ᠬᠡᠷᠬᠢᠨ ᠠᠷᠢᠭᠤᠳᠬᠠᠯ ᠬᠢᠬᠦ ᠪᠣᠢ︖ ᠡᠭᠦᠨ ᠤ ᠲᠤᠬᠠᠢ ᠲᠣᠰᠬᠠᠢ ᠮᠡᠷᠭᠡᠵᠢᠯᠳᠡᠨ ᠠᠴᠠ ᠰᠠᠨᠠᠭᠤᠯᠭ᠎ᠠ ᠦᠭᠬᠦᠯ᠎ᠡ
ᠨᠡᠶᠢᠲᠡᠯᠡᠭᠰᠡᠨ ᠴᠠᠭ᠄
2020-02-25
     ᠰᠢᠨ᠎ᠡ ᠺᠤᠷᠤᠨᠠ ᠸᠢᠷᠦ᠋ᠰ ᠤᠨ ᠬᠠᠯᠳᠠᠪᠤᠷᠢᠲᠦ ᠬᠢᠵᠢᠭ ᠦᠷᠪᠢᠰᠦᠨ ᠲᠡᠯᠭᠡᠷᠡᠭᠰᠡᠨ ᠠᠴᠠ ᠨᠠᠭᠠᠰᠢ᠂ ᠬᠦᠮᠦᠰ ᠠᠷᠢᠭᠤᠳᠬᠠᠭᠤᠷ ᠢ ᠬᠡᠷᠬᠢᠨ ᠠᠰᠢᠭᠯᠠᠬᠤ ᠲᠠᠯ᠎ᠠ ᠳᠤ ᠰᠠᠨᠠᠭᠠᠰᠢᠷᠠᠭᠰᠠᠭᠠᠷ ᠪᠠᠶᠢᠨ᠎ᠠ᠃ ᠲᠤᠮᠳᠠᠳᠦ ᠤᠯᠤᠰ ᠤᠨ ᠡᠪᠡᠳᠴᠢᠨ ᠬᠢᠵᠢᠭ ᠢ ᠰᠡᠷᠭᠡᠶᠢᠯᠡᠨ ᠲᠠᠷᠤᠬᠤ ᠲᠦᠪ ᠤᠨ ᠰᠤᠳᠤᠯᠤᠭᠠᠴᠢ ᠵᠠᠩ ᠯᠢᠦ ᠪᠦᠸᠧ 18᠎ ᠤ ᠡᠳᠦᠷ ᠤᠨ ᠦᠳᠡ ᠶᠢᠨ ᠬᠤᠶᠢᠨ᠎ᠠ ᠬᠤᠷᠠᠯᠳᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠬᠤᠷᠢᠭᠯᠠᠬᠤ ᠲᠤᠭᠲᠠᠴᠠ ᠶᠢᠨ ᠰᠤᠨᠢᠨ ᠮᠡᠳᠡᠭᠡ ᠨᠡᠶᠢᠲᠡᠯᠡᠬᠦ ᠬᠤᠷᠠᠯ ᠤᠨ ᠦᠶ᠎ᠠ ᠪᠠᠷ᠂ ᠠᠷᠢᠭᠤᠳᠬᠠᠬᠤ ᠪᠤᠯ ᠬᠢᠵᠢᠭ ᠢ ᠰᠡᠷᠭᠡᠶᠢᠯᠡᠨ ᠲᠠᠷᠤᠬᠤ ᠶᠢᠨ ᠭᠤᠤᠯ ᠭᠤᠭᠴᠤᠭ᠎ᠠ ᠮᠦᠨ᠂ ᠭᠡᠪᠡᠴᠤ ᠠᠷᠢᠭᠤᠳᠬᠠᠭᠤᠷ ᠢ ᠵᠦᠢ ᠵᠤᠬᠢᠰᠲᠠᠢ ᠬᠡᠷᠡᠭᠯᠡᠵᠦ᠂ ᠪᠡᠶ᠎ᠡ ᠶᠢᠨ ᠡᠷᠡᠬᠦᠯ ᠮᠡᠨᠳᠦ ᠳᠤ ᠬᠠᠷᠰᠢ ᠦᠭᠡᠢ ᠪᠠᠶᠢᠬᠤ ᠶᠢ ᠪᠠᠲᠤᠯᠠᠵᠦ᠂ ᠪᠠᠶᠢᠭᠠᠯᠢ ᠤᠷᠴᠢᠨ ᠎ ᠠᠴᠠ ᠪᠤᠯᠤᠭᠰᠠᠨ ᠤᠷᠲᠦ ᠬᠤᠭᠤᠴᠠᠭᠠᠨ ᠤ ᠠᠭᠠᠷ ᠤᠨ ᠪᠤᠬᠢᠷᠳᠤᠯ ᠤᠨ ᠠᠶᠤᠯ ᠠᠴᠠ ᠰᠡᠷᠭᠡᠶᠢᠯᠡᠬᠦ ᠲᠤᠬᠠᠢ ᠶᠠᠷᠢᠭᠰᠠᠨ ᠪᠠᠶᠢᠨ᠎ᠠ᠃ ᠠᠷᠢᠭᠤᠳᠬᠠᠭᠤᠷ ᠢ ᠬᠡᠷᠬᠢᠨ ᠵᠦᠢ ᠵᠤᠬᠢᠰᠲᠠᠢ ᠠᠰᠢᠭᠯᠠᠬᠤ ᠲᠠᠯ᠎ᠠ ᠪᠠᠷ ᠵᠠᠩ ᠯᠢᠦ ᠪᠦᠸᠧ ᠲᠦᠷᠪᠡᠨ ᠲᠠᠯ᠎ᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠨᠢᠭᠡ᠂ ᠪᠤᠳᠠᠰ ᠢ ᠠᠷᠢᠭᠤᠳᠬᠠᠬᠤ ᠦᠶ᠎ᠡ ᠳᠤ ᠹᠢᠽᠢᠺ ᠤᠨ ᠠᠷᠭ᠎ᠠ ᠪᠠᠷ ᠠᠷᠢᠭᠤᠳᠬᠠᠬᠤ ᠠᠴᠠ ᠪᠢᠰᠢ ᠬᠢᠮᠢ ᠎ ᠶᠢᠨ ᠠᠷᠭ᠎ᠠ ᠪᠠᠷ ᠠᠷᠢᠭᠤᠳᠬᠠᠵᠦ ᠪᠤᠯᠬᠤ ᠦᠭᠡᠢ᠃ 56 ᠭᠷᠡᠳᠦ᠋ᠰ ᠤᠨ ᠬᠠᠯᠠᠭᠤᠨ ᠤᠰᠤᠨ ᠳᠤ 30 ᠮᠢᠨᠦ᠋ᠲ ᠲᠠᠯᠪᠢᠪᠠᠯ ᠪᠠᠺᠠᠸ᠋ᠲᠷᠢ ᠶᠢ ᠨᠢ ᠤᠰᠠᠳᠬᠠᠵᠦ ᠲᠡᠶᠢᠯᠤᠨ᠎ᠡ᠃ ᠬᠤᠭᠤᠯᠠᠨ ᠤ ᠬᠡᠷᠡᠭᠰᠡᠯ ᠢ ᠴᠢᠳᠠᠬᠤ ᠶᠢᠨ ᠲᠤᠳᠤᠷ᠎ᠠ ᠬᠠᠯᠠᠭᠤᠨ ᠤᠰᠤᠨ ᠳᠤ 10 ᠮᠢᠨᠦ᠋ᠲ ᠣᠷᠴᠢᠮ ᠠᠷᠢᠭᠤᠳᠬᠠᠬᠤ ᠬᠡᠷᠡᠭᠲᠡᠢ᠃ ᠡᠨᠡ ᠨᠢ ᠵᠦᠪᠬᠡᠨ ᠰᠢᠨ᠎ᠡ ᠺᠤᠷᠤᠨᠠ ᠸᠢᠷᠦ᠋ᠰ ᠤᠨ ᠬᠠᠯᠳᠠᠪᠤᠷᠢ ᠶᠢ ᠰᠡᠷᠭᠡᠶᠢᠯᠡᠬᠦ ᠲᠡᠳᠦᠢ ᠪᠢᠰᠢ ᠪᠤᠰᠤᠳ ᠠᠮᠢᠵᠢᠷᠠᠯ ᠤᠨ ᠬᠦᠴᠦᠨ ᠢᠶᠠᠷ ᠴᠢᠩᠭ᠎ᠠ ᠮᠢᠺᠷᠤᠹ ᠎ ᠢ ᠤᠰᠠᠳᠬᠠᠬᠤ ᠶᠢᠨ ᠲᠦᠯᠦᠭᠡ ᠶᠤᠮ᠃      ᠬᠤᠶᠠᠷ᠂ ᠬᠢᠮᠢ ᠶᠢᠨ ᠠᠷᠭ᠎ᠠ ᠪᠠᠷ ᠠᠷᠢᠭᠤᠳᠬᠠᠬᠤ ᠦᠶ᠎ᠡ ᠳᠡᠭᠡᠨ᠂ ᠭᠡᠷ ᠲᠤᠲᠤᠷ᠎ᠠ ᠬᠦᠮᠦᠨ ᠪᠠᠶᠢᠵᠦ ᠪᠣᠯᠬᠤ ᠦᠭᠡᠢ᠃ ᠭᠡᠷ ᠤᠨ ᠭᠠᠳᠠᠨᠠᠬᠢ ᠶᠢ ᠠᠷᠢᠭᠤᠳᠬᠠᠬᠤ ᠦᠶ᠎ᠠ ᠳᠤ ᠬᠠᠮᠢᠶ᠎ᠠ ᠦᠭᠡᠢ᠃      ᠭᠤᠷᠪᠠ᠂ ᠠᠭᠤᠳᠠᠮ ᠲᠠᠯᠠᠪᠠᠢ᠂ ᠵᠠᠰᠠᠮᠠᠯ ᠵᠠᠮ᠂ ᠵᠦᠯᠭᠡ ᠶᠢ ᠠᠷᠢᠭᠤᠳᠬᠠᠬᠤ ᠦᠶ᠎ᠡ ᠳᠤ ᠪᠠᠶᠢᠨ ᠲᠠᠬᠢᠨ ᠰᠦᠷᠴᠢᠵᠦ ᠪᠤᠯᠬᠤ ᠦᠭᠡᠢ ᠮᠦᠷᠲᠡᠭᠡᠨ ᠨᠢᠰᠭᠡᠯ ᠢᠶᠠᠷ ᠠᠷᠢᠭᠤᠳᠬᠠᠬᠤ ᠶᠢ ᠴᠡᠭᠡᠷᠯᠡᠬᠦ ᠬᠡᠷᠡᠭᠲᠡᠢ᠂ ᠠᠷᠢᠭᠤᠳᠬᠠᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ ᠨᠢ ᠪᠠᠶᠢᠭᠠᠯᠢ ᠤᠷᠴᠢᠨ ᠢ ᠪᠤᠬᠢᠷᠳᠤᠭᠤᠯᠬᠤ ᠠᠶᠤᠯ ᠲᠠᠢ᠃       ᠲᠦᠷᠪᠡ᠂ ᠬᠦᠮᠦᠨ ᠤ ᠪᠡᠶ᠎ᠡ ᠳᠤ ᠶᠡᠭᠡ ᠬᠡᠮᠵᠢᠶ᠎ᠡ ᠪᠠᠷ ᠠᠷᠢᠭᠤᠳᠬᠠᠭᠤᠷ ᠬᠡᠷᠡᠭᠯᠡᠪᠡᠯ ᠠᠮᠢᠰᠬᠤᠯ ᠪᠤᠯᠤᠨ ᠠᠷᠠᠰᠤ ᠪᠠᠷ ᠲᠠᠮᠵᠢᠨ ᠡᠷᠡᠭᠦᠯ ᠮᠡᠨᠳᠦ ᠶᠢ ᠨᠦᠯᠦᠭᠡᠯᠡᠨ᠎ᠡ᠃      ᠭᠠᠳᠠᠭᠰᠢ ᠭᠠᠷᠤᠭᠠᠳ ᠬᠠᠷᠢᠵᠦ ᠢᠷᠡᠭᠰᠡᠨ ᠤ ᠪᠠᠨ ᠲᠠᠷᠠᠭ᠎ᠠ ᠬᠤᠪᠴᠠᠰᠤ ᠬᠤᠨᠠᠷ ᠢᠶᠠᠨ ᠬᠡᠷᠬᠢᠨ ᠠᠷᠢᠭᠤᠳᠬᠠᠬᠤ ᠪᠤᠢ︖ ᠡᠨᠡ ᠲᠤᠬᠠᠢ ᠵᠠᠩ ᠯᠢᠦ ᠪᠦᠸᠧ ᠬᠤᠶᠠᠷ ᠲᠠᠯ᠎ᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ      ᠨᠢᠭᠡ᠂ ᠡᠳᠦᠷ ᠲᠤᠳᠤᠮ ᠤᠨ ᠡᠮᠦᠰᠳᠡᠭ ᠬᠤᠪᠴᠠᠰᠤ ᠬᠤᠨᠠᠷ ᠢᠶᠠᠨ ᠭᠡᠷ ᠲᠡᠭᠡᠨ ᠬᠠᠷᠢᠭᠰᠠᠨ ᠤ ᠲᠠᠷᠠᠭ᠎ᠠ ᠪᠠᠷ ᠡᠭᠦᠳᠡᠨ ᠲᠡᠭᠡᠷ᠎ᠡ ᠪᠠᠨ ᠡᠯᠬᠦᠵᠦ ᠲᠠᠯᠪᠢᠬᠤ ᠬᠡᠷᠡᠭᠲᠡᠢ᠂ ᠭᠠᠳᠠᠨ᠎ᠠ ᠲᠤᠳᠤᠨ᠎ᠠ ᠡᠮᠦᠰᠬᠦ ᠬᠤᠪᠴᠰᠤ ᠬᠤᠨᠠᠷ ᠢᠶᠠᠨ ᠢᠯᠭᠠᠵᠦ ᠰᠠᠯᠭᠠᠵᠦ ᠲᠠᠯᠪᠢᠬᠤ ᠬᠡᠷᠡᠭᠲᠡᠢ᠃ ᠭᠠᠳᠠᠭᠰᠢ ᠭᠠᠷᠬᠤ ᠦᠶ᠎ᠡ ᠶᠢᠨ ᠬᠤᠪᠴᠠᠰᠤ ᠪᠠᠨ ᠡᠳᠦᠷᠵᠢᠨ ᠠᠷᠢᠭᠤᠳᠬᠠᠭᠰᠠᠨ ᠤ ᠬᠡᠷᠡᠭ ᠦᠭᠡᠢ᠃      ᠬᠤᠶᠠᠷ᠂ ᠬᠡᠷᠪᠡ ᠡᠮᠨᠡᠯᠭᠡ ᠳᠤ ᠤᠴᠢᠵᠦ ᠡᠪᠡᠳᠴᠢᠲᠠᠨ ᠢ ᠡᠷᠬᠢᠨ ᠦᠵᠡᠬᠦ᠂ ᠬᠢᠵᠢᠭ ᠤᠨ ᠬᠠᠯᠳᠠᠪᠤᠷᠢ ᠠᠪᠤᠭᠰᠠᠨ ᠪᠠᠶᠢᠵᠦ ᠮᠡᠳᠡᠬᠦ ᠰᠡᠵᠢᠭᠯᠡᠯᠲᠡᠢ ᠬᠦᠮᠦᠨ ᠲᠠᠢ ᠤᠶᠢᠷᠠᠲᠤᠭᠰᠠᠨ ᠪᠠᠶᠢᠪᠠᠯ ᠡᠮᠦᠰᠦᠭᠰᠡᠨ ᠬᠤᠪᠴᠠᠰᠤ ᠪᠠᠨ ᠠᠷᠢᠭᠤᠳᠬᠠᠬᠤ ᠬᠡᠷᠡᠭᠲᠡᠢ᠃ ᠬᠤᠪᠴᠰᠤ ᠬᠤᠨᠠᠷ ᠢᠶᠠᠨ ᠠᠯᠢ ᠴᠢᠳᠠᠬᠤ ᠪᠠᠷ ᠹᠢᠽᠢᠺ ᠤᠨ ᠠᠷᠭ᠎ᠠ ᠪᠠᠷ ᠠᠷᠢᠭᠤᠳᠬᠠᠬᠤ ᠬᠡᠷᠡᠭᠲᠡᠢ᠃ ᠬᠡᠷᠪᠡ ᠪᠦᠲᠦᠮᠵᠢᠲᠡᠢ ᠠᠷᠢᠭᠤᠳᠬᠠᠵᠦ ᠲᠡᠶᠢᠯᠬᠦ ᠦᠭᠡᠢ ᠪᠤᠯ ᠬᠢᠮᠢ ᠶᠢᠨ ᠠᠷᠭ᠎ᠠ ᠪᠠᠷ ᠠᠷᠢᠭᠤᠳᠬᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号