ᠢᠳᠡᠭᠡᠯ ᠵᠤᠷᠢᠭ ᠢᠶᠠᠨ ᠪᠠᠳᠤᠳᠬᠠᠨ ᠵᠢᠳᠭᠦᠯ ᠴᠢᠷᠮᠠᠶᠢᠯᠭ᠎ᠠ ᠭᠠᠷᠭᠠᠰᠤᠭᠠᠢ
ᠨᠡᠶᠢᠲᠡᠯᠡᠭᠰᠡᠨ ᠴᠠᠭ᠄
2020-02-20
     ᠴᠠᠭᠠᠨ ᠰᠠᠷ᠎ᠠ ᠶᠢᠨ ᠠᠮᠠᠷᠠᠯᠳᠠ ᠲᠠᠭᠤᠰᠬᠤ ᠶᠢ ᠲᠠᠭᠠᠯᠳᠤᠨ᠂ ᠡᠯ᠎ᠡ ᠠᠵᠢᠯ ᠲᠦᠷᠦᠯ ᠤᠨ ᠬᠢᠨ ᠠᠵᠢᠯ ᠦᠢᠯᠡᠳᠪᠦᠷᠢᠯᠡᠯ ᠢᠶᠠᠨ ᠰᠡᠷᠬᠦᠭᠡᠵᠦ ᠡᠬᠢᠯᠡᠪᠡ᠃ ᠭᠡᠷᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠳᠤᠷ ᠠᠳᠬᠤᠬᠤ ᠶᠢᠨ ᠬᠠᠮᠳᠤ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠨᠢᠭᠡᠲᠦᠯᠲᠡᠢ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠬᠢᠵᠢᠭ ᠤᠨ ᠨᠦᠯᠦᠭᠡ ᠶᠢ ᠬᠠᠮᠤᠭ ᠪᠠᠭ᠎ᠠ ᠭᠡᠮᠵᠢᠶᠡᠨ ᠳᠤ ᠬᠦᠷᠭᠡᠬᠦ ᠪᠤᠯ ᠡᠯ᠎ᠡ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠬᠦᠨᠳᠤ ᠴᠢᠬᠤᠯᠠ ᠡᠬᠦᠷᠭᠡ ᠪᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠬᠤᠷᠢᠶᠠᠨ ᠤ ᠰᠢᠢᠳᠪᠤᠷᠢᠲᠦ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠱᠠᠭᠠᠷᠳᠠᠯᠭ᠎ᠠ ᠲᠡᠭᠡᠷ᠎ᠡ ᠨᠢᠭᠡᠳᠭᠡᠵᠤ᠂ ᠬᠠᠷᠢᠭᠤᠴᠠᠯᠭ᠎ᠠ ᠪᠠᠨ ᠵᠤᠷᠢᠬᠳᠠᠢ ᠡᠬᠦᠷᠭᠡᠯᠡᠬᠦ ᠶᠢᠨ ᠬᠠᠮᠳᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠨᠢᠭᠡᠲᠦᠯᠲᠡᠢ ᠲᠦᠯᠦᠪᠯᠡᠵᠤ ᠨᠡᠶᠢᠲᠡᠮ ᠳᠤᠨᠢ ᠬᠠᠷᠠᠭᠠᠯᠵᠠᠬᠤ ᠶᠢᠨ ᠬᠠᠮᠳᠤ ᠴᠢᠳᠠᠮᠠᠭᠠᠢ ᠵᠤᠬᠢᠶᠠᠨ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠳᠠ ᠡᠬᠦᠷᠭᠡ ᠶᠢ ᠴᠢᠷᠮᠠᠶᠢᠨ ᠪᠡᠶᠡᠯᠡᠬᠦᠯᠬᠦ ᠭᠡᠷᠡᠭᠲᠡᠢ᠃      ᠭᠡᠨᠡᠳᠳᠡ ᠡᠬᠦᠰᠦᠭᠰᠡᠨ ᠬᠢᠵᠢᠭ ᠡᠯ᠎ᠠ ᠠᠵᠢᠯ ᠲᠦᠷᠦᠯ ᠪᠠ ᠠᠵᠤ ᠠᠬᠤᠶᠢᠯᠠᠯ ᠳᠤ ᠨᠦᠯᠦᠭᠡ ᠤᠴᠠᠷᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠳᠠ ᠶᠢ ᠪᠡᠶᠡᠯᠡᠬᠦᠯᠬᠦ ᠳᠤ ᠬᠦᠴᠢᠷᠳᠡᠯ ᠠᠪᠴᠢᠷᠠᠪᠠ᠃ ᠪᠢᠳᠠ ᠠᠰᠠᠭᠤᠳᠠᠯ ᠪᠠ ᠬᠦᠴᠢᠷᠲᠡᠯ ᠠᠴᠠ ᠠᠶᠤᠵᠤ ᠪᠤᠯᠬᠤ ᠦᠭᠡᠢ᠂ ᠡᠷᠭᠡᠪᠰᠢ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠦᠮ ᠴᠢᠩᠭ᠎ᠠ ᠪᠠᠶᠢᠵᠤ᠂ ᠬᠢᠵᠢᠭ ᠤᠨ ᠪᠠᠶᠢᠳᠠᠯ ᠠᠴᠠ ᠪᠤᠯᠤᠭᠰᠠᠨ ᠨᠦᠯᠦᠭᠡ ᠶᠢ ᠬᠠᠮᠤᠭ ᠪᠠᠭ᠎ᠠ ᠪᠤᠯᠭᠠᠵᠤ᠂ ᠠᠵᠤ ᠠᠬᠤᠢ ᠶᠢᠨ ᠲᠤᠭᠳᠠᠭᠤᠨ ᠡᠷᠬᠢᠯᠲᠡ ᠪᠠ ᠨᠡᠶᠢᠭᠡᠮ ᠤᠨ ᠡᠶ᠎ᠡ ᠲᠤᠭᠳᠠᠭᠤᠨ ᠢ ᠪᠠᠳᠤᠯᠠᠬᠤ ᠭᠡᠷᠡᠭᠲᠡᠢ ᠃ ᠬᠢᠵᠢᠭ ᠠᠴᠠ ᠪᠤᠯᠵᠤ ᠵᠤᠬᠢᠬᠤ ᠬᠤᠬᠢᠷᠠᠯ ᠭᠠᠷᠤᠬᠰᠠᠨ ᠪᠤᠯᠪᠠᠴᠤ ᠬᠤᠷᠸ᠎ᠠ ᠠᠵᠤ ᠠᠬᠤᠢ ᠶᠢᠨ ᠡᠷᠬᠢᠯᠲᠡ ᠳᠠᠬᠢ ᠨᠦᠯᠦᠭᠡ ᠨᠢ ᠱᠠᠳᠤᠴᠢ ᠴᠢᠨᠠᠷᠳᠠᠢ᠂ ᠲᠦᠷ ᠴᠠᠭ ᠤᠨ ᠪᠠᠶᠢᠵᠤ᠂ ︽ᠲᠤᠭᠳᠠᠭᠤᠨ ᠤ ᠲᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ︾ ᠦᠨᠳᠤᠰᠤᠨ ᠬᠠᠨᠳᠤᠰᠢ ᠬᠤᠪᠢᠷᠠᠬᠤ ᠦᠭᠡᠢ ᠭᠡᠳᠡᠭ ᠢ ᠰᠡᠷᠭᠡᠭ ᠢᠶᠠᠷ ᠲᠠᠨᠢᠬᠤ ᠭᠡᠷᠡᠭᠲᠡᠢ᠃ ᠪᠢᠳᠠ ᠢᠳᠡᠭᠡᠯ ᠵᠤᠷᠢᠭ ᠢᠶᠠᠨ ᠪᠠᠳᠤᠳᠬᠠᠵᠤ᠂ ᠨᠡᠩ ᠢᠯᠡᠭᠦᠦ ᠴᠢᠷᠮᠠᠶᠢᠪᠠᠯ ᠡᠯ᠎ᠡ ᠲᠠᠯ᠎ᠠ ᠶᠢᠨ ᠬᠦᠭᠵᠢᠯᠲᠡ ᠶᠢᠨ ᠡᠬᠦᠷᠭᠡ ᠪᠠᠨ ᠯᠠᠪᠳᠠᠢ ᠠᠮᠵᠢᠯᠳᠠ ᠲᠠᠢ ᠪᠡᠶᠡᠯᠡᠬᠦᠯᠵᠤ ᠴᠢᠳᠠᠨ᠎ᠠ᠃     ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠠᠶᠢᠮᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠦᠯᠬᠦᠢ ᠦᠢᠯᠡᠳᠪᠤᠷᠢᠯᠡᠯ ᠤᠨ ᠠᠷᠭ᠎ᠠ ᠭᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠳᠠᠯ ᠲᠤᠤᠷ᠎ᠠ᠂ ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠤᠷᠢᠯᠡᠯ ᠢᠶᠠᠨ ᠰᠡᠷᠭᠦᠭᠡᠬᠦ ᠶᠢ ᠡᠮᠬᠢ ᠲᠢᠭᠯᠢᠮ ᠲᠠᠢ ᠵᠤᠬᠢᠶᠠᠨ ᠪᠠᠶᠢᠭᠤᠯᠵᠤ᠂ ᠤᠨᠴᠠᠭᠠᠶᠢᠯᠠᠨ ᠨᠡᠬᠦᠷᠡᠰᠤ᠂ ᠴᠠᠬᠢᠯᠭᠠᠨ ᠬᠦᠴᠦ᠂ ᠳᠤᠯᠠᠭᠠᠯᠠᠭ᠎ᠠ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠤᠷᠢᠯᠡᠯ ᠢ ᠪᠠᠳᠤᠯᠠᠵᠠᠢ︔ ᠬᠠᠪᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠢ ᠰᠠᠶᠢᠳᠤᠷ ᠠᠳᠬᠤᠵᠤ᠂ ᠬᠠᠪᠤᠷ ᠤᠨ ᠲᠦᠯ ᠲᠤᠰᠬᠤ᠂ ᠡᠪᠡᠰᠤ ᠪᠤᠷᠳᠤᠭᠠᠨ ᠤ ᠲᠤᠬᠢᠷᠠᠭᠤᠯᠤᠯᠳᠠ᠂ ᠠᠮᠢᠳᠠᠨ ᠤ ᠬᠢᠵᠢᠭ ᠭᠡᠮ ᠢ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠵᠡᠷᠭᠡ ᠶᠢ ᠰᠠᠶᠢᠳᠤᠷ ᠬᠢᠵᠤ᠂ ᠠᠮᠢᠳᠤᠷᠠᠯ ᠬᠦᠴᠢᠷᠲᠡᠯᠲᠡᠢ ᠡᠷᠦᠭᠡ ᠶᠢᠨ ᠦᠢᠯᠡᠳᠪᠤᠷᠢᠯᠡᠯ ᠠᠮᠢᠳᠤᠷᠠᠯ ᠢ ᠲᠡᠭᠡᠲᠦ ᠭᠡᠮᠵᠢᠶ᠎ᠠ ᠪᠠᠷ ᠠᠩᠬᠠᠷᠴᠤ᠂ ᠬᠢᠵᠢᠭ ᠤᠨ ᠪᠠᠶᠢᠳᠠᠯ ᠤᠨ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠳᠤ ᠪᠤᠯᠤᠭᠰᠠᠨ ᠨᠦᠯᠦᠭᠡ ᠶᠢ ᠪᠠᠭᠠᠰᠬᠠᠵᠦ ᠪᠠᠶᠢᠨ᠎ᠠ᠃ ᠠᠵᠤ ᠠᠬᠤᠶᠢᠯᠠᠯ ᠤᠳ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ᠂ ᠨᠦᠬᠦᠭᠡ ᠲᠠᠯ᠎ᠠ ᠪᠠᠷ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ ᠶᠢᠨ ᠬᠠᠮᠳᠤ ᠢᠳᠡᠪᠬᠢᠲᠡᠢ ᠪᠠᠷ ᠬᠤᠪᠸᠢ ᠮᠤᠵᠢ ᠳᠤ ᠡᠳ᠋ ᠪᠤᠳᠠᠰ ᠬᠠᠨᠳᠢᠪᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠡ ᠶᠢᠨ ᠲᠠᠶᠢᠯᠠᠯᠳᠤᠭᠠᠨ ᠤ ᠢᠯᠡᠯᠲᠡ ᠶᠢ ᠤᠯᠬᠤ ᠳᠤ ᠬᠦᠴᠦᠷᠭᠡᠭ ᠶᠡᠭᠡ ᠲᠡᠮᠵᠢᠯᠭᠡ ᠪᠠ ᠪᠠᠳᠤᠯᠠᠭ᠎ᠠ ᠬᠠᠩᠭᠠᠵᠠᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠦᠭᠵᠢᠯᠲᠡ ᠶᠢ ᠠᠬᠢᠭᠤᠯᠬᠤ ᠪᠤᠯ ᠨᠢᠭᠡᠨ ᠤᠳᠠᠭᠠᠨ ᠤ ᠲᠠᠶᠢᠯᠠᠯᠳᠤᠭᠠᠨ ᠮᠦᠷᠲᠡᠭᠡᠨ ᠨᠢᠭᠡᠨ ᠤᠳᠠᠭᠠᠨ ᠤ ᠰᠢᠯᠭᠠᠯᠳᠠ ᠪᠤᠯᠤᠨ᠎ᠠ᠃ ᠪᠢᠳᠠ ᠡᠷᠭᠡᠪᠰᠢ ᠬᠦᠨᠳᠤ ᠡᠬᠦᠷᠭᠡ ᠶᠢ ᠡᠬᠦᠷᠭᠡᠯᠡᠵᠤ᠂ ᠰᠢᠯᠭᠠᠯᠳᠠ ᠶᠢ ᠲᠠᠭᠠᠭᠠᠵᠤ᠂ ᠶᠡᠭᠡ ᠲᠠᠶᠢᠯᠠᠯᠳᠤᠭᠠᠨ ᠲᠤᠮᠳᠠ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠵᠤ᠂ ᠶᠡᠭᠡ ᠰᠢᠯᠭᠠᠯᠳᠠ ᠳᠤ ᠬᠢᠷᠢ ᠲᠡᠩᠴᠡᠭᠰᠡᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠭᠡᠷᠡᠭᠲᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号