠭᠤᠷᠢᠭ ᠤᠨ ᠵᠠᠮ ᠢᠶᠠᠷ ᠨᠡᠪᠲᠡᠷᠡᠬᠦ | ᠴᠤᠷ ᠤᠨ ᠭᠠᠭᠴᠠ ᠬᠦᠴᠦᠨ ᠲᠠᠢ ᠦᠨᠡᠮᠯᠡᠬᠦ ᠪᠣᠯᠬᠤ ᠪᠥᠭᠡᠳ ᠬᠤᠲᠠ ᠶᠢᠨ ᠲᠣᠭᠤᠷᠢᠭ ᠤᠨ ᠲᠣᠳᠣᠷ᠎ᠠ 24 ᠴᠠᠭ ᠢᠶᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠪᠠᠨ ᠭᠦᠢᠴᠡᠳᠬᠡᠭᠦ ᠪᠣᠯᠤᠨ᠎ᠠ᠃ ᠭᠡᠪᠡᠴᠦ ᠲᠡᠷᠭᠡ | ᠣᠨᠤᠭ᠎ᠠ ᠶᠢᠨ ᠡᠵᠡᠨ ᠤ ᠰᠠᠭᠤᠵᠤ ᠪᠠᠶᠢᠭ᠎ᠠ ᠰᠠᠭᠤᠭᠠᠯᠢ ᠲᠣᠭᠤᠷᠢᠭ ᠲᠤ ᠣᠷᠣᠬᠤ ᠳᠤ᠂ ᠡᠷᠬᠡᠪᠰᠢ ᠲᠣᠰ ᠰᠠᠭᠤᠭᠠᠯᠢ | ᠲᠣᠭᠤᠷᠢᠭ ᠠᠴᠠ ᠲᠠᠷᠬᠠᠭᠠᠭᠰᠠᠨ ︽ᠲᠡᠷᠭᠡ ᠨᠡᠪᠲᠡᠷᠡᠬᠦ ᠦᠨᠡᠮᠯᠡᠯ︾ ᠵᠢᠴᠢ ︽ ᠬᠦᠮᠦᠰ ᠤᠨ ᠣᠷᠣᠵᠤ ᠭᠠᠷᠬᠤ ᠦᠨᠡᠮᠯᠡᠯ︾ | ᠶᠢ ᠵᠡᠷᠭᠡ ᠳᠤᠨᠢ ᠬᠠᠩᠭᠠᠬᠤ ᠬᠡᠷᠡᠭᠲᠡᠶ᠂ ᠲᠣᠰ ᠰᠠᠭᠤᠭᠠᠯᠢ ᠠᠷᠠᠳ ᠤᠨ ᠲᠣᠭᠤᠷᠢᠭ ᠤᠨ ᠪᠤᠰᠤ ᠬᠥᠮᠦᠰ ᠣᠷᠣᠵᠤ ᠪᠣᠯᠬᠤ | ᠦᠭᠡᠢ᠃ | ᠠᠰᠠᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠣ᠂ ᠣᠷᠣᠢ | ᠶᠢᠨ22᠄ 00 ᠴᠠᠭ ᠠᠴᠠ ᠥᠷᠯᠥᠭᠡ ᠶᠢᠨ 7᠄ 00 ᠴᠠᠭ ᠤᠨ ᠬᠤᠭᠤᠷᠣᠨᠳᠣ ᠰᠠᠭᠤᠭᠠᠯᠢ ᠲᠣᠭᠤᠷᠢᠭ ᠢᠶᠠᠷ ᠣᠷᠣᠵᠤ | ᠭᠠᠷᠴᠤ ᠪᠣᠯᠤᠨ᠎ᠠ ᠤᠤ︖ | ᠬᠠᠷᠢᠭᠤᠯᠲᠠ᠄ ᠪᠣᠯᠤᠨ᠎ᠠ᠃ ᠭᠡᠪᠡᠴᠦ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠪᠤᠶᠤ | ᠪᠠᠶᠢᠭᠤᠯᠭ᠎ᠠ ᠶᠢᠨ ᠲᠠᠨᠢᠯᠴᠠᠭᠤᠯᠭ᠎ᠠ ᠶᠢᠨ ᠪᠢᠴᠢᠭ ᠪᠠᠶᠢᠬᠤ ᠬᠡᠷᠡᠭᠲᠡᠶ᠃ | ᠠᠰᠠᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠲᠠᠢ ᠲᠡᠷᠭᠡ ᠰᠠᠭᠤᠭᠠᠯᠢ ᠲᠣᠭᠤᠷᠢᠭ ᠢᠶᠠᠷ | ᠣᠷᠣᠵᠤ ᠭᠠᠷᠬᠤ ᠳᠤ᠂ ᠵᠢᠯᠣᠭᠤᠴᠢ ᠪᠠ ᠬᠠᠮᠳᠣ ᠪᠠᠶᠢᠭ᠎ᠠ ᠬᠥᠮᠦᠰ ᠲᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ | ᠴᠢᠬᠤᠯᠠᠲᠠᠶ ᠤᠤ︖ | ᠬᠠᠷᠢᠭᠤᠯᠲᠠ᠄ ᠴᠢᠬᠤᠯᠠᠲᠠᠢ᠃ ᠶᠠᠮᠠᠷᠪᠠ ᠲᠡᠷᠭᠡ ᠣᠨᠤᠭ᠎ᠠ᠂ ᠶᠠᠮᠠᠷᠪᠠ ᠬᠥᠮᠦᠨ ᠭᠡᠳ ᠶᠠᠮᠠᠷᠪᠠ ᠴᠠᠭ ᠲᠤ ᠶᠠᠮᠠᠷᠪᠠ ᠰᠠᠭᠤᠭᠠᠯᠢ | ᠲᠣᠭᠤᠷᠢᠭ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠣᠷᠣᠬᠤ ᠳᠤ᠂ ᠴᠥᠮ | ᠰᠡᠷᠭᠡᠶᠢᠯᠡᠨ ᠡᠵᠡᠮᠳᠡᠬᠦ ᠠᠵᠢᠯᠲᠠᠨ ᠠᠴᠠ ᠲᠡᠭᠦᠨ ᠳᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠬᠡᠷᠡᠭᠲᠡᠶ᠃ | ᠠᠰᠠᠭᠤᠯᠲᠠ᠄ ᠶᠠᠮᠠᠷ ᠲᠡᠷᠭᠡ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠬᠦᠢᠴᠡᠳᠬᠡᠭᠦ ᠴᠢᠬᠤᠯᠠ | ᠥᠬᠡᠶ ᠪᠣᠶ︖ | ᠬᠠᠷᠢᠭᠤᠯᠲᠠ᠄ 1. ᠴᠡᠷᠢᠭ ᠠᠩᠭᠢ᠂ ᠵᠡᠪᠰᠡᠭᠲᠦ ᠴᠠᠭᠳᠠᠭᠠᠨ ᠤ ᠲᠡᠷᠭᠡ᠂ ᠡᠭᠦᠷᠭᠡ ᠬᠦᠢᠴᠡᠳᠬᠡᠵᠣ ᠪᠠᠶᠢᠭ᠎ᠠ | ᠴᠠᠭᠳᠠᠭᠠᠨ ᠤ ᠲᠡᠷᠭᠡ᠂ ᠠᠪᠤᠷᠠᠨ ᠲᠤᠰᠠᠯᠠᠬᠤ ᠲᠡᠷᠭᠡ ᠵᠡᠷᠭᠡ ᠣᠨᠴᠠ ᠲᠥᠷᠥᠯ ᠤᠨ ᠲᠡᠷᠭᠡ ᠵᠢᠴᠢ ︽ᠠᠯᠪᠠᠨ ᠶᠠᠪᠤᠳᠠᠯ ᠳᠤ | ᠬᠡᠷᠡᠭᠯᠡᠬᠦ ᠲᠡᠷᠭᠡ︾ ᠶᠢᠨ ᠲᠡᠮᠳᠡᠭ ᠪᠥᠬᠦᠶ ᠲᠡᠷᠭᠡ ᠣᠨᠤᠭ᠎ᠠ︔ | 2. ᠣᠯᠠᠨ ᠨᠡᠶᠢᠲᠡ ᠶᠢᠨ ᠦᠢᠯᠡᠰ ᠡᠷᠬᠢᠯᠡᠵᠣ ᠪᠠᠶᠢᠭ᠎ᠠ ︵ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ | ᠴᠠᠬᠢᠯᠭᠠᠨ ᠬᠠᠩᠭᠠᠬᠤ᠂ ᠪᠠᠷᠢᠯᠭ᠎ᠠ ᠶᠢᠨ ᠲᠡᠷᠭᠡ ᠬᠥᠰᠬᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠬᠤᠭ ᠨᠣᠪᠰᠢ | ᠠᠷᠢᠯᠭᠠᠬᠤ᠂ ᠡᠮ ᠡᠮᠴᠢᠯᠡᠭᠡ ᠵᠡᠷᠭᠡ︶ ᠤᠨ ᠲᠡᠷᠭᠡ ᠣᠨᠤᠭ᠎ᠠ᠃ | 3. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠡᠷᠬᠡᠪᠰᠢ ︵ᠡᠮᠴᠢᠯᠡᠭᠡᠨ ᠤ ᠮᠠᠰᠢᠨ ᠲᠦᠭᠦᠭᠡᠷᠦᠮᠵᠢ᠂ ᠡᠮ ᠤᠨ | ᠵᠦᠢᠯ᠂ ᠰᠡᠷᠭᠡᠶᠢᠯᠡᠨ ᠬᠠᠮᠠᠭᠠᠯᠠᠬᠤ ᠡᠳ᠋ ᠢ ᠦᠢᠯᠡᠳᠪᠦᠷᠢᠯᠡᠬᠦ ᠪᠠ ᠪᠣᠷᠣᠯᠠᠭᠤᠯᠬᠤ ᠵᠡᠷᠭᠡ︶ ᠲᠡᠷᠭᠡ ᠣᠨᠤᠭ᠎ᠠ ᠃ | 4. ᠣᠯᠠᠨ ᠲᠦᠮᠡᠨ ᠤ ᠠᠮᠢᠳᠤᠷᠠᠯ ᠡᠷᠬᠡᠪᠰᠢ ︵ᠬᠡᠲᠦ ᠳᠡᠯᠭᠡᠭᠦᠷ ᠤᠨ ᠬᠤᠳᠠᠯᠳᠤᠭ᠎ᠠ ᠶᠢᠨ ᠲᠠᠯᠠᠪᠤᠷ᠂ ᠢᠳᠡᠭᠡᠨ ᠤ | ᠦᠢᠯᠡᠳᠪᠦᠷᠢᠯᠡᠯ ᠬᠠᠩᠭᠠᠯᠭ᠎ᠠ᠂ ᠡᠪᠡᠰᠦ ᠪᠣᠷᠳᠤᠭ᠎ᠠ ᠲᠡᠭᠡᠭᠡᠪᠦᠷᠢᠯᠡᠬᠦ ᠵᠡᠷᠭᠡ︶ ᠲᠡᠷᠭᠡ ᠣᠨᠤᠭ᠎ᠠ ᠃ | ᠠᠰᠠᠭᠤᠯᠲᠠ᠄ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠬᠡᠷᠬᠢᠨ ᠰᠠᠭᠤᠭᠠᠯᠢ ᠲᠣᠭᠤᠷᠢᠭ ᠲᠤ | ᠣᠷᠣᠵᠣ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠪᠣᠶ︖ | ᠬᠠᠷᠢᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠢᠶᠠᠨ ᠠᠪᠬᠤ ᠶᠢᠨ ᠬᠠᠮᠲᠤ᠂ ᠠᠵᠢᠯ ᠤᠨ | ᠦᠨᠡᠮᠯᠡᠯ ᠪᠤᠶᠤ ᠪᠠᠶᠢᠭᠤᠯᠭ᠎ᠠ ᠶᠢᠨ ᠲᠠᠨᠢᠯᠴᠠᠭᠤᠯᠭ᠎ᠠ ᠶᠢᠨ ᠪᠢᠴᠢᠭ ᠢᠶᠠᠨ ᠦᠵᠡᠬᠦᠯᠬᠦ ᠶᠢᠨ ᠬᠠᠮᠲᠤ ᠵᠢᠵᠢᠭᠦᠷᠯᠡᠵᠣ ᠪᠠᠶᠢᠭ᠎ᠠ | ᠬᠥᠮᠦᠰ ᠲᠤ ᠠᠵᠢᠯ ᠤᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠠᠢ᠃ | ᠠᠰᠠᠭᠤᠯᠲᠠ᠄ ᠮᠠᠰᠢᠨ ᠲᠡᠷᠭᠡ ᠥᠬᠡᠶ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠡᠳ᠋ | ᠪᠣᠳᠠᠰ ᠤᠨ ᠪᠠᠲᠤᠯᠠᠭ᠎ᠠ ᠬᠠᠩᠭᠠᠵᠣ ᠪᠠᠶᠢᠭ᠎ᠠ ᠵᠡᠷᠭᠡ ᠬᠥᠮᠦᠰ ᠰᠠᠭᠤᠭᠠᠯᠢ ᠲᠣᠭᠤᠷᠢᠭ ᠠᠴᠠ ᠣᠷᠣᠵᠤ ᠭᠠᠷᠴᠤ ᠪᠣᠯᠤᠨ᠎ᠠ ᠤᠤ︖ | ᠬᠠᠷᠢᠭᠤᠯᠲᠠ᠄ ᠪᠣᠯᠤᠨ᠎ᠠ᠃ ᠰᠠᠭᠤᠭᠠᠯᠢ ᠲᠣᠭᠤᠷᠢᠭ ᠠᠴᠠ ᠲᠠᠷᠬᠠᠭᠠᠭᠰᠠᠨ ︽ᠠᠵᠢᠯᠲᠠᠨ ᠤ ᠣᠷᠣᠵᠤ ᠭᠠᠷᠬᠤ | ᠦᠨᠡᠮᠯᠡᠯ︾᠂ ᠪᠡᠶ᠎ᠡ ᠶᠢᠨ ᠦᠨᠡᠮᠯᠡᠯ ᠪᠣᠯᠣᠨ ᠠᠵᠢᠯᠯᠠᠵᠤ ᠪᠠᠶᠢᠭ᠎ᠠ ᠪᠠᠶᠢᠭᠤᠯᠭ᠎ᠠ ᠠᠴᠠ ᠭᠠᠷᠭᠠᠭᠰᠠᠨ ᠲᠠᠨᠢᠯᠴᠠᠭᠤᠯᠭ᠎ᠠ ᠶᠢᠨ | ᠪᠢᠴᠢᠭ ︵ᠠᠵᠢᠯᠲᠠᠨ ᠤ ᠮᠡᠳᠡᠭᠡ ᠵᠠᠩᠭᠢ᠂ ᠠᠵᠢᠯᠯᠠᠬᠤ ᠴᠠᠭ ᠢ ᠨᠠᠷᠢᠨ ᠲᠣᠳᠣᠷᠬᠠᠶ ᠲᠣᠳᠣᠷᠬᠠᠶᠢᠯᠠᠬᠤ ᠶᠢᠨ ᠬᠠᠮᠲᠤ ᠠᠯᠪᠠᠨ | ᠲᠠᠮᠠᠭ᠎ᠠ ᠳᠠᠷᠤᠨ᠎ᠠ︶ ᠂ ᠲᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ᠂ ᠠᠳᠠᠯ ᠠᠬᠤᠶ ᠶᠢᠨ ᠺᠣᠮᠫᠠᠨᠢ ᠶᠢᠨ | ᠬᠠᠮᠢᠶᠠᠷᠤᠯᠲᠠ ᠶᠢᠨ ᠠᠵᠢᠯᠲᠠᠨ ᠢᠶᠠᠷ ᠬᠢᠨᠠᠨ ᠬᠠᠷᠭᠤᠭᠤᠯᠤᠭᠠᠳ ᠲᠠᠰᠢᠶ᠎ᠠ ᠥᠬᠡᠶ ᠪᠣᠯ᠂ ᠰᠠᠭᠤᠭᠠᠯᠢ ᠲᠣᠭᠤᠷᠢᠭ ᠵᠢᠴᠢ | ᠠᠵᠢᠯᠯᠠᠵᠣ ᠪᠠᠶᠢᠭ᠎ᠠ ᠲᠣᠭᠤᠷᠢᠭ ᠲᠤ ᠣᠷᠣᠵᠤ ᠪᠣᠯᠤᠨ᠎ᠠ᠃ | ᠠᠰᠠᠭᠤᠯᠲᠠ᠄ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠡᠷᠬᠢᠨ ᠰᠠᠭᠤᠭᠠᠯᠢ ᠲᠣᠭᠤᠷᠢᠭ ᠠᠴᠠ | ᠣᠷᠣᠵᠤ ᠭᠠᠷᠬᠤ ᠪᠣᠶ︖ | ᠬᠠᠷᠢᠭᠤᠯᠲᠠ᠄ ᠰᠠᠭᠤᠭᠠᠯᠢ ᠲᠣᠭᠤᠷᠢᠭ ᠠᠴᠠ ᠣᠯᠭᠤᠭᠰᠠᠨ ︽ᠠᠵᠢᠯᠲᠠᠨ ᠤ ᠣᠷᠣᠵᠤ ᠭᠠᠷᠬᠤ ᠦᠨᠡᠮᠯᠡᠯ︾ ᠢ | ᠠᠪᠴᠤ᠂ ︽ ᠰᠢᠷ᠎ᠠ ᠬᠠᠨᠵᠢᠶᠠᠷ︾ ᠡᠮᠦᠰᠴᠦ ᠰᠠᠭᠤᠭᠠᠯᠢ ᠲᠣᠭᠤᠷᠢᠭ ᠲᠤ ᠣᠷᠣᠵᠤ ᠪᠣᠯᠤᠨ᠎ᠠ᠃ | ᠠᠰᠠᠭᠤᠯᠲᠠ᠄ ᠪᠠᠴᠢᠮ ᠪᠠᠶᠢᠳᠠᠯ ᠠᠴᠠ ᠪᠣᠯᠵᠣ ᠰᠠᠭᠤᠭᠠᠯᠢ ᠲᠣᠭᠤᠷᠢᠭ ᠢᠶᠠᠷ ᠣᠷᠣᠵᠤ ᠭᠠᠷᠬᠤ ᠴᠢᠬᠤᠯᠠᠲᠠᠶ ᠬᠥᠮᠦᠰ | ᠶᠠᠭᠠᠬᠢᠪᠠᠯ ᠵᠣᠬᠢᠬᠤ ᠪᠣᠶ︖ | ᠬᠠᠷᠢᠭᠤᠯᠲᠠ᠄ ᠪᠠᠶᠢᠭ᠎ᠠ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠠᠴᠠ ᠬᠢᠨᠠᠨ | ᠬᠠᠷᠭᠤᠭᠤᠯᠵᠤ ᠨᠤᠲᠠᠯᠠᠬᠤ ᠶᠢᠨ ᠬᠠᠮᠲᠤ ᠲᠡᠭᠦᠨ ᠳᠤ ᠪᠡᠶ᠎ᠡ ᠶᠢᠨ ᠳᠤᠯᠠᠭᠠᠨ ᠤ ᠭᠡᠷᠡᠴᠢ ︵24 ᠴᠠᠭ ᠤᠨ ᠳᠣᠲᠣᠷ᠎ᠠ ᠬᠦᠴᠦᠨ | ᠲᠠᠢ︶ ᠬᠢᠵᠦ ᠥᠭᠭᠦᠭᠰᠡᠨ ᠤ ᠳᠠᠷᠠᠭ᠎ᠠ᠂ ᠶᠠᠪᠣᠵᠣ ᠪᠣᠯᠣᠨ᠎ᠠ᠃ | ᠠᠰᠠᠭᠤᠯᠲᠠ᠄ ︽ᠬᠢᠵᠢᠭ ᠢ ᠰᠡᠷᠭᠡᠶᠢᠯᠡᠬᠦ ᠲᠡᠷᠭᠡ ᠨᠡᠪᠳᠡᠷᠡᠬᠦ ᠦᠨᠡᠮᠯᠡᠯ︾ ᠥᠬᠡᠶ ᠲᠡᠷᠭᠡ ᠰᠢᠯᠢ ᠶᠢᠨ ᠬᠤᠳᠠ ᠠᠴᠠ | ᠶᠠᠪᠤᠵᠤ ᠪᠣᠯᠤᠨ᠎ᠠ ᠤᠤ︖ | ᠬᠠᠷᠢᠭᠤᠯᠲᠠ᠄ ᠪᠣᠯᠤᠨ᠎ᠠ᠃ ᠪᠡᠶ᠎ᠡ ᠶᠢᠨ ᠦᠨᠡᠮᠯᠡᠯ ᠢᠶᠠᠨ ᠠᠪᠴᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠡᠮᠴᠢᠯᠡᠭᠡᠨ ᠤ ᠭᠠᠵᠠᠷ᠂ ᠡᠮᠨᠡᠯᠭᠡ ᠶᠢᠨ ᠲᠠᠰᠤᠭ ᠵᠡᠷᠭᠡ ᠣᠯᠠᠨ | ᠨᠡᠶᠢᠳᠡ ᠶᠢᠨ ᠡᠮᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠪᠡᠶ᠎ᠡ ᠶᠢᠨ ᠳᠤᠯᠠᠭᠠᠨ ᠤ ᠪᠠᠶᠢᠴᠠᠭᠠᠯᠳᠠ | ᠬᠢᠯᠭᠡᠵᠦ᠂ ᠪᠡᠶ᠎ᠡ ᠶᠢᠨ ᠳᠤᠯᠠᠭᠠᠨ ᠬᠡᠪ ᠤᠨ ᠬᠥᠮᠦᠰ ᠲᠤ ᠡᠮᠴᠢᠯᠡᠭᠡᠨ ᠤ ᠪᠠᠶᠢᠭᠤᠯᠣᠮᠵᠢ ᠠᠴᠠ ᠪᠡᠶ᠎ᠡ ᠶᠢᠨ ᠳᠤᠯᠠᠭᠠᠨ ᠤ | ᠭᠡᠷᠡᠴᠢ ︵24 ᠴᠠᠭ ᠤᠨ ᠳᠣᠲᠣᠷ᠎ᠠ ᠬᠦᠴᠦᠨ ᠲᠠᠢ︶ ᠬᠢᠵᠦ ᠥᠭᠭᠦᠭᠰᠡᠨ ᠤ ᠳᠠᠷᠠᠭ᠎ᠠ᠂ ᠲᠡᠷᠭᠡ ᠵᠢᠯᠣᠭᠤᠳᠴᠤ ᠰᠢᠯᠢ ᠶᠢᠨ | ᠬᠤᠲᠠ ᠠᠴᠠ ᠰᠠᠯᠵᠤ ᠪᠣᠯᠤᠨ᠎ᠠ᠃ | |