ᠨᠢᠭᠡᠳᠦᠯᠳᠠᠢ ᠳᠦᠯᠦᠪᠵᠢᠭᠦᠯᠦᠨ ᠨᠡᠶᠢᠳᠡᠮ ᠳᠤᠨᠢ ᠬᠠᠷᠠᠭᠠᠯᠵᠠᠵᠦ ᠤᠨᠤᠴᠢᠳᠠᠢ ᠪᠠᠷ ᠠᠷᠭ᠎ᠠ ᠪᠤᠳᠤᠯᠭ᠎ᠠ ᠭᠡᠷᠡᠭᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠦᠭᠵᠢᠯᠳᠡ ᠶᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ
ᠨᠡᠶᠢᠲᠡᠯᠡᠭᠰᠡᠨ ᠴᠠᠭ᠄
2020/2/21
    2 ᠳ᠋ᠣᠭᠠᠷ ᠰᠠᠷ᠎ᠠ ᠶᠢᠨ 17᠎ ᠤ ᠡᠳᠤᠷ᠂ ᠠᠶᠢᠮᠠᠭ ᠤᠨ ᠰᠢᠨ᠎ᠠ ᠳᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠳᠤᠭᠤᠢᠢᠯᠠᠩ ᠤᠨ ᠬᠠᠷᠢᠭᠤᠴᠠᠯᠭᠠᠳᠠᠨ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠠᠢ ᠳᠦᠯᠦᠪᠵᠢᠭᠦᠯᠦᠨ ᠠᠳᠬᠤᠬᠤ ᠳᠤᠬᠠᠢ ᠰᠤᠷᠪᠤᠯᠵᠢᠯᠠᠬᠴᠢ ᠶᠢᠨ ᠠᠰᠠᠭᠤᠬᠰᠠᠨ ᠢ ᠬᠠᠷᠢᠭᠤᠯᠪᠠ᠃    ᠰᠤᠷᠪᠤᠯᠵᠢᠯᠠᠬᠴᠢ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠤᠨ ᠨᠡᠶᠢᠳᠡᠯᠡᠭᠰᠡᠨ ᠪᠠᠶᠢᠳᠠᠯ ᠠᠴᠠ ᠦᠵᠡᠪᠡᠯ ᠰᠢᠯᠢ ᠶᠢᠨ ᠭᠤᠤᠯ ᠠᠶᠢᠮᠠᠭ ᠲᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠳᠠᠨ᠎ᠠ ᠠᠴᠠ ᠤᠷᠤᠵᠦ ᠢᠷᠡᠭᠰᠡᠨ ᠠᠴᠠ ᠪᠠᠨ ᠴᠤᠬᠯᠠᠷᠠᠯ ᠤᠨ ᠴᠢᠨᠠᠷᠳᠠᠢ ᠪᠤᠯᠵᠦ ᠬᠤᠪᠢᠷᠠᠬᠰᠠᠨ ᠤᠨᠴᠠᠯᠢᠭ ᠢᠯᠡᠷᠡᠵᠠᠢ᠂ ᠡᠶᠢᠮᠤᠷᠬᠦᠦ ᠪᠠᠶᠢᠳᠠᠯ ᠬᠠᠨᠳᠤᠰᠢ ᠶᠢᠨ ᠬᠤᠪᠢᠷᠠᠯᠳᠡ ᠳᠤ ᠴᠢᠭᠯᠡᠭᠦᠯᠵᠦ ᠰᠢᠯᠢ ᠶᠢᠨ ᠭᠤᠤᠯ ᠠᠶᠢᠮᠠᠭ ᠶᠠᠮᠠᠷ ᠪᠦᠳᠦᠮᠵᠢᠳᠠᠢ ᠠᠷᠭ᠎ᠠ ᠭᠡᠮᠵᠢᠶ᠎ᠠ ᠠᠪᠴᠦ ᠪᠠᠶᠢᠭ᠎ᠠ ᠪᠤᠢ︖      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠳᠤᠭᠤᠢᠢᠯᠠᠩ ᠤᠨ ᠬᠠᠷᠢᠭᠤᠴᠠᠯᠭᠠᠳᠠᠨ᠄ ᠤᠳᠤᠬᠠᠨ ᠳᠤ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠪᠦᠬᠦ ᠤᠯᠤᠰ ᠪᠦᠬᠦ ᠤᠷᠤᠨ ᠤ ᠬᠢ ᠲᠠᠢ ᠠᠳᠠᠯᠢ ᠪᠠᠷ ᠶᠠᠬ ᠬᠠᠮᠤᠭ ᠵᠠᠩᠬᠢᠯᠠᠭ᠎ᠠ ᠶᠢᠨ ᠴᠠᠬ ᠦᠶ᠎ᠠ ᠳᠤ ᠤᠷᠤᠪᠠ᠃ 2 ᠰᠠᠷ᠎ᠠ ᠶᠢᠨ 14᠎ ᠤ ᠡᠳᠤᠷ᠂ 15᠎ ᠤ ᠡᠳᠤᠷ᠂ ᠰᠢᠯᠢ ᠶᠢᠨ ᠭᠤᠤᠯ ᠠᠶᠢᠮᠠᠭ ᠤᠷᠢᠳ ᠬᠤᠵᠢᠳ ᠠᠶᠢᠮᠠᠭ ᠤᠨ ᠨᠠᠮ ᠤᠨ ᠬᠤᠷᠢᠶᠠᠨ ᠤ ᠳᠤᠰᠬᠠᠢ ᠰᠡᠳᠦᠪᠳᠦ ᠬᠤᠷᠠᠯ᠂ ᠠᠶᠢᠮᠠᠭ ᠤᠨ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠰᠬᠠᠢ ᠰᠡᠳᠦᠪᠳᠦ ᠳᠤᠬᠢᠷᠠᠭᠤᠯᠤᠯᠳᠡ ᠶᠢᠨ ᠬᠤᠷᠠᠯ ᠬᠤᠷᠠᠯᠳᠤᠭᠤᠯᠵᠦ᠂ ᠬᠢᠵᠢᠭ ᠤᠨ ᠪᠠᠶᠢᠳᠠᠯ ᠤᠨ ᠪᠠᠶᠢᠳᠠᠯ ᠬᠤᠪᠢᠷᠠᠯᠳᠡ ᠪᠤᠯᠤᠨ ᠰᠡᠷᠭᠡᠶᠢᠯᠡᠨ ᠡᠵᠡᠮᠳᠡᠬᠦ ᠠᠵᠢᠯ ᠤᠨ ᠪᠤᠳᠠᠳᠠᠢ ᠭᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠪᠤᠯᠤᠨ ᠨᠠᠮ ᠤᠨ ᠳᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠡ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠤᠭᠤᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ ᠨᠢᠭᠡ ᠳᠤ᠂ ︽ᠳᠦᠷᠪᠡᠨ ᠳᠦᠪᠯᠡᠷᠡᠩᠭᠦᠢ︾ ᠪᠠ ︽ᠨᠢᠭᠡ ᠬᠦᠮᠦᠨ ᠳᠤ ᠨᠢᠭᠡ ᠳᠦᠰᠦᠯ ᠨᠢᠭᠡ ᠡᠮᠴᠢ ᠲᠠᠢ ᠪᠠᠶᠢᠬᠤ︾ ᠱᠠᠭᠠᠷᠳᠠᠯᠭ᠎ᠠ ᠪᠠᠷ ᠤᠨᠤᠰᠢᠯᠠᠬᠳᠠᠬᠰᠠᠨ ᠡᠪᠡᠳᠴᠢᠨ ᠤ ᠵᠢᠱᠢᠶ᠎ᠠ ᠶᠢ ᠡᠮᠨᠡᠨ ᠵᠠᠰᠠᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠦ ᠪᠤᠢ᠃ ︽ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠳᠦᠰᠦᠯ︾ ᠶᠤᠰᠤᠭᠠᠷ ᠡᠮᠨᠡᠨ ᠵᠠᠰᠠᠬᠤ ᠳᠦᠰᠦᠯ ᠢᠶᠠᠨ ᠤᠯᠠᠮ ᠰᠢᠯᠢᠳᠡᠭᠵᠢᠭᠦᠯᠵᠦ᠂ ᠬᠢᠳᠠᠳ ᠡᠸᠥ᠋ᠷᠤᠫᠠ ᠡᠮᠨᠡᠯᠭᠡ ᠶᠢ ᠤᠶᠠᠯᠳᠤᠭᠤᠯᠤᠨ᠂ ᠡᠪᠡᠳᠴᠢᠨ ᠳᠤᠨᠢ ᠳᠠᠭᠠᠷᠠᠭᠤᠯᠤᠨ ᠤᠨᠤᠪᠴᠢᠳᠠᠢ ᠡᠮᠨᠡᠵᠦ᠂ ᠰᠢᠨᠵᠢᠯᠡᠬᠦ ᠤᠬᠠᠭᠠᠨᠴᠢ ᠪᠠᠷ ᠠᠪᠤᠷᠠᠨ ᠵᠠᠰᠠᠬᠤ ᠬᠢᠷᠢ ᠳᠦᠪᠰᠢᠨ ᠢᠶᠠᠨ ᠳᠡᠭᠡᠭᠰᠢᠯᠡᠭᠦᠯᠵᠦ ᠪᠠᠶᠢᠨ᠎ᠠ᠃ ᠬᠤᠶᠠᠷ ᠲᠤ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠳᠠᠢ ᠳᠤᠬᠢᠷᠠᠭᠤᠯᠵᠦ᠂ ᠬᠦᠮᠦᠨ ᠤ ᠬᠦᠴᠤᠨ ᠢᠶᠠᠨ ᠵᠤᠬᠢᠰᠳᠠᠢ ᠵᠤᠬᠢᠶᠠᠨ ᠪᠠᠶᠢᠭᠤᠯᠵᠦ᠂ ᠨᠢᠭᠡᠳᠦᠭᠡᠷ ᠹᠷᠤᠨᠲ ᠤᠨ ᠭᠤᠤᠯ ᠬᠦᠴᠦᠨ ᠢ ᠪᠠᠳᠤᠯᠠᠵᠦ ᠪᠤᠢ᠃ ᠡᠮᠴᠢᠯᠡᠭᠡᠨ ᠤ ᠡᠳ᠋ ᠪᠤᠳᠠᠰ ᠪᠤᠯᠤᠨ ᠠᠷᠤ ᠳᠠᠯ᠎ᠠ ᠶᠢᠨ ᠦᠢᠯᠡᠴᠢᠯᠡᠭᠡ ᠶᠢ ᠴᠢᠩᠭᠠᠳᠬᠠᠵᠦ᠂ ᠡᠮᠨᠡᠯᠭᠡ ᠶᠢᠨ ᠠᠵᠢᠯᠳᠡᠳ ᠤᠨ ᠰᠡᠷᠭᠡᠶᠢᠯᠡᠨ ᠬᠠᠮᠠᠭᠠᠯᠠᠬᠤ ᠠᠷᠭ᠎ᠠ ᠭᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠡᠮᠴᠢ ᠰᠤᠪᠢᠯᠬᠠᠴᠢᠳ ᠲᠤ ᠬᠠᠯᠳᠠᠪᠤᠷᠢᠯᠠᠬᠤ ᠦᠭᠡᠢ ᠪᠠᠶᠢᠬᠤ ᠶᠢ ᠪᠠᠳᠤᠯᠠᠵᠦ ᠪᠠᠶᠢᠨ᠎ᠠ᠃ ᠭᠤᠷᠪᠠ ᠳᠤ ᠳᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠡ ᠪᠠ ᠡᠬᠢ ᠰᠤᠷᠪᠤᠯᠵᠢ ᠶᠢ ᠮᠦᠷᠳᠡᠬᠦ ᠠᠵᠢᠯ ᠢ ᠬᠢᠨᠠᠮᠠᠭᠠᠢ ᠦᠷᠨᠢᠭᠦᠯᠵᠦ᠂ ᠭᠤᠤᠯᠳᠠᠯᠭ᠎ᠠ ᠲᠠᠢ ᠡᠳᠡᠭᠡᠳ ᠪᠤᠯᠤᠨ ᠵᠠᠩᠬᠢᠯᠠᠭ᠎ᠠ ᠶᠢᠨ ᠭᠤᠬᠴᠤᠭ᠎ᠠ ᠶᠢ ᠡᠵᠡᠮᠳᠡᠵᠦ᠂ ᠤᠨᠤᠰᠢᠯᠠᠬᠳᠠᠬᠰᠠᠨ ᠡᠪᠡᠳᠴᠢᠨ ᠤ ᠵᠢᠱᠢᠶ᠎ᠠ ᠪᠠ ᠰᠡᠵᠢᠭᠯᠡᠯᠳᠠᠢ ᠡᠪᠡᠳᠴᠢᠨ ᠤ ᠵᠢᠱᠢᠶ᠎ᠠ ᠲᠠᠢ ᠨᠢᠬᠳᠠ ᠦᠢᠷᠠᠳᠤᠬᠰᠠᠳ ᠢ ᠬᠠᠮᠤᠭ ᠳᠦᠷᠭᠡᠨ ᠢᠶᠠᠷ ᠳᠤᠳᠤᠯᠠᠨ ᠳᠤᠬᠳᠠᠭᠠᠵᠦ᠂ ᠱᠠᠭᠠᠷᠳᠠᠯᠭ᠎ᠠ ᠶᠤᠰᠤᠭᠠᠷ ᠳᠦᠪᠯᠡᠷᠡᠭᠦᠯᠤᠨ ᠳᠤᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠳᠡ ᠬᠢᠵᠦ᠂ ᠬᠠᠯᠳᠠᠪᠤᠷᠢᠯᠠᠬᠤ ᠵᠠᠮ ᠢ ᠳᠠᠰᠤᠯᠵᠦ ᠪᠠᠶᠢᠨ᠎ᠠ᠃ ᠳᠦᠷᠪᠡ ᠳᠤ ᠠᠶᠢᠮᠠᠭ ᠤᠨ ᠭᠡᠪᠴᠢᠶᠡᠨ ᠳᠠᠬᠢ ᠬᠦᠮᠤᠨ ᠳᠡᠷᠭᠡ ᠤᠨᠤᠭ᠎ᠠ ᠶᠢ ᠬᠠᠮᠢᠶᠠᠷᠴᠦ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠦ᠂ ᠰᠠᠭᠤᠭᠠᠯᠢ ᠠᠷᠠᠳ ᠤᠨ ᠳᠤᠭᠤᠷᠢᠭ ᠪᠠ ᠠᠳᠠᠯ ᠠᠬᠤᠢ ᠶᠢᠨ ᠬᠠᠮᠢᠶᠠᠷᠤᠯᠳᠡ ᠦᠭᠡᠢ ᠤᠷᠤᠨ ᠰᠠᠭᠤᠴᠠ ᠶᠢᠨ ᠠᠰᠠᠷ ᠲᠤ ᠴᠦᠮ ᠪᠢᠳᠡᠭᠦᠮᠵᠢᠯᠡᠭᠰᠡᠨ ᠬᠠᠮᠢᠶᠠᠷᠤᠯᠳᠡ ᠭᠡᠷᠡᠭᠵᠢᠭᠦᠯᠵᠦ᠂ ᠬᠦᠮᠦᠨ ᠳᠡᠷᠭᠡ ᠤᠨᠤᠭ᠎ᠠ ᠶᠢᠨ ᠤᠷᠤᠵᠦ ᠭᠠᠷᠬᠤ ᠶᠢ ᠴᠢᠩᠭ᠎ᠠ ᠬᠠᠮᠢᠶᠠᠷᠴᠦ ᠪᠠᠶᠢᠨ᠎ᠠ᠃ ᠬᠤᠳᠠ ᠳᠤᠭᠤᠷᠢᠭ ᠪᠠ ᠵᠠᠮ ᠳᠡᠭᠡᠷᠡᠬᠢ ᠳᠡᠷᠭᠡ ᠤᠨᠤᠭᠠᠨ ᠤ ᠬᠠᠮᠢᠶᠠᠷᠤᠯᠳᠡ ᠶᠢ ᠴᠢᠩᠭᠠᠳᠬᠠᠨ᠂ ᠨᠡᠪᠳᠡᠷᠡᠬᠦ ᠭᠡᠷᠡᠴᠢ ᠦᠨᠡᠮᠯᠡᠯ ᠦᠭᠡᠢ ᠳᠡᠷᠭᠡ ᠶᠢ ᠵᠠᠮ ᠳᠡᠭᠡᠷ᠎ᠠ ᠭᠠᠷᠬᠤ ᠶᠢ ᠴᠠᠭᠠᠵᠠᠯᠠᠵᠦ᠂ ᠪᠠᠶᠢᠴᠠᠭᠠᠯᠳᠡ ᠬᠦᠯᠢᠶᠡᠬᠦ ᠦᠭᠡᠢ᠂ ᠬᠤᠷᠢᠭ᠎ᠠ ᠪᠤᠭᠤᠮᠳᠠ ᠶᠢ ᠳᠠᠭᠠᠷᠢᠵᠦ ᠡᠪᠳᠡᠬᠦ ᠠᠵᠢᠯᠯᠠᠭ᠎ᠠ ᠶᠢ ᠳᠤᠳᠤᠭᠠᠳᠦ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠤᠴᠢᠳᠠᠢ ᠪᠤᠯ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠵᠦ ᠪᠤᠢ᠃ ᠳᠠᠪᠤ ᠳᠤ ᠬᠠᠯᠠᠭᠤᠷᠠᠬᠤ ᠡᠪᠡᠳᠴᠢᠳᠡᠨ ᠢ ᠡᠮᠴᠢᠯᠡᠬᠦ ᠬᠠᠮᠢᠶᠠᠷᠤᠯᠳᠡ ᠶᠢ ᠳᠦᠷᠢᠮᠵᠢᠭᠦᠯᠵᠦ᠂ ᠬᠠᠯᠠᠭᠤᠷᠠᠬᠤ᠂ ᠬᠠᠭᠤᠷᠠᠢ ᠬᠠᠨᠢᠶᠠᠬᠤ ᠂ ᠳᠠᠮᠢᠷᠳᠠᠬᠤ ᠵᠡᠷᠭᠡ ᠢᠯᠡᠷᠡᠯ ᠲᠠᠢ ᠡᠪᠡᠳᠴᠢᠳᠡᠨ ᠢ ᠴᠦᠮ ᠳᠤᠬᠳᠠᠬᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠵᠦ᠂ ᠤᠷᠢᠳᠴᠢᠯᠠᠨ ᠪᠠᠶᠢᠴᠠᠭᠠᠵᠦ ᠰᠠᠯᠭᠠᠨ ᠤᠨᠤᠰᠢᠯᠠᠬᠤ᠂ ᠬᠠᠯᠠᠭᠤᠷᠠᠬᠤ ᠡᠪᠡᠳᠴᠢᠳᠡᠨ ᠢ ᠰᠢᠭᠰᠢᠨ ᠪᠠᠶᠢᠴᠠᠭᠠᠬᠤ ᠪᠠ ᠦᠯᠡᠳᠡᠭᠡᠨ ᠠᠵᠢᠬᠯᠠᠯᠳᠡ ᠬᠢᠬᠦ ᠬᠢᠷᠢ ᠭᠡᠮ ᠦᠭᠡᠢ ᠬᠤᠪᠢ ᠶᠢᠨ ᠡᠮᠨᠡᠯᠭᠡ ᠶᠢᠨ ᠭᠠᠵᠠᠷ ᠪᠠ ᠡᠮᠴᠢᠯᠡᠭᠡᠨ ᠤ ᠪᠠᠶᠢᠭᠤᠯᠤᠮᠵᠢ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠢᠯᠡᠷᠡᠯ ᠲᠠᠢ ᠡᠪᠡᠳᠴᠢᠳᠡᠨ ᠢ ᠬᠦᠯᠢᠶᠡᠨ ᠠᠪᠴᠦ ᠡᠮᠴᠢᠯᠡᠵᠦ ᠪᠤᠯᠬᠤ ᠦᠭᠡᠢ᠂ ᠡᠯ᠎ᠠ ᠱᠠᠳᠤᠨ ᠤ ᠡᠯ᠎ᠠ ᠳᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠳᠡᠨ ᠡᠪᠡᠳᠴᠢᠳᠡᠨ ᠤ ᠭᠡᠷ ᠲᠤ ᠬᠦᠷᠴᠦ ᠳᠤᠷ᠎ᠠ ᠪᠠᠷ ᠢᠶᠠᠨ ᠡᠮᠴᠢᠯᠡᠭᠡ ᠬᠢᠵᠦ ᠪᠤᠯᠬᠤ ᠦᠭᠡᠢ᠂ ᠡᠮ ᠤᠨ ᠳᠡᠯᠭᠡᠭᠦᠷ ᠤᠳ ᠬᠠᠯᠠᠭᠤᠨ ᠢ ᠪᠠᠭᠤᠷᠠᠭᠤᠯᠬᠤ᠂ ᠬᠠᠨᠢᠶᠠᠳᠦ ᠶᠢ ᠵᠤᠬᠰᠤᠭᠠᠬᠤ ᠡᠮ ᠬᠤᠳᠠᠯᠳᠤᠵᠦ ᠪᠤᠯᠬᠤ ᠦᠭᠡᠢ᠃ ᠵᠢᠷᠭᠤᠭ᠎ᠠ ᠳᠤ ᠭᠤᠤᠯᠳᠠᠯᠭ᠎ᠠ ᠲᠠᠢ ᠬᠦᠮᠦᠰ ᠢ ᠦᠯᠡᠳᠡᠭᠡᠯ ᠦᠭᠡᠢ ᠪᠠᠶᠢᠴᠠᠭᠠᠬᠤ ᠠᠵᠢᠯᠯᠠᠭ᠎ᠠ ᠦᠷᠨᠢᠭᠦᠯᠵᠦ᠂ ᠠᠶᠢᠮᠠᠭ ᠤᠨ ᠭᠠᠳᠠᠨ᠎ᠠ ᠠᠴᠠ ᠪᠤᠴᠠᠵᠦ ᠢᠷᠡᠭᠰᠡᠳ ᠪᠠ ᠭᠠᠳᠠᠨ᠎ᠠ ᠠᠴᠠ ᠢᠷᠡᠭᠰᠡᠳ᠂ ᠬᠤᠪᠸᠢ ᠮᠤᠵᠢ ᠳᠤ ᠤᠴᠢᠵᠦ ᠦᠡᠭᠭᠡᠷᠡᠭᠰᠡᠨ ᠬᠦᠮᠦᠰ᠂ ᠬᠢᠵᠢᠭ ᠤᠨ ᠪᠠᠶᠢᠳᠠᠯ ᠨᠡᠯᠢᠶᠡᠳ ᠬᠦᠨᠳᠦ 14 ᠮᠤᠵᠢ ᠳᠤ ᠤᠴᠢᠵᠦ ᠦᠡᠭᠭᠡᠷᠡᠭᠰᠡᠳ ᠪᠠ ᠤᠨᠤᠰᠢᠯᠠᠬᠰᠠᠨ ᠪᠤᠶᠤ ᠰᠡᠵᠢᠭᠯᠡᠯᠳᠠᠢ ᠡᠪᠡᠳᠴᠢᠨ ᠤ ᠵᠢᠱᠢᠶ᠎ᠠ ᠲᠠᠢ ᠨᠢᠬᠳᠠ ᠦᠢᠷᠠᠳᠤᠬᠰᠠᠳ ᠵᠡᠷᠭᠡ ᠭᠤᠤᠯᠳᠠᠯᠭ᠎ᠠ ᠲᠠᠢ ᠬᠦᠮᠦᠰ ᠢ ᠬᠤᠳᠠ ᠪᠠᠯᠭᠠᠰᠤ ᠪᠠ ᠮᠠᠯᠵᠢᠬᠤ ᠳᠠᠷᠢᠶᠠᠯᠠᠬᠤ ᠤᠷᠤᠨ ᠳᠤ ᠠᠳᠠᠯᠢ ᠠᠯᠬᠤᠮ ᠢᠶᠠᠷ ᠰᠢᠭᠰᠢᠨ ᠪᠠᠶᠢᠴᠠᠭᠠᠬᠤ ᠶᠢ ᠴᠢᠩᠭᠠᠳᠬᠠᠵᠦ᠂ ᠤᠷᠤᠨ ᠰᠠᠭᠤᠴᠠ ᠶᠢᠨ ᠳᠤᠭᠤᠷᠢᠭ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠦ ᠠᠬᠤᠢᠢᠯᠠᠯ ᠤᠨ ᠬᠠᠮᠢᠶᠠᠷᠤᠯᠳᠡ ᠪᠠᠶᠢᠴᠠᠭᠠᠯᠳᠡ ᠶᠢ ᠴᠢᠩᠭᠠᠳᠬᠠᠨ᠂ ᠬᠠᠮ ᠳᠡᠯᠭᠡᠭᠦᠷ᠂ ᠵᠤᠴᠢᠳ ᠤᠨ ᠪᠠᠭᠤᠳᠠᠯ᠂ ᠴᠢᠮᠡᠭᠡ ᠬᠤᠯᠪᠤᠭ᠎ᠠ᠂ ᠳᠦᠷᠭᠡᠨ ᠳᠠᠮᠵᠢᠭᠤᠯᠭ᠎ᠠ ᠵᠡᠷᠭᠡ ᠠᠵᠢᠯ ᠳᠦᠷᠦᠯ ᠪᠤᠯᠤᠨ ᠡᠯ᠎ᠠ ᠳᠦᠷᠦᠯ ᠤᠨ ᠨᠡᠶᠢᠭᠡᠮ ᠤᠨ ᠪᠠᠶᠢᠭᠤᠯᠤᠮᠵᠢ ᠵᠡᠷᠭᠡ ᠭᠤᠤᠯᠳᠠᠯᠭ᠎ᠠ ᠲᠠᠢ ᠭᠡᠰᠡᠭ᠂ ᠭᠤᠤᠯᠳᠠᠯᠭ᠎ᠠ ᠲᠠᠢ ᠭᠤᠬᠴᠤᠭ᠎ᠠ ᠶᠢᠨ ᠪᠠᠶᠢᠴᠠᠭᠠᠯᠳᠡ ᠶᠢ ᠴᠢᠩᠭᠠᠳᠬᠠᠵᠦ᠂ ᠨᠢᠭᠡ ᠡᠷᠦᠭᠡ᠂ ᠨᠢᠭᠡ ᠬᠦᠮᠦᠨ ᠢ ᠴᠦ ᠤᠷᠬᠢᠬᠳᠠᠭᠤᠯᠬᠤ ᠦᠭᠡᠢ ᠪᠠᠶᠢᠬᠤ ᠶᠢ ᠪᠠᠳᠤᠯᠠᠵᠦ ᠪᠠᠶᠢᠨ᠎ᠡ᠃ 2 ᠰᠠᠷ᠎ᠠ ᠶᠢᠨ 17᠎ ᠤ ᠡᠳᠤᠷ ᠪᠤᠯᠳᠠᠯ᠎ᠠ᠂ ᠪᠦᠬᠦ ᠠᠶᠢᠮᠠᠭ ᠲᠤ ᠬᠤᠪᠸᠢ ᠪᠤᠯᠤᠨ ᠦᠬᠠᠨ ᠢᠶᠠᠷ ᠢᠷᠡᠵᠦ ᠶᠠᠪᠤᠬᠰᠠᠨ ᠳᠤᠰᠠᠭᠠᠷᠯᠠᠬᠤ ᠵᠤᠬᠢᠰᠳᠠᠢ ᠬᠦᠮᠦᠨ 816 ᠪᠠᠶᠢᠵᠦ᠂ 774 ᠬᠦᠮᠦᠨ ᠤ ᠳᠤᠰᠠᠭᠠᠷᠯᠠᠬᠤ ᠬᠤᠭᠤᠴᠠᠭ᠎ᠠ ᠳᠠᠭᠤᠰᠴᠦ᠂ 42 ᠬᠦᠮᠦᠨ ᠢ ᠳᠦᠪᠯᠡᠷᠡᠩᠭᠦᠢ ᠳᠤᠰᠠᠭᠠᠷᠯᠠᠵᠦ ᠪᠠᠶᠢᠨ᠎ᠠ᠂ ᠬᠢᠵᠢᠭ ᠤᠨ ᠪᠠᠶᠢᠳᠠᠯ ᠨᠡᠯᠢᠶᠡᠳ ᠬᠦᠨᠳᠦ ᠨᠤᠴᠢᠳᠠᠢ 14 ᠮᠤᠵᠢ ᠳᠤ ᠬᠤᠯᠪᠤᠬᠳᠠᠬᠤ ᠳᠤᠰᠠᠭᠠᠷᠯᠠᠬᠤ ᠵᠤᠬᠢᠰᠳᠠᠢ ᠬᠦᠮᠦᠨ ᠢ ᠨᠡᠶᠢᠳᠡ 3661᠎ ᠶᠢ ᠰᠢᠭᠰᠢᠨ ᠪᠠᠶᠢᠴᠠᠭᠠᠵᠦ᠂ 2395 ᠬᠦᠮᠦᠨ ᠤ ᠳᠤᠰᠠᠭᠠᠷᠯᠠᠬᠤ ᠬᠤᠭᠤᠴᠠᠭ᠎ᠠ ᠳᠠᠭᠤᠰᠴᠦ᠂ 372 ᠬᠦᠮᠦᠨ ᠢ ᠳᠦᠪᠯᠡᠷᠡᠩᠭᠦᠢ ᠳᠤᠰᠠᠭᠠᠷᠯᠠᠵᠦ᠂ 894 ᠬᠦᠮᠦᠨ ᠢ ᠭᠡᠷ ᠲᠤᠨᠢ ᠳᠤᠰᠠᠭᠠᠷᠯᠠᠵᠦ ᠪᠠᠶᠢᠨ᠎ᠠ᠃      ᠰᠤᠷᠪᠤᠯᠵᠢᠯᠠᠬᠴᠢ᠄ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠡ ᠪᠠᠷ ᠡᠯ᠎ᠠ ᠭᠠᠵᠠᠷ ᠤᠨ ᠬᠢᠵᠢᠭ ᠤᠨ ᠪᠠᠶᠢᠳᠠᠯ ᠤᠨ ᠳᠦᠭᠰᠢᠭᠦᠷᠢ ᠶᠢᠨ ᠭᠡᠮᠵᠢᠶ᠎ᠠ ᠶᠢ ᠦᠨᠳᠦᠰᠦᠯᠡᠨ ᠬᠤᠰᠢᠭᠤ ᠰᠢᠶᠠᠨ ᠢᠶᠠᠷ ᠨᠢᠭᠡᠴᠢ ᠪᠤᠯᠭᠠᠨ᠂ ᠤᠷᠤᠨ ᠳᠤᠭᠤᠷᠢᠭ ᠳᠡᠰ ᠬᠤᠪᠢᠶᠠᠨ ᠬᠢᠵᠢᠭ ᠤᠨ ᠪᠠᠶᠢᠳᠠᠯ ᠢ ᠤᠨᠤᠴᠢᠳᠠᠢ ᠰᠡᠷᠭᠡᠶᠢᠯᠡᠨ ᠡᠵᠡᠮᠳᠡᠬᠦ ᠶᠢ ᠭᠡᠷᠡᠭᠵᠢᠭᠦᠯᠵᠦ ᠪᠠᠶᠢᠨ᠎ᠠ ᠂ ᠰᠢᠯᠢ ᠶᠢᠨ ᠭᠤᠤᠯ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ︵ᠤᠷᠤᠨ︶ ᠭᠡᠷᠬᠢᠨ ᠤᠷᠤᠨ ᠳᠤᠭᠤᠷᠢᠭ ᠳᠡᠰ ᠬᠤᠪᠢᠶᠠᠵᠦ ᠬᠠᠮᠢᠶᠠᠷᠴᠦ ᠪᠠᠶᠢᠭ᠎ᠠ ᠪᠤᠢ︖     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠳᠤᠭᠤᠢᠢᠯᠠᠩ ᠤᠨ ᠬᠠᠷᠢᠭᠤᠴᠠᠯᠭᠠᠳᠠᠨ᠄ ᠤᠳᠤᠬᠠᠨ ᠤ ᠪᠠᠶᠢᠳᠠᠯ ᠬᠠᠨᠳᠤᠰᠢ ᠪᠤᠯᠤᠨ ᠡᠭᠦᠷᠭᠡ ᠳᠤ ᠴᠢᠭᠯᠡᠭᠦᠯᠦᠨ᠂ ᠨᠠᠮ ᠤᠨ ᠳᠦᠪ ᠬᠤᠷᠢᠶᠠᠨ ᠤ ᠪᠠᠶᠢᠷᠢᠯᠠᠭᠤᠯᠤᠯᠳᠡ ᠱᠠᠭᠠᠷᠳᠠᠯᠭ᠎ᠠ ᠶᠤᠰᠤᠭᠠᠷ ᠦᠪᠡᠷᠳᠡᠭᠡᠨ ᠵᠠᠰᠠᠬᠤ ᠤᠷᠤᠨ ᠠᠴᠠ ᠬᠤᠰᠢᠭᠤ ᠰᠢᠶᠠᠨ ᠢᠶᠠᠷ ᠨᠢᠭᠡᠴᠢ ᠪᠤᠯᠭᠠᠨ ᠠᠳᠠᠯᠢ ᠪᠤᠰᠤ ᠭᠠᠵᠠᠷ ᠤᠷᠤᠨ ᠤ ᠳᠦᠭᠰᠢᠭᠦᠷᠢ ᠶᠢᠨ ᠳᠡᠰ ᠵᠡᠷᠭᠡ ᠶᠢ ᠰᠤᠳᠤᠯᠤᠨ ᠮᠠᠭᠠᠳᠯᠠᠵᠦ᠂ ᠠᠳᠠᠯᠢ ᠪᠤᠰᠤ ᠠᠷᠭ᠎ᠠ ᠪᠤᠳᠤᠯᠭ᠎ᠠ ᠶᠢ ᠤᠨᠤᠪᠴᠢᠳᠠᠢ ᠭᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠭᠡᠢ ᠳᠠᠶᠢᠯᠠᠯᠳᠤᠭᠠᠨ᠂ ᠬᠤᠷᠢᠬᠯᠠᠯᠳᠡ ᠶᠢᠨ ᠳᠠᠶᠢᠯᠠᠯᠳᠤᠭᠠᠨ ᠤ ᠢᠯᠠᠯᠳᠡ ᠶᠢ ᠤᠯᠵᠦ᠂ ᠠᠵᠦ ᠠᠬᠤᠢ ᠶᠢᠨ ᠳᠤᠬᠳᠠᠭᠤᠨ ᠡᠷᠬᠢᠯᠳᠡ ᠪᠠ ᠨᠡᠶᠢᠭᠡᠮ ᠤᠨ ᠡᠶ᠎ᠡ ᠳᠤᠬᠳᠠᠭᠤᠨ ᠢ ᠪᠠᠳᠤᠯᠠᠵᠦ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠡᠯ᠎ᠠ ᠭᠠᠵᠠᠷ ᠤᠨ ᠬᠢᠵᠢᠭ ᠤᠨ ᠪᠠᠶᠢᠳᠠᠯ ᠤᠨ ᠳᠦᠭᠰᠢᠭᠦᠷᠢ ᠶᠢᠨ ᠭᠡᠮᠵᠢᠶ᠎ᠠ ᠶᠢ ᠦᠨᠳᠦᠰᠦᠯᠡᠨ ᠳᠡᠭᠡᠷ᠎ᠠ ᠠᠴᠠ ᠳᠤᠷᠤᠬᠰᠢ ᠳᠦᠷᠪᠡᠨ ᠳᠦᠷᠦᠯ ᠤᠨ ᠭᠠᠵᠠᠷ ᠤᠷᠤᠨ ᠬᠤᠪᠢᠶᠠᠵᠠᠢ᠂ ᠳᠠᠷᠤᠢ᠂ ᠨᠢᠭᠡᠳᠦᠭᠡᠷ ᠳᠦᠷᠦᠯ ᠤᠨ ᠭᠠᠵᠠᠷ ᠤᠷᠤᠨ᠄ ᠤᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠳᠦᠷᠭᠡᠨ ᠳᠠᠮᠵᠢᠬᠳᠠᠵᠦ᠂ ᠨᠡᠶᠢᠭᠡᠮ ᠳᠤᠭᠤᠷᠢᠭ ᠲᠤ ᠳᠡᠯᠭᠡᠷᠡᠭᠰᠡᠨ ᠭᠠᠵᠠᠷ ᠤᠷᠤᠨ᠃ ᠬᠤᠶᠠᠳᠤᠭᠠᠷ ᠳᠦᠷᠦᠯ ᠤᠨ ᠭᠠᠵᠠᠷ ᠤᠷᠤᠨ᠄ ᠴᠤᠬᠯᠠᠷᠠᠯ ᠤᠨ ᠴᠢᠨᠠᠷ ᠲᠠᠢ ᠪᠠ ᠰᠢᠷᠦᠭᠦᠨ ᠳᠡᠯᠭᠡᠷᠡᠭᠰᠡᠨ ᠬᠢᠵᠢᠭ ᠤᠨ ᠪᠠᠶᠢᠳᠠᠯ ᠲᠠᠢ ᠭᠠᠵᠠᠷ ᠤᠷᠤᠨ᠃ ᠭᠤᠷᠪᠠᠳᠤᠭᠠᠷ ᠳᠦᠷᠦᠯ ᠤᠨ ᠭᠠᠵᠠᠷ ᠤᠷᠤᠨ᠄ ᠭᠠᠳᠠᠨ᠎ᠠ ᠠᠴᠠ ᠤᠷᠤᠵᠦ ᠢᠷᠡᠭᠰᠡᠨ ᠡᠪᠡᠳᠴᠢᠨ ᠤ ᠵᠢᠱᠢᠶ᠎ᠠ ᠳᠠᠷᠠᠬᠠᠢ ᠢᠯᠡᠷᠡᠭᠰᠡᠨ ᠪᠤᠶᠤ ᠬᠢᠵᠢᠭ ᠤᠨ ᠪᠠᠶᠢᠳᠠᠯ ᠨᠡᠯᠢᠶᠡᠳ ᠬᠦᠨᠳᠦ ᠮᠤᠵᠢ ᠲᠠᠢ ᠬᠦᠷᠰᠢᠯᠡᠵᠦ ᠪᠠᠶᠢᠭ᠎ᠠ ᠭᠠᠵᠠᠷ ᠤᠷᠤᠨ᠃ ᠳᠦᠷᠪᠡᠳᠦᠭᠡᠷ ᠳᠦᠷᠦᠯ ᠤᠨ ᠭᠠᠵᠠᠷ ᠤᠷᠤᠨ᠄ ᠡᠪᠡᠳᠴᠢᠨ ᠤ ᠵᠢᠱᠢᠶ᠎ᠠ ᠦᠭᠡᠢ ᠪᠤᠶᠤ ᠬᠠᠮᠤᠭ ᠰᠡᠭᠦᠯ ᠤᠨ ᠨᠢᠭᠡ ᠡᠪᠡᠳᠴᠢᠨ ᠤ ᠵᠢᠱᠢᠶ᠎ᠠ ᠡᠮᠨᠡᠭᠦᠯᠦᠨ ᠡᠳᠡᠭᠡᠷᠡᠭᠡᠳ ᠡᠮᠨᠡᠯᠭᠡ ᠠᠴᠠ ᠭᠠᠷᠤᠭᠠᠳ 14 ᠡᠳᠤᠷ ᠤᠨ ᠳᠠᠷᠠᠭ᠎ᠠ ᠰᠢᠨ᠎ᠠ ᠡᠪᠡᠳᠴᠢᠨ ᠤ ᠵᠢᠱᠢᠶ᠎ᠠ ᠢᠯᠡᠷᠡᠭᠰᠡᠨ ᠦᠭᠡᠢ ᠭᠠᠵᠠᠷ ᠤᠷᠤᠨ᠃ ᠤᠳᠤᠬᠠᠨ ᠳᠤ ᠪᠦᠬᠦ ᠤᠷᠤᠨ ᠳᠤ ᠨᠢᠭᠡᠳᠦᠭᠡᠷ ᠳᠦᠷᠦᠯ ᠤᠨ ᠭᠠᠵᠠᠷ ᠤᠷᠤᠨ ᠪᠠᠶᠢᠬᠤ ᠦᠭᠡᠢ᠂ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠳᠠ᠂ ᠳᠤᠯᠤᠨ ᠨᠤᠤᠷ ᠰᠢᠶᠠᠨ ᠬᠤᠶᠠᠳᠤᠭᠠᠷ ᠳᠦᠷᠦᠯ ᠤᠨ ᠭᠠᠵᠠᠷ ᠤᠷᠤᠨ ᠪᠤᠯᠵᠦ᠂ ᠡᠷᠢᠶᠡᠨ ᠬᠤᠳᠠ ᠭᠤᠷᠪᠠᠳᠤᠭᠠᠷ ᠳᠦᠷᠦᠯ ᠤᠨ ᠭᠠᠵᠠᠷ ᠤᠷᠤᠨ ᠪᠤᠯᠪᠠ᠂ ᠪᠤᠰᠤᠳ ᠭᠠᠵᠠᠷ ᠤᠷᠤᠨ ᠨᠢ ᠳᠦᠷᠪᠡᠳᠦᠭᠡᠷ ᠳᠦᠷᠦᠯ ᠤᠨ ᠭᠠᠵᠠᠷ ᠤᠷᠤᠨ ᠪᠤᠯᠤᠨ᠎ᠠ᠃ ᠡᠳᠡᠭᠡᠷ ᠬᠤᠪᠢᠶᠠᠷᠢᠯᠠᠯ ᠢ ᠬᠠᠮᠢᠶ᠎ᠠ ᠪᠦᠬᠦᠢ ᠳᠦᠭᠰᠢᠭᠦᠷᠢ ᠶᠢᠨ ᠡᠯᠧᠮᠧᠨ᠋ᠲ ᠢ ᠶᠡᠷᠦᠩᠭᠡᠶᠢᠯᠡᠨ ᠪᠤᠳᠤᠯᠬᠢᠯᠠᠵᠦ ᠂ ᠴᠢᠩᠭ᠎ᠠ ᠡᠵᠡᠮᠳᠡᠵᠦ᠂ ᠬᠦᠳᠡᠯᠤᠩᠭᠦᠢ ᠪᠠᠶᠢᠳᠠᠯ ᠢᠶᠠᠷ ᠳᠤᠬᠢᠷᠠᠭᠤᠯᠤᠯᠳᠡ ᠬᠢᠵᠦ᠂ ᠴᠢᠬᠤᠯᠠᠳᠠᠢ ᠦᠶ᠎ᠠ ᠳᠤ ᠳᠡᠰ ᠵᠡᠷᠭᠡ ᠶᠢ ᠳᠡᠪᠰᠢᠭᠦᠯᠵᠦ ᠠᠷᠭ᠎ᠠ ᠭᠡᠮᠵᠢᠶ᠎ᠠ ᠭᠡᠷᠡᠭᠵᠢᠭᠦᠯᠬᠦ ᠪᠤᠯᠤᠨ᠎ᠠ᠃      ᠳᠦᠷᠦᠯ ᠬᠤᠪᠢᠶᠠᠨ ᠬᠠᠮᠢᠶᠠᠷᠴᠦ ᠡᠵᠡᠮᠳᠡᠬᠦ ᠱᠠᠭᠠᠷᠳᠠᠯᠭ᠎ᠠ ᠪᠠᠷ᠂ ᠳᠦᠷᠪᠡᠳᠦᠭᠡᠷ ᠳᠦᠷᠦᠯ ᠤᠨ ᠭᠠᠵᠠᠷ ᠤᠷᠤᠨ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠤᠨᠤᠴᠢᠳᠠᠢ ᠪᠠᠷ ᠤᠷᠢᠳᠴᠢᠯᠠᠨ ᠰᠡᠷᠡᠮᠵᠢᠯᠡᠭᠦᠯᠬᠦ︾ ᠠᠷᠭ᠎ᠠ ᠪᠤᠳᠤᠯᠭ᠎ᠠ ᠶᠢ ᠭᠡᠷᠡᠭᠵᠢᠭᠦᠯᠵᠦ᠂ ᠠᠵᠦ ᠠᠬᠤᠢ ᠨᠡᠶᠢᠭᠡᠮ ᠤᠨ ᠭᠡᠪ ᠤᠨ ᠡᠷᠬᠢᠯᠳᠡ ᠶᠢ ᠪᠠᠳᠤᠯᠠᠨ᠎ᠠ︔ ᠭᠤᠷᠪᠠᠳᠤᠭᠠᠷ ᠳᠦᠷᠦᠯ ᠤᠨ ᠭᠠᠵᠠᠷ ᠤᠷᠤᠨ ︽ᠳᠤᠳᠤᠷ᠎ᠠ ᠪᠠᠨ ᠦᠷᠭᠡᠵᠢᠨ ᠳᠡᠯᠭᠡᠷᠡᠬᠦ ᠶᠢ ᠰᠡᠷᠭᠡᠶᠢᠯᠡᠬᠦ᠂ ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠤᠨᠤᠴᠢᠳᠠᠢ ᠤᠷᠢᠳᠴᠢᠯᠠᠨ ᠰᠡᠷᠡᠮᠵᠢᠯᠡᠭᠦᠯᠬᠦ᠂ ᠤᠨᠤᠴᠢᠳᠠᠢ ᠠᠪᠤᠷᠠᠨ ᠵᠠᠰᠠᠬᠤ︾ ᠠᠷᠭ᠎ᠠ ᠪᠤᠳᠤᠯᠭ᠎ᠠ ᠶᠢ ᠭᠡᠷᠡᠭᠵᠢᠭᠦᠯᠵᠦ᠂ ᠤᠯᠤᠰ ᠠᠷᠠᠳ ᠤᠨ ᠠᠮᠢᠳᠤᠷᠠᠯ ᠤᠨ ᠬᠠᠮᠢᠶ᠎ᠠ ᠪᠦᠬᠦᠢ ᠠᠵᠦ ᠠᠬᠤᠢ ᠨᠡᠶᠢᠭᠡᠮ ᠤᠨ ᠠᠵᠢᠯᠯᠠᠭ᠎ᠠ ᠶᠢᠨ ᠡᠮᠬᠢ ᠳᠢᠭᠯᠢᠮ ᠲᠠᠢ ᠡᠷᠬᠢᠯᠳᠡ ᠶᠢ ᠪᠠᠳᠤᠯᠠᠨ᠎ᠠ︔ ᠬᠤᠶᠠᠳᠤᠭᠠᠷ ᠳᠦᠷᠦᠯ ᠤᠨ ᠭᠠᠵᠠᠷ ᠤᠷᠤᠨ ︽ᠳᠤᠳᠤᠷ᠎ᠠ ᠪᠠᠨ ᠦᠷᠭᠡᠵᠢᠨ ᠳᠡᠯᠭᠡᠷᠡᠬᠦ ᠶᠢ ᠰᠡᠷᠭᠡᠶᠢᠯᠡᠬᠦ᠂ ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠤᠨᠤᠴᠢᠳᠠᠢ ᠤᠷᠢᠳᠴᠢᠯᠠᠨ ᠰᠡᠷᠡᠮᠵᠢᠯᠡᠭᠦᠯᠬᠦ᠂ ᠤᠨᠤᠴᠢᠳᠠᠢ ᠠᠪᠤᠷᠠᠨ ᠵᠠᠰᠠᠬᠤ᠂ ᠤᠨᠤᠴᠢᠳᠠᠢ ᠰᠢᠢᠳᠪᠦᠷᠢᠯᠡᠬᠦ︾ ᠠᠷᠭ᠎ᠠ ᠪᠤᠳᠤᠯᠭ᠎ᠠ ᠶᠢ ᠭᠡᠷᠡᠭᠵᠢᠭᠦᠯᠵᠦ᠂ ᠴᠢᠬᠤᠯᠠ ᠶᠡᠭᠡ ᠠᠵᠦ ᠠᠬᠤᠢ ᠨᠡᠶᠢᠭᠡᠮ ᠤᠨ ᠠᠵᠢᠯᠯᠠᠭ᠎ᠠ ᠭᠡᠪ ᠤᠨ ᠶᠤᠰᠤᠭᠠᠷ ᠶᠠᠪᠤᠬᠳᠠᠬᠤ ᠶᠢ ᠪᠠᠳᠤᠯᠠᠨ᠎ᠠ︔ ᠨᠢᠭᠡᠳᠦᠭᠡᠷ ᠳᠦᠷᠦᠯ ᠤᠨ ᠭᠠᠵᠠᠷ ᠤᠷᠤᠨ ᠨᠢ ᠬᠤᠶᠠᠳᠤᠭᠠᠷ ᠳᠦᠷᠦᠯ ᠤᠨ ᠭᠠᠵᠠᠷ ᠤᠷᠤᠨ ᠤ ᠠᠷᠭ᠎ᠠ ᠪᠤᠳᠤᠯᠭ᠎ᠠ ᠶᠢᠨ ᠰᠠᠭᠤᠷᠢᠨ ᠳᠡᠭᠡᠷ᠎ᠠ ᠬᠢᠵᠢᠭ ᠤᠨ ᠤᠷᠤᠨ ᠢ ᠪᠢᠳᠡᠭᠦᠮᠵᠢᠯᠡᠬᠦ ᠵᠡᠷᠭᠡ ᠬᠠᠮᠤᠭ ᠴᠢᠩᠭ᠎ᠠ ᠠᠷᠭ᠎ᠠ ᠪᠤᠳᠤᠯᠭ᠎ᠠ ᠭᠡᠷᠡᠭᠵᠢᠭᠦᠯᠵᠦ᠂ ᠠᠷᠠᠳ ᠤᠯᠠᠨ ᠤ ᠦᠨᠳᠦᠰᠦᠨ ᠠᠮᠢᠳᠤᠷᠠᠯ ᠪᠠ ᠪᠦᠬᠦ ᠳᠠᠯ᠎ᠠ ᠳᠤ ᠬᠤᠯᠪᠤᠬᠳᠠᠬᠤ ᠴᠢᠬᠤᠯᠠ ᠶᠡᠭᠡ ᠠᠵᠦ ᠠᠬᠤᠢ ᠶᠢᠨ ᠠᠵᠢᠯᠯᠠᠭ᠎ᠠ ᠶᠢᠨ ᠡᠷᠬᠢᠯᠳᠡ ᠶᠢ ᠪᠠᠳᠤᠯᠠᠨ᠎ᠠ᠃ ᠰᠢᠯᠢ ᠶᠢᠨ ᠭᠤᠤᠯ ᠠᠶᠢᠮᠠᠭ ᠦᠪᠡᠷᠳᠡᠭᠡᠨ ᠵᠠᠰᠠᠬᠤ ᠤᠷᠤᠨ ᠤ ︽ᠳᠦᠷᠦᠯ ᠬᠤᠪᠢᠶᠠᠨ ᠵᠢᠯᠤᠭᠤᠳᠴᠦ ᠤᠨᠤᠴᠢᠳᠠᠢ ᠪᠠᠷ ᠠᠷᠭ᠎ᠠ ᠪᠤᠳᠤᠯᠭ᠎ᠠ ᠭᠡᠷᠡᠭᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠠᠢ ᠳᠦᠯᠦᠪᠵᠢᠭᠦᠯᠦᠨ ᠰᠠᠶᠢᠳᠤᠷ ᠬᠢᠬᠦ ᠳᠤᠬᠠᠢ ᠰᠠᠨᠠᠯ︾᠎ ᠤᠨ ᠬᠤᠯᠪᠤᠬᠳᠠᠯ ᠪᠦᠬᠦᠢ ᠵᠤᠷᠢᠭ ᠰᠠᠨᠠᠭ᠎ᠠ ᠪᠠᠷ ᠭᠠᠵᠠᠷ ᠤᠷᠤᠨ ᠤ ᠪᠠᠨ ᠪᠤᠳᠠᠳᠦ ᠪᠠᠶᠢᠳᠠᠯ ᠲᠠᠢ ᠤᠶᠠᠯᠳᠤᠭᠤᠯᠤᠨ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠶᠠᠬ ᠳᠤᠬᠳᠠᠭᠠᠵᠦ ᠪᠠᠶᠢᠨ᠎ᠠ᠂ ᠡᠯ᠎ᠠ ᠬᠤᠰᠢᠭᠤ ᠰᠢᠶᠠᠨ ᠬᠤᠳᠠ ︵ᠤᠷᠤᠨ︶ ᠤᠷᠤᠨ ᠳᠤᠭᠤᠷᠢᠭ ᠳᠡᠰ ᠬᠤᠪᠢᠶᠠᠨ ᠬᠠᠮᠢᠶᠠᠷᠴᠦ ᠡᠵᠡᠮᠳᠡᠬᠦ ᠱᠠᠭᠠᠷᠳᠠᠯᠭ᠎ᠠ ᠶᠤᠰᠤᠭᠠᠷ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠵᠦᠢᠯ ᠤᠨ ᠠᠵᠢᠯ ᠢ ᠨᠢᠭᠡᠳᠦᠯᠳᠠᠢ ᠠᠬᠢᠭᠤᠯᠬᠤ ᠪᠤᠯᠤᠨ᠎ᠠ᠃      ᠰᠤᠷᠪᠤᠯᠵᠢᠯᠠᠭᠴᠢ᠄ ᠬᠢᠵᠢᠭ ᠤᠨ ᠪᠠᠶᠢᠳᠠᠯ ᠦᠷᠭᠡᠵᠢᠬᠦ ᠠᠴᠠ ᠰᠡᠷᠭᠡᠶᠢᠯᠡᠬᠦ ᠶᠢᠨ ᠵᠠᠩᠬᠢᠯᠠᠭ᠎ᠠ ᠨᠢ ᠬᠠᠯᠳᠠᠪᠤᠷᠢᠯᠠᠯ ᠤᠨ ᠡᠬᠢ ᠰᠤᠷᠪᠤᠯᠵᠢ ᠶᠢ ᠳᠠᠰᠤᠯᠬᠤ᠂ ᠬᠦᠮᠦᠨ ᠠᠴᠠ ᠬᠦᠮᠦᠨ ᠳᠤ ᠬᠠᠯᠳᠠᠪᠤᠷᠢᠯᠠᠬᠤ ᠶᠢ ᠰᠡᠷᠭᠡᠶᠢᠯᠡᠬᠦ ᠪᠤᠯᠤᠨ᠎ᠠ᠂ ᠰᠢᠯᠢ ᠶᠢᠨ ᠭᠤᠤᠯ ᠠᠶᠢᠮᠠᠭ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠬᠤ ᠬᠦᠴᠦᠨ ᠢ ᠪᠦᠬᠦ ᠲᠠᠯ᠎ᠠ ᠪᠠᠷ ᠲᠠᠶᠢᠴᠢᠯᠠᠵᠤ᠂ ᠭᠤᠤᠯᠳᠠᠯᠭ᠎ᠠ ᠲᠠᠢ ᠬᠦᠮᠦᠨ ᠢ ᠰᠡᠷᠭᠡᠶᠢᠯᠡᠨ ᠡᠵᠡᠮᠳᠡᠬᠦ ᠬᠠᠮᠢᠶᠠᠷᠤᠯᠳᠠ ᠶᠢ ᠴᠢᠩᠭᠠᠳᠬᠠᠵᠤ᠂ ᠡᠷᠳᠡ ᠢᠯᠡᠷᠡᠬᠦᠯᠬᠦ᠂ ᠡᠷᠲᠡ ᠮᠡᠳᠡᠬᠦᠯᠬᠦ᠂ ᠡᠷᠲᠡ ᠲᠤᠰᠠᠭᠠᠷᠯᠠᠬᠤ᠂ ᠡᠷᠲᠡ ᠵᠠᠰᠠᠬᠤ ᠲᠠᠯ᠎ᠠ ᠪᠠᠷ ᠶᠠᠮᠠᠷ ᠠᠷᠭ᠎ᠠ ᠠᠪᠤᠭᠰᠠᠨ ᠪᠤᠢ︖      ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠲᠤᠭᠤᠢᠢᠯᠠᠩ ᠤᠨ ᠬᠠᠷᠢᠭᠤᠴᠠᠯᠭᠠᠳᠠᠨ᠄ ︽ᠲᠦᠷᠪᠡᠨ ᠡᠷᠲᠡ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠲᠠᠰᠤᠯᠬᠤ ᠵᠠᠩᠬᠢᠯᠠᠭ᠎ᠠ ᠶᠢᠨ ᠭᠤᠭᠴᠤᠭ᠎ᠠ ᠪᠤᠯ ︽ᠭᠤᠷᠪᠠᠨ ᠰᠡᠷᠭᠡᠶᠢᠯᠡᠯᠲᠡ ᠶᠢᠨ ᠱᠤᠭᠤᠮ︾᠎ ᠢ ᠪᠠᠳᠤ ᠴᠤᠭᠴᠠᠯᠠᠬᠤ ᠪᠤᠯᠤᠨ᠎ᠠ᠃     ᠨᠢᠭᠡ ᠳᠤ ᠵᠠᠮ ᠬᠠᠷᠢᠯᠴᠠᠭᠠᠨ ᠤ ᠬᠤᠷᠢᠭ᠎ᠠ ᠪᠤᠭᠤᠮᠳᠠ ᠶᠢ ᠪᠠᠳᠤ ᠰᠠᠬᠢᠵᠤ᠂ ᠠᠭᠠᠷ ᠤᠨ ᠵᠦᠭᠡᠭᠡᠪᠦᠷᠢ᠂ ᠲᠡᠮᠦᠷ ᠵᠠᠮ᠂ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠵᠠᠮ ᠱᠤᠭᠤᠮ ᠢ ᠬᠠᠮᠢᠶᠠᠷᠤᠨ ᠡᠵᠡᠮᠳᠡᠵᠤ᠂ ᠪᠠᠶ᠎ᠠ ᠶᠢᠨ ᠬᠠᠯᠠᠭᠤᠨ ᠢ ᠭᠡᠮᠵᠢᠬᠦ ᠪᠠᠶᠢᠴᠠᠭᠠᠯᠳᠠ ᠵᠡᠷᠭᠡ ᠡᠯ᠎ᠡ ᠲᠠᠯ᠎ᠠ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠰᠢᠯᠢ ᠶᠢᠨ ᠭᠤᠤᠯ ᠠᠶᠢᠮᠠᠭ ᠲᠤ ᠤᠷᠤᠵᠦ ᠢᠷᠡᠬᠦ ᠬᠦᠮᠦᠰ ᠤᠨ ᠨᠢᠭᠡᠲᠦᠭᠡᠷ ᠪᠤᠭᠤᠮᠳᠠ ᠶᠢ ᠰᠠᠶᠢᠳᠤᠷ ᠰᠠᠬᠢᠵᠠᠢ᠃ ᠰᠢᠯᠢ ᠶᠢᠨ ᠭᠤᠤᠯ ᠠᠶᠢᠮᠠᠭ ᠨᠢᠳᠤᠨᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠭᠳᠠᠴᠠ ᠶᠢᠨ ᠰᠠᠭᠤᠷᠢ ᠲᠡᠭᠡᠷ᠎ᠠ᠂ ᠨᠢᠭᠡᠲᠦᠭᠡᠷ ᠴᠠᠭ ᠮᠦᠴᠡ ᠳᠤ ᠲᠠᠮᠦᠷ ᠵᠠᠮ᠂ ᠠᠭᠠᠷ ᠤᠨ ᠠᠶᠠᠯᠠᠯ ᠵᠡᠷᠭᠡ ᠳᠤ ᠬᠤᠯᠪᠤᠭᠠᠯᠠᠨ ᠪᠠᠶᠢᠴᠠᠭᠠᠨ ᠰᠢᠢᠳᠪᠤᠷᠢᠯᠡᠬᠦ ᠲᠤᠭᠳᠠᠴᠠ᠂ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠪᠠ ᠠᠶᠢᠮᠠᠭ ᠬᠤᠰᠢᠭᠤ ᠰᠢᠶᠠᠨ ᠬᠤᠳᠠ ︵ᠤᠷᠤᠨ︶᠎ ᠳᠤ ᠤᠷᠤᠬᠤ ᠵᠠᠮ ᠤᠨ ᠲᠤᠳᠤᠭᠠᠳᠤ ᠶᠢ ᠬᠠᠮᠠᠭᠠᠯᠠᠬᠤ ᠪᠠᠶᠢᠴᠠᠭᠠᠬᠤ ᠦᠷᠲᠡᠭᠡ ᠶᠢᠨ ᠨᠢᠭᠡᠲᠦᠭᠡᠷ ᠲᠡᠰ ᠤᠨ ᠠᠯᠪᠠᠨ ᠠᠵᠢᠯ ᠢ ᠭᠡᠷᠡᠭᠵᠢᠬᠦᠯᠵᠤ᠂ ᠠᠶᠠᠨᠴᠢᠳ ᠤᠨ ᠵᠦᠭᠡᠭᠡᠪᠦᠷᠢ ᠶᠢᠨ ᠮᠠᠰᠢᠨ ᠪᠠ ᠵᠢᠭᠤᠯᠴᠢᠯᠠᠯ ᠤᠨ ᠲᠡᠷᠭᠡ ᠶᠢᠨ ᠡᠵᠡᠩᠨᠡᠯᠲᠡ ᠶᠢ ᠲᠦᠷ ᠵᠤᠭᠰᠤᠭᠠᠵᠤ᠂ ᠭᠠᠳᠠᠨ᠎ᠠ ᠠᠴᠠ ᠢᠷᠡᠭᠰᠡᠨ ᠬᠦᠮᠦᠨ ᠢ ᠨᠠᠷᠢᠯᠢᠭ ᠪᠠᠶᠢᠴᠠᠭᠠᠵᠤ ᠳᠠᠩᠰᠠᠯᠠᠨ᠂ ᠡᠪᠡᠳᠴᠢᠨ ᠤ ᠵᠢᠱᠢᠶ᠎ᠠ ᠤᠷᠤᠵᠤ ᠢᠷᠡᠬᠦ ᠶᠢ ᠡᠷᠡᠰ ᠬᠤᠷᠢᠭᠯᠠᠵᠠᠢ᠃ 2 ᠰᠠᠷ᠎ᠠ ᠶᠢᠨ 17᠎ ᠤ ᠡᠳᠦᠷ ᠪᠤᠯᠳᠠᠯ᠎ᠠ᠂ ᠠᠶᠠᠨᠴᠢᠳ ᠤᠨ ᠭᠠᠯᠳᠤ ᠲᠡᠷᠭᠡ ᠶᠢ ᠨᠡᠶᠢᠳᠡ 1096 ᠤᠳᠠᠭ᠎ᠠ ᠶᠢᠨ 1.45 ᠲᠦᠮᠡᠨ ᠬᠦᠮᠦᠨ ᠢ ᠪᠠᠶᠢᠴᠠᠭᠠᠵᠤ᠂ 183 ᠡᠭᠡᠯᠵᠢ ᠶᠢᠨ ᠨᠢᠰᠭᠡᠯ ᠤᠨ 9001 ᠬᠦᠮᠦᠨ ᠢ ᠪᠠᠶᠢᠴᠠᠭᠠᠵᠤ᠂ 57 ᠪᠠᠶᠢᠴᠠᠭᠠᠬᠤ ᠦᠷᠲᠡᠭᠡᠨ ᠤ ᠴᠡᠭ ᠲᠤ ᠨᠡᠶᠢᠲᠡ 15.3 ᠲᠦᠮᠡᠨ ᠲᠡᠷᠭᠡ ᠤᠨᠤᠭ᠎ᠠ 27.88 ᠲᠦᠮᠡᠨ ᠬᠦᠮᠦᠨ ᠤᠳᠠᠭ᠎ᠠ ᠶᠢ ᠪᠠᠶᠢᠴᠠᠭᠠᠵᠠᠢ᠃     ᠬᠤᠶᠠᠷ ᠲᠤ ᠡᠬᠦᠳᠡᠨ ᠡᠮᠨᠡᠯᠭᠡ ᠶᠢᠨ ᠰᠢᠭᠰᠢᠨ ᠪᠠᠶᠢᠴᠠᠭᠠᠯᠳᠠ ᠶᠢᠨ ᠰᠡᠷᠭᠡᠶᠢᠯᠡᠯᠲᠡ ᠶᠢᠨ ᠱᠤᠭᠤᠮ ᠢ ᠪᠠᠳᠤ ᠰᠠᠬᠢᠵᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠤᠨᠤᠰᠢᠯᠠᠬᠤ᠂ ᠬᠠᠯᠠᠭᠤᠷᠠᠬᠤ ᠡᠪᠡᠳᠴᠢᠳᠡᠨ ᠤ ᠡᠬᠦᠳᠡᠨ ᠡᠮᠨᠡᠯᠭᠡ ᠪᠠ ᠡᠮᠨᠡᠯᠭᠡ ᠶᠢᠨ ᠲᠠᠰᠤᠭ ᠤᠨ ᠲᠦᠷᠢᠮᠵᠢᠭᠰᠡᠨ ᠬᠠᠮᠢᠶᠠᠷᠤᠯᠳᠠ ᠶᠢ ᠴᠢᠩᠭᠠᠳᠬᠠᠵᠤ᠂ ᠲᠠᠭᠰᠢᠭᠤᠷ ᠪᠠ ᠰᠢᠯᠳᠠᠭᠠᠨ ᠢ ᠨᠢ ᠦᠯᠦ ᠮᠡᠳᠡᠬᠦ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠠ ᠶᠢ ᠪᠠᠶᠢᠴᠠᠭᠠᠨ ᠭᠡᠮᠵᠢᠬᠦ ᠪᠠ ᠰᠢᠭᠰᠢᠨ ᠪᠠᠶᠢᠴᠠᠭᠠᠬᠤ ᠪᠠᠨ ᠴᠢᠩᠭᠠᠳᠬᠠᠵᠠᠢ᠃ ᠬᠢᠵᠢᠭ ᠡᠬᠦᠰᠦᠭᠰᠡᠨ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠱᠠᠳᠤᠨ ᠤ ᠡᠮᠴᠢᠯᠡᠭᠡᠨ ᠤ ᠪᠠᠶᠢᠭᠤᠯᠤᠮᠵᠢ 18.9 ᠳᠦᠮᠡᠨ ᠬᠦᠮᠦᠨ ᠤᠳᠠᠭ᠎ᠠ ᠶᠢ ᠤᠷᠢᠳᠴᠢᠯᠠᠨ ᠪᠠᠶᠢᠴᠠᠭᠠᠵᠤ ᠰᠠᠯᠭᠠᠨ ᠤᠨᠤᠰᠢᠯᠠᠵᠤ᠂ 2204 ᠬᠠᠯᠠᠭᠤᠷᠠᠭᠰᠠᠨ ᠡᠪᠡᠳᠴᠢᠳᠡᠨ ᠢ ᠰᠢᠭᠰᠢᠨ ᠪᠠᠶᠢᠴᠠᠭᠠᠵᠤ᠂ ᠪᠦᠬᠦᠨ ᠢ ᠲᠦᠷᠢᠮ ᠶᠤᠰᠤᠭᠠᠷ ᠰᠢᠢᠳᠪᠤᠷᠢᠯᠡᠵᠡᠢ᠃ ᠡᠮᠴᠢᠯᠡᠭᠡᠨ ᠤ ᠪᠠ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠪᠤᠯᠪᠠᠰᠤᠷᠠᠯ ᠬᠢᠵᠤ᠂ 5.2 ᠲᠦᠮᠡᠨ ᠬᠦᠮᠦᠨ ᠤᠳᠠᠭ᠎ᠠ ᠪᠤᠯᠪᠠᠰᠤᠷᠠᠭᠤᠯᠵᠠᠢ᠃ ᠡᠮᠨᠡᠯᠭᠡ ᠶᠢᠨ ᠬᠤᠷᠢᠶᠠᠨ ᠤ ᠲᠤᠳᠤᠷ᠎ᠠ ᠪᠠᠨ ᠬᠠᠯᠳᠠᠪᠤᠷᠢᠯᠠᠬᠤ ᠶᠢ ᠰᠡᠷᠭᠡᠶᠢᠯᠡᠵᠤ᠂ ᠠᠷᠢᠭᠤᠳᠬᠠᠬᠤ᠂ ᠲᠤᠰᠠᠭᠠᠷᠯᠠᠬᠤ ᠪᠠ ᠬᠠᠮᠠᠭᠠᠯᠠᠯᠳᠠ ᠶᠢᠨ ᠠᠵᠢᠯ ᠢ ᠲᠦᠷᠢᠮᠵᠢᠬᠦᠯᠵᠤ᠂ 33 ᠲᠤᠨ ᠡᠮᠨᠡᠯᠭᠡ ᠶᠢᠨ ᠬᠠᠶᠠᠭᠳᠠᠮᠠᠯ ᠪᠤᠳᠠᠰ ᠢ ᠲᠦᠷᠢᠮᠵᠢᠬᠦᠯᠦᠨ ᠰᠢᠢᠳᠪᠤᠷᠢᠯᠡᠵᠤ᠂ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠳᠤ ᠬᠠᠯᠳᠠᠪᠤᠷᠢᠯᠠᠬᠤ ᠪᠠ ᠬᠢᠵᠢᠭ ᠦᠷᠭᠡᠵᠢᠬᠦ ᠠᠴᠠ ᠰᠡᠷᠭᠡᠶᠢᠯᠡᠵᠡᠢ᠃     ᠭᠤᠷᠪᠠ ᠳᠤ ᠬᠤᠳᠠ ᠪᠠᠯᠭᠠᠰᠤ ᠨᠡᠶᠢᠭᠡᠮ ᠲᠤᠭᠤᠷᠢᠭ ᠪᠠ ᠭᠠᠴᠠᠭ᠎ᠠ ᠲᠤᠰᠬᠤᠨ ᠤ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠳᠤ ᠰᠠᠬᠢᠵᠤ᠂ ᠡᠯ᠎ᠡ ᠬᠤᠰᠢᠭᠤ ᠰᠢᠶᠠᠨ ᠬᠤᠳᠠ ︵ᠤᠷᠤᠨ︶ ᠴᠦᠮ ᠰᠠᠭᠤᠭᠠᠯᠢ ᠠᠷᠠᠳ ᠤᠨ ᠲᠤᠭᠤᠷᠢᠭ ᠲᠤ ᠪᠢᠳᠡᠬᠦᠮᠵᠢᠯᠡᠭᠰᠡᠨ ᠬᠠᠮᠢᠶᠠᠷᠤᠯᠳᠠ ᠭᠡᠷᠡᠭᠵᠢᠭᠦᠯᠵᠦ᠂ ᠡᠯ᠎ᠡ ᠰᠠᠭᠤᠭᠠᠯᠢ ᠠᠷᠠᠳ ᠤᠨ ᠲᠤᠭᠤᠷᠢᠭ ᠤᠨ ᠡᠬᠦᠳᠡᠨ ᠳᠤ ᠴᠦᠮ ᠪᠠᠶᠢᠴᠠᠭᠠᠬᠤ ᠴᠡᠭ ᠲᠤᠬᠢᠷᠠᠭᠤᠯᠵᠤ᠂ ᠬᠠᠮᠢᠶᠠᠷᠤᠨ ᠡᠵᠡᠮᠳᠡᠬᠦ ᠠᠵᠢᠯᠳᠠᠨ ᠲᠤᠬᠢᠷᠠᠭᠤᠯᠵᠤ᠂ ᠤᠷᠤᠵᠤ ᠭᠠᠷᠬᠤ ᠬᠦᠮᠦᠨ ᠤ ᠦᠢᠷ᠎ᠠ ᠶᠢᠨ 14 ᠡᠳᠦᠷ ᠤᠨ ᠳᠤᠷᠰᠢᠬᠢ ᠭᠠᠳᠠᠭᠰᠢ ᠭᠠᠷᠤᠭᠰᠠᠨ ᠪᠠᠶᠢᠳᠠᠯ ᠢ ᠦᠢᠯᠠᠭᠠᠨ ᠪᠠᠶᠢᠴᠠᠭᠠᠵᠠᠢ᠃ ᠠᠶᠢᠮᠠᠭ ᠬᠤᠰᠢᠭᠤ ᠬᠤᠶᠠᠷ ᠱᠠᠳᠤ ᠴᠦᠮ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠬᠢ ᠶᠢ ᠪᠠᠶᠢᠭᠤᠯᠵᠤ᠂ ᠬᠤᠰᠢᠭᠤ ᠰᠢᠶᠠᠨ ᠬᠤᠳᠠ ︵ᠤᠷᠤᠨ︶᠂ ᠰᠤᠮᠤ ᠰᠢᠶᠠᠩ ᠪᠠᠯᠭᠠᠰᠤ ︵ᠲᠠᠯᠠᠪᠠᠢ︶᠂ ᠭᠠᠴᠠᠭ᠎ᠠ ᠲᠤᠰᠬᠤᠨ ᠭᠤᠷᠪᠠᠨ ᠱᠠᠳᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠡᠵᠡᠮᠳᠡᠬᠦ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠠᠶᠢᠭᠤᠯᠵᠤ᠂ ᠭᠠᠴᠠᠭ᠎ᠠ ᠲᠤᠰᠬᠤᠨ ᠳᠤ ᠤᠷᠤᠬᠤ ᠳᠤ ᠲᠠᠩᠰᠠᠯᠠᠨ ᠬᠠᠮᠢᠶᠠᠷᠬᠤ᠂ ᠵᠢᠵᠢᠬᠦᠷᠯᠡᠡ ᠰᠠᠬᠢᠬᠤ ᠲᠦᠷᠢᠮ ᠢ ᠭᠡᠷᠡᠭᠵᠢᠬᠦᠯᠵᠤ᠂ 5762 ᠭᠠᠴᠠᠭᠠᠨ ᠲᠠᠰ ᠤᠨ ᠲᠤᠤᠷᠴᠢᠯᠠᠭᠰᠠᠨ ᠬᠠᠮᠢᠶᠠᠷᠤᠯᠳᠠ ᠶᠢᠨ ᠠᠵᠢᠯᠳᠠᠨ ᠭᠡᠰᠡᠭ ᠬᠤᠪᠢᠶᠠᠨ ᠲᠠᠭᠠᠭᠠᠴᠢᠯᠠᠵᠤ᠂ ᠬᠦᠮᠦᠨ ᠬᠠᠷ᠎ᠠ ᠶᠢᠨ ᠨᠠᠭᠠᠰᠢ ᠴᠠᠭᠠᠰᠢ ᠶᠠᠪᠤᠬᠤ ᠶᠢ ᠬᠠᠮᠢᠶᠠᠷᠤᠨ ᠡᠵᠡᠮᠳᠡᠵᠠᠢ᠃ ᠡᠯ᠎ᠡ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠠᠵᠢᠯᠳᠠᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤ ᠭᠠᠷᠬᠤ ᠬᠦᠮᠦᠰ ᠲᠤ ᠪᠠᠶ᠎ᠠ ᠶᠢᠨ ᠬᠠᠯᠠᠭᠤᠨ ᠢ ᠭᠡᠮᠵᠢᠬᠦ ᠬᠠᠮᠢᠶᠠᠷᠦᠯᠳᠠ ᠭᠡᠷᠡᠭᠵᠢᠬᠦᠯᠵᠡᠢ᠃ ᠡᠯ᠎ᠡ ᠬᠤᠰᠢᠭᠤ ᠰᠢᠶᠠᠨ ᠬᠤᠳᠠ ︵ᠤᠷᠤᠨ︶ ᠴᠦᠮ ᠤᠯᠠᠨ ᠲᠦᠮᠡᠨ ᠤ ᠬᠢᠨᠠᠯᠳᠠ ᠲᠠᠯᠪᠢᠬᠤ ᠲᠤᠭᠳᠠᠴᠠ ᠶᠢ ᠪᠠᠶᠢᠭᠤᠯᠵᠤ᠂ ᠮᠡᠳᠡᠬᠦᠯᠬᠦ ᠤᠳᠠᠰᠤ ᠶᠢ 24 ᠴᠠᠭ ᠢᠶᠠᠷ ᠳᠤᠰᠬᠤ ᠵᠢᠵᠢᠬᠦᠷ ᠲᠤᠬᠢᠷᠠᠭᠤᠯᠵᠠᠢ᠃     ᠰᠤᠷᠪᠤᠯᠵᠢᠯᠠᠭᠴᠢ᠄ ᠵᠠᠮ ᠬᠠᠷᠢᠯᠴᠠᠭᠠᠨ ᠤ ᠭᠤᠤᠯ ᠱᠤᠭᠤᠮ ᠤᠨ ᠭᠡᠪ ᠤᠨ ᠶᠤᠰᠤᠭᠠᠷ ᠨᠡᠪᠲᠡᠷᠡᠬᠦ ᠶᠢ ᠪᠠᠳᠤᠯᠠᠬᠤ ᠪᠤᠯ ᠬᠢᠵᠢᠭ ᠢ ᠰᠡᠷᠭᠡᠶᠢᠯᠡᠨ ᠡᠵᠡᠮᠳᠡᠬᠦ ᠬᠤᠷᠢᠬᠯᠠᠯᠳᠡ ᠶᠢᠨ ᠲᠠᠶᠢᠯᠠᠯᠳᠤᠭᠠᠨ ᠢ ᠰᠠᠶᠢᠳᠤᠷ ᠬᠢᠬᠦ ᠶᠢᠨ ᠬᠦᠴᠦᠲᠦ ᠲᠤᠯᠭᠠᠭᠤᠷᠢᠯᠠᠯ ᠪᠤᠯᠤᠨ᠎ᠠ᠃ ᠰᠢᠯᠢ ᠶᠢᠨ ᠭᠤᠤᠯ ᠠᠶᠢᠮᠠᠭ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠶᠢ ᠰᠠᠶᠢᠳᠤᠷ ᠬᠢᠬᠦ ᠰᠠᠭᠤᠷᠢᠨ ᠲᠡᠭᠡᠷ᠎ᠠ᠂ ᠶᠠᠮᠠᠷ ᠠᠷᠭ᠎ᠠ ᠠᠪᠴᠤ ᠬᠦᠮᠦᠨ᠂ ᠪᠤᠳᠠᠰ ᠤᠨ ᠬᠦᠢᠯᠭᠡᠭᠡ ᠶᠢᠨ ᠡᠮᠬᠢ ᠲᠢᠭᠯᠢᠮ ᠲᠠᠢ ᠨᠠᠪᠳᠠᠷᠠᠬᠦ ᠶᠢ ᠪᠠᠳᠤᠯᠠᠵᠦ ᠪᠠᠶᠢᠭ᠎ᠠ ᠪᠤᠢ︖     ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠲᠤᠭᠤᠢᠢᠯᠠᠩ ᠤᠨ ᠬᠠᠷᠢᠭᠤᠴᠠᠯᠭᠠᠳᠠᠨ᠄ ᠰᠢᠯᠢ ᠶᠢᠨ ᠭᠤᠤᠯ ᠠᠶᠢᠮᠠᠭ ᠵᠠᠮ ᠬᠠᠷᠢᠯᠴᠠᠭᠠᠨ ᠤ ᠰᠢᠭᠤᠳ ᠰᠢᠯᠤᠭᠤᠨ ᠨᠡᠪᠲᠡᠷᠡᠬᠦ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠵᠤ᠂ ᠵᠠᠮ ᠬᠠᠷᠢᠯᠴᠠᠭᠠᠨ ᠤ ᠡᠮᠬᠢ ᠲᠢᠭᠯᠢᠮ ᠢ ᠬᠠᠮᠤᠭ ᠶᠡᠭᠡ ᠭᠡᠮᠵᠢᠶ᠎ᠠ ᠪᠠᠷ ᠬᠠᠮᠠᠭᠠᠯᠠᠵᠦ ᠪᠠᠶᠢᠨ᠎ᠠ᠃     ᠨᠢᠭᠡ ᠳᠤ ︽ᠰᠢᠨᠵᠢᠯᠡᠬᠦ ᠤᠬᠠᠭᠠᠨᠴᠢ ᠡᠮᠬᠢ ᠲᠢᠭᠯᠢᠮ ᠲᠠᠢ᠂ ᠬᠠᠤᠯᠢ ᠲᠤᠭᠳᠠᠭᠠᠯ ᠶᠤᠰᠤᠭᠠᠷ ᠪᠠᠶᠢᠬᠤ︾ ᠵᠠᠷᠴᠢᠮ ᠢᠶᠠᠷ᠂ ᠠᠶᠢᠮᠠᠭ ᠤᠨ ᠲᠦᠷᠭᠡᠨ ᠤ ᠵᠠᠰᠠᠮᠠᠯ ᠵᠠᠮ᠂ ᠤᠯᠤᠰ ᠮᠤᠵᠢ ᠶᠢᠨ ᠲᠠᠰ ᠤᠨ ᠵᠠᠮ ᠱᠤᠭᠤᠮ᠂ ᠭᠤᠤᠯ ᠵᠠᠮ ᠱᠤᠭᠤᠮ ᠳᠤ ᠵᠠᠮ ᠬᠠᠷᠢᠯᠴᠠᠭᠠᠨ ᠤ ᠪᠠᠶᠢᠴᠠᠭᠠᠬᠤ ᠦᠷᠲᠡᠭᠡ ᠲᠤᠬᠢᠷᠠᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠯᠳᠠ ᠶᠢᠨ ᠶᠠᠪᠤᠴᠠ ᠶᠢ ᠰᠢᠯᠢᠳᠡᠭᠵᠢᠬᠦᠯᠵᠤ᠂ ᠲᠦᠷᠭᠡᠨ ᠦᠩᠭᠡᠷᠡᠬᠦ ᠶᠢ ᠪᠠᠳᠤᠯᠠᠵᠠᠢ᠃ ᠡᠬᠦᠨ ᠤ ᠬᠠᠮᠳᠤ᠂ ᠵᠠᠮ ᠬᠠᠷᠢᠯᠴᠠᠭ᠎ᠠ ᠶᠢ ᠲᠠᠰᠤᠯᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠲᠤᠷ᠎ᠠ ᠪᠠᠷ ᠬᠤᠷᠢᠭ᠎ᠠ ᠪᠤᠭᠤᠮᠳᠠ ᠲᠤᠬᠢᠷᠠᠭᠤᠯᠬᠤ᠂ ᠵᠠᠮ ᠢ ᠮᠠᠯᠳᠠᠨ ᠲᠠᠰᠤᠯᠬᠤ᠂ ᠲᠡᠷᠭᠡ ᠤᠨᠤᠭ᠎ᠠ ᠶᠢᠨ ᠭᠡᠪ ᠤᠨ ᠨᠡᠪᠲᠡᠷᠡᠬᠦ ᠶᠢ ᠬᠤᠷᠢᠭᠯᠠᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠮ ᠱᠤᠭᠤᠮ ᠤᠨ ᠰᠢᠭᠤᠳ ᠰᠢᠯᠤᠭᠤᠨ ᠨᠡᠪᠳᠡᠷᠡᠬᠦ ᠶᠢ ᠪᠠᠳᠤᠯᠠᠵᠤ ᠪᠠᠶᠢᠨ᠎ᠠ᠃     ᠬᠤᠶᠠᠷ ᠲᠤ ᠲᠦᠷᠦᠯ ᠬᠤᠪᠢᠶᠠᠨ ᠵᠢᠯᠤᠭᠤᠳᠴᠤ᠂ ᠲᠤᠭᠤᠷᠢᠭ ᠬᠤᠪᠢᠶᠠᠨ ᠠᠷᠭ᠎ᠠ ᠪᠤᠳᠤᠯᠭ᠎ᠠ ᠭᠡᠷᠡᠭᠵᠢᠬᠦᠯᠵᠤ᠂ ᠦᠪᠡᠷᠲᠡᠭᠡᠨ ᠵᠠᠰᠠᠬᠤ ᠤᠷᠤᠨ ᠤ ᠲᠦᠷᠦᠯ ᠬᠤᠪᠢᠶᠠᠨ ᠠᠩᠬᠢᠯᠠᠭᠰᠠᠨ 4 ᠲᠦᠷᠦᠯ ᠤᠨ ᠬᠢᠵᠢᠭ ᠤᠨ ᠤᠷᠤᠨ ᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠭᠡᠲᠡᠷᠬᠦ ᠲᠠᠷᠬᠠᠬᠤ ᠬᠠᠨᠳᠤᠰᠢ ᠶᠢᠨ ᠮᠠᠭᠠᠳᠯᠠᠯᠳᠠ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠦᠨᠡᠯᠡᠯᠲᠡ᠂ ᠵᠠᠮ ᠬᠠᠷᠢᠯᠴᠠᠭᠠᠨ ᠤ ᠬᠤᠷᠢᠭ᠎ᠠ ᠪᠤᠭᠤᠮᠳᠠ ᠶᠢᠨ ᠪᠠᠶᠢᠴᠠᠭᠠᠯᠳᠠ᠂ ᠠᠵᠤ ᠠᠬᠤᠢᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠨᠡᠶᠢᠭᠡᠮ ᠲᠤᠭᠤᠷᠢᠭ ᠤᠨ ᠬᠦᠮᠦᠨ ᠤ ᠬᠠᠮᠢᠶᠠᠷᠤᠯᠳᠠ ᠵᠡᠷᠭᠡ ᠠᠵᠢᠯ ᠢ ᠨᠠᠷᠢᠨ ᠬᠢᠨᠠᠮᠠᠭᠠᠢ ᠬᠢᠵᠤ᠂ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠵᠡᠷᠭᠡ ᠦᠢᠯᠡᠴᠢᠯᠡᠭᠡ ᠶᠢ ᠡᠮᠬᠢ ᠲᠢᠭᠯᠢᠮ ᠲᠠᠢ ᠰᠡᠷᠭᠦᠭᠡᠵᠤ᠂ ᠠᠵᠢᠯ ᠦᠢᠯᠡᠳᠪᠤᠷᠢᠯᠡᠯ ᠢᠶᠠᠨ ᠰᠡᠷᠭᠦᠭᠡᠭᠰᠡᠨ ᠠᠵᠤ ᠠᠬᠤᠢᠢᠯᠠᠯ ᠤᠨ ᠠᠵᠢᠯᠳᠠᠨ ᠤ ᠠᠵᠢᠯ ᠤᠨ ᠪᠠᠶᠢᠷᠢ ᠳᠤ ᠭᠠᠷᠬᠤ ᠵᠠᠮ ᠢ ᠰᠢᠯᠤᠭᠤᠳᠬᠠᠵᠤ᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠨ ᠪᠠᠶᠢᠷᠢ ᠳᠠᠭᠠᠨ ᠪᠤᠴᠠᠬᠤ ᠳᠤ ᠦᠢᠯᠡᠴᠢᠯᠡᠵᠤ᠂ ᠭᠠᠳᠠᠨ᠎ᠠ ᠠᠴᠠ ᠲᠡᠷᠭᠡ ᠤᠨᠤᠭ᠎ᠠ᠂ ᠬᠦᠮᠦᠨ ᠤᠷᠤᠬᠤ ᠶᠢ ᠬᠠᠰᠢᠬᠤ ᠦᠵᠡᠭᠲᠡᠯ ᠢ ᠲᠡᠪᠴᠢᠵᠠᠢ᠃     ᠭᠤᠷᠪᠠ ᠳᠤ ᠪᠠᠴᠢᠮ ᠪᠠᠶᠢᠳᠠᠯ ᠢ ᠠᠷᠭᠠᠴᠠᠭᠠᠬᠤ ᠵᠦᠭᠡᠭᠡᠪᠦᠷᠢ ᠶᠢᠨ ᠬᠦᠴᠦᠨ ᠤ ᠨᠦᠭᠡᠴᠡ ᠪᠠᠳᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠵᠦᠭᠡᠭᠡᠪᠦᠷᠢ᠂ ᠲᠡᠮᠦᠷ ᠵᠠᠮ᠂ ᠵᠠᠰᠠᠮᠠᠯ ᠵᠠᠮ ᠤᠨ ᠵᠦᠭᠡᠭᠡᠪᠦᠷᠢ ᠶᠢ ᠵᠤᠬᠢᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠮᠦᠨ ᠡᠳ᠋ ᠪᠤᠳᠠᠰ ᠪᠠ ᠤᠯᠠᠨ ᠲᠦᠮᠡᠨ ᠤ ᠠᠮᠢᠳᠤᠷᠠᠯ ᠤᠨ ᠭᠡᠷᠡᠭᠴᠡᠭᠡᠨ ᠤ ᠪᠤᠳᠠᠰ ᠤᠨ ᠵᠦᠭᠡᠭᠡᠪᠦᠷᠢ ᠶᠢ ᠪᠠᠳᠤᠯᠠᠵᠠᠢ᠃ ᠪᠦᠬᠦ ᠠᠶᠢᠮᠠᠭ 48 ᠵᠤᠷᠪᠤᠰ ᠪᠠᠴᠢᠮ ᠪᠠᠶᠢᠳᠠᠯ ᠢ ᠠᠷᠭᠠᠴᠠᠭᠠᠬᠤ ᠪᠤᠳᠠᠰ ᠤᠨ ᠵᠦᠭᠡᠭᠡᠪᠦᠷᠢ ᠶᠢᠨ ᠰᠢᠭᠤᠳ ᠱᠤᠭᠤᠮ ᠢ ᠨᠡᠭᠡᠭᠡᠵᠤ᠂ 130 ᠭᠠᠷᠦᠢ ᠲᠡᠷᠭᠡ ᠪᠠᠷ ᠪᠦᠷᠢᠯᠳᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠᠳᠤᠯᠠᠭ᠎ᠠ ᠶᠢᠨ ᠲᠡᠷᠭᠡ ᠠᠩᠬᠢ ᠶᠢ ᠪᠠᠶᠢᠭᠤᠯᠵᠤ᠂ ᠴᠠᠭ ᠢᠮᠠᠭᠳᠠ ᠪᠡᠯᠡᠭᠡᠨ ᠪᠠᠶᠢᠨ᠎ᠠ᠃ ᠵᠠᠮ ᠱᠤᠭᠤᠮ ᠤᠨ ᠬᠠᠮᠠᠭᠠᠯᠠᠯᠳᠠ ᠪᠠ ᠪᠠᠶᠢᠴᠠᠭᠠᠯᠳᠠ ᠪᠠᠨ ᠴᠢᠩᠭᠠᠳᠬᠠᠵᠤ᠂ ᠨᠡᠶᠢᠲᠡ 6200 ᠭᠠᠷᠦᠢ ᠬᠦᠮᠦᠨ ᠤᠳᠠᠭ᠎ᠠ᠂ 1500 ᠭᠠᠷᠦᠢ ᠮᠠᠰᠢᠨ ᠮᠧᠬᠠᠨᠢᠭ ᠢ ᠬᠦᠳᠡᠯᠭᠡᠵᠤ᠂ 8.5 ᠲᠦᠮᠡᠨ  ᠺᠢᠯᠤᠮᠧᠲᠷ ᠵᠠᠰᠠᠮᠠᠯ ᠵᠠᠮ ᠢ ᠴᠡᠪᠡᠷᠯᠠᠵᠤ᠂ 163 ᠲᠦᠮᠡᠨ ᠪᠤᠰᠤᠭ᠎ᠠ ᠲᠦᠷᠪᠡᠯᠵᠢᠨ ᠮᠧᠲᠷ ᠴᠠᠰᠤ ᠴᠡᠪᠡᠷᠯᠡᠵᠤ᠂ ᠵᠠᠰᠠᠮᠠᠯ ᠵᠠᠮ ᠤᠨ ᠰᠢᠭᠤᠳ ᠨᠡᠪᠳᠡᠷᠡᠬᠦ ᠶᠢ ᠪᠠᠳᠤᠯᠠᠵᠠᠢ᠃    ᠰᠤᠷᠪᠤᠯᠵᠢᠯᠠᠬᠴᠢ᠄ ᠳᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠡ ᠱᠠᠭᠠᠷᠳᠠᠯᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠶᠢᠨ ᠬᠦᠭᠵᠢᠯᠳᠡ ᠶᠢ ᠨᠢᠭᠡᠳᠦᠯᠳᠠᠢ ᠳᠦᠯᠦᠪᠵᠢᠭᠦᠯᠤᠨ ᠰᠠᠶᠢᠳᠤᠷ ᠠᠳᠬᠤᠬᠤ ᠳᠠᠯ᠎ᠠ ᠪᠠᠷ ᠰᠢᠯᠢ ᠶᠢᠨ ᠭᠤᠤᠯ ᠠᠶᠢᠮᠠᠭ ᠶᠠᠮᠠᠷ ᠠᠷᠭ᠎ᠠ ᠭᠡᠮᠵᠢᠶ᠎ᠠ ᠠᠪᠴᠦ ᠪᠠᠶᠢᠭ᠎ᠠ ᠪᠤᠢ︖     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠭᠡᠶᠢᠯᠡᠨ ᠵᠤᠬᠢᠴᠠᠭᠤᠯᠬᠤ ᠳᠤᠭᠤᠢᠢᠯᠠᠩ ᠤᠨ ᠬᠠᠷᠢᠭᠤᠴᠠᠯᠭᠠᠳᠠᠨ᠄ 2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠳᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠶᠤᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠬᠠᠮᠳᠦ ᠡᠯ᠎ᠠ ᠳᠦᠷᠦᠯ ᠤᠨ ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠳᠢᠭᠯᠢᠮ ᠲᠠᠢ ᠠᠬᠢᠭᠤᠯᠵᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠪᠠᠨ ᠪᠦᠬᠦ ᠳᠠᠯ᠎ᠠ ᠪᠠᠷ ᠪᠡᠶᠡᠯᠡᠭᠦᠯᠵᠦ᠂ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠠᠵᠦ ᠠᠬᠤᠢ ᠳᠤ ᠦᠵᠡᠭᠦᠯᠬᠦ ᠨᠦᠯᠦᠭᠡ ᠶᠢ ᠬᠠᠮᠤᠭ ᠪᠠᠭ᠎ᠠ ᠭᠡᠮᠵᠢᠶᠡᠨ ᠳᠤ ᠬᠦᠷᠭᠡᠬᠦ ᠪᠤᠯ ᠡᠯ᠎ᠠ ᠱᠠᠳᠤᠨ ᠤ ᠵᠠᠰᠠᠬ ᠤᠨ ᠤᠷᠳᠤᠨ ᠤ ᠴᠢᠬᠤᠯᠠ ᠡᠭᠦᠷᠭᠡ ᠬᠠᠷᠢᠭᠤᠴᠠᠯᠭ᠎ᠠ ᠪᠤᠯᠤᠨ᠎ᠠ᠃     ᠨᠢᠭᠡ ᠳᠤ ᠠᠵᠦ ᠠᠬᠤᠢᠢᠯᠠᠯ ᠤᠨ ᠠᠮᠤᠷ ᠳᠦᠪᠰᠢᠨ ᠢᠶᠠᠷ ᠡᠮᠬᠢ ᠳᠢᠭᠯᠢᠮ ᠲᠠᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠨ᠎ᠠ᠃ ᠳᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠢᠭᠡᠳᠦᠯᠳᠠᠢ ᠪᠠᠶᠢᠷᠢᠯᠠᠭᠤᠯᠤᠯᠳᠡ ᠪᠠᠷ ᠰᠢᠯᠢ ᠶᠢᠨ ᠭᠤᠤᠯ ᠠᠶᠢᠮᠠᠭ ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠤᠭᠤᠷᠢᠨ ᠵᠢᠯᠤᠭᠤᠳᠬᠤ ᠳᠤᠭᠤᠢᠢᠯᠠᠩ ᠪᠠᠶᠢᠭᠤᠯᠵᠦ᠂ ᠡᠯ᠎ᠠ ᠬᠤᠰᠢᠭᠤ ᠰᠢᠶᠠᠨ ᠬᠤᠳᠠ ︵ᠤᠷᠤᠨ︶ ᠵᠠᠰᠠᠭ ᠤᠨ ᠤᠷᠳᠤᠨ ᠤ ᠭᠤᠤᠯ ᠬᠠᠷᠢᠭᠤᠴᠠᠯᠭᠠᠳᠠᠨ ᠢᠶᠠᠷ ᠳᠤᠯᠤᠭᠠᠢᠢᠯᠠᠭᠤᠯᠤᠬᠰᠠᠨ ᠠᠵᠢᠯ ᠤᠨ ᠳᠤᠰᠬᠠᠢ ᠠᠩᠬᠢ ᠪᠠᠶᠢᠭᠤᠯᠵᠦ᠂ ᠳᠦᠷᠦᠯ ᠬᠤᠪᠢᠶᠠᠨ ᠪᠦᠯᠦᠭ ᠬᠤᠪᠢᠶᠠᠨ ᠦᠢᠯᠡᠳᠪᠦᠷᠢᠯᠡᠯ ᠢᠶᠠᠨ ᠰᠡᠷᠭᠦᠭᠡᠬᠦ ᠳᠦᠰᠦᠯ ᠢ ᠨᠢᠭᠡᠳᠦᠯᠳᠠᠢ ᠳᠤᠬᠳᠠᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠡᠷᠭᠡ ᠪᠠᠷ ᠠᠳᠬᠤᠬᠤ ᠶᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠬᠦᠢ ᠦᠢᠯᠡᠳᠪᠦᠷᠢᠯᠡᠯ ᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠠᠵᠦ ᠠᠬᠤᠢᠢᠯᠠᠯ ᠳᠤ ᠳᠤᠮᠢᠯᠠᠨ ᠰᠠᠭᠤᠯᠭᠠᠬᠰᠠᠨ ᠬᠤᠯᠪᠤᠭᠠᠴᠢᠨ ᠤ ᠳᠦᠷᠢᠮ ᠢ ᠪᠠᠶᠢᠭᠤᠯᠵᠦ᠂ ᠠᠵᠢᠯᠳᠡᠨ ᠠᠵᠢᠯᠴᠢᠨ ᠠᠵᠢᠯ ᠤᠨ ᠪᠠᠶᠢᠷᠢ ᠳᠠᠭᠠᠨ ᠪᠤᠴᠠᠬᠤ᠂ ᠪᠡᠯᠡ ᠮᠦᠡᠭᠬᠦ ᠪᠠ ᠳᠦᠭᠦᠭᠡᠢ  ᠮᠠᠲ᠋ᠧᠷᠢᠶᠠᠯ ᠤᠨ ᠬᠠᠨᠭ᠍ᠭᠠᠯᠭ᠎ᠠ ᠵᠡᠷᠭᠡ ᠠᠰᠠᠭᠤᠳᠠᠯ ᠢ ᠴᠠᠬ ᠳᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ ᠂ ᠡᠯ᠎ᠠ ᠵᠦᠢᠯ ᠤᠨ ᠳᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ ᠪᠠᠶᠢᠨ᠎ᠠ᠃ ᠤᠳᠤᠬᠠᠨ ᠳᠤ ᠨᠡᠭᠦᠷᠡᠰᠤ᠂ ᠰᠢᠳᠠᠮᠠᠬᠠᠢ ᠭᠡᠢ᠂ ᠴᠢᠯᠠᠭᠤᠨ ᠳᠤᠰᠤ ᠵᠡᠷᠭᠡ ᠠᠵᠦ ᠠᠬᠤᠢᠢᠯᠠᠯ ᠭᠡᠪ ᠤᠨ ᠶᠤᠰᠤᠭᠠᠷ ᠦᠢᠯᠡᠳᠪᠦᠷᠢᠯᠡᠵᠦ᠂ ᠨᠡᠭᠦᠷᠡᠰᠤᠨ ᠤ 11 ᠠᠵᠦ ᠠᠬᠤᠢᠢᠯᠠᠯ ᠦᠢᠯᠡᠳᠪᠦᠷᠢᠯᠡᠯ ᠢᠶᠠᠨ ᠰᠡᠷᠭᠦᠭᠡᠵᠦ᠂ ᠬᠤᠳᠠ ᠪᠠᠯᠭᠠᠰᠤᠨ ᠤ ᠰᠢᠳᠠᠮᠠᠬᠠᠢ ᠭᠡᠢ ᠬᠠᠨᠭ᠍ᠭᠠᠬᠤ 4 ᠠᠵᠦ ᠠᠬᠤᠢᠢᠯᠠᠯ᠂ 246 ᠳᠤᠰᠤ ᠨᠡᠮᠡᠬᠦ ᠦᠷᠳᠡᠭᠡ ᠭᠡᠪ ᠤᠨ ᠶᠤᠰᠤᠭᠠᠷ ᠠᠵᠢᠯᠯᠠᠵᠦ᠂ ᠭᠡᠪᠴᠢᠶᠡᠵᠢᠯ ᠠᠴᠠ ᠳᠡᠭᠡᠭᠰᠢᠬᠢ 111 ᠠᠵᠦ ᠦᠢᠯᠡᠳᠪᠦᠷᠢ ᠶᠢᠨ ᠠᠵᠦ ᠠᠬᠤᠢᠢᠯᠠᠯ ᠦᠢᠯᠡᠳᠪᠦᠷᠢᠯᠡᠯ ᠢᠶᠠᠨ ᠡᠬᠢᠯᠡᠭᠦᠯᠵᠦ᠂ ᠭᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠶᠡᠷᠦᠩᠭᠡᠢ ᠳᠤᠭᠠᠨ ᠤ 47%᠎ ᠶᠢ ᠡᠵᠡᠯᠡᠵᠦ ᠪᠠᠶᠢᠨ᠎ᠠ᠃      ᠬᠤᠶᠠᠷ ᠲᠤ ᠠᠷᠠᠳ ᠤᠨ ᠠᠮᠢᠳᠤᠷᠠᠯ ᠢ ᠪᠠᠳᠤᠯᠠᠨ᠎ᠠ᠃ ᠢᠯᠴᠢ ᠬᠠᠨᠭ᠍ᠭᠠᠯᠭ᠎ᠠ᠂ ᠤᠰᠤ ᠬᠠᠨᠭ᠍ᠭᠠᠬᠤ᠂ ᠴᠢᠮᠡᠭᠡ ᠬᠤᠯᠪᠤᠭ᠎ᠠ᠂ ᠤᠷᠴᠢᠨ ᠳᠤᠭᠤᠷᠢᠨ ᠤ ᠬᠠᠮᠠᠭᠠᠯᠠᠯᠳᠡ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠬᠤᠳᠠ ᠶᠢᠨ ᠤᠷᠴᠢᠨ ᠳᠤᠭᠤᠷᠢᠨ ᠤ ᠠᠷᠢᠭᠤᠨ ᠴᠡᠪᠡᠷ᠂ ᠠᠷᠠᠯᠵᠢᠶ᠎ᠠ ᠬᠤᠳᠠᠯᠳᠤᠭ᠎ᠠ ᠶᠢᠨ ᠬᠦᠢᠯᠭᠡᠭᠡ ᠵᠡᠷᠭᠡ ᠬᠤᠳᠠ ᠬᠦᠳᠡᠭᠡ ᠶᠢᠨ ᠡᠷᠬᠢᠯᠳᠡ ᠶᠢᠨ ᠠᠵᠦ ᠠᠬᠤᠢᠢᠯᠠᠯ ᠪᠤᠯᠤᠨ ᠰᠦ ᠶᠢᠨ ᠪᠦᠳᠦᠭᠡᠭᠳᠡᠭᠦᠨ᠂ ᠴᠡᠪᠡᠷ ᠤᠰᠤ᠂ ᠤᠯᠠᠭᠠᠨ ᠢᠳᠡᠭᠡᠨ᠂ ᠢᠳᠡᠭᠡᠨ ᠤ ᠳᠤᠰᠤ ᠦᠢᠯᠡᠳᠪᠦᠷᠢᠯᠡᠬᠦ ᠵᠡᠷᠭᠡ ᠠᠮᠢᠳᠤᠷᠠᠯ ᠤᠨ ᠭᠡᠷᠡᠭᠰᠡᠯ ᠤᠨ ᠪᠦᠳᠦᠭᠡᠭᠳᠡᠭᠦᠨ ᠦᠢᠯᠡᠳᠪᠦᠷᠢᠯᠡᠵᠦ ᠬᠠᠨᠭ᠍ᠭᠠᠬᠤ ᠠᠵᠦ ᠠᠬᠤᠢᠢᠯᠠᠯ ᠤᠨ ᠡᠵᠡᠩᠨᠡᠯᠳᠡ ᠶᠢ ᠭᠤᠤᠯᠳᠠᠯᠭ᠎ᠠ ᠲᠠᠢ ᠪᠠᠳᠤᠯᠠᠨ᠎ᠠ᠃ ᠤᠳᠤᠬᠠᠨ ᠳᠤ ᠪᠦᠬᠦ ᠠᠶᠢᠮᠠᠭ ᠤᠨ 31 ᠳᠤᠯᠠᠭᠠᠯᠠᠭ᠎ᠠ ᠬᠠᠨᠭ᠍ᠭᠠᠬᠤ ᠠᠵᠦ ᠠᠬᠤᠢᠢᠯᠠᠯ᠂ 17 ᠳᠦᠭᠡᠭᠡᠯ ᠤᠰᠤᠨ ᠤ ᠦᠢᠯᠡᠳᠪᠦᠷᠢ᠂ 40 ᠰᠢᠳᠠᠮᠠᠬᠠᠢ ᠭᠡᠢ ᠶᠢᠨ ᠠᠵᠦ ᠠᠬᠤᠢᠢᠯᠠᠯ᠂ 12 ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ 13 ᠬᠤᠳᠠ ᠪᠠᠯᠭᠠᠰᠤᠨ ᠤ ᠬᠠᠶᠠᠬᠳᠠᠮᠠᠯ ᠬᠤᠭ ᠰᠢᠢᠳᠪᠦᠷᠢᠯᠡᠬᠦ ᠵᠢᠴᠢ 13 ᠤᠷᠴᠢᠨ ᠳᠤᠭᠤᠷᠢᠨ ᠢ ᠴᠡᠪᠡᠷᠯᠡᠬᠦ ᠠᠵᠦ ᠠᠬᠤᠢᠢᠯᠠᠯ ᠭᠡᠪ ᠤᠨ ᠶᠤᠰᠤᠭᠠᠷ ᠠᠵᠢᠯᠯᠠᠪᠠ︔ ᠨᠡᠭᠦᠳᠡᠯ ᠬᠤᠯᠪᠤᠭ᠎ᠠ᠂ ᠴᠠᠬᠢᠯᠭᠠᠨ ᠬᠤᠯᠪᠤᠭ᠎ᠠ᠂ ᠨᠢᠭᠡᠳᠦᠮᠡᠯ ᠬᠤᠯᠪᠤᠭ᠎ᠠ ᠵᠡᠷᠭᠡ ᠴᠢᠮᠡᠭᠡ ᠬᠤᠯᠪᠤᠭᠠᠨ ᠤ ᠺᠤᠮᠫᠠᠨᠢ ᠡᠵᠡᠩᠨᠡᠯᠳᠡ ᠪᠠᠨ ᠰᠡᠷᠭᠦᠭᠡᠪᠡ︔ ᠢᠳᠡᠭᠡᠨ ᠦᠢᠯᠡᠳᠪᠦᠷᠢᠯᠡᠬᠦ 17 ᠠᠵᠦ ᠠᠬᠤᠢᠢᠯᠠᠯ ᠦᠢᠯᠡᠳᠪᠦᠷᠢᠯᠡᠯ ᠢᠶᠠᠨ ᠰᠡᠷᠭᠦᠭᠡᠵᠦ᠂ ᠭᠠᠭ᠋ᠠᠢ ᠪᠠ ᠵᠢᠭᠦᠷᠳᠡᠨ ᠳᠡᠵᠢᠭᠡᠨ ᠠᠷᠠᠴᠢᠯᠠᠬᠤ 14 ᠠᠵᠦ ᠠᠬᠤᠢᠢᠯᠠᠯ ᠡᠵᠡᠩᠨᠡᠯᠳᠡ ᠬᠢᠪᠡ︔ ᠪᠦᠬᠦ ᠠᠶᠢᠮᠠᠭ ᠤᠨ ᠨᠤᠭᠤᠭ᠎ᠠ ᠴᠠᠭ᠎ᠠ ᠶᠢᠨ ᠵᠠᠬ᠎ᠠ ᠳᠡᠯᠭᠡᠭᠦᠷ᠂ ᠬᠠᠮ ᠳᠡᠯᠭᠡᠭᠦᠷ ᠪᠠ ᠶᠡᠷᠦᠩᠭᠡᠶᠢᠯᠡᠭᠰᠡᠨ ᠬᠠᠮ ᠳᠡᠯᠭᠡᠭᠦᠷ ᠤᠨ ᠡᠵᠡᠩᠨᠡᠯᠳᠡ ᠪᠠᠨ ᠡᠬᠢᠯᠡᠭᠦᠯᠦᠭᠰᠡᠨ ᠨᠤᠷᠮ᠎ᠠ ᠳᠤᠰ ᠳᠤᠰ 71%᠂ 77% ᠪᠠ 82% ᠬᠦᠷᠴᠦ᠂ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠶᠢ ᠦᠨᠳᠦᠰᠦᠨ ᠳᠡᠭᠡᠨ ᠪᠠᠳᠤᠯᠠᠵᠦ ᠪᠠᠶᠢᠨ᠎ᠠ᠃      ᠭᠤᠷᠪᠠ ᠳᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠢᠳᠡᠪᠬᠢᠲᠡᠢ ᠠᠬᠢᠭᠤᠯᠵᠠᠢ᠃ ᠠᠶᠢᠮᠠᠭ ᠬᠤᠰᠢᠭᠤ ᠬᠤᠶᠠᠷ ᠱᠠᠳᠤ ᠴᠢᠬᠤᠯᠠ ᠶᠡᠭᠡ ᠲᠦᠷᠦᠯ ᠵᠦᠢᠯ ᠢ ᠲᠤᠰᠬᠠᠢ ᠲᠦᠷᠦᠯ ᠢᠶᠠᠷ ᠠᠬᠢᠭᠤᠯᠬᠤ ᠲᠤᠭᠤᠢᠢᠯᠠᠩ ᠪᠠᠶᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠲᠠᠭᠠᠭᠠᠴᠢᠯᠠᠬᠤ᠂ ᠲᠠᠩᠰᠠᠯᠠᠨ ᠬᠠᠮᠢᠶᠠᠷᠬᠤ ᠪᠠ ᠲᠤᠭᠳᠠᠭᠰᠠᠨ ᠬᠤᠭᠤᠴᠠᠭ᠎ᠠ ᠲᠠᠢ ᠵᠤᠬᠢᠴᠠᠭᠤᠯᠬᠤ ᠲᠦᠷᠢᠮ ᠢ ᠭᠡᠷᠡᠭᠵᠢᠬᠦᠯᠵᠤ᠂ ᠭᠤᠤᠯᠳᠠᠯᠭ᠎ᠠ ᠲᠠᠢ ᠶᠡᠭᠡ ᠲᠦᠷᠦᠯ ᠵᠦᠢᠯ ᠤᠨ ᠪᠡᠯᠡᠳᠭᠡᠯ ᠠᠵᠢᠯ ᠢ ᠢᠳᠡᠪᠬᠢᠲᠡᠢ ᠠᠬᠢᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠰᠡᠷᠭᠦᠭᠡᠬᠦ ᠪᠠ ᠰᠢᠨ᠎ᠠ ᠪᠠᠷ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠬᠦᠯᠬᠦ ᠶᠢ ᠠᠬᠢᠭᠤᠯᠵᠠᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠬᠢᠨᠠᠨ ᠵᠦᠪᠰᠢᠶᠠᠷᠠᠬᠦ ᠦᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠪᠡᠯᠡ ᠤᠷᠤᠭᠤᠯᠤᠭᠰᠠᠨ ᠲᠦᠷᠦᠯ ᠵᠦᠢᠯ ᠤᠨ ᠠᠮᠠᠯᠳᠠᠯ ᠤᠨ ᠲᠦᠷᠢᠮ ᠪᠠ ᠰᠠᠯᠠᠭ᠎ᠠ ᠮᠦᠴᠢᠷ ᠤᠷᠤᠯᠠᠨ ᠬᠦᠢᠴᠡᠳᠭᠡᠬᠦ ᠲᠦᠷᠢᠮ ᠢ ᠭᠡᠷᠡᠭᠵᠢᠬᠦᠯᠵᠠᠢ᠃ ᠰᠦᠯᠵᠢᠶ᠎ᠠ ᠶᠢ ᠬᠦᠢᠴᠡᠳ ᠠᠰᠢᠭᠯᠠᠵᠤ ᠬᠢᠨᠡᠨ ᠵᠦᠪᠰᠢᠶᠡᠷᠡᠬᠦᠯᠬᠦ ᠪᠠᠷ ᠲᠠᠩᠰᠠᠯᠠᠭᠤᠯᠬᠤ ᠪᠠ ᠪᠠᠶᠢᠭᠤᠯᠵᠤ ᠪᠠᠶᠢᠭ᠎ᠠ ᠱᠠᠳᠤᠨ ᠤ ᠭᠠᠷᠳᠠᠮ ᠢ ᠬᠦᠢᠴᠡᠳᠭᠡᠬᠦ ᠶᠢ ᠲᠦᠷᠭᠡᠳᠭᠡᠵᠠᠢ᠃ ᠵᠠᠰᠠᠭ ᠤᠨ ᠤᠷᠳᠤᠨ ᠮᠦᠩᠬᠦᠨ ᠬᠦᠢᠯᠭᠡᠭᠡᠨ ᠤ ᠪᠠᠶᠢᠭᠤᠯᠤᠮᠵᠢ ᠠᠵᠤ ᠠᠬᠤᠢᠢᠯᠠᠯ ᠵᠤᠯᠭᠠᠯᠴᠠᠬᠤ ᠦᠢᠯᠡᠴᠢᠯᠡᠭᠡᠨ ᠤ ᠲᠤᠭᠳᠠᠴᠠ ᠪᠠ ᠰᠦᠯᠵᠢᠶᠡᠨ ᠲᠡᠭᠡᠷ᠎ᠠ ᠲᠦᠷᠦᠯ ᠵᠦᠢᠯ ᠢᠶᠠᠨ ᠲᠠᠨᠢᠯᠴᠠᠭᠤᠯᠬᠤ ᠲᠤᠭᠳᠠᠴᠠ ᠶᠢ ᠪᠠᠶᠢᠭᠤᠯᠤᠨ ᠲᠡᠬᠦᠯᠲᠡᠷᠵᠢᠬᠦᠯᠪᠡ᠃ ᠭᠤᠤᠯᠳᠠᠯᠭ᠎ᠠ ᠲᠠᠢ ᠲᠦᠷᠦᠯ ᠵᠦᠢᠯ ᠤᠨ ᠨᠦᠭᠡᠴᠡ ᠪᠠᠨ ᠴᠢᠩᠭᠠᠳᠬᠠᠵᠤ᠂ ︽ᠨᠢᠭᠡ ᠪᠦᠯᠦᠭ ᠢ ᠲᠦᠯᠦᠪᠯᠡᠵᠤ᠂ ᠨᠢᠭᠡ ᠪᠦᠯᠦᠭ ᠢ ᠨᠦᠭᠡᠴᠡᠯᠡᠵᠤ᠂ ᠨᠢᠭᠡ ᠪᠦᠯᠦᠭ ᠢ ᠪᠦᠳᠤᠬᠡᠨ ᠪᠠᠶᠢᠭᠤᠯᠵᠤ᠂ ᠨᠢᠭᠡ ᠪᠦᠯᠦᠭ ᠢ ᠠᠰᠢᠭᠯᠠᠯᠳᠠ ᠳᠤ ᠤᠷᠤᠭᠤᠯᠬᠤ︾ ᠰᠢᠯᠢᠳᠡᠭ ᠤᠷᠴᠢᠯ ᠢ ᠴᠢᠷᠮᠠᠶᠢᠨ ᠪᠡᠶᠡᠯᠡᠬᠦᠯᠵᠤ ᠪᠠᠶᠢᠨ᠎ᠠ᠃     ᠲᠦᠷᠪᠡ ᠳᠤ ᠬᠠᠪᠤᠷ ᠤᠨ ᠤᠯᠠᠷᠢᠯ ᠤᠨ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠢ ᠪᠠᠳᠤᠯᠠᠵᠦ ᠪᠠᠶᠢᠨ᠎ᠠ᠃ ᠠᠶᠢᠮᠠᠭ ᠬᠤᠰᠢᠭᠤ ᠬᠤᠶᠠᠷ ᠱᠠᠳᠤᠨ ᠤ ᠮᠠᠯᠵᠢᠬᠤ ᠲᠠᠷᠢᠶᠠᠯᠠᠬᠤ ᠤᠷᠤᠨ ᠤ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠠᠩᠬᠢ ᠶᠢᠨ ᠨᠢᠭᠡᠲᠦᠯᠲᠡᠢ ᠲᠤᠬᠢᠷᠠᠭᠤᠯᠤᠯᠳᠠ ᠲᠤᠤᠷ᠎ᠠ᠂ ᠡᠯ᠎ᠡ ᠭᠠᠵᠠᠷ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠤᠨ ᠠᠵᠢᠯ ᠢ ᠡᠮᠬᠢ ᠲᠢᠭᠯᠢᠮ ᠲᠠᠢ ᠵᠤᠬᠢᠶᠠᠨ ᠪᠠᠶᠢᠭᠤᠯᠵᠦ ᠪᠠᠶᠢᠨ᠎ᠠ᠃ ᠡᠯ᠎ᠡ ᠱᠠᠳᠤᠨ ᠤ ᠮᠠᠯ ᠲᠠᠷᠢᠶᠠᠯᠠᠩ ᠤᠨ ᠰᠠᠯᠠᠭ᠎ᠠ ᠮᠦᠴᠢᠷ 667 ᠲᠤᠰᠬᠠᠢ ᠮᠡᠷᠭᠡᠵᠢᠯ ᠤᠨ ᠠᠵᠢᠯᠳᠠᠨ ᠢ 779 ᠭᠠᠴᠠᠭ᠎ᠠ ᠲᠤᠰᠬᠤᠨ ᠲᠠᠢ ᠵᠤᠯᠭᠠᠯᠴᠠᠭᠤᠯᠵᠤ᠂ ᠠᠯᠤᠰ ᠡᠵᠡᠮᠰᠢᠯᠳᠤ ᠮᠡᠷᠭᠡᠵᠢᠯ ᠤᠨ ᠵᠢᠯᠤᠭᠤᠳᠤᠯᠭ᠎ᠠ ᠪᠠᠷ ᠲᠡᠮᠵᠢᠨ ᠮᠠᠯᠴᠢᠨ ᠲᠠᠷᠢᠶᠠᠴᠢᠨ ᠡᠷᠦᠭᠡ ᠳᠤ ᠠᠷᠠᠴᠢᠯᠠᠭ᠎ᠠ ᠮᠠᠯᠵᠢᠯᠭ᠎ᠠ ᠶᠢᠨ ᠬᠠᠮᠢᠶᠠᠷᠤᠯᠳᠠ᠂ ᠬᠢᠵᠢᠭ ᠭᠡᠮ ᠢ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠵᠢᠯᠤᠭᠤᠳᠤᠯᠭ᠎ᠠ ᠬᠠᠨᠭ᠍ᠭᠠᠪᠠ᠃ ᠠᠮᠢᠳᠠᠨ ᠤ ᠬᠢᠵᠢᠭ ᠭᠡᠮ ᠪᠠ ᠬᠦᠮᠦᠨ ᠮᠠᠯ ᠳᠤ ᠬᠠᠮᠳᠤ ᠬᠦᠷᠬᠦ ᠡᠪᠡᠳᠴᠢᠨ ᠢ ᠪᠠᠶᠢᠴᠠᠭᠠᠨ ᠭᠡᠮᠵᠢᠬᠦ ᠠᠵᠢᠯ ᠢ ᠦᠷᠨᠢᠬᠦᠯᠵᠤ᠂ ᠬᠦᠨᠳᠤ ᠶᠡᠭᠡ ᠠᠮᠢᠳᠠᠨ ᠤ ᠬᠢᠵᠢᠭ ᠭᠡᠮ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠲᠤᠭᠳᠠᠭᠠᠵᠤ᠂ ᠭᠡᠨᠡᠳᠳᠠ ᠡᠬᠦᠰᠬᠦ ᠪᠠᠶᠢᠳᠠᠯ ᠢ ᠴᠠᠭ ᠲᠤᠬᠠᠢ ᠳᠤᠨᠢ ᠠᠷᠭᠠᠴᠠᠭᠠᠨ ᠰᠢᠢᠳᠪᠤᠷᠢᠯᠡᠬᠦ ᠶᠢ ᠪᠠᠳᠤᠯᠠᠵᠠᠢ᠃ ᠮᠠᠯᠴᠢᠨ ᠲᠠᠷᠢᠶᠠᠴᠢᠨ ᠡᠷᠦᠭᠡ ᠳᠤ ᠡᠪᠡᠰᠤ ᠪᠤᠷᠳᠤᠭ᠎ᠠ ᠲᠤᠳᠠᠭᠳᠠᠬᠤ ᠪᠠᠶᠢᠳᠠᠯ ᠢ ᠴᠠᠭ ᠲᠤᠬᠠᠢ ᠳᠤᠨᠢ ᠦᠢᠯᠠᠭᠠᠵᠤ᠂ ᠲᠦᠪᠯᠡᠷᠡᠩᠬᠦᠢ ᠨᠦᠭᠡᠴᠡᠯᠡᠬᠦ ᠬᠦᠮᠦᠷᠭᠡ ︵ᠴᠡᠭ︶᠎ ᠶᠢᠨ 5.4 ᠲᠦᠮᠡᠨ ᠲᠤᠨ ᠡᠪᠡᠰᠤ ᠪᠤᠷᠳᠤᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠪᠡᠰᠤ ᠪᠤᠷᠳᠤᠭ᠎ᠠ ᠲᠤᠳᠠᠬᠤ ᠠᠰᠠᠭᠤᠳᠠᠯ ᠢ ᠰᠢᠢᠳᠪᠤᠷᠢᠯᠡᠵᠡᠢ᠃ ᠤᠳᠤᠬᠠᠨ ᠪᠤᠯᠳᠠᠯ᠎ᠠ᠂ ᠪᠦᠬᠦ ᠠᠶᠢᠮᠠᠭ ᠨᠡᠶᠢᠲᠡ 63.74 ᠲᠦᠮᠡᠨ ᠲᠦᠯ ᠲᠤᠰᠴᠤ᠂ ᠪᠤᠶᠢᠵᠢᠯᠳᠠ ᠶᠢᠨ ᠨᠤᠷᠮ᠎ᠠ 99.7% ᠬᠦᠷᠴᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号