ᠲᠠᠯ᠎ᠠ ᠨᠤᠳᠤᠭ ᠤᠨ ᠠᠷᠠᠳ ᠤᠯᠠᠨ ᠲᠦᠢᠳᠭᠡᠷ ᠬᠢᠵᠢᠭ ᠢ ᠲᠠᠷᠤᠬᠤ ᠳᠤ ᠬᠦᠴᠤ ᠨᠡᠮᠡᠷᠢᠯᠡᠨ᠎ᠠ
ᠨᠡᠶᠢᠲᠡᠯᠡᠭᠰᠡᠨ ᠴᠠᠭ᠄
2020/2/26
     ᠬᠠᠶᠢᠷ᠎ᠠ ᠨᠠᠶᠢᠷ ᠦᠭᠡᠢ ᠲᠠᠭᠠᠷᠢᠵᠦ ᠢᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠰᠢᠯᠢ ᠶᠢᠨ ᠭᠤᠤᠯ ᠠᠶᠢᠮᠠᠭ ᠤᠨ ᠦᠷᠭᠡᠨ ᠤᠯᠠᠨ ᠲᠦᠮᠡᠨ ᠬᠠᠯᠳᠠᠪᠤᠷᠢᠳᠤ ᠬᠢᠵᠢᠭ ᠢ ᠰᠡᠷᠭᠡᠶᠢᠯᠡᠨ ᠠᠷᠢᠯᠭᠠᠬᠤ ᠲᠡᠮᠡᠴᠡᠯ ᠳᠤ ᠢᠳᠡᠪᠬᠢᠯᠡᠨ ᠤᠷᠤᠯᠴᠠᠵᠦ᠂ ᠬᠦᠴᠦᠨ ᠨᠢᠭᠡᠳᠡᠢ ᠪᠠᠷ ᠬᠦᠨᠳᠦ ᠬᠢᠵᠢᠭ ᠤᠨ ᠬᠦᠴᠢᠷ ᠪᠡᠷᠭᠡᠰᠢᠶᠡᠯ ᠢ ᠢᠯᠠᠨ ᠲᠠᠪᠠᠭ᠋ᠤ ᠪᠠᠷ ᠭᠠᠷ ᠭᠠᠷ ᠢᠶᠠᠨ ᠬᠤᠯᠪᠤᠯᠴᠠᠨ ᠬᠠᠶᠢᠷ᠎ᠠ ᠶᠢᠨ ᠬᠠᠯᠠᠭᠤᠨ ᠰᠡᠳᠬᠢᠯ ᠤᠨ ᠬᠠᠨᠳᠢᠪ ᠡᠷᠬᠦᠵᠦ᠂ ᠬᠠᠷᠢᠭᠤᠴᠠᠯᠭ᠎ᠠ ᠪᠠᠨ ᠬᠦᠢᠴᠡᠳᠭᠡᠵᠦ᠂ ᠰᠡᠷᠭᠡᠶᠢᠯᠡᠨ ᠠᠷᠢᠯᠭᠠᠬᠤ ᠬᠠᠳᠠᠭᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠳᠤ ᠨᠢᠭᠡ ᠮᠦᠷᠦᠨ ᠤ ᠬᠦᠴᠦᠨ ᠨᠡᠮᠡᠷᠢᠯᠡᠨ᠎ᠠ᠃      2 ᠰᠠᠷ᠎ᠠ ᠶᠢᠨ 11᠎ ᠤ ᠡᠳᠦᠷ 1800 ᠲᠦᠮᠡᠨ ᠲᠦᠭᠦᠷᠢᠭ ᠤᠨ ᠦᠷᠳᠡᠭ ᠪᠦᠬᠦᠢ 250 ᠲᠤᠨ ᠲᠠᠯ᠎ᠠ ᠨᠤᠳᠤᠭ ᠤᠨ ᠴᠤᠯ ᠪᠠᠶᠢᠭᠠᠯᠢᠯᠢᠭ ᠪᠤᠬᠢᠷᠳᠤᠯ ᠦᠭᠡᠢ ᠦᠭᠡᠷ ᠬᠤᠨᠢᠨ ᠮᠢᠬ᠎ᠠ ᠶᠢ ᠲᠡᠭᠡᠭᠡᠭᠰᠡᠨ ᠠᠴᠢᠶᠠᠨ ᠤ ᠮᠠᠰᠢᠨ ᠰᠢᠯᠢ ᠶᠢᠨ ᠭᠤᠤᠯ ᠤᠨ ᠦᠢ ᠲᠦᠮᠡᠨ ᠬᠦᠮᠦᠰ ᠤᠨ ᠬᠦᠰᠡᠯ ᠬᠠᠶᠢᠷ᠎ᠠ ᠶᠢ ᠠᠴᠢᠶᠠᠯᠠᠵᠦ᠂ ᠰᠢᠯᠢ ᠶᠢᠨ ᠬᠤᠳᠠ ᠠᠴᠠ ᠦᠬᠠᠨ ᠵᠦᠭ ᠮᠤᠷᠳᠠᠯ᠎ᠠ᠃ ᠡᠨᠡ ᠪᠤᠯ ᠮᠠᠨ ᠤ ᠠᠶᠢᠮᠠᠭ 2 ᠰᠠᠷ᠎ᠠ ᠶᠢᠨ 10᠎ ᠤ ᠡᠳᠦᠷ ᠦᠪᠡᠷᠳᠡᠭᠡᠨ ᠵᠠᠰᠠᠬᠤ ᠤᠷᠤᠨ ᠤ ᠬᠤᠪᠸᠢ ᠶᠢ ᠲᠤᠰᠠᠯᠠᠨ ᠲᠡᠮᠵᠢᠬᠦ ᠲᠤᠬᠠᠢ ᠨᠢᠭᠡᠳᠦᠯᠳᠡᠢ ᠪᠠᠶᠢᠷᠢᠯᠠᠭᠤᠯᠤᠯᠳᠠ ᠶᠢ ᠲᠤᠰᠤᠭᠰᠠᠨ ᠤ ᠲᠠᠷᠠᠭ᠎ᠠ ᠰᠢᠯᠢ ᠶᠢᠨ ᠭᠤᠤᠯ ᠠᠶᠢᠮᠠᠭ ᠤᠨ ᠢ ᠱᠦᠨ ᠯᠠᠯᠦ ᠶᠢᠨ ᠤᠯᠠᠭᠠᠨ ᠢᠳᠡᠭᠡᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ ᠪᠤᠯᠤᠨ ᠦᠪᠤᠷ ᠮᠤᠩᠭᠤᠯ ᠤᠨ ᠲᠠᠯ᠎ᠠ ᠨᠤᠳᠤᠭ ᠤᠨ ᠸᠠᠨ ᠺᠠᠢ ᠮᠤᠩᠭᠤᠯ ᠤᠯᠠᠭᠠᠨ ᠢᠳᠡᠭᠡᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ ᠶᠢ ᠵᠤᠬᠢᠶᠠᠨ ᠪᠠᠶᠢᠭᠤᠯᠵᠦ᠂ ᠺᠤᠮᠫᠠᠨᠢ ᠶᠢᠨ ᠠᠵᠢᠯᠴᠢᠳ ᠰᠦᠨᠢᠵᠢᠨ ᠠᠵᠢᠯᠯᠠᠵᠦ ᠪᠠᠶᠢᠭᠠᠳ ᠪᠦᠷᠢᠳᠦᠬᠦᠯᠵᠦ ᠬᠦᠷᠭᠡᠭᠰᠡᠨ ᠦᠭᠡᠷ ᠬᠤᠨᠢᠨ ᠮᠢᠬ᠎ᠠ ᠶᠤᠮ᠃ ᠡᠬᠦᠨ ᠤ ᠲᠠᠷᠠᠭᠠᠬᠠᠨ 2 ᠰᠠᠷ᠎ᠠ ᠶᠢᠨ 12᠎ ᠤᠨ ᠡᠳᠦᠷ ᠰᠢᠯᠢ ᠶᠢᠨ ᠭᠤᠤᠯ ᠠᠶᠢᠮᠠᠭ ᠤᠨ ᠶᠠᠩ ᠶᠠᠩ ᠮᠠᠯ ᠠᠵᠦ ᠠᠬᠤᠢ ᠶᠢᠨ ᠪᠡᠯᠡ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢᠨ ᠬᠠᠨᠳᠢᠪᠯᠠᠭᠰᠠᠨ 120 ᠲᠦᠮᠡᠨ ᠲᠦᠭᠦᠷᠢᠭ ᠤᠨ ᠦᠷᠳᠡᠭ ᠪᠦᠬᠦᠢ 11.28 ᠲᠤᠨ ᠦᠭᠡᠷ ᠬᠤᠨᠢᠨ ᠮᠢᠬᠠᠨ ᠤ ᠪᠦᠳᠦᠭᠡᠭᠳᠡᠬᠦᠨ ᠢ ᠦᠬᠠᠨ ᠤ ᠾᠦᠸᠧ ᠱᠧᠨ ᠱᠠᠨ ᠡᠮᠨᠡᠯᠭᠡ ᠶᠢᠨ ᠬᠤᠷᠢᠶ᠎ᠠ ᠳᠤ ᠬᠦᠷᠭᠡᠵᠦ᠂ ᠤᠢᠢᠷ᠎ᠠ ᠶᠢᠨ ᠡᠳᠦᠷ ᠪᠠᠰᠠ ᠰᠢᠯᠢ ᠶᠢᠨ ᠭᠤᠤᠯ ᠠᠶᠢᠮᠠᠭ ᠤᠨ ᠮᠦ ᠷᠧᠨ ᠨᠠᠢ ᠸᠠ ᠸᠠ ᠦᠢᠯᠡᠳᠪᠦᠷᠢ ᠬᠤᠳᠠᠯᠳᠤᠭᠠᠨ ᠤ ᠬᠢᠵᠠᠭᠠᠷᠳᠤ ᠺᠤᠮᠫᠠᠨᠢ ᠪᠠ ᠰᠢᠯᠢ ᠶᠢᠨ ᠬᠤᠳᠠ ᠶᠢᠨ ᠪᠠᠨᠭ᠌ ᠪᠠᠨᠭ᠌ ᠨᠢᠦ ᠢᠳᠡᠭᠡᠨ ᠤ ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ ᠶᠢᠨ ᠬᠠᠨᠭ᠍ᠭᠠᠭᠰᠠᠨ 10.35 ᠲᠦᠮᠡᠨ ᠲᠦᠭᠦᠷᠢᠭ ᠤᠨ 14 ᠬᠠᠶᠢᠷᠴᠠᠭ ︵8400 ᠤᠭᠤᠳᠠ︶ ᠰᠦ ᠲᠠᠢ ᠴᠠᠢ ᠶᠢᠨ ᠲᠠᠯᠬ᠎ᠠ᠂ 800 ᠵᠢᠩ ᠦᠭᠡᠷ ᠤᠨ ᠪᠤᠷᠴᠠ ᠶᠢ ᠬᠤᠪᠸᠢ ᠳᠤ ᠬᠦᠷᠭᠡᠵᠦ᠂ ᠮᠠᠨ ᠤ ᠠᠶᠢᠮᠠᠭ ᠬᠢᠵᠢᠭ ᠤᠨ ᠬᠠᠮᠤᠭ ᠤᠨ ᠬᠦᠨᠳᠦ ᠤᠷᠤᠨ ᠪᠤᠯᠬᠤ ᠦᠬᠠᠨ ᠢ ᠲᠤᠰᠠᠯᠠᠨ ᠲᠡᠮᠵᠢᠬᠦ ᠠᠵᠢᠯᠯᠠᠭ᠎ᠠ ᠪᠠᠨ ᠦᠷᠬᠦᠯᠵᠢᠯᠡᠬᠦᠯᠵᠦ ᠪᠠᠶᠢᠭ᠎ᠠ ᠶᠤᠮ᠃     ᠪᠦᠬᠦ ᠠᠶᠢᠮᠠᠭ ᠤᠨ ᠡᠯ᠎ᠡ ᠭᠠᠵᠠᠷ᠂ ᠡᠯ᠎ᠡ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠶᠢᠨ ᠠᠵᠢᠯᠳᠠᠨ ᠂ ᠨᠠᠮ ᠤᠨ ᠭᠡᠰᠢᠬᠦᠨ᠂ ᠬᠤᠪᠢ ᠶᠢᠨ ᠡᠵᠡᠩᠨᠡᠯᠳᠡ ᠶᠢᠨ ᠡᠷᠦᠭᠡ᠂ ᠰᠠᠶᠢᠨ ᠲᠤᠷᠠᠴᠤᠤᠯ᠂ ᠮᠠᠯᠴᠢᠳ ᠵᠡᠷᠭᠡ ᠨᠡᠶᠢᠭᠡᠮ ᠤᠨ ᠡᠯ᠎ᠡ ᠡᠳᠡᠭᠡᠳ ᠤᠨ ᠬᠢᠨ ᠴᠤ ᠰᠠᠶᠢᠨ ᠲᠤᠷ᠎ᠠ ᠠᠴᠠ ᠪᠠᠨ ᠬᠢᠵᠢᠭ ᠲᠠᠢ ᠲᠡᠮᠡᠴᠡᠬᠦ ᠳᠤ ᠬᠠᠷᠠᠮ ᠦᠭᠡᠢ ᠵᠤᠭᠤᠰ ᠮᠦᠡᠭᠬᠦ ᠡᠳ᠋ ᠪᠤᠳᠠᠰ ᠬᠠᠨᠳᠢᠪᠯᠠᠵᠦ᠂ ᠦᠷᠭᠡᠨ ᠠᠭᠤᠳᠠᠮ ᠲᠠᠯ᠎ᠠ ᠨᠤᠳᠤᠭ ᠲᠤ ᠬᠢᠵᠢᠭ ᠢ ᠰᠡᠷᠭᠡᠶᠢᠯᠡᠨ ᠡᠵᠡᠮᠳᠡᠬᠦ ᠳᠤ ᠲᠤᠰᠠᠯᠠᠮᠵᠢ ᠦᠵᠡᠬᠦᠯᠵᠦ ᠪᠠᠶᠢᠭ᠎ᠠ ᠦᠢᠯᠡ ᠠᠵᠢᠯᠯᠠᠭ᠎ᠠ ᠬᠦᠮᠦᠰ ᠤᠨ ᠰᠡᠳᠬᠢᠯ ᠢ ᠲᠤᠯᠠᠭᠠᠴᠠᠭᠤᠯᠵᠦ᠂ ᠬᠢᠵᠢᠭ ᠤᠨ ᠬᠦᠴᠢᠷ ᠪᠡᠷᠭᠡᠰᠢᠶᠡᠯ ᠢ ᠢᠯᠠᠨ ᠲᠠᠪᠠᠭ᠋ᠤ ᠵᠤᠷᠢᠭ ᠢ ᠡᠷᠴᠢᠯᠡᠨ᠎ᠡ᠃ 2 ᠰᠠᠷ᠎ᠠ ᠶᠢᠨ 5᠎ ᠤ ᠦᠳᠡ ᠶᠢᠨ ᠬᠤᠶᠢᠨ᠎ᠠ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠬᠢᠨ ᠬᠤᠶᠠᠷ ᠤᠨᠴᠠᠭᠠᠢ ᠵᠤᠴᠢᠨ ᠢ ᠤᠭᠳᠤᠨ ᠠᠪᠤᠯ᠎ᠠ᠃ ᠡᠨᠡ ᠪᠤᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠴᠠᠶᠢᠳᠠᠮ ᠭᠠᠴᠠᠭᠠᠨ ᠳᠤ ᠨᠢᠭᠡᠳᠦᠭᠡᠷ ᠱᠦᠵᠢ ᠪᠠᠶᠢᠭᠰᠠᠨ ᠪᠦᠭᠡᠴᠢᠯᠠᠭᠤ ᠨᠦᠬᠦᠷ ᠤᠨ ᠬᠦᠦ ᠭᠡᠦᠭᠡᠨ ᠨᠢ ᠲᠡᠬᠦᠨ ᠤ ᠭᠡᠷᠢᠶᠡᠰᠦᠯᠡᠵᠦ ᠦᠯᠡᠳᠡᠭᠡᠭᠰᠡᠨ 2 ᠲᠦᠮᠡᠨ ᠲᠦᠭᠦᠷᠢᠭ ᠤᠨ ᠨᠠᠮ ᠤᠨ ᠰᠦᠢᠳᠭᠡᠯ ᠢ ᠬᠦᠷᠭᠡᠵᠦ ᠢᠷᠡᠭᠰᠡᠨ ᠠᠵᠢ᠃ ᠪᠦᠭᠡᠴᠢᠯᠠᠭᠤ ᠨᠦᠬᠦᠷ 2 ᠰᠠᠷ᠎ᠠ ᠶᠢᠨ 3᠎ ᠤ ᠡᠳᠦᠷ ᠡᠪᠡᠳᠴᠢᠨ ᠢᠶᠠᠷ ᠨᠠᠰᠤ ᠪᠠᠷᠠᠵᠠᠢ᠃ ᠨᠠᠰᠤ ᠪᠠᠷᠠᠬᠤ ᠠᠴᠠ ᠪᠠᠨ ᠡᠮᠤᠨ᠎ᠡ᠄ ︽ᠵᠤᠬᠢᠶᠠᠨ ᠪᠠᠶᠢᠭᠤᠯᠤᠯᠳᠠ ᠠᠴᠠ ᠨᠠᠮ᠎ᠠ ᠶᠢ ᠤᠯᠠᠨ ᠵᠢᠯ ᠬᠦᠮᠦᠵᠢᠬᠦᠯᠦᠭᠰᠡᠨ ᠳᠤ ᠲᠠᠯᠠᠷᠠᠬᠵᠦ ᠪᠠᠶᠢᠨ᠎ᠠ᠂ ᠤᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠭᠡᠴᠡᠬᠦᠦ ᠪᠠᠶᠢᠳᠠᠯ ᠳᠤ ᠮᠢᠨᠦ ᠬᠤᠪᠢ ᠳᠤ ᠭᠠᠷ ᠨᠤᠬᠤᠯᠠᠵᠦ ᠰᠠᠭᠤᠬᠤ ᠠᠴᠠ ᠦᠭᠡᠷ᠎ᠡ ᠠᠷᠭ᠎ᠠ ᠦᠭᠡᠢ᠂ ᠲᠠ ᠨᠠᠷ ᠡᠨᠡ ᠵᠤᠭᠤᠰ ᠢ ᠵᠠᠪᠠᠯ ᠨᠠᠮ ᠤᠨ ᠵᠤᠬᠢᠶᠠᠨ ᠪᠠᠶᠢᠭᠤᠯᠤᠯᠳᠠ ᠳᠤ ᠲᠤᠰᠢᠶᠠᠵᠦ ᠦᠭᠬᠦᠭᠡᠷᠡᠢ︾ ᠭᠡᠵᠦ ᠭᠡᠷᠢᠶᠡᠰᠦᠯᠡᠨ ᠵᠠᠬᠢᠭᠰᠠᠨ ᠪᠠᠶᠢᠵᠠᠢ᠃ ᠠᠮᠢ ᠨᠠᠰᠤᠨ ᠤ ᠪᠠᠨ ᠬᠠᠮᠤᠭ ᠡᠴᠤᠰ ᠤᠨ ᠮᠦᠴᠡ ᠳᠤ ᠬᠦᠷᠳᠡᠯ᠎ᠡ ᠨᠠᠮ ᠤᠨ ᠭᠡᠰᠢᠬᠦᠨ ᠤ ᠲᠡᠩᠭᠠᠷᠢᠭ ᠢᠶᠠᠨ ᠪᠠᠳᠤ ᠰᠠᠬᠢᠵᠦ ᠶᠠᠪᠤᠭᠰᠠᠨ ᠠᠬᠠᠮᠠᠳ ᠨᠠᠮ ᠤᠨ ᠭᠡᠰᠢᠬᠦᠨ ᠮᠠᠨᠢ ᠬᠦᠮᠦᠨ ᠤᠯᠠᠨ ᠳᠠᠭᠠᠨ ᠲᠠᠭᠤᠷᠢᠶᠠᠯ ᠦᠵᠡᠬᠦᠯᠵᠦ᠂ ᠨᠠᠮ ᠤᠨ ᠭᠡᠰᠢᠬᠦᠨ ᠤ ᠡᠷᠬᠢᠮ ᠴᠢᠨᠠᠷ ᠢ ᠢᠯᠡᠷᠡᠬᠦᠯᠦᠭᠰᠡᠨ ᠡ᠃ ᠶᠠᠭ ᠡᠨᠡ ᠬᠦ ᠬᠠᠮᠤᠭ ᠤᠨ ᠬᠦᠴᠢᠷ ᠪᠡᠷᠭᠡᠰᠢᠶᠡᠯ ᠲᠠᠢ ᠦᠶ᠎ᠠ ᠳᠤ᠂ ᠬᠠᠮᠤᠭ ᠤᠨ ᠭᠡᠷᠡᠭᠴᠡᠭᠡ ᠲᠠᠢ ᠦᠶ᠎ᠠ ᠳᠤ ᠡᠪ ᠬᠠᠮᠳᠤ ᠨᠠᠮ ᠤᠨ ᠭᠡᠰᠢᠬᠦᠳ ᠴᠢᠩᠭ᠎ᠠ ᠬᠠᠳᠠᠭᠤ ᠠᠮᠠᠯᠳᠠᠯᠭ᠎ᠠ ᠪᠠᠨ ᠪᠠᠳᠤ ᠴᠡᠭᠡᠵᠢᠯᠡᠵᠦ᠂ ᠨᠠᠮ ᠤᠨ ᠭᠡᠰᠢᠬᠦᠳ ᠡᠮᠤᠨ᠎ᠠ ᠹᠷᠤᠨᠲ ᠲᠤ ᠬᠤᠰᠢᠭᠤᠴᠢᠯᠠᠬᠤ ᠶᠢᠨ ᠵᠡᠷᠭᠡᠪᠡᠷ ᠤᠯᠠᠨ ᠢᠶᠠᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ ᠪᠢᠯᠡ᠃ ᠵᠠᠯᠠᠭᠤ ᠨᠠᠰᠤᠨ ᠳᠠᠭᠠᠨ ᠰᠤᠯᠤᠩᠭᠤᠰ ᠢ ᠲᠤᠰᠠᠯᠠᠬᠤ ᠲᠠᠶᠢᠨ ᠳᠤ ᠤᠷᠤᠯᠴᠠᠵᠦ ᠦᠡᠭᠭᠡᠷᠡᠭᠰᠡᠨ ᠪᠦᠭᠡᠳ ᠡᠬᠡ ᠨᠤᠳᠤᠭ ᠢᠶᠠᠨ ᠪᠦᠳᠦᠭᠡᠨ ᠪᠠᠶᠢᠭᠤᠯᠬᠤ ᠦᠢᠯᠡᠰ ᠲᠤ ᠢᠳᠡᠪᠬᠢᠯᠡᠵᠦ ᠶᠠᠪᠤᠭᠰᠠᠨ ᠤᠯᠠᠭᠠᠢ ᠬᠠᠮᠢᠶᠠᠷᠤᠯᠳᠠ ᠶᠢᠨ ᠤᠷᠤᠨ ᠤ ᠠᠵᠢᠯ ᠠᠴᠠ ᠪᠠᠨ ᠰᠠᠯᠵᠦ ᠠᠮᠦᠰᠬᠢᠭᠰᠡᠨ 91 ᠨᠠᠰᠤᠳᠠᠢ ᠨᠠᠮ ᠤᠨ ᠭᠡᠰᠢᠬᠦᠨ ᠴᠠᠩ ᠾᠸᠦ ᠷᠦᠡᠭ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠳᠤ ᠤᠷᠤᠯᠴᠠᠵᠦ ᠲᠡᠶᠢᠯᠬᠦ ᠦᠭᠡᠢ ᠪᠤᠯᠪᠠᠴᠦ ᠰᠡᠳᠬᠢᠯ ᠢᠶᠠᠨ ᠢᠯᠡᠳᠭᠡᠵᠦ ᠪᠠᠶᠢᠨ᠎ᠠ ᠭᠡᠵᠦ ᠤᠯᠠᠭᠠᠢ ᠬᠠᠮᠢᠶᠠᠷᠤᠯᠳᠠ ᠶᠢᠨ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ 2000 ᠲᠦᠭᠦᠷᠢᠭ ᠬᠠᠨᠳᠢᠪᠯᠠᠭᠰᠠᠨ︔ ᠪᠠᠷᠠᠭᠤᠨ ᠦᠵᠦᠮᠤᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠬᠦᠭᠵᠢᠯᠳᠦ ᠭᠠᠴᠠᠭᠠᠨ ᠤ ᠨᠠᠮ ᠤᠨ ᠭᠡᠰᠢᠬᠦᠳ ᠲᠦᠷᠦᠭᠦᠯᠡᠨ ᠭᠡᠰᠡᠭ ᠮᠠᠯᠴᠢᠳ ᠬᠠᠮᠳᠤᠪᠡᠷ 2830 ᠲᠦᠭᠦᠷᠢᠭ ᠬᠠᠨᠳᠢᠪᠯᠠᠭᠰᠠᠨ︔ ᠬᠤᠭᠤᠯᠠᠳᠤ ᠶᠢᠨ ᠭᠤᠤᠯ ᠪᠠᠯᠭᠠᠰᠤᠨ ᠤ ᠪᠠᠯᠭᠠᠷ ᠭᠠᠴᠠᠭ᠎ᠠ ᠶᠢᠨ ᠨᠠᠮ ᠤᠨ ᠭᠡᠰᠢᠬᠦᠳ᠂ ᠮᠠᠯᠴᠢᠨ ᠢᠳᠡᠪᠬᠢᠳᠡᠨ ᠨᠡᠶᠢᠳᠡ 8000 ᠲᠦᠭᠦᠷᠢᠭ ᠬᠠᠨᠳᠢᠪᠯᠠᠭᠰᠠᠨ︔ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ 1349 ᠨᠠᠮ ᠤᠨ ᠭᠡᠰᠢᠬᠦᠨ ᠪᠠ ᠮᠠᠯᠴᠢᠨ ᠨᠡᠶᠢᠳᠡ 14 ᠲᠦᠮᠡ 6493 ᠲᠦᠭᠦᠷᠢᠭ ᠬᠠᠨᠳᠢᠪᠯᠠᠭᠰᠠᠨ︔ ᠰᠢᠯᠤᠭᠤᠨ ᠬᠦᠭᠡ ᠬᠤᠰᠢᠭᠤᠨ ᠤ ᠵᠢᠭᠠᠰᠤᠳᠠᠢ ᠰᠤᠮᠤ ᠶᠢᠨ ᠪᠠᠶᠠᠨᠪᠤᠯᠠᠭ ᠭᠠᠴᠠᠭᠠᠨ ᠤ ᠨᠠᠮ ᠤᠨ ᠭᠡᠰᠢᠬᠦᠨ᠂ ᠪᠡᠯᠡᠳᠭᠡᠯ ᠨᠠᠮ ᠤᠨ ᠭᠡᠰᠢᠬᠦᠨ ᠪᠠ ᠢᠳᠡᠪᠬᠢᠳᠡᠨ ᠨᠡᠶᠢᠳᠡ 3300 ᠲᠦᠭᠦᠷᠢᠭ ᠬᠠᠨᠳᠢᠪᠯᠠᠭᠰᠠᠨ ᠁᠃     ᠠᠮᠢ ᠨᠠᠰᠤ ᠬᠠᠮᠤᠭ ᠠᠴᠠ ᠡᠷᠬᠢᠮ᠃ ᠬᠠᠯᠳᠠᠪᠤᠷᠢᠳᠤ ᠬᠢᠵᠢᠭ ᠬᠠᠶᠢᠷ᠎ᠠ ᠨᠠᠶᠢᠷ ᠦᠭᠡᠢ ᠭᠡᠬᠦ ᠳᠤ ᠬᠦᠮᠦᠨ ᠬᠦᠮᠦᠨ ᠤ ᠬᠤᠭᠤᠷᠤᠨᠳᠤ ᠬᠠᠶᠢᠷ᠎ᠠ ᠲᠦᠰᠢᠭ ᠪᠠᠶᠢᠳᠠᠭ᠃ ᠲᠡᠭᠡᠷ᠎ᠡ ᠵᠠᠭᠤᠨ ᠤ ᠵᠢᠷᠠᠭᠠᠳ ᠤᠨ ᠤ ᠦᠶ᠎ᠡ ᠳᠤ ᠮᠠᠨ ᠤ ᠤᠯᠤᠰ ᠲᠤ ᠭᠤᠷᠪᠠᠨ ᠵᠢᠯ ᠦᠷᠬᠦᠯᠵᠢᠯᠡᠭᠰᠡᠨ ᠪᠠᠶᠢᠭᠠᠯᠢ ᠶᠢᠨ ᠭᠠᠮᠰᠢᠭ ᠪᠤᠯᠵᠦ᠂ ᠦᠪᠤᠷ ᠮᠤᠩᠭᠤᠯ ᠤᠨ ᠲᠠᠯ᠎ᠠ ᠨᠤᠳᠤᠭ 3000 ᠭᠠᠷᠦᠢ ᠱᠠᠩᠬᠠᠢ ᠶᠢᠨ ᠦᠨᠦᠴᠢᠨ ᠭᠡᠦᠭᠡᠳ ᠢ ᠬᠠᠯᠠᠭᠤᠨ ᠭᠠᠷ ᠢᠶᠠᠨ ᠲᠡᠯᠭᠡᠵᠦ ᠦᠷᠡᠴᠢᠯᠡᠨ ᠠᠪᠤᠭᠰᠠᠨ ᠶᠤᠮ᠃ ᠡᠳᠡᠭᠡᠷ ᠲᠠᠯ᠎ᠠ ᠨᠤᠳᠤᠭ ᠲᠤ ᠦᠰᠦᠨ ᠪᠤᠶᠢᠵᠢᠭᠰᠠᠨ ᠱᠠᠩᠬᠠᠢ ᠶᠢᠨ ᠦᠨᠦᠴᠢᠨ ᠭᠡᠦᠭᠡᠳ ᠤᠯᠤᠰ ᠤᠷᠤᠨ ᠭᠠᠮᠰᠢᠭ ᠲᠤ ᠤᠴᠠᠷᠠᠭᠰᠠᠨ ᠦᠶ᠎ᠡ ᠳᠤ ᠤᠳᠠᠭ᠎ᠠ ᠪᠤᠯᠭᠠᠨ ᠬᠠᠨᠳᠢᠪ ᠡᠷᠬᠦᠵᠤ᠂ ᠨᠠᠮ ᠠᠷᠠᠳ ᠲᠦᠮᠡᠨ ᠤ ᠪᠠᠨ ᠠᠴᠢ ᠭᠠᠪᠢᠶ᠎ᠠ ᠶᠢ ᠬᠠᠷᠢᠭᠤᠯᠵᠦ ᠢᠷᠡᠯ᠎ᠡ᠃ ᠡᠨᠡ ᠤᠳᠠᠭ᠎ᠠ ᠴᠦ ᠦᠬᠠᠨ ᠤ ᠬᠢᠵᠢᠭ ᠤᠨ ᠪᠠᠶᠢᠳᠠᠯ ᠦᠷᠪᠢᠰᠴᠦ ᠪᠠᠶᠢᠭ᠎ᠠ ᠴᠢᠮᠡᠭᠡ ᠶᠢ ᠲᠤᠭᠤᠯᠤᠩᠭᠤᠳᠠ ᠰᠢᠯᠢ ᠶᠢᠨ ᠬᠤᠳᠠ ᠳᠤ ᠪᠠᠶᠢᠭ᠎ᠠ ᠭᠠᠯᠠᠭᠤ᠂ ᠶᠠᠩ ᠯᠢ ᠵᠢᠶᠦᠶ᠋ᠨ ᠭᠡᠳᠦᠬᠦᠯᠡ ᠰᠠᠨᠠᠭᠠᠴᠢᠯᠠᠵᠦ᠂ ᠵᠢᠷᠬᠢᠶ᠎ᠡ ᠶᠢᠨ ᠲᠠᠪᠴᠠᠩ ᠳᠠᠭᠠᠨ ᠱᠠᠩᠬᠠᠢ ᠶᠢᠨ ᠦᠨᠦᠴᠢᠨ ᠭᠡᠦᠭᠡᠳ ᠤᠨ ᠵᠤᠭᠤᠰ ᠮᠦᠡᠭᠬᠦ ᠬᠠᠨᠳᠢᠪᠯᠠᠬᠤ ᠶᠢ ᠤᠷᠢᠶᠠᠯᠠᠭᠰᠠᠨ ᠲᠠᠷᠦᠢ 34 ᠤᠯᠤᠰ ᠤᠨ ᠭᠡᠦᠭᠡᠳ ᠲᠡᠷᠡ ᠲᠤᠤᠷ᠎ᠠ ᠨᠢ 7000 ᠭᠠᠷᠦᠢ ᠲᠦᠭᠦᠷᠢᠭ ᠴᠤᠭᠯᠠᠭᠤᠯᠵᠦ᠂ 2 ᠰᠠᠷ᠎ᠠ ᠶᠢᠨ 5᠎ ᠤ ᠡᠳᠦᠷ ᠠᠶᠢᠮᠠᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠬᠦᠷᠭᠡᠨ ᠦᠭᠴᠠᠢ᠃ ︽ᠨᠢᠭᠡ ᠨᠢ ᠭᠠᠴᠢᠭᠳᠠᠪᠠᠯ ᠨᠡᠶᠢᠳᠡ ᠪᠠᠷ ᠢᠶᠠᠨ ᠲᠤᠰᠠᠯᠠᠨ ᠲᠡᠮᠵᠢᠨ᠎ᠡ᠃ ᠦᠬᠠᠨ ᠤ ᠭᠠᠴᠢᠭᠳᠠᠯ ᠲᠠᠢ ᠪᠠᠶᠢᠳᠠᠯ ᠳᠤ ᠪᠢᠳᠡ ᠭᠠᠷ ᠰᠠᠵᠢᠵᠦ ᠰᠠᠭᠤᠵᠦ ᠪᠤᠯᠬᠤ ᠦᠭᠡᠢ᠂ ᠨᠡᠶᠢᠭᠡᠮ ᠳᠤ ᠪᠢᠳᠡ ᠠᠴᠢ ᠲᠤᠰᠠ ᠶᠢ ᠨᠢ ᠬᠠᠷᠢᠭᠤᠯᠵᠦ᠂ ᠡᠨᠡ ᠤᠳᠠᠭᠠᠨ ᠤ ᠤᠳᠤᠭ᠎ᠠ ᠦᠭᠡᠢ ᠲᠠᠶᠢᠨ ᠤ ᠢᠯᠠᠯᠳᠠ ᠶᠢ ᠲᠡᠮᠡᠴᠡᠨ ᠤᠯᠬᠤ ᠳᠤ ᠦᠪᠡᠷ ᠤᠨ ᠨᠢᠭᠡ ᠮᠦᠷᠦᠨ ᠤ ᠬᠦᠴᠦ ᠪᠠᠨ ᠡᠷᠬᠦᠰᠦᠭᠡᠢ︾ ᠭᠡᠵᠦ ᠲᠡᠳᠡ ᠰᠠᠨᠠᠭᠠᠴᠢᠯᠠᠬᠰᠡᠨ ᠪᠠᠶᠢᠯ᠎ᠠ᠃     ᠤᠯᠠᠨ ᠤ ᠬᠦᠴᠦᠨ ᠳᠤ ᠤᠪᠤᠭ᠎ᠠ ᠪᠤᠰᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠡᠬᠦᠰᠦᠭᠰᠡᠨ ᠠᠴᠠ ᠨᠠᠭᠠᠰᠢ᠂ ᠮᠠᠨ ᠤ ᠠᠶᠢᠮᠠᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠦᠬᠦ ᠠᠶᠢᠮᠠᠭ ᠤᠨ ᠵᠠᠰᠠᠭ ᠵᠠᠬᠢᠷᠭᠠᠨ ᠤ ᠨᠢᠭᠡᠴᠢ᠂ ᠠᠵᠦ ᠠᠬᠤᠢᠢᠯᠠᠯ ᠠᠵᠢᠯ ᠦᠢᠯᠡᠰ ᠤᠨ ᠪᠠᠶᠢᠭᠤᠯᠭ᠎ᠠ ᠳᠤ ᠬᠠᠨᠳᠢᠪ ᠡᠷᠬᠦᠬᠦ ᠤᠷᠢᠶᠠᠯᠠᠭ᠎ᠠ ᠭᠠᠷᠭᠠᠭᠰᠠᠨ ᠪᠦᠭᠡᠳ ᠨᠡᠶᠢᠭᠡᠮ ᠤᠨ ᠡᠯ᠎ᠠ ᠡᠳᠡᠭᠡᠳ ᠡᠯ᠎ᠠ ᠵᠦᠢᠯ ᠤᠨ ᠠᠷᠭ᠎ᠠ ᠪᠠᠷᠢᠯ ᠢᠶᠠᠷ ᠲᠠᠮᠵᠢᠭᠤᠯᠵᠦ᠂ ᠢᠳᠡᠪᠬᠢᠳᠡᠢ ᠵᠤᠭᠤᠰ ᠮᠦᠡᠭᠬᠦ ᠡᠳ᠋ ᠪᠤᠳᠠᠰ ᠬᠠᠨᠳᠢᠪᠯᠠᠵᠦ᠂ ᠬᠦᠨᠳᠦ ᠬᠢᠵᠢᠭ ᠲᠠᠢ ᠤᠷᠤᠨ ᠬᠤᠪᠸᠢ ᠮᠤᠵᠢ ᠶᠢ ᠲᠤᠰᠠᠯᠠᠵᠦ᠂ ᠬᠢᠵᠢᠭ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ ᠤᠨ ᠡᠮᠴᠢ ᠰᠤᠪᠢᠯᠠᠭᠴᠢ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠠᠭᠠᠯᠠᠭᠴᠢ᠂ ᠨᠡᠶᠢᠭᠡᠮ ᠲᠤᠭᠤᠷᠢᠭ ᠲᠤ ᠵᠢᠵᠢᠬᠦᠷᠯᠡᠵᠦ ᠪᠠᠶᠢᠭ᠎ᠠ ᠬᠦᠮᠦᠰ ᠲᠤ ᠬᠠᠶᠢᠷ ᠎ᠠ ᠵᠤᠷᠢᠭᠵᠢᠭᠤᠯᠤᠯ ᠬᠦᠷᠳᠡᠭᠡᠵᠦ᠂ 2 ᠰᠠᠷ᠎ᠠ ᠶᠢᠨ 17᠎ ᠤ ᠡᠳᠦᠷ ᠤᠨ 10 ᠴᠠᠭ ᠪᠤᠯᠳᠠᠯ᠎ᠠ ᠪᠦᠬᠦ ᠠᠶᠢᠮᠠᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠰᠲ᠋ᠧᠮ ᠨᠡᠶᠢᠭᠡᠮ ᠤᠨ ᠡᠯ᠎ᠠ ᠡᠳᠡᠭᠡᠳ ᠤᠨ ᠬᠠᠨᠳᠢᠪ 3086 ᠲᠦᠮᠡ 5442.72 ᠲᠦᠭᠦᠷᠢᠭ ᠪᠠ 489 ᠲᠦᠮᠡ 4894.77 ᠲᠦᠭᠦᠷᠢᠭ ᠤᠨ ᠦᠷᠳᠡᠭ ᠪᠦᠬᠦᠢ ᠡᠳ᠋ ᠪᠤᠳᠠᠰ ᠢ ᠲᠤᠰᠤᠨ ᠤᠯᠵᠦ᠂ ᠨᠡᠶᠢᠳᠡ 3576 ᠲᠦᠮᠡ 337.49 ᠲᠦᠭᠦᠷᠢᠭ ᠲᠤ ᠬᠦᠷᠪᠡ᠃ ᠲᠤᠰᠤᠯ ᠤᠰᠤ ᠬᠤᠷᠠᠮᠳᠤᠨ ᠬᠤᠷᠠᠮᠳᠤᠭᠰᠠᠭᠠᠷ ᠲᠠᠯᠠᠢ ᠪᠤᠯᠳᠠᠭ ᠲᠠᠢ ᠠᠳᠠᠯᠢ ᠪᠠᠷ ᠪᠦᠬᠦᠳᠡ ᠤᠯᠠᠨ ᠤ ᠲᠡᠮᠵᠢᠯᠭᠡ ᠲᠤᠰᠠᠯᠠᠮᠵᠢ ᠰᠡᠷᠭᠡᠶᠢᠯᠡᠨ ᠡᠵᠡᠮᠳᠡᠬᠦ ᠬᠦᠴᠦᠳᠦ ᠤᠷᠤᠰᠬᠠᠯ ᠪᠤᠯᠵᠦ᠂ ᠤᠳᠠᠯ ᠦᠭᠡᠢ ᠬᠢᠵᠢᠭ ᠢ ᠰᠡᠷᠭᠡᠶᠢᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠨᠢ ᠯᠠᠪᠳᠠᠢ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号