ᠰᠡᠷᠭᠡᠶᠢᠯᠡᠯᠲᠡ ᠶᠢᠨ ᠬᠦᠴᠦᠨ ᠢᠶᠠᠨ ᠦᠴᠦᠭᠡᠨ ᠴᠦ ᠰᠤᠯᠠᠷᠠᠭᠤᠯᠵᠤ ᠪᠤᠯᠬᠤ ᠦᠭᠡᠢ
ᠨᠡᠶᠢᠲᠡᠯᠡᠭᠰᠡᠨ ᠴᠠᠭ᠄
2020/2/24
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯ ᠨᠢᠭᠡᠨ ᠤᠷᠳᠤ ᠬᠤᠭᠤᠴᠠᠭᠠᠨ ᠤ ᠬᠠᠳᠠᠭᠤᠵᠢᠯᠳᠠᠢ ᠶᠠᠪᠤᠴᠠ ᠮᠥᠨ ᠪᠣᠯᠬᠤᠷ᠂ ᠪᠤᠳᠤᠯᠢᠶᠠᠨᠳᠤ ᠴᠢᠨᠠᠷ᠂ ᠬᠠᠳᠠᠭᠤ ᠪᠡᠷᠭᠡᠰᠢᠶᠠᠯᠳᠤ ᠴᠢᠨᠠᠷ ᠢ ᠬᠦᠡᠭᠭᠡᠪᠴᠢᠯᠡᠵᠦ ᠪᠤᠯᠤᠰᠢ ᠦᠭᠡᠢ ᠶᠣᠮ᠃ ᠬᠢᠵᠢᠭ ᠤᠨ ᠪᠠᠶᠢᠳᠠᠯ ᠠᠴᠠ ᠪᠤᠯᠵᠤ ᠭᠡᠷ ᠲᠡᠭᠡᠨ ᠤᠳᠠᠭᠠᠨ ᠰᠠᠭᠤᠬᠰᠠᠨ ᠬᠦᠮᠦᠰ ᠭᠠᠳᠠᠨ᠎ᠠ ᠭᠠᠷᠴᠣ ᠳᠤᠭᠤᠷᠢᠬᠤ ᠶᠢ ᠪᠤᠳᠤᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠲᠦᠭᠡᠷ ᠹᠷᠤᠨᠲ ᠲᠤ ᠰᠠᠬᠢᠵᠤ ᠪᠠᠶᠢᠭ᠎ᠠ ᠠᠵᠢᠯᠳᠠᠳ ᠴᠤ ᠶᠠᠳᠠᠷᠠᠵᠦ ᠵᠦᠳᠡᠷᠡᠬᠦ ᠨᠢ ᠯᠠᠪᠳᠠᠢ᠃ ᠢᠢᠮᠤᠷᠬᠦᠦ ᠪᠠᠶᠢᠳᠠᠯ ᠳᠤᠤᠷ᠎ᠠ ᠪᠢᠳᠠ ᠲᠡᠭᠡᠲᠦ ᠭᠡᠮᠵᠢᠶᠡᠨ ᠤ ᠰᠡᠷᠭᠡᠶᠢᠯᠡᠯᠲᠡ ᠶᠢᠨ ᠪᠠᠶᠢᠳᠠᠯ ᠢᠶᠠᠨ ᠢᠮᠬᠠᠳᠠ ᠪᠠᠳᠤᠯᠠᠵᠤ᠂ ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠬᠦᠴᠦᠨ ᠢᠶᠠᠨ ᠦᠴᠦᠭᠡᠨ ᠴᠦ ᠰᠤᠯᠠᠷᠠᠭᠤᠯᠵᠤ ᠪᠤᠯᠬᠤ ᠦᠭᠡᠢ᠃     ᠬᠢᠵᠢᠭ ᠤᠨ ᠪᠠᠶᠢᠳᠠᠯ ᠢ ᠬᠤᠷᠢᠭᠯᠠᠨ ᠠᠷᠢᠯᠭᠠᠬᠤ ᠲᠠᠶᠢᠯᠠᠯᠳᠤᠭᠠᠨ ᠤ ᠢᠯᠡᠯᠲᠡ ᠶᠢ ᠤᠯᠬᠤ ᠳᠤ ᠦᠷᠬᠦᠯᠵᠢᠯᠡᠨ ᠲᠡᠮᠡᠴᠡᠵᠤ᠂ ᠶᠡᠳᠠᠷᠠᠯ ᠵᠦᠲᠡᠷᠡᠯ ᠠᠴᠠ ᠠᠶᠤᠬᠤ ᠦᠭᠡᠢ ᠦᠵᠡᠯ ᠰᠠᠨᠠᠭᠠᠨ ᠤ ᠪᠡᠯᠡᠳᠭᠡᠯ ᠲᠠᠢ ᠪᠠᠶᠢᠬᠤ ᠭᠡᠷᠡᠭᠲᠡᠢ᠃ ᠲᠠᠶᠢᠪᠤᠰᠢᠷᠠᠬᠤ ᠦᠵᠡᠯ ᠰᠠᠨᠠᠭ᠎ᠠ ᠶᠢ ᠲᠠᠪᠴᠢᠵᠤ᠂ ᠡᠷᠲᠡ ᠰᠡᠷᠭᠡᠶᠢᠯᠡᠬᠦ᠂ ᠡᠷᠲᠡ ᠢᠯᠡᠷᠡᠬᠦᠯᠬᠦ᠂ ᠡᠷᠲᠡ ᠲᠤᠰᠠᠭᠠᠷᠯᠠᠬᠤ ᠂ ᠡᠷᠲᠡ ᠵᠠᠰᠠᠬᠤ ᠶᠢ ᠪᠠᠷᠢᠮᠳᠠᠯᠠᠵᠦ᠂ ᠰᠢᠨᠵᠢᠯᠡᠬᠦ ᠤᠬᠠᠭᠠᠨᠴᠢ ᠵᠢᠯᠤᠭᠤᠳᠬᠤ ᠰᠢᠰᠲ᠋ᠧᠮ ᠢ ᠪᠠᠶᠢᠭᠤᠯᠤᠨ ᠲᠡᠬᠦᠯᠲᠡᠷᠵᠢᠬᠦᠯᠬᠦ ᠭᠡᠷᠡᠭᠲᠡᠢ᠃ ᠤᠳᠤᠬᠠᠨ ᠳᠤ᠂ ᠮᠠᠨ ᠤ ᠠᠶᠢᠮᠠᠭ ᠨᠢᠭᠡᠲᠦᠭᠡᠷ ᠲᠡᠰ ᠤᠨ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ ᠰᠡᠷᠭᠡᠶᠢᠯᠡᠨ ᠡᠵᠡᠮᠳᠡᠬᠦ ᠠᠵᠢᠯ ᠤᠨ ᠭᠡᠪ ᠵᠠᠬᠪᠤᠷ ᠢ ᠲᠦᠷᠭᠡᠨ ᠪᠠᠶᠢᠭᠤᠯᠵᠤ᠂ ᠬᠠᠷᠢᠶ᠎ᠠ ᠭᠠᠵᠠᠷ᠂ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ  ᠂ ᠬᠤᠪᠢ ᠬᠦᠮᠦᠨ ᠤ ︽ᠲᠦᠷᠪᠡᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠲᠤᠰ ᠲᠤᠰ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠬᠠᠮᠳᠤ ᠪᠠᠷ ᠠᠳᠬᠤᠨ ᠬᠠᠮᠳᠤ ᠪᠠᠷ ᠬᠠᠮᠢᠶᠠᠷᠴᠤ᠂ ᠠᠷᠭᠠᠴᠠᠭᠠᠬᠤ ᠠᠷᠭ᠎ᠠ ᠭᠡᠮᠵᠢᠶ᠎ᠡ ᠶᠢ ᠡᠷᠡᠰ ᠰᠢᠭᠤᠷᠬᠠᠢ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠤᠷᠤᠵᠦ ᠢᠷᠡᠬᠦ᠂ ᠲᠤᠳᠤᠷ᠎ᠠ ᠪᠠᠨ ᠦᠷᠭᠡᠵᠢᠬᠦ ᠶᠢ ᠰᠡᠷᠭᠡᠶᠢᠯᠡᠵᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠪᠠᠶᠢᠳᠠᠯ ᠢ ᠪᠦᠷᠢᠯᠳᠦᠬᠦᠯᠵᠡᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠬᠤ ᠳᠤ ᠨᠠᠷᠢᠯᠢᠭ ᠪᠤᠳᠠᠳᠠᠢ ᠪᠠᠶᠢᠬᠤ ᠶᠢ ᠲᠤᠪᠤᠶᠢᠯᠭᠠᠬᠤ ᠭᠡᠷᠡᠭᠲᠡᠢ᠃ ᠬᠢᠵᠢᠭ ᠤᠨ ᠪᠠᠶᠢᠳᠠᠯ ᠬᠠᠨᠳᠤᠰᠢ ᠶᠢᠨ ᠬᠤᠪᠢᠷᠠᠯᠳᠠ ᠵᠢᠴᠢ ᠠᠵᠢᠯ ᠦᠢᠯᠡᠳᠪᠤᠷᠢᠯᠡᠯ ᠢᠶᠠᠨ ᠰᠡᠷᠭᠦᠭᠡᠬᠦ᠂ ᠠᠵᠢᠯᠳᠠᠳ ᠠᠵᠢᠯ ᠤᠨ ᠪᠠᠶᠢᠷᠢ ᠳᠠᠭᠠᠨ ᠭᠠᠷᠬᠤ ᠵᠡᠷᠭᠡ ᠰᠢᠨ᠎ᠠ ᠪᠠᠶᠢᠳᠠᠯ ᠳᠤ ᠬᠠᠨᠳᠤᠭᠤᠯᠤᠨ᠂ ᠠᠵᠢᠯ ᠢᠶᠠᠨ ᠡᠷᠭᠡᠪᠰᠢ ᠲᠡᠬᠢᠨ ᠨᠠᠷᠢᠯᠢᠭ ᠪᠤᠳᠠᠳᠠᠢ ᠬᠢᠵᠤ᠂ ᠬᠠᠤᠯᠢ ᠲᠦᠷᠢᠮ ᠶᠤᠰᠤᠭᠠᠷ ᠪᠠᠶᠡᠴᠢ ᠴᠢᠳᠠᠮᠠᠭᠠᠢ ᠴᠢᠨᠠᠷ ᠢᠶᠠᠨ ᠬᠦᠢᠴᠡᠳ ᠪᠠᠳᠠᠷᠠᠭᠤᠯᠵᠤ᠂ ᠬᠢᠵᠢᠭ ᠢ ᠴᠢᠩᠭ᠎ᠠ ᠰᠠᠷᠭᠡᠶᠢᠯᠡᠨ ᠬᠤᠷᠢᠬᠯᠠᠬᠤ ᠭᠡᠷᠡᠭᠲᠡᠢ᠃ ᠵᠠᠩᠬᠢᠯᠠᠭ᠎ᠠ ᠶᠢᠨ ᠦᠶ᠎ᠠ ᠳᠤ ᠤᠳᠠᠭᠠᠨ ᠲᠠᠭᠠᠭᠠᠮᠠᠭᠠᠢ ᠲᠠᠶᠢᠯᠠᠯᠳᠤᠭᠠᠨ ᠬᠢᠬᠦ ᠪᠡᠯᠡᠳᠭᠡᠯ ᠲᠠᠢ ᠪᠠᠶᠢᠵᠦ᠂ ᠰᠢᠨ᠎ᠡ ᠬᠠᠨᠳᠤᠰᠢ᠂ ᠰᠢᠨ᠎ᠠ ᠪᠠᠶᠢᠳᠠᠯ᠂ ᠰᠢᠨ᠎ᠠ ᠤᠨᠴᠠᠯᠢᠭ ᠢ ᠦᠨᠳᠤᠰᠤᠯᠠᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠠᠪᠤᠷᠠᠨ ᠡᠮᠨᠡᠬᠦ᠂ ᠡᠳ᠋ ᠪᠤᠳᠠᠰ ᠤᠨ ᠪᠠᠳᠤᠯᠠᠭ᠎ᠠ ᠵᠡᠷᠭᠡ ᠡᠯ᠎ᠡ ᠲᠠᠯ᠎ᠠ ᠶᠢᠨ ᠠᠵᠢᠯ ᠢ ᠦᠷᠬᠦᠯᠵᠢᠯᠡᠨ ᠨᠢᠭᠡᠲᠦᠯᠲᠡᠢ ᠠᠳᠬᠤᠬᠤ ᠭᠡᠷᠡᠭᠲᠡᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠢᠯᠡᠯᠲᠡ ᠦᠢᠷᠠᠳᠬᠤ ᠲᠤᠳᠤᠮ ᠤᠯᠠᠮ ᠬᠦᠴᠦ ᠪᠠᠨ ᠰᠤᠯᠠᠷᠠᠭᠤᠯᠵᠤ ᠪᠤᠯᠬᠤ ᠦᠭᠡᠢ᠂ ᠤᠯᠠᠮ ᠵᠠᠩᠬᠢᠯᠠᠭ᠎ᠠ ᠶᠢᠨ ᠴᠠᠭ ᠬᠤᠭᠤᠴᠠᠭᠠᠨ ᠳᠤ ᠬᠦᠴᠢᠷᠲᠡᠯ ᠢ ᠬᠦᠢᠴᠡᠳ ᠪᠤᠳᠤᠯᠬᠢᠯᠠᠵᠤ᠂ ᠦᠷᠢᠰᠦᠯᠳᠦᠭᠡᠨ ᠢ ᠠᠷᠭᠠᠴᠠᠭᠠᠬᠤ ᠠᠵᠢᠯ ᠢᠶᠠᠨ ᠨᠡᠩ ᠪᠠᠳᠤᠳᠠᠢ ᠰᠠᠶᠢᠳᠤᠷ ᠬᠢᠬᠦ ᠭᠡᠷᠡᠭᠲᠡᠢ᠃ ᠤᠯᠠᠨ ᠢᠶᠠᠷ ᠢᠶᠠᠨ ᠬᠦᠴᠦᠨ ᠢᠶᠠᠨ ᠤᠭᠳᠤ ᠰᠤᠯᠠᠷᠠᠭᠤᠯᠬᠤ ᠦᠭᠡᠢ ᠪᠤᠭᠤᠮᠳᠠ ᠪᠠᠨ ᠪᠠᠳᠤ ᠰᠠᠬᠢᠬᠤ ᠳᠤ ᠬᠦᠷᠪᠡᠯ  ᠲᠤᠰ ᠤᠳᠠᠭᠠᠨ ᠤ ᠬᠢᠵᠢᠭ ᠤᠨ ᠪᠠᠶᠢᠳᠠᠯ ᠢ ᠬᠤᠷᠢᠭᠯᠠᠨ ᠠᠷᠢᠯᠭᠠᠬᠤ ᠲᠠᠶᠢᠯᠠᠯᠳᠤᠭᠠᠨ ᠤ ᠢᠯᠡᠯᠳᠠ ᠶᠢ ᠯᠠᠪᠳᠠᠢ ᠤᠯᠵᠤ ᠴᠢᠳᠠᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号