ᠮᠠᠨ ᠤ ᠠᠶᠢᠮᠠᠭ ᠬᠢᠵᠢᠭ ᠢ ᠰᠡᠷᠭᠡᠶᠢᠯᠡᠨ ᠡᠵᠡᠮᠲᠡᠬᠦ ᠬᠤᠭᠤᠴᠠᠭᠠᠨ ᠳᠠᠬᠢ ᠠᠷᠤ ᠲᠠᠯ᠎ᠠ ᠶᠢᠨ ᠪᠠᠳᠤᠯᠠᠭ᠎ᠠ ᠶᠢᠨ ᠠᠵᠢᠯ ᠢ ᠪᠥᠬᠦ ᠬᠥᠴᠥᠨ ᠢᠶᠠᠷ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2020-02-20
     ᠬᠢᠵᠢᠭ ᠢ ᠰᠡᠷᠭᠡᠶᠢᠯᠡᠨ ᠡᠵᠡᠮᠲᠡᠬᠦ ᠬᠤᠭᠤᠴᠠᠭᠠᠨ ᠳᠠᠬᠢ ᠡᠯ᠎ᠡ ᠲᠥᠷᠥᠯ ᠤᠨ ᠠᠵᠢᠯ ᠤᠨ ᠤᠷᠤᠬᠰᠢᠳᠠᠢ ᠶᠠᠪᠤᠬᠳᠠᠬᠤ ᠶᠢ ᠠᠬᠢᠭᠤᠯᠬᠤ ᠶᠢᠨ ᠲᠤᠰᠠᠳᠠ᠂ ᠠᠶᠢᠮᠠᠭ ᠤᠨ ᠰᠢᠨ᠎ᠠ ᠲᠢᠲᠢᠮᠯᠢᠭ ᠠᠭᠤᠰᠭᠢᠨ ᠥᠷᠪᠢᠰᠥᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠷᠤ ᠲᠠᠯ᠎ᠠ ᠶᠢᠨ ᠪᠠᠳᠤᠯᠠᠭᠠᠨ ᠤ ᠲᠤᠭᠤᠶᠢᠯᠠᠩ ᠨᠢ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠲᠤᠲᠤᠷᠬᠠᠶᠢᠯᠠᠵᠤ᠂ ᠡᠮᠨᠡᠯᠭᠡ ᠶᠢᠨ ᠡᠳ᠋ ᠪᠤᠳᠠᠰ ᠤᠨ ᠪᠠᠳᠤᠯᠠᠭ᠎ᠠ ᠪᠡ ᠠᠮᠢᠳᠤᠷᠠᠯ ᠤᠨ ᠭᠡᠷᠡᠭᠯᠡᠭᠡᠨ ᠤ ᠪᠤᠳᠠᠰ ᠤᠨ ᠪᠠᠳᠤᠯᠠᠭ᠎ᠠ ᠬᠡᠬᠦ ᠬᠤᠶᠠᠷ ᠲᠤᠭᠤᠶᠢᠯᠠᠩ ᠪᠠᠶᠢᠭᠤᠯᠵᠤ᠂ ︽ᠡᠲᠥᠷ ᠲᠤ ᠬᠤᠶᠠᠷ ᠤᠳᠠᠭ᠎ᠠ ᠮᠡᠲᠡᠬᠦᠯᠬᠦ︾ ᠪᠠ ᠪᠠᠴᠢᠮ ᠪᠠᠶᠢᠳᠠᠯ ᠢ ᠲᠠᠷᠤᠢ ᠳᠤᠨᠢ ᠮᠡᠲᠡᠬᠦᠯᠬᠦ ᠱᠠᠭᠠᠷᠳᠠᠯᠭ᠎ᠠ ᠶᠤᠰᠤᠭᠠᠷ᠂ ᠡᠯ᠎ᠡ ᠪᠦᠷᠢᠯᠳᠦᠬᠦᠨ ᠪᠠᠶᠢᠭᠤᠯᠭ᠎ᠠ ᠶᠢ ᠨᠢᠭᠡᠳᠦᠯᠳᠡᠢ ᠲᠦᠯᠦᠪᠵᠢᠬᠦᠯᠦᠨ ᠲᠤᠬᠢᠷᠠᠭᠤᠯᠬᠤ ᠪᠠ ᠪᠥᠬᠦ ᠠᠶᠢᠮᠠᠭ ᠤᠨ ᠡᠷᠡᠬᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠡᠳ᠋ ᠪᠤᠳᠠᠰ᠂ ᠠᠷᠢᠭᠤᠳᠬᠠᠬᠤ ᠡᠳ᠋ ᠤᠨ ᠲᠤᠬᠢᠷᠠᠭᠤᠯᠭ᠎ᠠ ᠶᠢᠨ ᠠᠵᠢᠯ ᠢ ᠴᠢᠩᠭᠠᠳᠬᠠᠵᠤ᠂ ᠲᠤᠲᠤᠭᠠᠳᠤ ᠠᠴᠠ ᠬᠤᠷᠠᠮᠳᠤᠭᠤᠯᠬᠤ᠂ ᠭᠠᠳᠠᠨ᠎ᠠ ᠠᠴᠠ ᠬᠤᠳᠠᠯᠳᠤᠵᠤ ᠠᠪᠬᠤ᠂ ᠲᠡᠭᠡᠳᠤ ᠱᠠᠳᠤᠨ ᠠᠴᠠ ᠲᠤᠬᠢᠷᠠᠭᠤᠯᠬᠤ᠂ ᠤᠯᠠᠨ ᠨᠡᠶᠢᠲᠡ ᠠᠴᠠ ᠬᠠᠨᠳᠢᠪᠯᠠᠬᠤ ᠵᠡᠷᠭᠡ ᠠᠷᠭ᠎ᠠ ᠪᠠᠷᠢᠯ ᠢᠶᠠᠷ ᠬᠢᠵᠢᠭ ᠢ ᠰᠡᠷᠭᠡᠶᠢᠯᠡᠨ ᠡᠵᠡᠮᠲᠡᠬᠦ ᠬᠤᠭᠤᠴᠠᠭᠠᠨ ᠳᠠᠬᠢ ᠠᠷᠤ ᠲᠠᠯ᠎ᠠ ᠶᠢᠨ ᠪᠠᠳᠤᠯᠠᠭ᠎ᠠ ᠶᠢᠨ ᠠᠵᠢᠯ ᠢ ᠪᠥᠬᠦ ᠬᠥᠴᠥᠨ ᠢᠶᠠᠷ ᠴᠢᠩᠭᠠᠳᠬᠠᠵᠤ ᠪᠠᠶᠢᠨ᠎ᠠ᠃      ᠪᠥᠬᠦ ᠠᠶᠢᠮᠠᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠰᠠᠷᠬᠡᠶᠢᠯᠡᠨ ᠬᠠᠮᠠᠭᠠᠯᠬᠠᠤ ᠡᠳ᠋ ᠪᠤᠳᠠᠰ ᠤᠨ ᠬᠥᠮᠥᠷᠭᠡ ᠶᠢ ᠡᠲᠥᠷ ᠪᠤᠯᠭᠠᠨ ᠬᠢᠨᠠᠨ ᠪᠠᠶᠢᠴᠠᠭᠠᠵᠤ ᠲᠤᠬᠢᠷᠠᠭᠤᠯᠬᠤ ᠲᠤᠭᠳᠠᠴᠠ ᠶᠢ ᠭᠡᠷᠡᠭᠵᠢᠬᠦᠯᠵᠤ᠂ ᠭᠤᠤᠯᠳᠠᠭᠤ ᠬᠤᠰᠢᠭᠤ ᠰᠢᠶᠠᠨ ᠬᠤᠳᠠ ︵ᠤᠷᠤᠨ︶ ᠠᠴᠠ ᠲᠠᠳᠠᠪᠤᠷᠢᠯᠠᠨ ᠰᠢᠯᠵᠢᠬᠦᠯᠬᠦ᠂ ᠥᠪᠡᠷᠲᠡᠭᠡᠨ ᠵᠠᠰᠠᠬᠤ ᠤᠷᠤᠨ ᠤ ᠵᠢᠯᠤᠭᠤᠳᠬᠤ ᠭᠠᠵᠠᠷ ᠤᠨ ᠠᠷᠤ ᠲᠠᠯ᠎ᠠ ᠶᠢᠨ ᠪᠠᠳᠤᠯᠠᠭᠠᠨ ᠤ ᠲᠤᠭᠤᠶᠢᠯᠠᠩ ᠠᠴᠠ ᠵᠢᠬᠡᠯᠡᠵᠤ ᠰᠢᠯᠵᠢᠬᠦᠯᠬᠦ᠂ ᠨᠡᠶᠢᠭᠡᠮ ᠤᠨ ᠬᠠᠨᠳᠢᠪ ᠢ ᠬᠥᠯᠢᠶᠡᠬᠦ ᠵᠡᠷᠭᠡ ᠠᠷᠭ᠎ᠠ ᠵᠠᠮ ᠢᠶᠠᠷ ᠨᠢᠬᠡᠲᠥᠭᠡᠷ ᠹᠷᠤᠨᠲ ᠲᠠᠬᠢ ᠬᠢᠵᠢᠭ ᠰᠡᠷᠬᠡᠶᠢᠯᠡᠬᠦ ᠠᠵᠢᠯᠳᠠᠳ ᠤᠨ ᠡᠳ᠋ ᠪᠤᠳᠠᠰ ᠤᠨ ᠬᠠᠩᠭᠠᠯᠭ᠎ᠠ ᠶᠢᠨ ᠠᠰᠠᠭᠤᠳᠠᠯ ᠢ ᠰᠢᠢᠳᠪᠤᠷᠢᠯᠠᠵᠤ ᠪᠠᠶᠢᠨ᠎ᠠ᠃ ᠤᠳᠤᠬᠠᠨ ᠪᠤᠯᠳᠠᠯ᠎ᠠ ᠂ ᠰᠡᠷᠬᠡᠶᠢᠯᠡᠨ ᠡᠵᠡᠮᠲᠡᠬᠦ ᠡᠮᠤᠨ᠎ᠠ ᠹᠷᠤᠨᠲ ᠲᠠᠬᠢ ᠠᠵᠢᠯᠳᠠᠳ ᠲᠤ ᠡᠯ᠎ᠡ ᠲᠥᠷᠥᠯ ᠤᠨ ᠰᠡᠷᠬᠡᠶᠢᠯᠡᠨ ᠬᠠᠮᠠᠭᠠᠯᠠᠬᠤ ᠬᠤᠪᠴᠠᠰᠤ 2340 ᠵᠠᠬ᠎ᠠ᠂ ᠨᠢᠳᠤ ᠬᠠᠮᠠᠭᠠᠯᠠᠬᠤ ᠰᠢᠯ 100᠂ ᠲᠤᠰᠠᠭᠠᠷᠯᠠᠬᠤ ᠬᠤᠪᠴᠠᠰᠤ 50 ᠵᠠᠬ᠎ᠠ᠂ ᠮᠠᠰᠠ ᠵᠠᠰᠠᠯ ᠤᠨ ᠬᠤᠪᠴᠠᠰᠤ 200 ᠵᠠᠬ᠎ᠠ᠂ N95 ᠠᠮᠠᠪᠴᠢ 11250᠂ ᠡᠮᠴᠢᠯᠡᠭᠡᠨ ᠤ ᠭᠠᠳᠠᠷ ᠰᠠᠯᠠᠭᠠᠨ ᠤ ᠠᠮᠠᠪᠴᠢ 1120᠂ ᠠᠮᠠᠪᠴᠢ 995᠂ ᠪᠠᠶᠢᠴᠠᠭᠠᠯᠳᠠ ᠶᠢᠨ ᠪᠡᠬᠡᠯᠡᠢ 810 ᠬᠤᠤᠰ ᠲᠠᠷᠬᠠᠭᠠᠬᠰᠠᠨ ᠪᠠᠶᠢᠨ᠎ᠠ᠃ ᠪᠠᠰᠠ 1 ᠰᠠᠷ᠎ᠠ ᠶᠢᠨ 23 ᠤ ᠡᠲᠥᠷ ᠠᠴᠠ ᠨᠠᠭᠠᠰᠢ᠂ ᠪᠥᠬᠦ ᠨᠡᠶᠢᠲᠡ 2211.48 ᠲᠥᠮᠡᠨ ᠲᠥᠬᠦᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠲᠡᠬᠦ ᠪᠡᠯᠡ ᠮᠥᠩᠬᠦ ᠲᠠᠷᠬᠠᠭᠠᠬᠰᠠᠨ ᠪᠠᠶᠢᠨ᠎ᠠ᠃      ᠴᠢᠮᠡᠭᠡ ᠬᠤᠯᠪᠤᠭ᠎ᠠ ᠶᠢᠨ ᠪᠠᠳᠤᠯᠠᠭᠠᠨ ᠤ ᠲᠠᠯ᠎ᠠ ᠪᠠᠷ᠂ ᠪᠠᠴᠢᠮ ᠪᠠᠶᠢᠳᠠᠯ ᠢ ᠠᠷᠭᠠᠴᠠᠭᠠᠬᠤ ᠲᠤᠬᠳᠠᠴᠠ ᠶᠢ ᠭᠡᠷᠡᠭᠵᠢᠬᠦᠯᠵᠤ᠂ ᠲᠤᠭᠳᠠᠭᠰᠠᠨ ᠴᠡᠭ ᠤᠨ ᠡᠮᠨᠡᠯᠭᠡ ᠶᠢᠨ ᠬᠤᠷᠢᠶ᠎ᠠ᠂ ᠬᠢᠵᠢᠭ ᠰᠡᠷᠭᠡᠶᠢᠯᠡᠨ ᠬᠤᠷᠢᠭᠯᠠᠬᠤ ᠲᠦᠪ ᠵᠡᠷᠭᠡ ᠭᠤᠤᠯᠳᠠᠯᠭᠠᠳᠤ ᠤᠷᠤᠨ ᠲᠤᠭᠤᠷᠢᠬ ᠲᠠᠬᠢ ᠰᠠᠭᠤᠷᠢ ᠥᠷᠲᠡᠭᠡ ᠪᠡ ᠮᠠᠰᠢᠨ ᠤ ᠲᠠᠰᠤᠭ ᠲᠤ 24 ᠴᠠᠭ ᠢᠶᠠᠷ ᠲᠤᠭᠤᠷᠢᠨ ᠪᠠᠶᠢᠴᠠᠭᠠᠵᠤ᠂ ᠪᠥᠬᠦ ᠠᠶᠢᠮᠠᠭ ᠤᠨ 60 ᠵᠤᠷᠪᠤᠰ ᠪᠦᠯᠦᠭᠯᠡᠯ ᠲᠤᠰᠬᠠᠢ ᠤᠳᠠᠰᠤᠨ ᠳᠤ ᠲᠤᠰᠬᠠᠢ ᠲᠥᠷᠥᠯ ᠤᠨ ᠥᠢᠯᠡᠴᠢᠯᠡᠭᠡᠨ ᠤ ᠪᠠᠳᠤᠯᠠᠭ᠎ᠠ ᠬᠠᠩᠭᠠᠵᠤ᠂ ᠥᠨ᠎ᠠ ᠲᠥᠯᠥᠪᠤᠷᠢ ᠥᠭᠡᠢ ᠪᠠᠷ 11 ᠬᠤᠰᠢᠭᠤ ᠰᠢᠶᠠᠨ ᠬᠤᠳᠠ ᠶᠢᠨ ᠡᠮᠨᠡᠯᠭᠡ ᠶᠢᠨ ᠬᠤᠷᠢᠶᠠᠨ ᠳᠤ ᠠᠯᠤᠰ ᠡᠵᠡᠮᠰᠢᠯ ᠤᠨ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠳᠤᠯᠠᠭᠠᠨ ᠤ ᠲᠤᠰᠬᠠᠢ ᠤᠳᠠᠰᠤ ᠨᠡᠪᠲᠡᠷᠡᠬᠦᠯᠵᠤ ᠥᠭᠴᠠᠢ᠃ ᠤᠳᠤᠬᠠᠨ ᠪᠤᠯᠳᠠᠯ᠎ᠠ᠂ 13 ᠪᠠᠴᠢᠮ ᠪᠠᠶᠢᠳᠠᠯ ᠢ ᠠᠷᠭᠠᠴᠠᠭᠠᠵᠤ ᠬᠠᠮᠠᠭᠠᠯᠠᠬᠤ ᠭᠠᠪᠰᠢᠭᠠᠢ ᠠᠩᠬᠢ ᠵᠤᠬᠢᠶᠠᠨ ᠪᠠᠶᠢᠭᠤᠯᠵᠤ᠂ ᠨᠡᠶᠢᠲᠡ 391 ᠬᠥᠮᠥᠨ ᠤᠳᠠᠭ᠎ᠠ ᠬᠥᠲᠡᠯᠭᠡᠵᠤ᠂ 222 ᠰᠠᠭᠤᠷᠢ ᠥᠷᠲᠡᠭᠡ᠂ 33 ᠮᠠᠰᠢᠨ ᠤ ᠲᠠᠰᠤᠭ ᠪᠠ 56 ᠢᠵᠢ ᠰᠥᠯᠵᠢᠶᠠᠨ ᠤ ᠲᠥᠬᠦᠬᠡᠷᠥᠮᠵᠢ ᠳᠤ ᠪᠠᠶᠢᠴᠠᠭᠠᠯᠳᠠ ᠬᠢᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠤᠭᠠᠨ ᠤ ᠮᠠᠰᠢᠨ ᠲᠡᠷᠭᠡ 37᠂ ᠲᠤᠰᠤ 45 ᠲᠤᠨ᠂ ᠴᠠᠬᠢᠯᠭᠠᠨ ᠭᠠᠷᠭᠠᠬᠤ ᠮᠠᠰᠢᠨ 360 ᠰᠠᠭᠤᠷᠢ᠂ ᠲᠠᠭᠠᠭᠤᠯᠢ ᠤᠳᠤᠨ ᠤ ᠤᠳᠠᠰᠤ 13᠂ ᠬᠠᠷᠢᠯᠴᠠᠭᠤᠷ 50᠂ ᠪᠤᠰᠤᠳ ᠲᠤᠨᠤᠭ 510 ᠭᠠᠷᠤᠢ ᠪᠡᠯᠡᠳᠭᠡᠵᠡᠢ᠃ 1 ᠰᠠᠷ᠎ᠠ ᠶᠢᠨ 28 ᠤ ᠡᠲᠥᠷ ᠠᠴᠠ ᠨᠠᠭᠠᠰᠢ᠂ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠤᠬᠤᠷ ᠮᠡᠲᠡᠭᠡ 1380.8 ᠲᠥᠮᠡᠨ ᠵᠤᠷᠪᠤᠰ ᠶᠠᠪᠤᠭᠤᠯᠵᠠᠢ᠃     1 ᠰᠠᠷ᠎ᠠ ᠶᠢᠨ 23 ᠤ ᠡᠲᠥᠷ ᠠᠴᠠ ᠨᠠᠭᠠᠰᠢ᠂ ᠪᠥᠬᠦ ᠠᠶᠢᠮᠠᠭ ᠤᠨ ᠲᠠᠷᠢᠶᠠᠯᠠᠩ ᠤᠨ ᠬᠤᠳᠠᠯᠳᠤᠭᠠᠨ ᠤ ᠵᠠᠬ᠎ᠠ᠂ ᠬᠡᠲᠥ ᠲᠡᠯᠬᠡᠬᠦᠷ᠂ ᠬᠤᠭᠤᠯᠠᠨ ᠭᠡᠷ ᠵᠡᠷᠭᠡ ᠳᠤ ᠪᠥᠬᠦ ᠲᠡᠯ᠎ᠡ ᠪᠠᠷ ᠰᠢᠭᠰᠢᠨ ᠪᠠᠶᠢᠴᠠᠭᠠᠯᠳᠠ ᠬᠢᠵᠤ᠂ ᠵᠢᠬᠦᠷᠲᠡᠨ ᠪᠠ ᠬᠡᠭᠡᠷ᠎ᠡ ᠶᠢᠨ ᠠᠮᠢᠳᠠᠨ ᠢ ᠨᠢᠳᠤᠯᠬᠤ᠂ ᠪᠤᠷᠤᠯᠠᠭᠤᠯᠬᠤ ᠶᠢ ᠡᠷᠡᠰ ᠴᠠᠭᠠᠵᠠᠯᠠᠵᠤ᠂ ᠬᠢᠵᠢᠭ ᠤᠨ ᠪᠠᠶᠢᠴᠠᠭᠠᠯᠳᠠ ᠶᠢᠨ ᠥᠨᠠᠮᠯᠠᠯ ᠥᠭᠡᠢ ᠡᠯ᠎ᠡ ᠲᠥᠷᠥᠯ ᠤᠨ ᠮᠠᠯ ᠵᠢᠬᠦᠷᠲᠡᠨ ᠤ ᠮᠢᠬ᠎ᠠ ᠪᠠ ᠪᠤᠰᠤᠳ ᠪᠥᠲᠥᠭᠡᠭᠲᠡᠬᠦᠨ ᠤ ᠪᠤᠷᠤᠯᠠᠭᠤᠯᠭ᠎ᠠ ᠶᠢ ᠴᠥᠮ ᠢ ᠵᠤᠬᠰᠤᠭᠠᠵᠠᠢ᠃ ᠬᠤᠭᠤᠯᠠ ᠤᠮᠳᠠ ᠶᠢᠨ ᠥᠢᠯᠡᠴᠢᠯᠡᠭᠡᠨ ᠤ ᠪᠠᠶᠢᠭᠤᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠨᠡᠶᠢᠭᠡᠮ ᠨᠡᠶᠢᠲᠡ ᠳᠤ ᠬᠠᠮᠳᠤ ᠪᠠᠷ ᠬᠤᠭᠤᠯᠠᠯᠠᠬᠤ ᠠᠵᠢᠯᠯᠠᠭ᠎ᠠ ᠶᠢ ᠴᠠᠭᠠᠵᠠᠯᠠᠬᠤ ᠮᠡᠲᠡᠭᠲᠡᠯ ᠨᠡᠶᠢᠲᠡᠯᠡᠪᠡ᠃ ᠤᠳᠤᠬᠠᠨ ᠳᠤ᠂ 19 ᠤᠳᠤᠨ ᠲᠡᠰ ᠤᠨ ᠪᠠᠭᠤᠳᠠᠯ ᠠᠴᠠ 16 ᠨᠢ ᠨᠢᠬᠡᠨᠲᠡ ᠡᠵᠡᠩᠨᠡᠯᠲᠡ ᠪᠠᠨ ᠵᠤᠬᠰᠤᠭᠠᠵᠤ᠂ ᠥᠯᠡᠲᠡᠭᠰᠡᠨ 3 ᠪᠠᠭᠤᠳᠠᠯ ᠳᠤ 21 ᠬᠥᠮᠥᠨ ᠤᠷᠤᠵᠤ ᠰᠠᠭᠤᠵᠤ᠂ ᠴᠥᠮ ᠬᠠᠯᠠᠭᠤᠷᠠᠬᠤ ᠢᠯᠡᠷᠡᠯ ᠭᠠᠷᠤᠬᠰᠠᠨ ᠥᠭᠡᠢ᠂ ᠪᠥᠬᠦᠲᠡ ᠳᠤᠨᠢ ᠠᠷᠢᠭᠤᠳᠬᠠᠬᠤ ᠪᠠ ᠤᠷᠤᠵᠤ ᠰᠠᠭᠤᠬᠰᠠᠳ ᠲᠤ ᠪᠠᠶ᠎ᠠ ᠶᠢᠨ ᠬᠠᠯᠠᠭᠤᠨ ᠢ ᠬᠡᠮᠵᠢᠬᠦ ᠠᠷᠭ᠎ᠠ ᠶᠢ ᠠᠪᠴᠠᠢ᠃ ᠲᠡᠷᠡᠴᠢᠯᠠᠨ᠂ ᠡᠮᠨᠡᠯᠭᠡ ᠶᠢᠨ ᠰᠡᠷᠬᠡᠶᠢᠯᠡᠨ ᠬᠠᠮᠠᠭᠠᠯᠠᠬᠤ ᠪᠤᠳᠠᠰ ᠪᠠ ᠬᠤᠯᠪᠤᠬᠳᠠᠯ ᠪᠥᠬᠦᠢ ᠪᠤᠰᠤᠳ ᠲᠠᠸᠠᠷ ᠤᠨ ᠥᠨ᠎ᠠ ᠬᠠᠩᠰᠢᠨ ᠳᠤ ᠬᠢᠨᠠᠨ ᠪᠠᠶᠢᠴᠠᠭᠠᠯᠳᠠ ᠬᠢᠵᠤ᠂ ᠬᠠᠤᠯᠢ ᠭᠡᠷᠡᠭᠵᠢᠬᠦᠯᠥᠭᠴᠢ ᠶᠢ 4471 ᠬᠥᠮᠥᠨ ᠤᠳᠠᠭ᠎ᠠ ᠬᠥᠲᠡᠯᠭᠡᠵᠤ᠂ 16 ᠡᠮ ᠡᠮᠨᠡᠯᠭᠡ ᠶᠢᠨ ᠪᠠᠶᠢᠭᠤᠯᠤᠮᠵᠢ᠂ 819 ᠡᠮ ᠤᠨ ᠲᠡᠯᠬᠡᠬᠦᠷ᠂ 14 ᠡᠮ ᠡᠮᠨᠡᠯᠭᠡ ᠶᠢᠨ ᠲᠥᠬᠦᠬᠡᠷᠥᠮᠵᠢ ᠶᠢᠨ ᠠᠵᠤ ᠠᠬᠤᠶᠢᠯᠠᠯ᠂ 2781 ᠢᠲᠡᠭᠡᠨ ᠤ ᠲᠤᠰᠤ᠂ ᠢᠳᠠᠰᠢᠨ ᠨᠤᠭᠤᠭ᠎ᠠ᠂ ᠮᠢᠬᠠᠨ ᠤ ᠲᠡᠯᠬᠡᠬᠦᠷ ᠲᠤ ᠪᠠᠶᠢᠴᠠᠭᠠᠯᠳᠠ ᠬᠢᠵᠤ᠂ ᠢᠯᠡᠷᠡᠬᠦᠯᠥᠭᠰᠡᠨ ᠪᠤᠶᠤ ᠢᠯᠡᠴᠢᠯᠠᠨ ᠵᠠᠭᠠᠯᠳᠤᠬᠰᠠᠨ ᠬᠠᠤᠯᠢ ᠠᠴᠠ ᠵᠥᠷᠢᠴᠡᠭᠰᠡᠨ 22 ᠭᠡᠷᠡᠭ ᠢ ᠲᠠᠩᠰᠠᠯᠠᠨ ᠪᠠᠶᠢᠴᠠᠭᠠᠵᠤ᠂ 16.7 ᠲᠥᠮᠡᠨ ᠲᠥᠭᠦᠷᠢᠭ ᠤᠨ ᠵᠠᠰᠠᠭ ᠵᠠᠬᠢᠷᠭᠠᠨ ᠤ ᠲᠤᠷᠭᠠᠭᠤᠯᠢ ᠥᠭᠬᠦ ᠪᠠᠷ ᠲᠤᠬᠳᠠᠬᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号