ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ︽ᠲᠥᠷᠥᠯ ᠬᠤᠪᠢᠶᠠᠨ | ᠵᠢᠯᠣᠭᠤᠳᠴᠤ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠬᠡᠳ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠬᠦ ᠲᠤᠬᠠᠶ ᠰᠠᠨᠠᠯ︾ ᠢ | ᠳᠠᠷᠤᠮᠠᠯᠯᠠᠨ ᠳᠠᠷᠬᠠᠭᠠᠪᠠ᠃ ︽ᠰᠠᠨᠠᠯ︾ ᠤᠨ ᠪᠥᠬᠦ ᠠᠭᠤᠯᠭ᠎ᠠ ᠨᠢ ᠳᠣᠤᠷᠠᠬᠢ ᠮᠡᠲᠦ᠄ | ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠬᠰᠢᠳᠠ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠢᠬᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠬᠤᠤᠰ ᠢᠯᠠᠯᠲᠠ ᠶᠢ ᠲᠡᠮᠡᠴᠡᠨ | ᠣᠯᠬᠤ ᠶᠢᠨ ᠲᠤᠰᠠᠳᠠ᠂ ᠳᠣᠤᠷᠠᠬᠢ ᠮᠡᠲᠦ ᠰᠠᠨᠠᠯ ᠢ ᠲᠣᠭᠲᠠᠭᠠᠪᠠ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ | ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠤᠯᠤᠨ ᠨᠠᠮ ᠤᠨ ᠲᠥᠪ ᠬᠤᠷᠢᠶᠠᠨ ᠤ ᠡᠯ᠎ᠡ | ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠬᠢᠵᠦ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠬᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ | ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ | ᠶᠡᠷᠦᠩᠬᠡᠶ ᠳᠠᠶᠢᠯᠠᠯᠳᠤᠭᠠᠨ᠂ ᠬᠤᠷᠢᠭᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠦᠨᠡᠨ ᠬᠦ ᠪᠠᠲᠤᠯᠠᠵᠤ᠂ ᠠᠵᠤ | ᠠᠬᠤᠶ ᠶᠢᠨ ᠲᠣᠭᠲᠠᠭᠤᠨ ᠡᠷᠬᠢᠯᠳᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠨ᠎ᠠ᠃ | ᠬᠤᠶᠠᠷ᠂ ᠬᠠᠷᠠᠯᠲᠠ ᠱᠠᠭᠠᠷᠳᠠᠯᠭ᠎ᠠ | ᠭᠤᠤᠯᠳᠠᠯᠭ᠎ᠠ ᠶᠢ ᠳᠣᠪᠤᠶᠢᠯᠭᠠᠬᠤ᠂ ᠨᠢᠭᠡᠳᠦᠯᠲᠡᠶ ᠲᠥᠯᠥᠪᠵᠢᠬᠦᠯᠦᠨ ᠨᠡᠶᠢᠲᠠᠮ ᠳᠤᠨᠢ ᠬᠠᠷᠠᠭᠠᠯᠵᠠᠬᠤ᠂ ᠲᠥᠷᠥᠯ | ᠬᠤᠪᠢᠶᠠᠨ ᠵᠢᠯᠣᠭᠤᠳᠬᠤ᠂ ᠭᠠᠵᠠᠷ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠬᠢᠵᠢᠭ ᠤᠨ | ᠪᠠᠶᠢᠳᠠᠯ ᠢ ᠪᠥᠬᠦ ᠬᠦᠴᠦᠨ ᠢᠶᠠᠷ ᠢᠶᠠᠨ ᠬᠤᠷᠢᠭᠯᠠᠬᠤ ᠶᠢᠨ ᠬᠠᠮᠲᠤ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ | ᠪᠠᠶᠢᠳᠠᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠠᠳᠬᠤᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠯ᠎ᠡ ᠵᠦᠢᠯ | ᠤᠨ ᠡᠭᠦᠷᠭᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠪᠥᠬᠦ ᠵᠢᠯ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠨ᠂ ᠮᠠᠨ ᠤ ᠣᠷᠣᠨ ᠤ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠬᠦᠯᠬᠦ ᠶᠢ ᠦᠨᠡᠨ ᠬᠦ | ᠪᠠᠲᠤᠯᠠᠵᠤ᠂ ᠪᠥᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠦᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠨ᠂ ᠭᠠᠵᠠᠷ ᠣᠷᠣᠨ ᠪᠠ ᠳᠡᠰ ᠵᠡᠷᠬᠡ ᠬᠤᠪᠢᠶᠠᠨ ᠤᠨᠤᠴᠠᠳᠠᠢ ᠪᠠᠷ ᠰᠡᠷᠭᠡᠶᠢᠯᠡᠨ ᠡᠵᠡᠮᠳᠡᠬᠦ ᠪᠠᠷ ᠭᠠᠷᠳᠠᠴᠠ ᠪᠣᠯᠭᠠᠵᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠵᠢᠬᠦᠯᠦᠨᠡ᠃ | ︵ᠨᠢᠭᠡ︶ ᠬᠢᠵᠢᠭ ᠤᠨ ᠪᠠᠶᠢᠳᠠᠯ ᠤᠨ ᠭᠠᠵᠠᠷ ᠣᠷᠣᠨ ᠢ ᠬᠤᠪᠢᠶᠠᠬᠤ ᠶᠢ ᠣᠨᠤᠴᠠᠲᠠᠢ ᠵᠠᠭᠠᠭᠯᠠᠨ ᠲᠣᠭᠲᠠᠭᠠᠨ᠎ᠠ | ᠤᠷᠤᠨ ᠪᠦᠰᠡ ᠪᠠᠷ ᠨᠢᠭᠡᠴᠢ ᠪᠣᠯᠭᠠᠨ᠂ ᠠᠳᠠᠯᠢ ᠪᠤᠰᠤ ᠭᠠᠵᠠᠷ ᠣᠷᠣᠨ ᠤ ᠠᠶᠤᠯ ᠲᠦᠭᠰᠢᠭᠦᠷᠢ ᠶᠢᠨ ᠲᠠᠰ ᠵᠡᠷᠭᠡ ᠶᠢ | ᠬᠥᠳᠡᠯᠦᠩᠭᠦᠶ ᠪᠠᠷ ᠰᠤᠳᠤᠯᠤᠨ ᠮᠠᠭᠠᠳᠯᠠᠵᠤ᠂ ᠵᠦᠷᠢᠶᠡᠴᠢᠯᠡᠭᠰᠡᠨ ᠠᠷᠭ᠎ᠠ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠵᠦ | ᠂ ᠣᠨᠣᠴᠠᠲᠠᠶ ᠪᠠᠷ ᠤᠷᠢᠳᠴᠢᠯᠠᠨ ᠰᠡᠷᠡᠮᠵᠢᠯᠡᠭᠦᠯᠵᠦ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠴᠠᠲᠠᠶ | ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠤᠨ ᠠᠶᠦᠯ ᠲᠦᠭᠰᠢᠭᠦᠷᠢ ᠶᠢᠨ ᠬᠡᠮᠵᠢᠶ᠎ᠡ ᠶᠢ ᠦᠨᠳᠦᠰᠦᠯᠡᠨ ᠥᠨᠳᠥᠷ ᠠᠴᠠ | ᠳᠣᠤᠷ᠎ᠠ ᠬᠦᠷᠲᠡᠯ᠎ᠡ 4 ᠲᠥᠷᠥᠯ ᠤᠨ ᠭᠠᠵᠠᠷ ᠣᠷᠣᠨ ᠬᠤᠪᠢᠶᠠᠨ᠎ᠠ᠃ | ᠨᠢᠭᠡᠳᠦᠭᠡᠷ ᠲᠥᠷᠥᠯ ᠤᠨ ᠭᠠᠵᠠᠷ ᠣᠷᠣᠨ᠄ ᠣᠬᠤᠷ ᠬᠤᠭᠤᠴᠠᠭᠠᠨ ᠤ ᠳᠣᠲᠣᠷ᠎ᠠ ᠬᠢᠵᠢᠭ ᠤᠨ ᠪᠠᠶᠢᠳᠠᠯ ᠦᠳᠲᠡᠷ | ᠲᠦᠷᠭᠡᠨ ᠲᠠᠷᠬᠠᠵᠤ᠂ ᠨᠡᠶᠢᠭᠡᠮ ᠲᠣᠭᠤᠷᠢᠭ ᠲᠤ ᠳᠡᠯᠭᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶᠃ | ᠬᠤᠶᠠᠳᠤᠭᠠᠷ ᠲᠥᠷᠥᠯ ᠤᠨ ᠭᠠᠵᠠᠷ ᠣᠷᠣᠨ᠄ ᠴᠤᠭᠯᠠᠷᠠᠯ ᠤᠨ ᠴᠢᠨᠠᠷᠲᠠᠶ ᠪᠠ ᠭᠡᠨᠡᠳᠲᠡ ᠬᠢᠵᠢᠭ ᠡᠬᠦᠰᠦᠭᠰᠡᠨ | ᠬᠤᠰᠢᠭᠤ ᠰᠢᠶᠠᠨ ︵ᠬᠤᠲᠠ᠂ ᠲᠣᠭᠤᠷᠢᠭ︶᠃ | ᠭᠤᠷᠪᠠᠳᠤᠭᠠᠷ ᠲᠥᠷᠥᠯ ᠤᠨ ᠭᠠᠵᠠᠷ ᠣᠷᠣᠨ᠄ ᠭᠠᠳᠠᠨ᠎ᠠ ᠠᠴᠠ ᠤᠷᠤᠵᠥ ᠢᠷᠡᠭᠰᠡᠨ ᠳᠠᠷᠬᠠᠭᠠᠬᠰᠠᠨ ᠡᠪᠡᠳᠴᠢᠨ ᠤ | ᠵᠢᠱᠢᠶ᠎ᠡ ᠪᠠᠶᠢᠬᠤ ᠪᠤᠶᠤ ᠬᠥᠷᠰᠢ ᠵᠡᠷᠭᠡᠯᠡᠳᠡᠭᠡ ᠮᠤᠵᠢ ᠤᠷᠤᠨ ᠳᠤ ᠨᠡᠯᠢᠶᠡᠳ ᠬᠦᠨᠳᠦ ᠬᠢᠵᠢᠭ ᠤᠨ ᠪᠠᠶᠢᠳᠠᠯ ᠲᠠᠢ ᠬᠤᠰᠢᠭᠤ | ᠰᠢᠶᠠᠨ ︵ᠬᠤᠲᠠ᠂ ᠲᠣᠭᠤᠷᠢᠭ︶᠃ | ᠳᠥᠷᠪᠡᠳᠦᠭᠡᠷ ᠲᠥᠷᠥᠯ ᠤᠨ ᠭᠠᠵᠠᠷ ᠣᠷᠣᠨ᠄ ᠡᠪᠡᠳᠴᠢᠨ ᠤ ᠵᠢᠱᠢᠶ᠎ᠡ ᠦᠭᠡᠢ ᠪᠤᠶᠤ ᠬᠠᠮᠤᠭ ᠰᠡᠭᠦᠯᠴᠢ ᠶᠢᠨ 1 | ᠡᠪᠡᠳᠴᠢᠨ ᠤ ᠵᠢᠱᠢᠶ᠎ᠡ ᠨᠢ ᠢᠯᠡᠷᠢᠰᠢᠵᠥ ᠡᠮᠨᠡᠯᠭᠡ ᠠᠴᠠ ᠭᠠᠷᠤᠭᠰᠠᠨ ᠪᠥᠭᠡᠳ 14 ᠡᠳᠦᠷ ᠤᠨ ᠳᠠᠷᠠᠭ᠎ᠠ ᠰᠢᠨ᠎ᠡ ᠪᠠᠷ | ᠡᠭᠦᠰᠦᠭᠰᠡᠨ ᠡᠪᠡᠳᠴᠢᠨ ᠤ ᠵᠢᠱᠢᠶ᠎ᠡ ᠦᠭᠡᠢ ᠬᠤᠰᠢᠭᠤ ᠰᠢᠶᠠᠨ ︵ᠬᠤᠲᠠ᠂ ᠲᠣᠭᠤᠷᠢᠭ︶᠃ | ᠡᠯ᠎ᠡ ᠭᠠᠵᠠᠷ ᠣᠷᠣᠨ ᠨᠢ ᠲᠣᠰ ᠣᠷᠣᠨ ᠪᠦᠰᠡ ᠪᠣᠯᠤᠨ ᠡᠷᠭᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ | ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠠᠶᠤᠯ ᠲᠦᠭᠰᠢᠭᠦᠷᠢ ᠶᠢᠨ ᠡᠯᠧᠮᠧᠨ᠋ᠲ ᠢ | ᠶᠡᠷᠦᠩᠬᠡᠶᠢᠯᠡᠨ ᠪᠣᠳᠣᠯᠬᠢᠯᠠᠵᠤ᠂ ᠰᠡᠷᠭᠡᠶᠢᠯᠡᠨ ᠡᠵᠡᠮᠳᠡᠬᠦ ᠭᠠᠵᠠᠷ ᠣᠷᠣᠨ ᠤ ᠲᠥᠷᠥᠯ ᠢᠯᠭᠠᠯ ᠢ ᠬᠥᠳᠡᠯᠦᠩᠭᠦᠶ ᠪᠠᠷ | ᠲᠣᠬᠢᠷᠠᠭᠤᠯᠬᠤ ᠬᠡᠷᠡᠭᠲᠡᠶ᠃ ᠬᠠᠷᠢᠶᠠᠳᠤ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠥᠮ ᠳᠥᠷᠪᠡᠳᠦᠬᠡᠷ | ᠲᠥᠷᠥᠯ ᠤᠨ ᠭᠠᠵᠠᠷ ᠣᠷᠣᠨ ᠪᠤᠯᠬᠤ ᠠᠶᠢᠮᠠᠭ ᠬᠤᠲᠠ ᠳᠤ᠂ ᠠᠶᠢᠮᠠᠭ ᠬᠤᠲᠠ ᠪᠠᠷ ᠨᠢᠭᠡᠴᠢ ᠪᠣᠯᠭᠠᠨ ᠬᠡᠰᠡᠭ ᠬᠤᠪᠢᠶᠠᠷᠢᠯᠠᠨ | ᠲᠣᠭᠲᠠᠭᠠᠵᠤ ᠪᠣᠯᠤᠨ᠎ᠠ᠃ | ︵ᠬᠤᠶᠠᠷ︶ ᠭᠠᠵᠠᠷ ᠣᠷᠣᠨ ᠬᠤᠪᠢᠶᠠᠨ ᠳᠡᠰ ᠵᠡᠷᠬᠡ ᠬᠤᠪᠢᠶᠠᠵᠤ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠦᠨ᠎ᠡ | ᠡᠯ᠎ᠡ ᠲᠥᠷᠥᠯ ᠤᠨ ᠭᠠᠵᠠᠷ ᠣᠷᠣᠨ ᠴᠥᠮ ︽ᠬᠦᠯᠢᠶᠡᠨ ᠠᠪᠴᠤ ᠡᠮᠨᠡᠨ ᠵᠠᠰᠠᠬᠤ ᠨᠣᠷᠮ᠎ᠠ᠂ ᠢᠯᠡᠷᠢᠰᠢᠬᠦᠯᠬᠦ | ᠨᠣᠷᠮ᠎ᠠ ᠶᠢ ᠳᠡᠭᠡᠭᠰᠢᠯᠡᠭᠦᠯᠬᠦ᠂ ᠬᠠᠯᠳᠠᠪᠤᠷᠢᠯᠠᠬᠤ ᠨᠣᠷᠮ᠎ᠠ ᠪᠣᠯᠤᠨ ᠡᠪᠡᠳᠴᠢᠨ ᠢᠶᠠᠷ ᠦᠬᠦᠬᠦ ᠨᠣᠷᠮ᠎ᠠ ᠶᠢ ᠪᠠᠭᠤᠷᠠᠭᠤᠯᠬᠤ︾ | ᠲᠣᠭᠤᠷᠢᠨ ᠳᠤ ᠡᠷᠲᠡ ᠢᠯᠡᠷᠡᠬᠦᠯᠵᠥ᠂ ᠡᠷᠲᠡ ᠮᠡᠳᠡᠭᠦᠯᠤᠨ᠂ ᠡᠷᠲᠡ ᠲᠤᠰᠠᠭᠠᠷᠯᠠᠵᠤ᠂ ᠡᠷᠲᠡ ᠵᠠᠰᠠᠬᠤ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠥ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠭᠤᠷᠪᠠᠨ ᠳᠠᠪᠬᠤᠷ ᠰᠡᠷᠭᠡᠶᠢᠯᠡᠯᠲᠡ ᠶᠢᠨ ᠱᠤᠭᠤᠮ ᠢ | ᠨᠢᠭᠲᠠ ᠪᠠᠬᠢ ᠰᠦᠯᠵᠢᠬᠦ ᠬᠡᠷᠡᠭᠲᠡᠶ᠃ ᠨᠢᠭᠡ ᠳᠤ ᠵᠠᠮ ᠬᠠᠷᠢᠯᠴᠠᠭᠠᠨ ᠤ ᠪᠤᠭᠤᠮᠳᠠ ᠶᠢᠨ ᠰᠡᠷᠭᠡᠶᠢᠯᠡᠯᠲᠡ ᠶᠢᠨ ᠱᠤᠭᠤᠮ ᠢ | ᠰᠠᠬᠢᠵᠤ᠂ ᠠᠭᠠᠷ ᠤᠨ ᠠᠶᠠᠯᠠᠯ᠂ ᠲᠡᠮᠦᠷ ᠵᠠᠮ᠂ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠣᠷᠣᠵᠤ ᠭᠠᠷᠬᠤ ᠭᠠᠵᠠᠷ ᠤᠨ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠵᠦ ᠵᠢᠭᠰᠠᠭᠠᠨ ᠪᠠᠶᠢᠴᠠᠭᠠᠬᠤ ᠵᠡᠷᠭᠡ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠢᠷᠡᠭᠰᠡᠨ ᠬᠥᠮᠦᠰ ᠤᠨ ᠮᠠᠨ ᠤ ᠣᠷᠣᠨ ᠳᠤ | ᠤᠷᠤᠵᠥ ᠢᠷᠡᠬᠦ ᠨᠢᠭᠡᠳᠦᠭᠡᠷ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠶ᠃ ᠬᠤᠶᠠᠷ ᠲᠤ ᠨᠡᠶᠢᠭᠡᠮ ᠲᠣᠭᠤᠷᠢᠭ ︵ᠭᠠᠴᠠᠭ᠎ᠠ | ᠲᠣᠰᠬᠤᠨ︶ ᠤᠨ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ᠂ ᠲᠣᠤᠷᠵᠢᠭᠤᠯᠤᠭᠰᠠᠨ᠂ | ᠲᠤᠰᠬᠠᠶᠢᠵᠢᠭᠤᠯᠤᠭᠰᠠᠨ᠂ ᠬᠡᠪᠰᠢᠵᠢᠭᠦᠯᠦᠭᠰᠡᠨ ᠮᠠᠶ᠋ᠢᠭ ᠤᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠣᠯᠠᠨ ᠢᠶᠠᠷ ᠢᠶᠠᠨ ᠰᠡᠷᠭᠡᠶᠢᠯᠡᠵᠤ ᠣᠯᠠᠨ ᠢᠶᠠᠷ ᠢᠶᠠᠨ ᠡᠵᠡᠮᠳᠡᠨ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠵᠥ᠂ ᠭᠤᠤᠯᠳᠠᠯᠭ᠎ᠠ ᠲᠠᠢ ᠬᠥᠮᠦᠰ ᠢ ᠮᠥᠷᠳᠡᠨ ᠳᠠᠭᠠᠬᠤ ᠪᠠ ᠲᠥᠪᠯᠡᠷᠡᠭᠦᠯᠦᠨ ᠬᠠᠮᠢᠶᠠᠷᠴᠤ᠂ | ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠳᠠᠷᠬᠠᠬᠤ ᠪᠠ | ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠤᠷᠪᠠ ᠳᠤ ᠡᠪᠡᠳᠴᠢᠨ ᠦᠵᠡᠭᠦᠯᠬᠦ ᠶᠢ ᠰᠢᠭᠰᠢᠨ ᠪᠠᠶᠢᠴᠠᠭᠠᠬᠤ | ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠡᠵᠡᠮᠳᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ | ᠰᠠᠯᠭᠠᠨ ᠣᠨᠣᠰᠢᠯᠠᠬᠤ᠂ ᠬᠠᠯᠠᠭᠤᠷᠠᠯ ᠤᠨ ᠡᠭᠦᠳᠡᠨ ᠡᠮᠨᠡᠯᠭᠡ ᠪᠠ ᠬᠠᠯᠠᠭᠤᠷᠠᠯ ᠤᠨ ᠡᠮᠴᠢᠯᠡᠭᠡᠨ ᠤ ᠲᠠᠰᠤᠭ ᠤᠨ | ᠵᠢᠷᠤᠮᠵᠢᠭᠤᠯᠤᠬᠰᠠᠨ ᠦᠢᠯᠡᠴᠢᠯᠡᠭᠡ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ | ᠵᠢᠷᠤᠮᠵᠢᠯ ᠪᠠ ᠰᠡᠷᠭᠡᠶᠢᠯᠡᠨ ᠡᠵᠡᠮᠳᠡᠬᠦ ᠲᠥᠰᠦᠯ ᠢ ᠨᠠᠶᠢᠳᠠᠪᠤᠷᠢᠵᠢᠭᠤᠯᠤᠨ᠂ ᠠᠯᠢ ᠲᠦᠷᠭᠡᠨ ᠢᠶᠠᠷ ᠪᠠᠶᠢᠴᠠᠭᠠᠵᠤ᠂ ᠡᠷᠲᠡᠬᠡᠨ | ᠵᠢᠭᠰᠠᠭᠠᠨ ᠪᠠᠶᠢᠴᠠᠭᠠᠵᠤ᠂ ᠴᠠᠭ ᠲᠤᠬᠠᠶ ᠳᠤᠨᠢ ᠰᠢᠯᠵᠢᠭᠦᠯᠦᠨ ᠡᠮᠨᠡᠭᠦᠯᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ | ᠳᠣᠲᠣᠭᠠᠳᠤ ᠶᠢᠨ ᠰᠡᠷᠭᠡᠶᠢᠯᠡᠯᠳᠠ ᠡᠵᠡᠮᠳᠡᠯ ᠢ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ ᠰᠣᠯᠪᠢᠴᠠᠨ | ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠳᠡᠭᠡᠷᠡᠬᠢ ᠨᠡᠶᠢᠲᠡᠯᠢᠭ ᠴᠢᠨᠠᠷᠲᠠᠶ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 4 ᠲᠥᠷᠥᠯ ᠤᠨ ᠭᠠᠵᠠᠷ | ᠣᠷᠣᠨ ᠳᠤ ᠳᠣᠤᠷᠠᠬᠢ ᠳᠡᠰ ᠳᠠᠷᠠᠭᠠᠯᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠡᠮᠡᠨ | ᠬᠡᠷᠡᠭᠵᠢᠭᠦᠯᠦᠨ᠎ᠡ᠃ | ᠳᠦᠷᠪᠡᠳᠦᠬᠡᠷ ᠲᠦᠷᠦᠯ ᠤᠨ ᠭᠠᠵᠠᠷ ᠤᠷᠤᠨ᠄ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ᠂ | ᠤᠨᠤᠴᠠᠳᠠᠢ ᠪᠠᠷ ᠤᠷᠢᠳᠴᠢᠯᠠᠨ ᠰᠡᠷᠡᠮᠵᠢᠯᠡᠬᠦᠯᠬᠦ︾ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠬᠡᠷᠡᠭᠵᠢᠬᠦᠯᠵᠥ᠂ ᠬᠡᠪ ᠤᠨ | ᠠᠵᠥ ᠠᠬᠤᠢ ᠨᠡᠶᠢᠬᠡᠮ ᠤᠨ ᠡᠷᠬᠢᠯᠳᠡ ᠶᠢ ᠪᠠᠳᠤᠯᠠᠨ᠎ᠠ᠃ | ᠭᠤᠷᠪᠠᠳᠤᠭᠠᠷ ᠲᠦᠷᠦᠯ ᠤᠨ ᠭᠠᠵᠠᠷ ᠤᠷᠤᠨ᠄ ︽ᠲᠤᠳᠤᠭᠠᠳᠤ ᠳᠠᠭᠠᠨ ᠲᠡᠷᠬᠠᠨ ᠲᠡᠯᠬᠡᠷᠡᠬᠦ ᠶᠢ ᠰᠡᠷᠬᠡᠶᠢᠯᠡᠬᠦ᠂ | ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠭᠠᠳᠠᠭᠰᠢ ᠬᠠᠯᠳᠠᠪᠤᠷᠢᠯᠠᠭᠤᠯᠬᠤ ᠶᠢ ᠰᠡᠷᠬᠡᠶᠢᠯᠡᠬᠦ᠂ ᠤᠨᠤᠴᠠᠳᠠᠢ ᠪᠠᠷ | ᠤᠷᠢᠳᠴᠢᠯᠠᠨ ᠰᠡᠷᠡᠮᠵᠢᠯᠡᠬᠦᠯᠬᠦ᠂ ᠤᠨᠤᠴᠠᠳᠠᠢ ᠪᠠᠷ ᠠᠪᠤᠷᠠᠨ ᠡᠮᠨᠡᠬᠦ︾ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ | ᠬᠡᠷᠡᠭᠵᠢᠬᠦᠯᠵᠥ᠂ ᠤᠯᠤᠰ ᠤᠨ ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠬᠠᠮᠢᠶ᠎ᠠ ᠪᠦᠬᠦᠢ ᠠᠵᠥ ᠠᠬᠤᠢ ᠨᠡᠶᠢᠬᠡᠮ ᠤᠨ | ᠠᠵᠢᠯᠯᠠᠭᠠᠨ ᠤ ᠡᠮᠬᠢ ᠲᠢᠭᠯᠢᠮ ᠲᠠᠢ ᠶᠠᠪᠤᠭᠳᠠᠬᠤ ᠶᠢ ᠪᠠᠳᠤᠯᠠᠨ᠎ᠠ᠃ | ᠬᠤᠶᠠᠳᠤᠭᠠᠷ ᠲᠦᠷᠦᠯ ᠤᠨ ᠭᠠᠵᠠᠷ ᠤᠷᠤᠨ᠄ ︽ᠲᠤᠳᠤᠭᠠᠳᠤ ᠳᠠᠭᠠᠨ ᠲᠡᠷᠬᠠᠨ ᠲᠡᠯᠬᠡᠷᠡᠬᠦ ᠶᠢ ᠰᠡᠷᠬᠡᠶᠢᠯᠡᠬᠦ᠂ | ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠭᠠᠳᠠᠭᠰᠢ ᠬᠠᠯᠳᠠᠪᠤᠷᠢᠯᠠᠭᠤᠯᠬᠤ ᠶᠢ ᠰᠡᠷᠬᠡᠶᠢᠯᠡᠬᠦ᠂ ᠤᠨᠤᠴᠠᠳᠠᠢ ᠪᠠᠷ | ᠤᠷᠢᠳᠴᠢᠯᠠᠨ ᠰᠡᠷᠡᠮᠵᠢᠯᠡᠬᠦᠯᠬᠦ᠂ ᠤᠨᠤᠴᠠᠳᠠᠢ ᠪᠠᠷ ᠠᠪᠤᠷᠠᠨ ᠡᠮᠨᠡᠬᠦ᠂ ᠤᠨᠤᠴᠠᠳᠠᠢ ᠪᠠᠷ ᠰᠢᠢᠳᠪᠤᠷᠢᠯᠡᠬᠦ︾ ᠰᠡᠷᠬᠡᠶᠢᠯᠡᠨ | ᠡᠵᠡᠮᠳᠡᠬᠦ ᠠᠷᠭ᠎ᠠ ᠪᠤᠳᠤᠯᠭ᠎ᠠ ᠶᠢ ᠬᠡᠷᠡᠭᠵᠢᠬᠦᠯᠵᠥ᠂ ᠴᠢᠬᠤᠯᠠ ᠶᠡᠭᠡ ᠠᠵᠥ ᠠᠬᠤᠢ ᠨᠡᠶᠢᠬᠡᠮ ᠤᠨ ᠠᠵᠢᠯᠯᠠᠭ᠎ᠠ ᠶᠢᠨ ᠬᠡᠪ ᠤᠨ | ᠶᠤᠰᠤᠭᠠᠷ ᠶᠠᠪᠤᠭᠳᠠᠬᠤ ᠶᠢ ᠦᠨᠡᠨ ᠬᠦ ᠪᠠᠳᠤᠯᠠᠨ᠎ᠠ᠃ | ᠨᠢᠬᠡᠳᠤᠭᠡᠷ ᠲᠦᠷᠦᠯ ᠤᠨ ᠭᠠᠵᠠᠷ ᠤᠷᠤᠨ᠄ ᠬᠤᠶᠠᠳᠤᠭᠠᠷ ᠲᠦᠷᠦᠯ ᠤᠨ ᠭᠠᠵᠠᠷ ᠤᠷᠤᠨ ᠤ ᠰᠡᠷᠬᠡᠶᠢᠯᠡᠨ ᠡᠵᠡᠮᠳᠡᠬᠦ | ᠠᠷᠭ᠎ᠠ ᠪᠤᠳᠤᠯᠭ᠎ᠠ ᠶᠢᠨ ᠰᠠᠭᠤᠷᠢᠨ ᠲᠡᠬᠡᠷ᠎ᠡ᠂ ᠬᠢᠵᠢᠭᠳᠦ ᠤᠷᠤᠨ ᠢ ᠪᠢᠳᠡᠬᠦᠮᠵᠢᠯᠡᠬᠦ ᠵᠡᠷᠬᠡ ᠬᠠᠮᠤᠭ ᠤᠨ ᠴᠢᠩᠭ᠎ᠠ | ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠬᠡᠷᠡᠭᠵᠢᠬᠦᠯᠵᠥ᠂ ᠠᠷᠠᠳ ᠤᠯᠠᠨ ᠤ ᠦᠨᠳᠦᠰᠦᠨ ᠠᠮᠢᠳᠤᠷᠠᠯ ᠪᠤᠯᠤᠨ ᠪᠦᠬᠦ | ᠲᠡᠯ᠎ᠡ ᠳᠤ ᠬᠤᠯᠪᠤᠭᠳᠠᠭᠰᠠᠠ ᠴᠢᠬᠤᠯᠠ ᠶᠡᠭᠡ ᠠᠵᠥ ᠠᠬᠤᠢ ᠨᠡᠶᠢᠬᠡᠮ ᠤᠨ ᠠᠵᠢᠯᠯᠠᠭ᠎ᠠ ᠶᠢᠨ ᠶᠠᠪᠤᠭᠳᠠᠬᠤ ᠶᠢ ᠦᠨᠡᠨ ᠬᠦ | ᠪᠠᠳᠤᠯᠠᠨ᠎ᠠ᠃ | ︵ᠭᠤᠷᠪᠠ︶ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠭᠤᠭᠴᠤᠭ᠎ᠠ ᠶᠢ ᠰᠠᠶᠢᠳᠤᠷ | ᠠᠳᠬᠤᠨ᠎ᠠ | ᠡᠯ᠎ᠡ ᠲᠦᠷᠦᠯ ᠤᠨ ᠭᠠᠵᠠᠷ ᠤᠷᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠥ᠂ ᠲᠤᠰ ᠭᠠᠵᠠᠷ ᠤᠷᠤᠨ ᠪᠤᠯᠤᠨ | ᠡᠷᠬᠢᠨ ᠲᠤᠭᠤᠷᠢᠨ ᠤ ᠬᠢᠵᠢᠭ ᠤᠨ ᠪᠠᠶᠢᠳᠠᠯ ᠵᠡᠷᠬᠡ ᠡᠯᠧᠮᠧᠨ᠋ᠲ ᠢ ᠶᠡᠷᠤᠩᠬᠡᠶᠢᠯᠡᠨ ᠪᠤᠳᠤᠯᠬᠢᠯᠠᠵᠥ᠂ ᠤᠷᠤᠨ ᠲᠡᠰ | ᠬᠤᠪᠢᠶᠠᠬᠰᠠᠠ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠳᠠᠭᠠᠨ ᠬᠡᠷᠡᠭᠵᠢᠬᠦᠯᠬᠦ ᠬᠡᠷᠡᠭᠳᠡᠢ᠃ ᠮᠤᠵᠢ ᠶᠢᠨ ᠵᠠᠭᠠᠭ᠂ | ᠤᠯᠤᠰ ᠤᠨ ᠬᠢᠯᠢ ᠳᠤ ᠬᠤᠯᠪᠤᠭᠳᠠᠭᠰᠠᠠ ᠭᠠᠵᠠᠷ ᠤᠷᠤᠨ ᠨᠡᠬᠦᠳᠡᠯ ᠬᠦᠮᠥᠨ ᠠᠮᠠ ᠶᠢᠨ ᠡᠷᠡᠬᠦᠯ ᠴᠢᠬᠢᠷᠠᠭ ᠢ ᠰᠢᠯᠭᠠᠨ | ᠬᠡᠮᠵᠢᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠥ᠂ ᠤᠷᠤᠵᠥ ᠭᠠᠷᠬᠤ ᠬᠦᠮᠥᠰ ᠤᠨ ᠪᠡᠶ᠎ᠡ ᠶᠢᠨ ᠬᠠᠯᠠᠭᠤᠨ ᠢ | ᠬᠡᠮᠵᠢᠬᠦ ᠶᠢ ᠪᠦᠷᠬᠦᠬᠦᠯᠬᠦ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠬᠢᠵᠢᠭ ᠢ ᠰᠡᠷᠬᠡᠶᠢᠯᠡᠬᠦ | ᠰᠤᠭᠤᠴᠢᠨ ᠪᠠᠶᠢᠴᠠᠭᠠᠯᠳᠠ᠂ ᠠᠨᠠᠭᠠᠬᠤ ᠤᠬᠠᠭᠠᠨ ᠤ ᠮᠦᠷᠳᠡᠨ ᠪᠠᠶᠢᠴᠠᠭᠠᠯᠳᠠ᠂ ᠤᠷᠢᠳᠴᠢᠯᠠᠨ ᠪᠠᠶᠢᠴᠠᠭᠠᠵᠥ ᠬᠤᠪᠢᠶᠠᠨ | ᠤᠨᠤᠰᠢᠯᠠᠬᠤ ᠵᠢᠴᠢ ᠰᠢᠯᠵᠢᠬᠦᠯᠥᠨ ᠤᠨᠤᠰᠢᠯᠠᠬᠤ ᠠᠵᠢᠯ ᠢ ᠦᠷᠬᠦᠯᠵᠢᠯᠡᠨ ᠰᠠᠶᠢᠳᠤᠷ ᠬᠢᠵᠥ᠂ ᠬᠢᠵᠢᠭ ᠤᠨ ᠪᠠᠶᠢᠳᠠᠯ ᠤᠨ | ᠲᠡᠷᠬᠠᠨ ᠲᠡᠯᠬᠡᠷᠡᠬᠦ ᠶᠢ ᠪᠦᠳᠦᠮᠵᠢᠳᠡᠢ ᠰᠡᠷᠬᠡᠶᠢᠯᠡᠬᠦ ᠬᠡᠷᠡᠭᠳᠡᠢ᠃ ᠭᠠᠳᠠᠭᠠᠳᠤ ᠶᠢᠨ ᠬᠦᠮᠥᠰ ᠤᠷᠤᠰᠢᠨ ᠰᠠᠭᠤᠷᠢᠰᠢᠵᠥ | ᠠᠵᠢᠯᠯᠠᠵᠥ ᠪᠠᠶᠢᠭ᠎ᠠ ᠭᠠᠵᠠᠷ ᠤᠷᠤᠨ ᠨᠢ ᠬᠠᠷᠢᠶ᠎ᠠ ᠤᠷᠤᠨ ᠤ ᠲᠤᠳᠤᠷᠠᠬᠢ ᠭᠠᠳᠠᠭᠠᠳᠤ ᠶᠢᠨ ᠬᠦᠮᠥᠰ ᠢ ᠨᠡᠶᠢᠬᠡᠮ | ᠲᠤᠭᠤᠷᠢᠭ ᠤᠨ ᠲᠤᠤᠷᠵᠢᠭᠤᠯᠤᠬᠰᠠᠠ ᠬᠠᠮᠢᠶᠠᠷᠤᠯᠳᠠ ᠳᠠᠭᠠᠨ ᠤᠷᠤᠭᠤᠯᠵᠥ᠂ ᠲᠡᠳᠡᠨ ᠤ ᠵᠤᠬᠢᠰᠳᠠᠢ ᠠᠩᠬᠠᠷᠴᠦ ᠪᠠᠶᠢᠭ᠎ᠠ | ᠵᠦᠢᠯ ᠢ ᠠᠩᠬᠠᠷᠴᠦ᠂ ᠬᠠᠮᠢᠶ᠎ᠠ ᠪᠦᠬᠦᠢ ᠦᠢᠯᠡᠴᠢᠯᠡᠭᠡ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ | ᠬᠦᠬᠡᠬᠤᠳᠠ ᠪᠤᠭᠤᠳᠤ ᠤᠷᠳᠤᠰ ᠪᠤᠯᠤᠨ ᠤᠯᠠᠭᠠᠨᠬᠠᠳᠠ ᠬᠤᠳᠠ᠂ ᠤᠯᠠᠭᠠᠨᠴᠠᠪ ᠬᠤᠳᠠ ᠵᠡᠷᠬᠡ ᠬᠦᠮᠥᠨ ᠠᠮᠠ ᠨᠡᠯᠢᠶᠡᠳ | ᠤᠯᠠᠨ᠂ ᠬᠦᠮᠥᠨ ᠠᠮᠠ ᠶᠢᠨ ᠨᠡᠬᠦᠳᠡᠯ ᠨᠡᠯᠢᠶᠡᠳ ᠶᠡᠭᠡ ᠪᠠᠶᠢᠳᠠᠭ ᠭᠠᠵᠠᠷ ᠤᠷᠤᠨ ᠨᠢ ᠨᠡᠶᠢᠬᠡᠮ ᠲᠤᠭᠤᠷᠢᠭ ᠤᠨ | ᠬᠠᠮᠢᠶᠠᠷᠤᠯᠳᠠ ᠶᠢᠨ ᠬᠦᠴᠦᠨ ᠢᠶᠠᠨ ᠲᠡᠬᠦᠯᠳᠡᠷᠵᠢᠬᠦᠯᠵᠥ᠂ ᠲᠠᠩᠰᠠᠯᠠᠵᠥ ᠬᠠᠮᠢᠶᠠᠷᠬᠤ ᠳᠠᠭᠠᠨ ᠨᠢᠬᠡ ᠡᠷᠦᠬᠡ ᠶᠢ ᠴᠦ | ᠬᠡᠬᠡᠭᠳᠡᠬᠦᠯᠬᠦ ᠦᠬᠡᠢ᠂ ᠨᠢᠬᠡ ᠬᠦᠮᠥᠨ ᠢ ᠴᠦ ᠬᠡᠬᠡᠭᠳᠡᠬᠦᠯᠬᠦ ᠦᠬᠡᠢ ᠪᠠᠶᠢᠬᠤ ᠶᠢ ᠡᠷᠬᠡᠪᠰᠢ ᠪᠡᠶᠡᠯᠡᠬᠦᠯᠵᠥ᠂ ᠬᠡᠪ ᠤᠨ ᠪᠤᠰᠤ | ᠪᠠᠶᠢᠳᠠᠯ ᠢ ᠴᠠᠭ ᠲᠤᠬᠠᠢ ᠳᠤᠨᠢ ᠰᠢᠢᠳᠪᠤᠷᠢᠯᠡᠬᠦ ᠬᠡᠷᠡᠭᠳᠡᠢ᠃ ᠲᠤᠭᠳᠠᠭᠰᠠᠠ ᠡᠮᠨᠡᠯᠬᠡ ᠶᠢᠨ ᠬᠤᠷᠢᠶᠠᠨ ᠤ ᠴᠢᠳᠠᠪᠤᠷᠢ ᠶᠢᠨ | ᠪᠠᠶᠢᠭᠤᠯᠤᠯᠳᠠ ᠪᠤᠯᠤᠨ ᠤᠨᠤᠰᠢᠯᠠᠨ ᠡᠮᠨᠡᠬᠦ ᠬᠠᠮᠢᠶᠠᠷᠤᠯᠳᠠ ᠶᠢ ᠴᠢᠩᠭᠠᠳᠬᠠᠵᠥ᠂ ᠰᠡᠵᠢᠭᠯᠡᠯᠳᠡᠢ ᠡᠪᠡᠳᠴᠢᠨ ᠤ ᠵᠢᠱᠢᠶ᠎ᠡ ᠶᠢ | ᠰᠢᠯᠭᠠᠨ ᠬᠡᠮᠵᠢᠬᠦ ᠬᠤᠷᠳᠤᠴᠠ ᠶᠢ ᠲᠦᠷᠬᠡᠳᠬᠡᠨ᠂ ᠡᠪᠡᠳᠴᠢᠳᠡᠨ ᠢ ᠲᠦᠪᠯᠡᠷᠡᠬᠦᠯᠵᠥ᠂ ᠲᠤᠰᠬᠠᠢ ᠮᠡᠷᠬᠡᠵᠢᠯᠳᠡᠨ ᠢ | ᠲᠦᠪᠯᠡᠷᠡᠬᠦᠯᠵᠥ᠂ ᠡᠬᠢ ᠪᠠᠶᠠᠯᠢᠭ ᠢ ᠲᠦᠪᠯᠡᠷᠡᠬᠦᠯᠵᠥ᠂ ᠠᠪᠤᠷᠠᠨ ᠡᠮᠨᠡᠬᠦ ᠶᠢ ᠲᠦᠪᠯᠡᠷᠡᠬᠦᠯᠬᠦ ᠬᠡᠷᠡᠭᠳᠡᠢ᠃ ᠪᠠᠴᠢᠮ ᠪᠠᠶᠢᠳᠠᠯ ᠢ | ᠠᠷᠭᠠᠴᠠᠭᠠᠬᠤ ᠲᠦᠰᠦᠯ ᠢ ᠴᠢᠨᠠᠬᠰᠢᠳᠠ ᠲᠡᠬᠦᠯᠳᠡᠷᠵᠢᠬᠦᠯᠵᠥ᠂ ᠡᠯ᠎ᠡ ᠲᠦᠷᠦᠯ ᠤᠨ ᠡᠮᠴᠢᠯᠡᠬᠡᠨ ᠤ ᠪᠠᠶᠢᠭᠤᠯᠤᠮᠵᠢ᠂ ᠬᠦᠮᠥᠰ᠂ | ᠡᠳ᠋ ᠪᠤᠳᠠᠰ ᠢ ᠨᠢᠬᠡᠳᠤᠯᠳᠡᠢ ᠲᠦᠯᠥᠪᠵᠢᠬᠦᠯᠵᠥ᠂ ᠲᠦᠷᠦᠯ ᠬᠤᠪᠢᠶᠠᠨ ᠬᠠᠮᠢᠶᠠᠷᠬᠤ ᠱᠠᠳᠤᠯᠵᠢᠨ ᠢᠶᠠᠷ ᠪᠠᠶᠢᠷᠢᠯᠠᠭᠤᠯᠬᠤ ᠶᠢ | ᠬᠡᠷᠡᠭᠵᠢᠬᠦᠯᠵᠥ᠂ ᠶᠡᠭᠡ ᠬᠢᠵᠢᠭ ᠢ ᠰᠡᠷᠬᠡᠶᠢᠯᠡᠬᠦ ᠪᠡᠯᠡᠳᠬᠡᠯ ᠢ ᠰᠠᠶᠢᠳᠤᠷ ᠬᠢᠬᠦ ᠬᠡᠷᠡᠭᠳᠡᠢ᠃ | ︵ᠲᠦᠷᠪᠡ︶ ᠠᠵᠥ ᠠᠬᠤᠢᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠬᠦᠯᠵᠥ ᠰᠡᠷᠬᠦᠬᠡᠬᠦ ᠶᠢ ᠲᠡᠮᠵᠢᠨ᠎ᠡ | ᠠᠵᠥ ᠠᠬᠤᠢᠢᠯᠠᠯ ᠤᠨ ᠲᠦᠷᠦᠯ ᠬᠤᠪᠢᠶᠠᠨ ᠪᠦᠯᠥᠭ ᠬᠤᠪᠢᠶᠠᠨ ᠠᠵᠢᠯ ᠢᠶᠠᠨ ᠰᠡᠷᠬᠦᠬᠡᠵᠥ ᠦᠢᠯᠠᠳᠪᠤᠷᠢᠯᠡᠯ ᠢᠶᠠᠨ | ᠰᠡᠷᠬᠦᠬᠡᠬᠦ ᠶᠢ ᠠᠬᠢᠭᠤᠯᠤᠨ᠎ᠠ᠃ ᠭᠠᠵᠠᠷ ᠤᠷᠤᠨ ᠤ ᠲᠦᠷᠦᠯ ᠢᠯᠭᠠᠯ ᠪᠤᠯᠤᠨ ᠠᠵᠥ ᠦᠢᠯᠡᠰ ᠤᠨ ᠤᠨᠴᠠᠯᠢᠭ ᠲᠠᠢ | ᠤᠶᠠᠯᠳᠤᠭᠤᠯᠵᠥ᠂ ᠲᠦᠷᠦᠯ ᠬᠤᠪᠢᠶᠠᠨ ᠪᠦᠯᠥᠭ ᠬᠤᠪᠢᠶᠠᠵᠥ ᠠᠵᠢᠯ ᠢᠶᠠᠨ ᠰᠡᠷᠬᠦᠬᠡᠵᠤ ᠦᠢᠯᠡᠳᠪᠤᠷᠢᠯᠠᠯ ᠢᠶᠠᠨ ᠰᠡᠷᠬᠦᠬᠡᠬᠦ | ᠲᠦᠰᠦᠯ ᠢ ᠨᠢᠬᠡᠳᠤᠯᠳᠡᠢ ᠲᠦᠯᠥᠪᠵᠢᠬᠦᠯᠥᠨ ᠲᠤᠭᠳᠠᠭᠠᠨ᠎ᠠ᠃ ᠲᠦᠷᠪᠡᠳᠤᠭᠡᠷ ᠲᠦᠷᠦᠯ ᠤᠨ ᠭᠠᠵᠠᠷ ᠤᠷᠤᠨ ᠡᠯ᠎ᠡ | ᠲᠦᠷᠦᠯ ᠤᠨ ᠬᠦᠴᠦᠨ ᠵᠦᠢᠯ ᠤᠨ ᠪᠠᠳᠤᠯᠠᠭ᠎ᠠ ᠶᠢ ᠰᠠᠶᠢᠳᠤᠷ ᠬᠢᠵᠥ᠂ ᠡᠯ᠎ᠡ ᠲᠦᠷᠦᠯ ᠤᠨ ᠠᠵᠥ ᠠᠬᠤᠢᠢᠯᠠᠯ ᠪᠤᠯᠤᠨ | ᠡᠵᠡᠩᠨᠡᠯᠳᠡ ᠶᠢᠨ ᠨᠢᠬᠡᠴᠢ ᠶᠢᠨ ᠠᠵᠢᠯ ᠢᠶᠠᠨ ᠡᠬᠢᠯᠡᠬᠦᠯᠵᠥ ᠰᠡᠷᠬᠦᠬᠡᠬᠦ ᠶᠢ ᠡᠮᠬᠢ ᠵᠢᠷᠤᠮ ᠲᠠᠢ ᠪᠠᠷ ᠠᠬᠢᠭᠤᠯᠵᠥ᠂ | ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠤᠷᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠡᠨᠧᠷᠬᠢ ᠶᠢᠨ | ᠬᠠᠩᠭᠠᠯᠭ᠎ᠠ᠂ ᠵᠠᠮ ᠬᠠᠷᠢᠯᠴᠠᠭ᠎ᠠ ᠪᠤᠳᠠᠰ ᠤᠨ ᠬᠦᠢᠯᠬᠡᠬᠡ᠂ ᠬᠤᠳᠠ ᠬᠦᠳᠡᠭᠡ ᠶᠢᠨ ᠠᠵᠢᠯᠯᠠᠭᠠᠨ᠂ ᠵᠠᠬ᠎ᠠ ᠲᠡᠯᠬᠡᠬᠦᠷ ᠤᠨ | ᠬᠦᠢᠯᠬᠡᠬᠡ ᠪᠤᠯᠤᠨ ᠦᠢᠯᠡᠳᠪᠤᠷᠢᠯᠡᠯ ᠠᠮᠢᠳᠤᠷᠠᠯ ᠤᠨ ᠴᠢᠬᠤᠯᠠ ᠪᠦᠬᠦᠢ ᠬᠡᠷᠡᠭᠰᠡᠯ ᠵᠡᠷᠬᠡ ᠴᠢᠬᠤᠯᠠ ᠶᠡᠭᠡ ᠤᠯᠤᠰ ᠤᠨ | ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠤᠭᠳᠠᠬᠰᠠᠠ ᠠᠵᠥ ᠠᠬᠤᠢᠢᠯᠠᠯ ᠤᠨ ᠠᠵᠢᠯ ᠢᠶᠠᠨ | ᠡᠬᠢᠯᠡᠬᠦᠯᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠤᠷᠢᠳ ᠢᠶᠠᠷ ᠪᠠᠳᠤᠯᠠᠬᠤ ᠬᠡᠷᠡᠭᠳᠡᠢ᠃ ᠮᠠᠨ ᠤ ᠤᠷᠤᠨ ᠳᠤ ᠰᠠᠭᠤᠭ᠎ᠠ | ᠲᠦᠪ ᠤᠨ ᠠᠵᠥ ᠠᠬᠤᠢᠢᠯᠠᠯ ᠪᠤᠯᠤᠨ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠤᠯᠤᠰ ᠤᠨ ᠦᠮᠴᠢᠯᠠᠯ ᠤᠨ | ᠠᠵᠥ ᠠᠬᠤᠢᠢᠯᠠᠯ ᠤᠨ ᠤᠷᠢᠳ ᠢᠶᠠᠷ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠵᠢᠭᠠᠨ ᠵᠢᠯᠤᠭᠤᠳᠴᠦ᠂ | ᠪᠤᠰᠤᠳ ᠠᠵᠥ ᠠᠬᠤᠢᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠲᠠᠶᠢᠴᠢᠯᠠᠨ᠎ᠠ᠃ | ᠠᠵᠥ ᠦᠢᠯᠡᠰ ᠤᠨ ᠪᠦᠬᠦ ᠬᠡᠯᠬᠢᠶ᠎ᠡ ᠶᠢ ᠵᠤᠬᠢᠴᠠᠭᠤᠯᠤᠨ ᠠᠵᠢᠯᠯᠠᠬᠤ ᠶᠢ ᠲᠦᠷᠬᠡᠳᠬᠡᠨ ᠠᠬᠢᠭᠤᠯᠤᠨ᠎ᠠ᠃ ᠠᠵᠥ | ᠠᠬᠤᠢᠢᠯᠠᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠲᠤᠰᠬᠠᠢ ᠬᠠᠪᠰᠤᠷᠤᠨ ᠲᠡᠳᠬᠦᠬᠦ ᠲᠤᠭᠳᠠᠴᠠ ᠶᠢ ᠪᠠᠶᠢᠭᠤᠯᠤᠨ᠂ | ᠠᠵᠥ ᠠᠬᠤᠢᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠶᠢ ᠠᠬᠢᠭᠤᠯᠬᠤ ᠲᠤᠰᠬᠠᠢ ᠪᠠᠭ | ᠪᠠᠶᠢᠭᠤᠯᠵᠥ᠂ ᠪᠤᠳᠠᠰ ᠤᠨ ᠬᠦᠢᠯᠬᠡᠬᠡ᠂ ᠬᠦᠮᠥᠨ ᠬᠡᠷᠡᠭᠯᠡᠬᠦ᠂ ᠬᠠᠮᠠᠭᠠᠯᠠᠯᠳᠠ ᠶᠢᠨ ᠡᠳ᠋ ᠪᠤᠳᠠᠰ ᠤᠨ ᠪᠠᠳᠤᠯᠠᠭ᠎ᠠ ᠵᠡᠷᠬᠡ | ᠴᠢᠬᠤᠯᠠ ᠭᠤᠭᠴᠤᠭᠠᠨ ᠳᠤ ᠬᠠᠨᠳᠤᠯᠭᠠᠳᠤ ᠴᠢᠨᠠᠷᠳᠠᠢ ᠠᠷᠭ᠎ᠠ ᠬᠡᠮᠵᠢᠶ᠎ᠡ ᠠᠪᠤᠨ᠎ᠠ᠃ ᠬᠦᠳᠡᠯᠮᠤᠷᠢ ᠬᠦᠴᠦ | ᠲᠤᠳᠠᠭᠳᠠᠭᠰᠠᠠ ᠠᠴᠠ ᠪᠤᠯᠵᠥ ᠬᠡᠪ ᠤᠨ ᠶᠤᠰᠤᠭᠠᠷ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠵᠥ ᠲᠡᠶᠢᠯᠬᠦ | ᠦᠬᠡᠢ ᠠᠵᠥ ᠠᠬᠤᠢᠢᠯᠠᠯ ᠬᠦᠮᠦᠨ ᠬᠡᠷᠡᠭᠯᠡᠵᠥ ᠤᠷᠤᠯᠠᠭᠤᠯᠬᠤ ᠲᠦᠰᠦᠯ ᠢ ᠰᠠᠶᠢᠳᠤᠷ ᠬᠢᠵᠥ᠂ ᠬᠦᠳᠡᠯᠮᠤᠷᠢ ᠬᠦᠴᠦᠨ ᠤ | ᠬᠠᠩᠭᠠᠯᠭ᠎ᠠ ᠬᠡᠷᠡᠭᠴᠡᠭᠡ ᠶᠢ ᠵᠤᠯᠭᠠᠭᠤᠯᠬᠤ ᠶᠢ ᠴᠢᠩᠭᠠᠳᠬᠠᠬᠤ ᠬᠡᠷᠡᠭᠳᠡᠢ᠃ ᠭᠤᠤᠯᠳᠠᠯᠭ᠎ᠠ ᠲᠠᠢ ᠠᠵᠥ ᠠᠬᠤᠢᠢᠯᠠᠯ ᠳᠤ | ᠬᠤᠯᠪᠤᠭᠠᠴᠢᠨ ᠲᠤᠮᠢᠯᠠᠨ ᠰᠠᠭᠤᠯᠭᠠᠬᠤ ᠲᠦᠷᠢᠮ ᠢ ᠪᠠᠶᠢᠭᠤᠯᠵᠥ᠂ ᠬᠦᠳᠡᠯᠮᠤᠷᠢ ᠬᠦᠴᠦ᠂ ᠪᠡᠯᠡ ᠮᠥᠩᠬᠦ ᠬᠦᠷᠤᠯᠴᠡᠬᠦ ᠦᠬᠡᠢ | ᠵᠡᠷᠬᠡ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠤᠷᠢᠯᠡᠵᠥ᠂ ᠲᠦᠬᠦᠬᠡᠢ ᠮᠠᠲ᠋ᠧᠷᠢᠶᠠᠯ ᠲᠤᠰᠠᠯᠠᠬᠤ | ᠮᠠᠲ᠋ᠧᠷᠢᠶᠠᠯ ᠵᠡᠷᠬᠡ ᠶᠢ ᠲᠤᠭᠳᠠᠭᠤᠨ ᠢᠶᠠᠷ ᠬᠠᠩᠭᠠᠵᠥ ᠪᠠᠳᠤᠯᠠᠬᠤ ᠶᠢ ᠰᠠᠶᠢᠳᠤᠷ ᠠᠳᠬᠤᠨ᠎ᠠ᠃ ᠨᠡᠬᠦᠷᠡᠰᠤ ᠴᠠᠬᠢᠯᠭᠠᠨ | ᠴᠢᠯᠠᠭᠤᠨ ᠲᠤᠰᠤ ᠰᠢᠳᠠᠮᠠᠬᠠᠢ ᠬᠡᠢ ᠵᠡᠷᠬᠡ ᠶᠢᠨ ᠬᠠᠩᠭᠠᠯᠭ᠎ᠠ ᠶᠢ ᠪᠠᠳᠤᠯᠠᠵᠥ᠂ ᠲᠦᠪᠯᠡᠷᠡᠬᠦᠯᠦᠨ ᠠᠵᠢᠯ ᠢᠶᠠᠨ ᠰᠡᠷᠬᠦᠬᠡᠵᠥ | ᠦᠢᠯᠡᠳᠪᠤᠷᠢᠯᠡᠯ ᠢᠶᠠᠨ ᠰᠡᠷᠬᠦᠬᠡᠭᠰᠡᠡ ᠠᠴᠠ ᠪᠤᠢ ᠪᠤᠯᠵᠥ ᠮᠡᠳᠡᠬᠦ ᠤᠷᠤᠨ ᠪᠦᠰᠡ ᠶᠢᠨ ᠴᠢᠨᠠᠷᠳᠠᠢ᠂ ᠴᠠᠭ ᠦᠶᠡᠴᠢ | ᠴᠢᠨᠠᠷᠳᠠᠢ ᠪᠠᠷ ᠬᠤᠮᠰᠠᠳᠠᠬᠤ ᠪᠤᠶᠤ ᠦᠨ᠎ᠡ ᠬᠠᠩᠰᠢ ᠶᠡᠭᠡ ᠪᠠᠷ ᠦᠰᠬᠦ ᠶᠢ ᠰᠡᠷᠬᠡᠶᠢᠯᠡᠬᠦ ᠬᠡᠷᠡᠭᠳᠡᠢ᠃ | ᠠᠵᠥ ᠠᠬᠤᠢᠢᠯᠠᠯ ᠳᠤ ᠠᠰᠢᠬ ᠬᠦᠷᠳᠡᠬᠡᠵᠤ ᠠᠵᠥ ᠠᠬᠤᠢᠢᠯᠠᠯ ᠢ ᠲᠤᠭᠳᠠᠭᠤᠨ ᠪᠠᠶᠢᠯᠭᠠᠬᠤ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠥ ᠨᠠᠷᠢᠯᠢᠭ ᠨᠠᠶᠢᠳᠠᠪᠤᠷᠢᠵᠢᠭᠤᠯᠤᠨ᠎ᠠ᠃ ᠵᠠᠬ᠎ᠠ ᠲᠡᠯᠬᠡᠬᠦᠷ ᠤᠨ | ᠬᠠᠩᠭᠠᠯᠭ᠎ᠠ ᠶᠢ ᠪᠠᠳᠤᠯᠠᠬᠤ᠂ ᠡᠳ᠋ ᠤᠨ ᠵᠠᠰᠠᠭ ᠭᠠᠶᠢᠯᠢ ᠮᠥᠩᠬᠦᠨ ᠬᠦᠢᠯᠬᠡᠬᠡᠨ ᠢᠶᠠᠷ ᠲᠡᠮᠵᠢᠬᠦ ᠵᠡᠷᠬᠡ ᠲᠡᠯ᠎ᠡ ᠶᠢᠨ ᠤᠯᠤᠰ ᠤᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠦᠢᠴᠡᠳ ᠰᠠᠶᠢᠳᠤᠷ ᠠᠰᠢᠬᠯᠠᠨ᠎ᠠ᠃ ᠦᠪᠡᠷᠳᠡᠭᠡᠨ ᠵᠠᠰᠠᠬᠤ ᠤᠷᠤᠨ ᠤ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠬᠤ ᠠᠵᠥ ᠠᠬᠤᠢᠢᠯᠠᠯ ᠪᠤᠯᠤᠨ ᠬᠢᠵᠢᠭ ᠤᠨ | ᠪᠠᠶᠢᠳᠠᠯ ᠤᠨ ᠨᠦᠯᠥᠬᠡ ᠠᠴᠠ ᠪᠤᠯᠵᠥ ᠦᠢᠯᠡᠳᠪᠤᠷᠢᠯᠡᠯ ᠡᠵᠡᠩᠨᠡᠯᠳᠡ ᠨᠢ ᠬᠦᠴᠢᠷᠳᠡᠯᠳᠡᠢ ᠪᠤᠯᠤᠬᠰᠠᠠ ᠲᠤᠮᠳᠠ ᠪᠠᠭ᠎ᠠ ᠠᠵᠥ | ᠠᠬᠤᠢᠢᠯᠠᠯ ᠤᠨ ᠡᠷᠡᠬᠦᠯ ᠬᠦᠭᠵᠢᠯᠳᠡ ᠶᠢ ᠲᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠲᠦᠷᠬᠡᠨ ᠨᠠᠶᠢᠳᠠᠪᠤᠷᠢᠵᠢᠭᠤᠯᠵᠥ᠂ | ᠠᠵᠥ ᠠᠬᠤᠢᠢᠯᠠᠯ ᠤᠨ ᠡᠬᠦᠷᠬᠡᠯᠡᠯ ᠲᠠᠷᠤᠭᠠᠰᠦ ᠶᠢ ᠦᠨᠡᠨ ᠬᠦ ᠬᠦᠩᠬᠡᠷᠡᠬᠦᠯᠥᠨᠡ᠃ ᠬᠢᠵᠢᠭ ᠤᠨ ᠪᠠᠶᠢᠳᠠᠯ ᠤᠨ | ᠨᠦᠯᠥᠬᠡ ᠠᠴᠠ ᠪᠤᠯᠵᠥ ᠦᠢᠯᠡᠳᠪᠤᠷᠢᠯᠡᠯ ᠡᠵᠡᠩᠨᠡᠯᠳᠡ ᠨᠢ ᠬᠦᠴᠢᠷᠳᠡᠯᠳᠡᠢ ᠪᠤᠯᠤᠭᠰᠠᠠ᠂ ᠪᠡᠯᠡ ᠮᠥᠩᠬᠦ ᠬᠦᠢᠯᠬᠡᠬᠡ | ᠲᠠᠰᠤᠷᠠᠭᠰᠠᠠ ᠠᠵᠥ ᠠᠬᠤᠢᠢᠯᠠᠯ ᠢ ᠲᠡᠬᠡᠳᠤ ᠬᠡᠮᠵᠢᠶ᠎ᠡ ᠪᠠᠷ ᠠᠩᠬᠠᠷᠴᠦ᠂ ᠬᠠᠪᠰᠤᠷᠤᠨ ᠲᠡᠳᠬᠦᠵᠥ ᠠᠪᠤᠷᠠᠨ ᠲᠤᠰᠠᠯᠠᠬᠤ ᠪᠠ | ᠴᠠᠯᠢᠩ ᠬᠦᠯᠦᠰᠤ ᠶᠢᠨ ᠦᠷᠢᠳᠦᠯ ᠢ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠵᠥ᠂ ᠤᠯᠠᠨ ᠨᠡᠶᠢᠳᠡ ᠶᠢᠨ ᠴᠢᠨᠠᠷᠳᠠᠢ ᠬᠡᠷᠡᠭ | ᠭᠠᠷᠬᠤ ᠶᠢ ᠴᠢᠩᠭ᠎ᠠ ᠰᠡᠷᠬᠡᠶᠢᠯᠡᠨ᠎ᠡ᠃ | ︵ᠲᠠᠪᠤ︶ ᠬᠠᠪᠤᠷ ᠤᠨ ᠤᠯᠠᠷᠢᠯ ᠤᠨ ᠮᠠᠯ ᠠᠵᠥ ᠠᠬᠤᠢ ᠲᠠᠷᠢᠶᠠᠯᠠᠩ ᠤᠨ ᠦᠢᠯᠡᠳᠪᠤᠷᠢᠯᠡᠯ ᠢ ᠰᠠᠶᠢᠳᠤᠷ ᠠᠳᠬᠤᠨ᠎ᠠ | ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠦᠨᠡᠨ ᠬᠦ ᠪᠠᠳᠤᠯᠠᠨ᠎ᠠ᠃ ᠲᠠᠷᠢᠶᠠᠨ ᠦᠷ᠎ᠡ᠂ ᠬᠢᠮᠢ ᠶᠢᠨ ᠪᠤᠷᠳᠤᠭᠤᠷ | ᠂ ᠲᠠᠷᠢᠶᠠᠨ ᠡᠮ ᠵᠡᠷᠬᠡ ᠲᠠᠷᠢᠶᠠᠯᠠᠩ ᠤᠨ ᠬᠡᠷᠡᠭᠰᠡᠯ ᠦᠢᠯᠡᠳᠪᠤᠷᠢᠯᠡᠬᠦ ᠠᠵᠥ ᠠᠬᠤᠢᠢᠯᠠᠯ ᠢ ᠠᠵᠢᠯ ᠢᠶᠠᠨ ᠰᠡᠷᠬᠦᠬᠡᠵᠥ | ᠦᠢᠯᠡᠳᠪᠤᠷᠢᠯᠡᠯ ᠢᠶᠠᠨ ᠰᠡᠷᠬᠦᠬᠡᠬᠦ ᠭᠤᠤᠯᠳᠠᠯᠭ᠎ᠠ ᠲᠠᠢ ᠠᠵᠥ ᠠᠬᠤᠢᠢᠯᠠᠯ ᠤᠨ ᠨᠡᠷᠡᠰ ᠲᠤ ᠤᠷᠤᠭᠤᠯᠵᠥ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠤᠷᠢᠯᠡᠯ ᠢ ᠪᠠᠳᠤᠯᠠᠨ᠎ᠠ᠃ ᠲᠠᠷᠢᠶᠠᠯᠠᠩ ᠤᠨ ᠬᠡᠷᠡᠭᠰᠡᠯ ᠤᠨ ᠵᠦᠬᠡᠬᠡᠪᠤᠷᠢ ᠶᠢᠨ ᠰᠠᠭᠠᠳ ᠦᠬᠡᠢ | ᠨᠡᠪᠳᠡᠷᠡᠬᠦ ᠶᠢ ᠦᠨᠡᠨ ᠬᠦ ᠪᠠᠳᠤᠯᠠᠵᠥ᠂ ᠲᠠᠷᠢᠶᠠᠯᠠᠩ ᠤᠨ ᠬᠡᠷᠡᠭᠰᠡᠯ ᠤᠨ ᠠᠵᠥ ᠠᠬᠤᠢᠢᠯᠠᠯ ᠪᠤᠯᠤᠨ ᠪᠤᠷᠤᠯᠠᠭᠤᠯᠭ᠎ᠠ ᠶᠢᠨ | ᠬᠤᠳᠠᠯᠳᠤᠭᠠᠴᠢᠨ ᠤ ᠪᠦᠬᠦ᠋ᠢᠯᠡ ᠲᠤᠰᠬᠤᠨ᠂ ᠪᠦᠬᠦ᠋ᠢᠯᠡ ᠨᠡᠶᠢᠬᠡᠮ ᠲᠤᠭᠤᠷᠢᠭ ᠲᠤ ᠨᠢᠬᠡᠳᠤᠯᠳᠡᠢ ᠪᠠᠷ ᠡᠬᠦᠳᠡᠨ ᠳᠤᠨᠢ | ᠬᠦᠷᠬᠡᠬᠦ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠤᠨ᠎ᠠ᠃ | ᠬᠠᠪᠤᠷ ᠤᠨ ᠤᠯᠠᠷᠢᠯ ᠤᠨ ᠮᠠᠯ ᠠᠵᠥ ᠠᠬᠤᠢ ᠶᠢᠨ ᠦᠢᠯᠡᠳᠪᠤᠷᠢᠯᠡᠯ ᠢ ᠠᠬᠢᠭᠤᠯᠤᠨ᠎ᠠ᠃ ᠲᠦᠯ ᠲᠤᠰᠴᠦ | ᠪᠤᠶᠢᠵᠢᠭᠤᠯᠬᠤ ᠪᠠᠷ ᠭᠤᠤᠯ ᠪᠤᠯᠭᠠᠭᠰᠠᠠ ᠬᠠᠪᠤᠷ ᠤᠨ ᠤᠯᠠᠷᠢᠯ ᠤᠨ ᠮᠠᠯ ᠠᠵᠥ ᠠᠬᠤᠢ ᠶᠢᠨ ᠦᠢᠯᠡᠳᠪᠤᠷᠢᠯᠡᠯ ᠢ | ᠴᠢᠩᠭᠠᠳᠬᠠᠵᠥ᠂ ᠦᠷ᠎ᠡ ᠶᠢᠨ ᠮᠠᠯ ᠵᠢᠬᠦᠷᠳᠡᠨ᠂ ᠡᠪᠡᠰᠦ ᠪᠤᠷᠳᠤᠭ᠎ᠠ᠂ ᠮᠠᠯ ᠤᠨ ᠡᠮ ᠵᠡᠷᠬᠡ ᠡᠳ᠋ ᠪᠤᠳᠠᠰ ᠤᠨ | ᠵᠦᠬᠡᠬᠡᠪᠤᠷᠢ ᠶᠢᠨ ᠰᠠᠭᠠᠳ ᠦᠬᠡᠢ ᠪᠠᠶᠢᠬᠤ ᠶᠢ ᠪᠠᠳᠤᠯᠠᠵᠥ᠂ ᠴᠠᠭᠠᠨ ᠢᠳᠡᠬᠡᠨ ᠡᠳ᠋ᠰᠢᠬᠦᠯᠬᠦ ᠠᠵᠥ ᠠᠬᠤᠢᠢᠯᠠᠯ ᠤᠨ ᠬᠡᠪ ᠤᠨ | ᠦᠢᠯᠡᠳᠪᠤᠷᠢᠯᠡᠯ ᠢ ᠠᠬᠢᠭᠤᠯᠤᠨ᠎ᠠ᠃ | ᠮᠠᠯ ᠠᠵᠥ ᠠᠬᠤᠢ ᠲᠠᠷᠢᠶᠠᠯᠠᠩ ᠤᠨ ᠦᠢᠯᠡᠳᠪᠤᠷᠢᠯᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠴᠠᠭ ᠠᠭᠤᠷ ᠤᠨ | ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠢ | ᠵᠤᠬᠢᠶᠠᠨ ᠪᠠᠶᠢᠭᠤᠯᠵᠥ ᠰᠦᠯᠵᠢᠶᠡᠨ ᠲᠡᠬᠡᠷ᠎ᠡ ᠦᠢᠯᠡᠳᠪᠤᠷᠢᠯᠡᠯ ᠢ ᠵᠢᠭᠠᠨ ᠵᠢᠯᠤᠭᠤᠳᠬᠤ᠂ ᠲᠠᠷᠢᠵᠥ ᠠᠷᠠᠴᠢᠯᠠᠬᠤ | ᠬᠠᠮᠢᠶᠠᠷᠤᠯᠳᠠ᠂ ᠬᠡᠮ ᠬᠢᠵᠢᠭ ᠢ ᠰᠡᠷᠬᠡᠶᠢᠯᠡᠬᠦ ᠵᠡᠷᠬᠡ ᠮᠡᠷᠬᠡᠵᠢᠯ ᠤᠨ ᠦᠢᠯᠡᠴᠢᠯᠡᠭᠡ ᠦᠷᠨᠢᠬᠦᠯᠵᠥ᠂ ᠨᠦᠬᠦᠴᠡᠯ ᠲᠠᠢ ᠭᠠᠵᠠᠷ | ᠤᠷᠤᠨ ᠨᠢ ᠲᠠᠷᠢᠶᠠᠯᠠᠩ ᠤᠨ ᠮᠡᠷᠬᠡᠵᠢᠯᠳᠡᠨ ᠢ ᠵᠤᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠬᠦᠨᠵᠡᠬᠡᠶᠢᠷᠡᠨ ᠵᠢᠭᠠᠨ | ᠵᠢᠯᠤᠭᠤᠳᠴᠦ ᠪᠤᠯᠤᠨ᠎ᠠ᠃ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠤᠷᠢᠯᠡᠯ ᠤᠨ ᠪᠡᠯᠡᠳᠬᠡᠯ ᠠᠵᠢᠯ ᠢ ᠰᠠᠶᠢᠳᠤᠷ ᠵᠤᠬᠢᠶᠠᠨ ᠪᠠᠶᠢᠭᠤᠯᠤᠨ᠎ᠠ᠃ | ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠤᠷᠤᠨ ᠨᠢ ᠭᠠᠴᠠᠭ᠎ᠠ ᠲᠤᠰᠬᠤᠨ ᠢᠶᠠᠷ ᠨᠢᠬᠡᠴᠢ ᠪᠤᠯᠭᠠᠨ ᠬᠠᠮᠢᠶᠠᠷᠬᠤ | ᠪᠠ ᠬᠦᠳᠡᠯᠥᠩᠬᠦᠢ ᠪᠠᠷ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠥ᠂ ᠮᠠᠯᠴᠢᠨ ᠲᠠᠷᠢᠶᠠᠴᠢᠳ ᠤᠨ ᠲᠤᠰ ᠪᠡᠶ᠎ᠡ ᠶᠢᠨ | ᠬᠠᠮᠠᠭᠠᠯᠠᠯᠳᠠ ᠪᠠᠨ ᠰᠠᠶᠢᠳᠤᠷ ᠬᠢᠭᠰᠡᠡ ᠤᠷᠢᠳᠡᠯ ᠲᠤᠤᠷ᠎ᠡ᠂ ᠡᠮᠬᠢ ᠵᠢᠷᠤᠮ ᠲᠠᠢ ᠪᠠᠷ ᠲᠠᠷᠢᠶᠠᠨ ᠭᠠᠵᠠᠷ ᠲᠤ ᠤᠴᠢᠬᠤ᠂ ᠴᠠᠭ | ᠬᠤᠪᠢᠶᠠᠨ ᠲᠠᠷᠢᠶᠠᠨ ᠠᠵᠢᠯ ᠢᠶᠠᠨ ᠬᠢᠬᠦ᠂ ᠲᠠᠷᠠᠬᠠᠢ ᠪᠤᠳᠠᠷᠬᠠᠢ ᠪᠠᠷ ᠠᠵᠢᠯᠯᠠᠬᠤ ᠶᠢ ᠵᠢᠭᠠᠨ ᠵᠢᠯᠤᠭᠤᠳᠤᠨ᠎ᠠ᠃ | ᠲᠠᠷᠢᠶᠠᠯᠠᠩ ᠤᠨ ᠮᠠᠰᠢᠨ ᠤ ᠦᠢᠯᠡᠴᠢᠯᠡᠭᠡ ᠵᠠᠷᠴᠢᠮ ᠲᠡᠬᠡᠷ᠎ᠡ ᠪᠠᠨ ᠤᠢᠢᠷ᠎ᠠ ᠬᠠᠪᠢ ᠳᠠᠭᠠᠨ ᠠᠵᠢᠯᠯᠠᠨ᠎ᠠ᠃ ᠲᠠᠷᠢᠶᠠᠨ | ᠭᠠᠵᠠᠷ ᠲᠠᠬᠢ ᠲᠦᠬᠦᠬᠡᠷᠤᠮᠵᠢᠳᠤ ᠢᠳᠡᠰᠢᠨ ᠨᠤᠭᠤᠭ᠎ᠠ ᠶᠢᠨ ᠦᠢᠯᠡᠳᠪᠤᠷᠢᠯᠡᠯ ᠤᠨ ᠬᠠᠮᠢᠶᠠᠷᠤᠯᠳᠠ ᠶᠢ ᠴᠢᠩᠭᠠᠳᠬᠠᠵᠥ᠂ | ᠰᠤᠯᠠ ᠪᠠᠶᠢᠭ᠎ᠠ ᠬᠦᠯᠡᠮᠵᠢ ᠶᠢᠨ ᠦᠢᠯᠡᠳᠪᠤᠷᠢᠯᠡᠯ ᠢᠶᠠᠨ ᠰᠡᠷᠬᠦᠬᠡᠬᠦ ᠶᠢ ᠰᠠᠶᠢᠳᠤᠷ ᠠᠳᠬᠤᠵᠥ᠂ ᠢᠳᠡᠰᠢᠨ ᠨᠤᠭᠤᠭ᠎ᠠ ᠶᠢᠨ | ᠬᠠᠩᠭᠠᠯᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠥᠨ᠎ᠡ᠃ | ᠬᠤᠯᠤᠭᠠᠨ᠎ᠠ ᠶᠢᠨ ᠬᠢᠵᠢᠭ ᠵᠡᠷᠬᠡ ᠬᠦᠨᠳᠤ ᠶᠡᠭᠡ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠢ | ᠨᠢᠬᠡᠳᠤᠯᠳᠡᠢ ᠲᠥᠯᠥᠪᠵᠢᠬᠦᠯᠵᠥ ᠰᠠᠶᠢᠳᠤᠷ ᠠᠳᠬᠤᠨ᠎ᠠ᠃ ᠬᠠᠪᠤᠷ ᠤᠨ ᠤᠯᠠᠷᠢᠯ ᠤᠨ ᠲᠦᠪᠯᠡᠷᠡᠩᠬᠦᠢ ᠪᠠᠷ ᠦᠯᠥ ᠬᠠᠯᠳᠠᠭᠠᠬᠤ | ᠡᠷᠴᠢᠮ ᠢ ᠴᠢᠩᠭᠠᠷᠠᠭᠤᠯᠵᠥ᠂ ᠬᠠᠮᠠᠭᠠᠯᠠᠯᠳᠠ ᠶᠢᠨ ᠴᠢᠨᠠᠷᠳᠠᠢ ᠪᠠᠷ ᠬᠤᠯᠤᠭᠠᠨ᠎ᠠ ᠶᠢ ᠤᠰᠠᠳᠬᠠᠬᠤ ᠨᠤᠬᠠᠢ ᠶᠢᠨ ᠪᠦᠬᠡᠰᠦ ᠶᠢ | ᠤᠰᠠᠳᠬᠠᠬᠤ ᠠᠵᠢᠯᠯᠠᠭ᠎ᠠ ᠦᠷᠨᠢᠬᠦᠯᠵᠥ᠂ ᠬᠢᠨᠠᠨ ᠬᠡᠮᠵᠢᠵᠥ ᠵᠢᠭᠰᠠᠭᠠᠨ ᠪᠠᠶᠢᠴᠠᠭᠠᠬᠤ᠂ ᠬᠢᠵᠢᠭ ᠪᠠᠶᠢᠴᠠᠭᠠᠬᠤ ᠳᠤ ᠬᠢᠨᠠᠯᠳᠡ | ᠲᠠᠯᠪᠢᠬᠤ᠂ ᠠᠷᠢᠭᠤᠳᠬᠠᠵᠥ ᠢᠷᠡᠯᠳᠡ ᠶᠢ ᠨᠢ ᠠᠷᠢᠯᠭᠠᠬᠤ ᠵᠡᠷᠬᠡ ᠠᠷᠭ᠎ᠠ ᠬᠡᠮᠵᠢᠶ᠎ᠡ ᠶᠢ ᠨᠠᠷᠢᠯᠢᠭ ᠪᠤᠳᠠᠳᠠᠢ | ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠲᠦᠰᠦᠯ ᠢ ᠴᠢᠨᠠᠭᠰᠢᠳᠠ | ᠪᠦᠷᠢᠨᠰᠢᠬᠦᠯᠵᠥ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠲᠤᠪᠤᠶᠢᠯᠭᠠᠨ ᠰᠠᠶᠢᠳᠤᠷ ᠬᠢᠨ᠎ᠡ᠃ ᠠᠹᠷᠢᠺᠠ | ᠲᠢᠪ ᠤᠨ ᠭᠠᠭ᠋ᠠᠢ ᠶᠢᠨ ᠬᠢᠵᠢᠭ᠂ ᠰᠢᠯᠥᠬᠡᠢ ᠡᠪᠡᠳᠴᠢᠨ᠂ ᠡᠪᠡᠳᠴᠢᠨ ᠡᠬᠦᠰᠬᠡᠬᠦ ᠴᠢᠨᠠᠷ ᠢᠶᠠᠷ ᠴᠢᠩᠭ᠎ᠠ ᠵᠢᠬᠦᠷᠳᠡᠨ ᠤ | ᠬᠠᠯᠳᠠᠪᠤᠷᠢᠳᠤ ᠲᠠᠭᠰᠢᠭᠤᠷ᠂ ᠪᠷᠦ᠋ᠼᠧᠯ ᠡᠪᠡᠳᠴᠢᠨ ᠵᠡᠷᠬᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ | ᠴᠢᠩᠭᠠᠳᠬᠠᠵᠥ᠂ ᠠᠷᠭᠠᠴᠠᠭᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠠ᠃ | ︵ᠵᠢᠷᠭᠤᠭ᠎ᠠ︶ ᠬᠦᠮᠦᠨ ᠤ ᠤᠷᠤᠰᠬᠠᠯ ᠪᠤᠳᠠᠰ ᠤᠨ ᠬᠦᠢᠯᠭᠡᠭᠡ ᠶᠢ ᠡᠮᠬᠢ ᠵᠢᠷᠤᠮ ᠲᠠᠢ ᠪᠠᠷ ᠰᠠᠭᠠᠳ ᠦᠭᠡᠢ | ᠨᠡᠪᠲᠡᠷᠡᠭᠦᠯᠬᠦ ᠶᠢ ᠪᠠᠲᠤᠯᠠᠨ᠎ᠠ | ᠨᠤᠲᠤᠭ ᠲᠠᠭᠠᠨ ᠪᠤᠴᠠᠬᠤ᠂ ᠰᠤᠷᠭᠠᠭᠤᠯᠢ ᠳᠠᠭᠠᠨ ᠪᠤᠴᠠᠬᠤ᠂ ᠠᠵᠢᠯ ᠤᠨ ᠪᠠᠶᠢᠷᠢ ᠳᠠᠭᠠᠨ ᠪᠤᠴᠠᠬᠤ ᠬᠦᠮᠦᠰ ᠤᠨ | ᠤᠷᠤᠰᠬᠠᠯ ᠤᠨ ᠤᠷᠬᠢᠯ ᠤᠨ ᠬᠤᠭᠤᠴᠠᠭ᠎ᠠ ᠶᠢ ᠢᠲᠡᠪᠬᠢᠲᠠᠢ ᠠᠷᠭᠠᠴᠠᠭᠠᠨ᠎ᠠ᠃ ᠲᠦᠷᠪᠡᠳᠤᠬᠡᠷ ᠲᠦᠷᠦᠯ ᠤᠨ ᠭᠠᠵᠠᠷ ᠤᠷᠤᠨ᠂ | ᠢᠯᠠᠩᠭᠤᠶ᠎ᠠ ᠪᠤᠰᠤᠳ ᠮᠤᠵᠢ ᠤᠷᠤᠨ ᠲᠠᠢ ᠬᠦᠷᠰᠢᠯᠡᠵᠦ ᠪᠠᠶᠢᠭ᠎ᠠ ᠬᠤᠰᠢᠭᠤ ᠰᠢᠶᠠᠠ ︵ᠬᠤᠲᠠ᠂ ᠲᠤᠭᠤᠷᠢᠭ︶ ᠨᠢ | ᠭᠠᠲᠠᠨ᠎ᠠ ᠠᠴᠠ ᠬᠠᠯᠲᠠᠪᠤᠷᠢᠯᠠᠠ ᠤᠷᠤᠵᠦ ᠢᠷᠡᠬᠦ ᠶᠢ ᠰᠡᠷᠭᠡᠶᠢᠯᠡᠬᠦ ᠠᠵᠢᠯ ᠢ ᠦᠷᠬᠦᠯᠵᠢᠯᠠᠠ ᠰᠠᠶᠢᠨ ᠬᠢᠵᠦ᠂ ᠬᠢᠯᠢ | ᠲᠤᠲᠤᠷᠠᠬᠢ ᠵᠠᠰᠠᠮᠠᠯ ᠵᠠᠮ ᠤᠨ ᠡᠭᠡᠯᠵᠢ ᠱᠤᠭᠤᠮ ᠤᠨ ᠠᠶᠠᠠᠴᠢᠳ ᠤᠨ ᠵᠦᠭᠡᠭᠡᠪᠦᠷᠢ᠂ ᠬᠤᠲᠠ ᠶᠢᠨ ᠨᠡᠶᠢᠲᠠ ᠶᠢᠨ ᠵᠠᠮ | ᠬᠠᠷᠢᠯᠴᠠᠭ᠎ᠠ ᠵᠡᠷᠭᠡ ᠦᠢᠯᠡᠴᠢᠯᠡᠭᠡ ᠶᠢ ᠪᠦᠬᠦ ᠲᠠᠯ᠎ᠠ ᠪᠠᠷ ᠰᠡᠷᠭᠦᠭᠡᠨ᠎ᠠ᠃ ᠬᠤᠶᠠᠲᠤᠭᠠᠷ ᠲᠦᠷᠦᠯ᠂ ᠭᠤᠷᠪᠠᠲᠤᠭᠠᠷ | ᠲᠦᠷᠦᠯ ᠤᠨ ᠭᠠᠵᠠᠷ ᠤᠷᠤᠨ ᠨᠢ ᠭᠠᠲᠠᠨ᠎ᠠ ᠠᠴᠠ ᠬᠠᠯᠲᠠᠪᠤᠷᠢᠯᠠᠠ ᠤᠷᠤᠵᠦ ᠢᠷᠡᠬᠦ ᠶᠢ ᠰᠡᠷᠭᠡᠶᠢᠯᠡᠬᠦ ᠶᠢᠨ ᠲᠠᠭᠠᠤ ᠭᠠᠲᠠᠭᠰᠢ | ᠭᠠᠷᠬᠤ ᠬᠦᠮᠦᠰ ᠤᠨ ᠬᠠᠮᠢᠶᠠᠷᠤᠯᠲᠠ ᠪᠠᠨ ᠴᠢᠩᠭᠠᠳᠬᠠᠵᠦ᠂ ᠵᠠᠰᠠᠮᠠᠯ ᠵᠠᠮ ᠤᠨ ᠡᠭᠡᠯᠵᠢ ᠱᠤᠭᠤᠮ ᠤᠨ ᠠᠶᠠᠠᠴᠢᠳ ᠤᠨ | ᠵᠦᠭᠡᠭᠡᠪᠦᠷᠢ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠦᠢᠯᠡᠴᠢᠯᠡᠭᠡ ᠶᠢ ᠡᠮᠬᠢ ᠵᠢᠷᠤᠮ ᠲᠠᠢ ᠪᠠᠷ ᠰᠡᠷᠭᠦᠭᠡᠨ᠎ᠠ᠃ | ᠬᠦᠯᠦᠰᠦᠨ ᠮᠠᠯᠴᠢᠨ ᠲᠠᠷᠢᠶᠠᠴᠢᠠ ᠵᠡᠷᠭᠡ ᠭᠤᠤᠯᠲᠠᠯᠭ᠎ᠠ ᠲᠠᠢ ᠬᠦᠮᠦᠰ ᠤᠨ ᠠᠵᠢᠯ ᠤᠨ ᠪᠠᠶᠢᠷᠢ ᠳᠠᠭᠠᠨ ᠪᠤᠴᠠᠬᠤ ᠶᠢ | ᠵᠤᠯᠭᠠᠭᠤᠯᠬᠤ ᠪᠠ ᠦᠢᠯᠡᠴᠢᠯᠡᠬᠦ ᠠᠵᠢᠯ ᠢ ᠰᠠᠶᠢᠲᠤᠷ ᠬᠢᠨ᠎ᠠ᠃ ᠠᠵᠢᠯᠴᠢᠳ ᠤᠨ ᠠᠵᠢᠯ ᠤᠨ ᠪᠠᠶᠢᠷᠢ ᠳᠠᠭᠠᠨ ᠪᠤᠴᠠᠬᠤ | ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠵᠢᠯ ᠢᠶᠠᠨ ᠡᠬᠢᠯᠡᠭᠦᠯᠬᠦ ᠠᠵᠦ ᠠᠬᠤᠢᠢᠯᠠᠯ ᠤᠨ ᠭᠤᠤᠯ ᠬᠦᠴᠤᠨ ᠤ | ᠠᠵᠢᠯᠴᠢᠳ᠂ ᠮᠡᠷᠭᠡᠵᠢᠯ ᠤᠨ ᠭᠤᠤᠯᠯᠠᠭᠴᠢ ᠬᠦᠴᠤᠠ ᠤ ᠲᠠᠷᠦ᠋ᠢᠬᠠᠠ ᠠᠵᠢᠯ ᠤᠨ ᠪᠠᠶᠢᠷᠢ ᠳᠠᠭᠠᠨ ᠪᠤᠴᠠᠬᠤ ᠶᠢ ᠤᠷᠢᠳ ᠢᠶᠠᠷ | ᠪᠠᠲᠤᠯᠠᠨ᠎ᠠ᠃ ᠪᠤᠴᠠᠬᠤ ᠬᠦᠮᠦᠰ ᠤᠨ ᠤᠷᠤᠰᠬᠠᠯ ᠤᠨ ᠪᠠᠶᠢᠲᠠᠯ ᠳᠤ ᠵᠠᠲᠠᠯᠤᠯᠲᠠ ᠬᠢᠬᠦ᠂ ᠰᠡᠷᠭᠡᠶᠢᠯᠡᠡ ᠡᠵᠡᠮᠲᠡᠬᠦ | ᠴᠢᠲᠠᠪᠤᠷᠢ ᠳᠤ ᠦᠨᠡᠯᠡᠯᠲᠡ ᠬᠢᠬᠦ᠂ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠴᠡᠭ ᠢ ᠵᠢᠭᠰᠠᠭᠠᠠ ᠪᠠᠶᠢᠴᠠᠭᠠᠬᠤ᠂ ᠠᠵᠦ | ᠠᠬᠤᠢᠢᠯᠠᠯ ᠤᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠪᠠ ᠨᠡᠶᠢᠭᠡᠮ ᠲᠤᠭᠤᠷᠢᠭ ᠤᠨ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠡᠵᠡᠮᠲᠡᠬᠦ ᠵᠡᠷᠭᠡ ᠠᠵᠢᠯ ᠢ ᠰᠠᠶᠢᠨ ᠬᠢᠵᠦ᠂ ᠭᠠᠲᠠᠨ᠎ᠠ ᠠᠴᠠ ᠤᠷᠤᠵᠦ ᠢᠷᠡᠬᠦ ᠲᠡᠷᠭᠡ ᠬᠦᠰᠭᠡ ᠪᠤᠯᠤᠨ | ᠬᠦᠮᠦᠨ ᠬᠠᠷ᠎ᠠ ᠶᠢ ︽ᠨᠢᠭᠡ ᠯᠠ ᠠᠳᠠᠯᠢ︾ ᠪᠠᠷ ᠢᠳᠬᠠᠠ ᠪᠤᠴᠠᠭᠤᠯᠬᠤ ᠵᠡᠷᠭᠡ ᠲᠦᠭᠦᠮᠭᠡᠡ ᠬᠢᠲᠠᠯ ᠢ ᠵᠠᠯᠠᠷᠠᠭᠤᠯᠤᠨ᠎ᠠ᠃ | ᠪᠤᠳᠠᠰ ᠤᠨ ᠬᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ᠃ ᠴᠢᠬᠤᠯᠠ ᠵᠠᠮ ᠬᠠᠷᠢᠯᠴᠠᠭᠠᠠ ᠤ ᠭᠤᠤᠯ | ᠱᠤᠭᠤᠮ ᠵᠢᠴᠢ ᠵᠠᠩᠭᠢᠯᠠᠭ᠎ᠠ ᠶᠢᠨ ᠪᠤᠳᠠᠰ ᠤᠨ ᠬᠦᠢᠯᠭᠡᠭᠡ ᠶᠢᠨ ᠬᠦᠢᠰᠤ ᠭᠠᠵᠠᠷ ᠤᠨ ᠡᠷᠬᠢᠯᠳᠡ ᠶᠢ ᠦᠨᠡᠡ ᠬᠦ ᠪᠠᠲᠤᠯᠠᠨ᠎ᠠ᠃ | ︽ᠭᠤᠷᠪᠠ ᠶᠢ ᠵᠦᠪᠰᠢᠶᠡᠷᠡᠬᠦ ᠦᠭᠡᠢ ᠨᠢᠭᠡ ᠶᠢ ᠤᠷᠢᠳ ᠢᠶᠠᠷ ᠪᠤᠲᠤᠯᠬᠢᠯᠠᠬᠤ︾᠂ ︽ᠨᠢᠭᠡ ᠶᠢ ᠲᠠᠰᠤᠯᠵᠦ ᠭᠤᠷᠪᠠ ᠶᠢ | ᠦᠯᠦ ᠲᠠᠰᠤᠯᠬᠤ︾ ᠱᠠᠭᠠᠷᠲᠠᠯᠭ᠎ᠠ ᠶᠤᠰᠤᠭᠠᠷ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠡᠳ᠋ ᠪᠤᠲᠠᠰ ᠪᠠ | ᠦᠢᠯᠡᠳᠪᠦᠷᠢᠯᠡᠯ ᠠᠮᠢᠲᠤᠷᠠᠯ ᠤᠨ ᠴᠢᠬᠤᠯᠠ ᠡᠳ᠋ ᠪᠤᠲᠠᠰ ᠢ ︽ᠰᠠᠭᠠᠳ ᠦᠭᠡᠢ ᠨᠡᠪᠲᠡᠷᠡᠬᠦᠯᠬᠦ︾ ᠲᠦᠷᠦ ᠶᠢᠨ ᠪᠤᠲᠤᠯᠭ᠎ᠠ ᠶᠢ | ᠴᠢᠩᠭ᠎ᠠ ᠨᠠᠶᠢᠲᠠᠪᠤᠷᠢᠵᠢᠭᠤᠯᠵᠦ᠂ ᠪᠠᠴᠢᠮ ᠵᠦᠭᠡᠭᠡᠪᠦᠷᠢᠯᠡᠬᠦ ᠡᠬᠦᠷᠭᠡ ᠶᠢ ᠬᠦᠢᠴᠡᠳᠭᠡᠵᠦ ᠪᠠᠶᠢᠭ᠎ᠠ ᠵᠦᠭᠡᠭᠡᠪᠦᠷᠢᠯᠡᠬᠦ | ᠴᠢᠲᠠᠪᠤᠷᠢ ᠶᠢ ᠤᠷᠢᠳ ᠢᠶᠠᠷ ᠪᠤᠲᠤᠯᠬᠢᠯᠠᠵᠦ ᠤᠷᠢᠳ ᠢᠶᠠᠷ ᠨᠡᠪᠳᠡᠷᠡᠬᠦᠯᠦᠨ᠎ᠠ᠃ ᠪᠦᠬᠦ ᠤᠷᠤᠨ ᠤ ᠲᠦᠷᠭᠡᠡ ᠤ ᠵᠠᠰᠠᠮᠠᠯ ᠵᠠᠮ᠂ | ᠤᠯᠤᠰ ᠪᠠ ᠮᠤᠵᠢ ᠶᠢᠨ ᠭᠤᠤᠯ ᠵᠠᠮ᠂ ᠭᠤᠤᠯ ᠵᠠᠮ ᠤᠨ ᠪᠡᠯᠴᠢᠷ ᠲᠤ ᠬᠦᠮᠦᠨ ᠬᠠᠷ᠎ᠠ ᠪᠠᠶᠢᠷᠢᠯᠠᠭᠤᠯᠬᠤ ᠶᠢ ᠴᠢᠩᠭᠠᠳᠬᠠᠨ᠂ | ᠠᠵᠢᠯ ᠤᠨ ᠴᠤᠪᠤᠷᠠᠯ ᠢᠶᠠᠨ ᠰᠢᠯᠢᠲᠡᠭᠵᠢᠭᠦᠯᠵᠦ᠂ ᠬᠠᠮᠢᠶᠠᠷᠤᠯᠲᠠ ᠡᠵᠡᠮᠲᠡᠯ ᠢ ᠵᠤᠬᠢᠴᠠᠭᠤᠯᠬᠤ ᠶᠢ ᠨᠢᠭᠡᠲᠦᠯᠲᠡᠢ | ᠲᠦᠯᠦᠪᠵᠢᠭᠦᠯᠵᠦ᠂ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠡᠯ᠎ᠠ ᠲᠦᠷᠦᠯ ᠤᠨ ︽ᠠᠯᠪᠠ ᠪᠠᠷ | ᠬᠤᠷᠢᠠᠠᠯᠠᠠ ᠲᠠᠰᠤᠯᠬᠤ︾ ᠵᠠᠮ ᠬᠠᠷᠢᠯᠴᠠᠭ᠎ᠠ ᠶᠢᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠲᠤᠷ᠎ᠠ ᠪᠠᠷ ᠢᠶᠠᠨ | ᠬᠤᠷᠢᠠᠠᠯᠠᠬᠤ ᠭᠠᠵᠠᠷ ᠭᠠᠷᠭᠠᠬᠤ᠂ ᠵᠠᠮ ᠢ ᠮᠠᠯᠲᠠᠵᠦ ᠲᠠᠰᠤᠯᠬᠤ᠂ ᠬᠡᠪ ᠢᠶᠠᠷ ᠠᠶᠠᠯᠠᠵᠦ ᠪᠠᠶᠢᠬᠤ ᠲᠡᠷᠭᠡ ᠬᠦᠰᠭᠡ ᠶᠢ | ᠬᠤᠷᠢᠠᠠᠯᠠᠠ ᠬᠠᠷᠰᠢᠯᠠᠬᠤ ᠵᠡᠷᠭᠡ ᠦᠢᠯᠡ ᠠᠵᠢᠯᠯᠠᠭ᠎ᠠ ᠶᠢ ᠴᠠᠭᠠᠵᠠᠯᠠᠨ᠎ᠠ᠃ | ︵ ᠲᠤᠯᠤᠭ᠎ᠠ︶ ᠠᠷᠠᠳ ᠤᠨ ᠠᠮᠢᠲᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠳᠤᠷ ᠬᠢᠨ᠎ᠠ | ᠠᠵᠢᠯ ᠤᠯᠭᠤᠯᠲᠠ ᠶᠢᠨ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠨ ᠠᠩᠬᠠᠷᠤᠨ᠎ᠠ᠃ ᠠᠵᠢᠯ ᠤᠯᠭᠤᠯᠲᠠ ᠶᠢ | ᠤᠷᠢᠳ ᠢᠶᠠᠷ ᠪᠤᠲᠤᠯᠬᠢᠯᠠᠬᠤ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠵᠦ᠂ ᠤᠯᠠᠠ ᠵᠦᠢᠯ ᠤᠨ ᠠᠷᠭ᠎ᠠ ᠬᠡᠮᠵᠢᠶ᠎ᠠ ᠶᠢ | ᠵᠡᠷᠭᠡ ᠳᠤᠨᠢ ᠭᠡᠷᠡᠭᠵᠢᠭᠦᠯᠵᠦ ᠪᠠᠶᠢᠭᠠᠳ ᠶᠡᠭᠡ ᠲᠡᠭᠡᠲᠦ ᠰᠤᠷᠭᠠᠭᠤᠯᠢ ᠠᠴᠠ ᠲᠡᠭᠦᠰᠬᠦ ᠤᠶᠤᠲᠠᠳ ᠵᠡᠷᠭᠡ ᠭᠤᠤᠯᠲᠠᠯᠭ᠎ᠠ ᠲᠠᠢ | ᠬᠦᠮᠦᠰ ᠲᠤ ᠠᠵᠢᠯ ᠤᠯᠭᠤᠬᠤ ᠠᠵᠢᠯ ᠢ ᠰᠠᠶᠢᠨ ᠬᠢᠵᠦ᠂ ᠶᠡᠭᠡ ᠲᠡᠭᠡᠲᠦ ᠰᠤᠷᠭᠠᠭᠤᠯᠢ ᠪᠠ ᠬᠦᠮᠦᠨ ᠬᠡᠷᠡᠭᠯᠡᠬᠦ ᠨᠢᠭᠡᠴᠢ | ᠢᠨᠲ᠋ᠧᠷ ᠰᠦᠯᠵᠢᠶ᠎ᠠ ᠶᠢ ᠠᠰᠢᠠᠠᠯᠠᠵᠦ ᠬᠠᠩᠭᠠᠯᠭ᠎ᠠ ᠭᠡᠷᠡᠭᠴᠡᠭᠡ ᠶᠢ ᠵᠤᠯᠭᠠᠭᠤᠯᠬᠤ ᠶᠢ ᠲᠡᠮᠵᠢᠨ᠎ᠠ᠃ ᠠᠵᠦ ᠠᠬᠤᠢᠢᠯᠠᠯ ᠤᠨ | ᠠᠵᠢᠯ ᠢᠶᠠᠨ ᠰᠡᠷᠭᠦᠭᠡᠵᠦ ᠪᠠᠴᠢᠮ ᠪᠠᠶᠢᠲᠠᠯ ᠢ ᠠᠷᠭᠠᠴᠠᠭᠠᠬᠤ ᠶᠢ ᠵᠤᠬᠢᠴᠠᠭᠤᠯᠬᠤ ᠲᠤᠭᠲᠠᠴᠠ ᠶᠢ ᠪᠠᠶᠢᠭᠤᠯᠵᠦ᠂ ᠬᠦᠮᠦᠨ ᠤ | ᠬᠦᠴᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠤᠬᠢᠶᠠᠠ ᠪᠠᠶᠢᠭᠤᠯᠵᠦ ᠠᠵᠦ ᠠᠬᠤᠢᠢᠯᠠᠯ ᠤᠨ ᠪᠠᠴᠢᠮ | ᠭᠡᠷᠡᠭᠰᠡᠵᠦ ᠪᠦᠬᠦᠢ ᠠᠵᠢᠯᠴᠢᠳ ᠲᠤ ᠤᠨᠤᠴᠠᠳᠠᠢ ᠦᠢᠯᠡᠴᠢᠯᠡᠭᠡ ᠬᠠᠩᠭᠠᠵᠦ᠂ ᠰᠦᠯᠵᠢᠶ᠎ᠠ ᠪᠠᠷ ᠲᠠᠮᠵᠢᠨ ᠤᠷᠢᠵᠦ ᠭᠡᠷᠡᠭᠯᠡᠬᠦ | ᠲᠤᠰᠬᠠᠢ ᠠᠵᠢᠯᠯᠠᠭ᠎ᠠ ᠦᠷᠨᠢᠭᠦᠯᠵᠦ᠂ ᠬᠠᠩᠭᠠᠯᠭ᠎ᠠ ᠭᠡᠷᠡᠭᠴᠡᠭᠡ ᠶᠢᠨ ᠮᠡᠲᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠠ᠃ | ᠬᠢᠵᠢᠭ ᠤᠨ ᠪᠠᠶᠢᠲᠠᠯ ᠠᠴᠠ ᠪᠤᠯᠵᠦ ᠭᠠᠲᠠᠭᠰᠢ ᠭᠠᠷᠬᠤ ᠶᠢᠨ ᠠᠷᠭ᠎ᠠ ᠦᠭᠡᠢ ᠬᠦᠯᠦᠰᠦᠨ ᠮᠠᠯᠴᠢᠨ ᠲᠠᠷᠢᠶᠠᠴᠢᠳ ᠢ | ᠲᠠᠭᠠᠭᠤᠯᠵᠦ ᠪᠠᠶᠢᠭᠠᠳ ᠬᠦᠲᠡᠭᠡ ᠲᠤᠰᠬᠤᠨ ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ | ᠪᠠ ᠤᠷᠤᠰᠢᠠ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠠᠵᠢᠯ ᠳᠤ ᠤᠷᠤᠯᠴᠠᠭᠤᠯᠤᠨ᠎ᠠ᠃ | ᠬᠠᠩᠭᠠᠯᠭ᠎ᠠ ᠶᠢ ᠪᠠᠲᠤᠯᠠᠵᠦ ᠦᠨ᠎ᠠ ᠬᠠᠩᠰᠢ ᠶᠢ ᠲᠤᠭᠲᠠᠭᠤᠨ ᠪᠠᠶᠢᠯᠭᠠᠬᠤ ᠠᠵᠢᠯ ᠢ ᠦᠷᠬᠦᠯᠵᠢᠯᠡᠡ ᠰᠠᠶᠢᠲᠤᠷ ᠬᠢᠨ᠎ᠠ᠃ | ︽ᠠᠮᠤ ᠪᠤᠳᠠᠭ᠎ᠠ︾ ᠶᠢ ᠮᠤᠵᠢ ᠶᠢᠨ ᠲᠠᠷᠤᠭ᠎ᠠ ᠬᠠᠷᠢᠭᠤᠴᠠᠬᠤ ᠲᠦᠷᠢᠮ ᠪᠤᠯᠤᠨ ︽ᠬᠤᠯᠢᠰᠢᠨ ᠢᠳᠡᠭᠡᠨ︾ ᠢ ᠬᠤᠳᠠ ᠶᠢᠨ | ᠲᠠᠷᠤᠭ᠎ᠠ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠥ᠂ ᠵᠠᠬ᠎ᠠ ᠲᠡᠯᠭᠡᠭᠦᠷ ᠢ ᠬᠢᠨᠠᠠ ᠪᠠᠶᠢᠴᠠᠭᠠᠵᠦ | ᠵᠤᠬᠢᠴᠠᠭᠤᠯᠬᠤ ᠶᠢ ᠴᠢᠩᠭᠠᠳᠬᠠᠨ᠂ ᠭᠤᠤᠯ ᠢᠲᠡᠭᠡᠡ ᠪᠠ ᠲᠤᠰᠠᠯᠠᠬᠤ ᠢᠲᠡᠭᠡᠡ ᠤ ᠦᠢᠯᠡᠳᠪᠦᠷᠢᠯᠡᠯ᠂ ᠬᠦᠢᠯᠭᠡᠭᠡ ᠪᠠ | ᠬᠠᠩᠭᠠᠯᠭ᠎ᠠ ᠶᠢ ᠦᠨᠡᠡ ᠬᠦ ᠰᠠᠶᠢᠳᠤᠷ ᠠᠳᠬᠤᠵᠦ᠂ ᠵᠠᠬ᠎ᠠ ᠲᠡᠯᠭᠡᠭᠦᠷ ᠤᠨ ᠬᠠᠩᠭᠠᠯᠭ᠎ᠠ ᠭᠡᠷᠡᠭᠴᠡᠭᠡ ᠶᠢᠨ ᠪᠠᠶᠢᠲᠠᠯ ᠢ | ᠦᠨᠲᠦᠰᠦᠯᠡᠨ ᠨᠦᠭᠡᠴᠡᠯᠡᠵᠦ ᠪᠠᠶᠢᠭ᠎ᠠ ᠮᠢᠬ᠎ᠠ ᠵᠢᠴᠢ ᠢᠳᠡᠰᠢᠨ ᠨᠤᠭᠤᠭ᠎ᠠ ᠶᠢ ᠴᠠᠭ ᠲᠤᠨᠢ ᠲᠤᠬᠢᠷᠠᠭᠤᠯᠤᠨ ᠵᠤᠬᠢᠶᠠᠠ | ᠪᠠᠶᠢᠭᠤᠯᠤᠨ ᠬᠠᠩᠭᠠᠵᠦ᠂ ᠢᠲᠡᠰᠢᠨ ᠨᠤᠭᠤᠭ᠎ᠠ᠂ ᠮᠢᠬ᠎ᠠ ᠦᠨᠲᠡᠭᠡ ᠰᠦ᠂ ᠠᠮᠤ ᠲᠤᠰᠤ ᠵᠡᠷᠭᠡ ᠠᠮᠢᠲᠤᠷᠠᠯ ᠤᠨ ᠴᠢᠬᠤᠯᠠ | ᠭᠡᠷᠡᠭᠴᠡᠭᠡᠡ ᠤ ᠡᠳ᠋ ᠪᠤᠳᠠᠰ ᠤᠨ ᠬᠠᠩᠭᠠᠯᠭ᠎ᠠ ᠶᠢ ᠪᠠᠲᠤᠯᠠᠨ᠎ᠠ᠃ ᠨᠠᠮᠤᠷ ᠤᠨ ᠠᠮᠤ ᠪᠤᠲᠠᠭ᠎ᠠ ᠶᠢ ᠬᠤᠲᠠᠯᠲᠤᠠ ᠠᠪᠬᠤ | ᠪᠠᠶᠢᠲᠠᠯ ᠢ ᠠᠩᠬᠠᠷᠴᠤ᠂ ᠬᠤᠲᠠᠯᠲᠤᠨ ᠠᠪᠬᠤ ᠲᠤᠮᠲᠠ ᠢᠯᠡᠷᠡᠬᠦ ᠠᠰᠠᠭᠤᠲᠠᠯ ᠢ ᠢᠲᠡᠪᠬᠢᠲᠠᠢ ᠪᠠᠷ ᠵᠤᠬᠢᠴᠠᠭᠤᠯᠤᠨ | ᠰᠢᠢᠳᠪᠦᠷᠢᠯᠡᠵᠤ᠂ ᠬᠤᠷᠢᠶᠠᠯᠲᠠ ᠶᠢᠨ ᠲᠠᠷᠠᠭᠠᠬᠢ ᠦᠢᠯᠡᠴᠢᠯᠡᠭᠡ ᠦᠷᠨᠢᠭᠦᠯᠤᠨ᠂ ᠶᠡᠭᠡ ᠬᠡᠪᠴᠢᠶ᠎ᠠ ᠪᠠᠷ ᠠᠮᠤ ᠪᠤᠲᠠᠭ᠎ᠠ | ᠸᠠᠯᠠᠵᠦ ᠢᠯᠵᠢᠷᠡᠬᠦ᠂ ᠬᠠᠶᠠᠭᠳᠠᠵᠤ ᠰᠦᠢᠳᠬᠡᠭᠳᠡᠬᠦ ᠦᠵᠡᠭᠲᠡᠯ ᠭᠠᠷᠬᠤ ᠠᠴᠠ ᠵᠠᠶᠢᠯᠠᠰᠬᠢᠨ᠎ᠠ᠃ ᠪᠠᠷᠠᠭᠠᠠ ᠤ ᠦᠨ᠎ᠠ | ᠬᠠᠩᠰᠢ ᠶᠢ ᠦᠷᠢᠰᠦᠯᠲᠦᠨ ᠦᠰᠭᠡᠬᠦ᠂ ᠬᠤᠲᠠᠯ ᠬᠠᠭᠤᠷᠮᠠᠭ ᠢᠲᠡᠭᠡᠡ ᠪᠠ ᠡᠮ ᠤᠨ ᠵᠦᠢᠯ ᠢ ᠦᠢᠯᠡᠳᠪᠦᠷᠢᠯᠡᠡ | ᠪᠤᠷᠤᠯᠠᠭᠤᠯᠬᠤ᠂ ᠨᠦᠬᠡᠴᠡᠯᠡᠡ ᠬᠠᠲᠠᠭᠠᠯᠠᠵᠦ ᠦᠨ᠎ᠠ ᠬᠠᠩᠰᠢ ᠦᠰᠬᠦ ᠶᠢ ᠬᠦᠯᠢᠶᠡᠬᠦ ᠵᠡᠷᠭᠡ ᠬᠠᠤᠯᠢ ᠠᠴᠠ ᠵᠦᠷᠢᠴᠡᠭᠰᠡᠡ | ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠦᠨ᠎ᠠ ᠬᠠᠩᠰᠢ ᠶᠢᠨ ᠶᠡᠭᠡ ᠬᠡᠯᠪᠡᠯᠵᠡᠯ ᠦᠯᠦ ᠭᠠᠷᠬᠤ ᠶᠢ | ᠪᠠᠲᠤᠯᠠᠨ᠎ᠠ᠃ | ᠨᠡᠶᠢᠭᠡᠮ ᠤᠨ ᠦᠢᠯᠡᠰ ᠤᠨ ᠬᠦᠭᠵᠢᠯᠲᠠ ᠶᠢ ᠲᠦᠷᠭᠡᠳᠭᠡᠨ᠎ᠠ᠃ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠲᠠᠶᠢᠯᠠᠯᠲᠤᠭᠠᠠ ᠤ ᠡᠴᠤᠰ ᠤᠨ ᠪᠠᠬᠢᠯᠡᠯᠲᠡ ᠳᠤ ᠴᠢᠭᠯᠡᠭᠦᠯᠤᠨ᠂ ᠬᠦᠲᠡᠭᠡ ᠲᠤᠰᠬᠤᠨ ᠢ ᠬᠦᠭᠵᠢᠭᠦᠯᠦᠨ | ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠬᠦ ᠶᠢ ᠠᠬᠢᠭᠤᠯᠬᠤ ᠲᠠᠢ ᠤᠶᠠᠯᠲᠤᠭᠤᠯᠵᠦ᠂ ᠬᠢᠵᠢᠭ ᠤᠨ ᠪᠠᠶᠢᠲᠠᠯ ᠢ | ᠰᠡᠷᠭᠡᠶᠢᠯᠡᠡ ᠡᠵᠡᠮᠲᠡᠬᠦ ᠪᠠᠷ ᠭᠠᠷᠲᠠᠴᠠ ᠪᠤᠯᠭᠠᠠ᠂ ᠬᠦᠲᠡᠭᠡ ᠲᠤᠰᠬᠤᠨ ᠤ ᠤᠷᠤᠰᠢᠠ ᠰᠠᠭᠤᠷᠢᠰᠢᠬᠤ ᠤᠷᠴᠢᠨ ᠲᠤᠭᠤᠷᠢᠨ ᠢ | ᠴᠡᠭᠴᠡᠯᠡᠡ ᠵᠠᠰᠠᠯᠳᠠ ᠪᠠ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠤᠮᠲᠠ ᠢᠯᠡᠷᠡᠭᠰᠡᠡ ᠲᠤᠲᠠᠭᠤᠲᠠᠯ ᠪᠠ ᠬᠦᠷᠦᠯᠴᠡᠬᠦ ᠦᠭᠡᠢ ᠲᠠᠯ᠎ᠠ ᠳᠤ | ᠴᠢᠭᠯᠡᠭᠦᠯᠤᠨ᠂ ᠲᠤᠤᠷ᠎ᠠ ᠲᠠᠷᠤᠴᠠᠳᠤ ᠮᠡᠰᠢᠨ ᠲᠡᠷᠭᠡ᠂ ᠠᠮᠢᠰᠬᠤᠯ ᠤᠨ ᠮᠠᠰᠢᠨ᠂ ᠬᠠᠮᠠᠭᠠᠯᠠᠯᠲᠠ ᠶᠢᠨ ᠬᠤᠪᠴᠠᠰᠤ ᠵᠡᠷᠭᠡ | ᠡᠮᠴᠢᠯᠡᠭᠡᠨ ᠤ ᠰᠡᠷᠭᠡᠶᠢᠯᠡᠡ ᠡᠵᠡᠮᠲᠡᠬᠦ ᠲᠤᠨᠤᠭ ᠲᠦᠬᠦᠭᠡᠷᠦᠮᠵᠢ ᠪᠠ ᠡᠳ᠋ ᠪᠤᠲᠠᠰ ᠢ ᠲᠦᠷᠭᠡᠡ ᠬᠤᠲᠠᠯᠲᠤᠠ ᠠᠪᠴᠤ | ᠲᠤᠬᠢᠷᠠᠭᠤᠯᠤᠠ᠂ ᠲᠤᠤᠷ᠎ᠠ ᠲᠠᠷᠤᠴᠠᠳᠤ ᠡᠪᠡᠳᠴᠢᠲᠠᠠ ᠤ ᠦᠷᠦᠭᠡ᠂ ᠠᠯᠤᠰ ᠡᠵᠡᠮᠰᠢᠯᠲᠦ ᠡᠮᠴᠢᠯᠡᠭᠡᠨ ᠵᠡᠷᠭᠡ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠶᠢ ᠲᠦᠷᠭᠡᠳᠭᠡᠵᠦ᠂ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠬᠢᠵᠢᠭ ᠢ | ᠰᠡᠷᠭᠡᠶᠢᠯᠡᠬᠦ ᠪᠠ ᠴᠢᠬᠤᠯᠠ ᠶᠡᠭᠡ ᠬᠠᠯᠲᠠᠪᠤᠷᠢᠲᠦ ᠡᠪᠡᠳᠴᠢᠠ ᠢ ᠰᠡᠷᠭᠡᠶᠢᠯᠡᠡ ᠡᠵᠡᠮᠲᠡᠬᠦ ᠴᠢᠲᠠᠪᠤᠷᠢ ᠶᠢ ᠲᠡᠭᠡᠭᠰᠢᠯᠡᠭᠦᠯᠦᠨ᠎ᠠ᠃ | ᠬᠢᠴᠢᠶᠡᠯ ᠵᠤᠭᠰᠤᠬᠰᠠᠠ ᠴᠤ ᠵᠢᠭᠠᠠ ᠰᠤᠷᠭᠠᠯᠲᠠ ᠶᠢ ᠦᠯᠦ ᠵᠤᠭᠰᠤᠭᠠᠬᠤ᠂ ᠬᠢᠴᠢᠶᠡᠯ ᠵᠤᠭᠰᠤᠭᠰᠠᠠ ᠴᠤ ᠰᠤᠷᠤᠯᠴᠠᠯᠭ᠎ᠠ ᠶᠢ | ᠦᠯᠦ ᠵᠤᠭᠰᠤᠭᠠᠬᠤ ᠱᠠᠭᠠᠷᠲᠠᠯᠭ᠎ᠠ ᠶᠢ ᠨᠠᠶᠢᠲᠠᠪᠤᠷᠢᠵᠢᠭᠤᠯᠵᠦ᠂ ᠰᠦᠯᠵᠢᠶᠠᠠ ᠲᠡᠭᠡᠷᠡᠬᠢ ᠵᠢᠭᠠᠠ ᠰᠤᠷᠭᠠᠯᠲᠠ ᠶᠢᠨ ᠪᠡᠯᠡᠳᠭᠡᠯ | ᠠᠵᠢᠯ ᠢ ᠰᠠᠶᠢᠨ ᠬᠢᠵᠦ᠂ ᠬᠢᠵᠢᠭ ᠤᠨ ᠦᠷᠪᠢᠰᠤᠯᠳᠠ ᠶᠢᠨ ᠪᠠᠶᠢᠲᠠᠯ ᠢ ᠦᠨᠲᠦᠰᠦᠯᠡᠨ ᠰᠦᠯᠵᠢᠶᠡᠡ ᠲᠡᠭᠡᠷ᠎ᠠ ᠬᠢᠴᠢᠶᠡᠯ | ᠵᠢᠭᠠᠬᠤ ᠶᠢ ᠴᠠᠭ ᠲᠤᠨᠢ ᠲᠤᠬᠢᠷᠠᠭᠤᠯᠤᠨ ᠦᠷᠨᠢᠭᠦᠯᠵᠦ᠂ ᠬᠢᠵᠢᠭ ᠤᠨ ᠪᠠᠶᠢᠲᠠᠯ ᠤᠨ ᠰᠤᠷᠭᠠᠭᠤᠯᠢ ᠶᠢᠨ ᠬᠡᠪ ᠤᠨ ᠵᠢᠭᠠᠠ | ᠰᠤᠷᠭᠠᠯᠲᠠ ᠳᠤ ᠦᠵᠡᠭᠦᠯᠬᠦ ᠨᠦᠯᠦᠭᠡ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠭᠠᠰᠬᠠᠵᠦ᠂ ᠬᠢᠵᠢᠭ ᠤᠨ ᠪᠠᠶᠢᠲᠠᠯ | ᠲᠡᠭᠤᠰᠤᠭᠰᠠᠠ ᠤ ᠲᠠᠷᠠᠭ᠎ᠠ ᠵᠢᠭᠠᠠ ᠰᠤᠷᠭᠠᠯᠲᠠ ᠶᠢᠨ ᠡᠮᠬᠢ ᠵᠢᠷᠤᠮ ᠢ ᠴᠢᠲᠠᠬᠤ ᠶᠢᠨ ᠬᠢᠷᠢ ᠪᠠᠷ ᠲᠠᠷᠦ᠋ᠢᠬᠠᠨ ᠰᠡᠷᠭᠦᠭᠡᠨ᠎ᠠ᠃ | ︵ᠨᠠᠢᠮᠠ︶ ᠪᠡᠯᠡ ᠤᠷᠤᠭᠤᠯᠤᠯᠲᠠ ᠶᠢ ᠲᠤᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ | ᠴᠢᠬᠤᠯᠡ ᠶᠡᠭᠡ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠠ ᠭᠠᠵᠠᠷ ᠤᠨ ᠬᠢᠨ | ᠴᠢᠬᠤᠯᠠ ᠶᠡᠭᠡ ᠲᠦᠷᠦᠯ ᠵᠦᠢᠯ ᠢ ᠲᠤᠰᠬᠠᠢ ᠠᠬᠢᠭᠤᠯᠬᠤ ᠲᠤᠭᠤᠢᠢᠯᠠᠩ ᠪᠠᠶᠢᠭᠤᠯᠵᠦ᠂ ᠨᠢᠭᠡ ᠠᠵᠦ ᠠᠬᠤᠢᠢᠯᠠᠯ ᠳᠤ ᠨᠢᠭᠡ | ᠠᠷᠭ᠎ᠠ ᠪᠤᠲᠤᠯᠭ᠎ᠠ ᠶᠢ ᠭᠡᠷᠡᠭᠵᠢᠭᠦᠯᠤᠨ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠪᠦ᠋ᠷᠢ ᠳᠤ ᠨᠢᠭᠡ ᠠᠷᠭ᠎ᠠ | ᠪᠤᠲᠤᠯᠭ᠎ᠠ ᠶᠢ ᠭᠡᠷᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠢ ᠭᠤᠷᠪᠠᠠ ᠱᠠᠲᠤ ᠬᠤᠯᠪᠤᠭᠠᠯᠠᠠ ᠲᠠᠭᠠᠭᠠᠴᠢᠯᠠᠬᠤ | ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠤᠨ᠂ ᠨᠠᠷᠢᠨ ᠲᠠᠩᠰᠠ ᠶᠢᠨ ᠬᠠᠮᠢᠶᠠᠷᠤᠯᠲᠠ ᠪᠤᠯᠤᠨ ᠭᠠᠷᠠᠭ ᠤᠨ | ᠲᠤᠬᠢᠷᠠᠭᠤᠯᠤᠯᠲᠠ ᠶᠢᠨ ᠲᠦᠷᠢᠮ ᠢ ᠭᠡᠷᠡᠭᠵᠢᠭᠦᠯᠵᠦ᠂ ᠠᠵᠢᠯ ᠢᠶᠠᠨ ᠡᠬᠢᠯᠡᠭᠦᠯᠵᠤ ᠰᠡᠷᠭᠦᠭᠡᠬᠦ ᠠᠴᠠ ᠡᠮᠦᠨᠡᠬᠢ ᠴᠢᠬᠤᠯᠠ ᠶᠡᠭᠡ | ᠠᠰᠠᠭᠤᠲᠠᠯ ᠢ ᠨᠢ ᠬᠠᠪᠰᠤᠷᠴᠤ ᠵᠤᠬᠢᠴᠠᠭᠤᠯᠤᠨ ᠰᠢᠢᠳᠪᠦᠷᠢᠯᠡᠬᠦ ᠪᠠᠷ ᠴᠢᠷᠮᠠᠶᠢᠨ᠎ᠠ᠃ ᠲᠦᠷᠪᠡᠲᠦᠭᠡᠷ ᠲᠦᠷᠦᠯ ᠤᠨ ᠭᠠᠵᠠᠷ | ᠤᠷᠤᠨ ᠨᠢ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ ᠢ ᠰᠠᠶᠢᠳᠤᠷ ᠬᠢᠬᠦ ᠶᠢᠨ ᠵᠡᠷᠭᠡ ᠪᠠᠷ ᠲᠦᠷᠦᠯ ᠵᠦᠢᠯ ᠤᠨ | ᠪᠠᠷᠢᠯᠭ᠎ᠠ ᠶᠢ ᠡᠬᠢᠯᠡᠬᠦᠯᠵᠤ ᠰᠡᠷᠭᠦᠭᠡᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ︔ ᠬᠤᠶᠠᠲᠤᠭᠠᠷ᠂ ᠭᠤᠷᠪᠠᠲᠤᠭᠠᠷ | ᠲᠦᠷᠦᠯ ᠤᠨ ᠭᠠᠵᠠᠷ ᠤᠷᠤᠨ ᠨᠢ ᠲᠦᠷᠦᠯ ᠵᠦᠢᠯ ᠤᠨ ᠡᠮᠦᠨᠡᠬᠢ ᠬᠤᠭᠤᠴᠠᠭᠠᠠ ᠤ ᠠᠵᠢᠯ ᠢ ᠰᠠᠶᠢᠳᠤᠷ ᠬᠢᠵᠦ᠂ ᠨᠦᠬᠦᠴᠡᠯ | ᠪᠦᠷᠢᠯᠲᠦᠬᠦ ᠦᠶ᠎ᠠ ᠳᠤ ᠴᠠᠭ ᠲᠤᠬᠠᠢ ᠳᠤᠨᠢ ᠠᠵᠢᠯ ᠢᠶᠠᠨ ᠡᠬᠢᠯᠡᠭᠦᠯᠵᠤ ᠰᠡᠷᠭᠦᠭᠡᠬᠦ ᠭᠡᠷᠡᠭᠲᠡᠢ᠃ | ᠲᠦᠷᠦᠯ ᠵᠦᠢᠯ ᠤᠨ ᠡᠮᠦᠨᠡᠬᠢ ᠬᠤᠭᠤᠴᠠᠭᠠᠠ ᠤ ᠠᠵᠢᠯ ᠢ ᠲᠦᠷᠭᠡᠳᠭᠡᠨ᠎ᠠ᠃ ᠢᠨᠵᠧᠨᠧᠷᠢᠩ ᠤᠨ ᠪᠦᠲᠦᠭᠡᠡ | ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠠ ᠵᠦᠪᠰᠢᠶᠡᠷᠡᠬᠦ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠪᠡᠯᠡ | ᠤᠷᠤᠭᠤᠯᠤᠯᠲᠠ ᠶᠢᠨ ᠲᠦᠷᠦᠯ ᠵᠦᠢᠯ ᠤᠨ ᠠᠮᠠᠯᠠᠯᠲᠠ ᠶᠢᠨ ᠲᠦᠷᠢᠮ ᠪᠤᠯᠤᠨ ᠰᠠᠯᠠᠭ᠎ᠠ ᠮᠦᠴᠢᠷ ᠠᠴᠠ ᠤᠷᠤᠯᠠᠠ | ᠬᠦᠢᠴᠡᠳᠭᠡᠬᠦ ᠲᠦᠷᠢᠮ ᠢ ᠠᠬᠢᠭᠤᠯᠤᠨ᠎ᠠ᠃ ᠰᠦᠯᠵᠢᠶᠠᠠ ᠲᠡᠭᠡᠷᠡᠬᠢ ᠲᠠᠪᠴᠠᠩ ᠵᠡᠷᠭᠡ ᠠᠷᠭ᠎ᠠ ᠬᠡᠯᠪᠡᠷᠢ ᠶᠢ ᠬᠦᠢᠴᠡᠳ | ᠠᠰᠢᠠᠠᠯᠠᠠ ᠪᠡᠯᠡᠳᠭᠡᠬᠦ ᠪᠠ ᠮᠡᠲᠡᠭᠦᠯᠦᠨ ᠪᠠᠶᠢᠭᠤᠯᠬᠤ ᠱᠠᠲᠤᠨ ᠤ ᠭᠠᠷᠲᠠᠮ ᠢ ᠲᠦᠷᠭᠡᠡ ᠬᠢᠨᠠᠠ ᠰᠢᠯᠭᠠᠵᠦ᠂ ︽ᠨᠢᠭᠤᠷ | ᠤᠴᠠᠷᠠᠬᠤ ᠦᠭᠡᠢ︾ ᠪᠠᠷ ᠬᠢᠨᠠᠠ ᠵᠦᠪᠰᠢᠶᠡᠷᠡᠬᠦ ᠶᠢ ᠠᠬᠢᠭᠤᠯᠤᠨ᠎ᠠ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ | ᠤᠷᠢᠲᠠᠯ ᠲᠤᠤᠷ᠎ᠠ ᠬᠠᠶᠢᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠠ ᠰᠢᠯᠭᠠᠬᠤ ᠵᠡᠷᠭᠡ ᠰᠦᠯᠵᠢᠶᠠᠠ ᠤ | ᠭᠠᠲᠠᠭᠤᠷᠬᠢ ᠡᠮᠤᠨᠡᠬᠢ ᠬᠤᠭᠤᠴᠠᠭᠠᠠ ᠤ ᠠᠵᠢᠯ ᠪᠤᠯᠤᠨ ᠭᠤᠤᠯᠲᠠᠯᠭ᠎ᠠ ᠲᠠᠢ ᠲᠦᠷᠦᠯ ᠵᠦᠢᠯ ᠢ ᠱᠠᠯᠠᠪᠲᠠᠠ ᠪᠠᠶᠢᠴᠠᠭᠠᠵᠦ | ᠲᠤᠬᠢᠷᠠᠭᠤᠯᠬᠤ ᠠᠵᠢᠯ ᠢ ᠡᠮᠬᠢ ᠵᠢᠷᠤᠮ ᠲᠠᠢ ᠵᠤᠬᠢᠶᠠᠠ ᠪᠠᠶᠢᠭᠤᠯᠵᠦ ᠦᠷᠨᠢᠭᠦᠯᠦᠨ᠎ᠠ᠃ | ᠪᠡᠯᠡ ᠮᠦᠩᠭᠦ ᠶᠢᠨ ᠪᠠᠲᠤᠯᠠᠭ᠎ᠠ ᠶᠢ ᠦᠨᠡᠡ ᠬᠦ ᠰᠠᠶᠢᠳᠤᠷ ᠬᠢᠨ᠎ᠠ᠃ ᠲᠦᠪ ᠤᠨ ᠲᠦᠰᠦᠪ ᠤᠨ ᠲᠤᠲᠤᠷᠠᠬᠢ ᠪᠡᠯᠡ | ᠮᠦᠩᠭᠦ ᠪᠤᠯᠤᠨ ᠤᠷᠤᠨ ᠨᠤᠲᠤᠭ ᠤᠨ ᠵᠢᠭᠡᠯᠡᠯᠭᠡ ᠶᠢᠨ ᠲᠡᠮᠲᠡᠭᠲᠦ ᠶᠢ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢᠨ | ᠲᠠᠯ᠎ᠠ ᠳᠤ ᠲᠦᠷᠭᠡᠡ ᠨᠠᠶᠢᠲᠠᠪᠤᠷᠢᠵᠢᠭᠤᠯᠬᠤ ᠶᠢ ᠢᠲᠡᠪᠬᠢᠲᠠᠢ ᠠᠬᠢᠭᠤᠯᠬᠤ ᠪᠦᠭᠡᠳ ᠲᠠᠷᠠᠭᠠᠴᠢ ᠶᠢᠨ ᠪᠡᠯᠡ ᠮᠦᠩᠭᠦ ᠪᠤᠯᠤᠨ | ᠵᠢᠭᠡᠯᠡᠯᠭᠡ ᠶᠢᠨ ᠲᠡᠮᠲᠡᠭᠲᠦ ᠶᠢ ᠴᠢᠷᠮᠠᠶᠢᠠ ᠤᠯᠬᠤ ᠠᠵᠢᠯ ᠢ ᠦᠷᠬᠦᠯᠵᠢᠯᠡᠡ ᠰᠠᠶᠢᠳᠤᠷ ᠬᠢᠨ᠎ᠠ᠃ ᠤᠯᠤᠰ ᠤᠨ ᠬᠤᠯᠪᠤᠭᠲᠠᠯ | ᠪᠦᠬᠦᠢ ᠲᠦᠷᠦ ᠶᠢᠨ ᠪᠤᠲᠤᠯᠭ᠎ᠠ ᠶᠢ ᠨᠠᠶᠢᠲᠠᠪᠤᠷᠢᠵᠢᠭᠤᠯᠵᠦ᠂ ᠲᠤᠰᠬᠠᠢ ᠲᠦᠷᠦᠯ ᠤᠨ ᠲᠠᠬᠢᠨ ᠵᠢᠬᠡᠯᠡᠬᠦᠯᠬᠦ᠂ ᠬᠦᠤ | ᠮᠦᠩᠬᠦ ᠶᠢ ᠨᠢ ᠤᠷᠤᠯᠠᠠ ᠦᠭᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ ᠤᠯᠤᠰ ᠤᠨ ᠨᠡᠷᠡᠰ ᠤᠨ ᠵᠢᠭᠰᠠᠭᠠᠯᠲᠠ ᠳᠤ | ᠤᠷᠤᠭᠰᠠᠠ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠭᠤᠤᠯᠲᠠᠯᠭ᠎ᠠ ᠲᠠᠢ ᠪᠠᠲᠤᠯᠠᠭ᠎ᠠ ᠶᠢᠨ ᠠᠵᠦ ᠠᠬᠤᠢᠢᠯᠠᠯ ᠢ | ᠮᠦᠩᠭᠦᠨ ᠬᠦᠢᠯᠭᠡᠭᠡᠨ ᠢᠶᠠᠷ ᠲᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠵᠠᠰᠠᠭ ᠤᠨ ᠤᠷᠲᠤᠨ᠂ ᠮᠦᠩᠭᠦᠨ ᠬᠦᠢᠯᠭᠡᠭᠡᠡ | ᠪᠠ ᠠᠵᠦ ᠠᠬᠤᠢᠢᠯᠠᠯ ᠢ ᠵᠤᠯᠭᠠᠭᠤᠯᠬᠤ ᠪᠠᠶᠢᠩᠭᠤᠵᠢᠭᠰᠠᠠ ᠦᠢᠯᠡᠴᠢᠯᠡᠭᠡᠨ ᠤ ᠲᠤᠭᠲᠠᠴᠠ ᠪᠤᠯᠤᠨ ᠰᠦᠯᠵᠢᠶᠠᠠ | ᠲᠠᠪᠴᠠᠩ ᠢᠶᠠᠷ ᠲᠠᠨᠢᠯᠴᠠᠭᠤᠯᠬᠤ ᠲᠦᠷᠦᠯ ᠵᠦᠢᠯ ᠤᠨ ᠲᠤᠭᠲᠠᠴᠠ ᠶᠢ ᠦᠷᠬᠦᠯᠵᠢᠯᠡᠡ ᠲᠡᠭᠦᠯᠲᠡᠷᠵᠢᠭᠦᠯᠦᠨ᠎ᠠ᠃ | ᠴᠢᠬᠤᠯᠡ ᠶᠡᠭᠡ ᠲᠦᠷᠦᠯ ᠵᠦᠢᠯ ᠤᠨ ᠨᠦᠭᠡᠴᠡᠯᠡᠯᠲᠡ ᠶᠢ ᠰᠠᠶᠢᠳᠤᠷ ᠬᠢᠨ᠎ᠠ᠃ ︽ᠠᠷᠪᠠᠠ ᠲᠦᠷᠪᠡᠲᠦᠭᠡᠷ ᠲᠠᠪᠤᠠ ᠵᠢᠯ︾ | ᠤᠨ ᠲᠦᠯᠦᠪᠵᠢᠭᠦᠯᠭᠡ ᠪᠤᠯᠤᠨ ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠰᠠᠶᠢᠳᠤᠷ ᠬᠢᠵᠦ᠂ ᠰᠠᠭᠤᠷᠢ | ᠲᠦᠬᠦᠭᠡᠷᠦᠮᠵᠢ᠂ ᠠᠵᠦ ᠦᠢᠯᠡᠰ ᠤᠨ ᠬᠦᠭᠵᠢᠯᠳᠡ᠂ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠢᠨ᠎ᠠ ᠡᠬᠦᠳᠦᠯᠳᠡ᠂ | ᠠᠮᠢ ᠠᠬᠤᠢ ᠤᠷᠴᠢᠨ ᠲᠤᠭᠤᠷᠢᠨ᠂ ᠰᠤᠷᠭᠠᠠ ᠬᠦᠮᠦᠵᠢᠯ᠂ ᠡᠮᠴᠢᠯᠡᠬᠡᠨ ᠪᠠ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ | ᠬᠦᠷᠢᠶ᠎ᠠ ᠬᠡᠪᠴᠢᠶ᠎ᠠ ᠪᠠᠷ ᠭᠤᠤᠯᠲᠠᠭᠤᠯᠵᠦ᠂ ᠲᠤᠲᠠᠭᠤᠲᠠᠯ ᠢ ᠨᠦᠬᠦᠪᠦᠷᠢᠯᠡᠬᠦ᠂ ᠪᠦᠲᠦᠴᠡ ᠶᠢ ᠲᠤᠬᠢᠷᠠᠭᠤᠯᠬᠤ᠂ ᠠᠷᠠᠳ ᠤᠨ | ᠠᠮᠢᠲᠤᠷᠠᠯ ᠢ ᠬᠠᠷᠠᠭᠠᠯᠵᠠᠬᠤ᠂ ᠵᠠᠯᠭᠠᠮᠵᠢ ᠬᠦᠴᠤᠨ ᠢ ᠴᠢᠩᠭᠠᠳᠬᠠᠬᠤ ᠨᠢᠭᠡ ᠪᠦᠯᠦᠭ ᠴᠢᠨᠠᠷ ᠰᠠᠶᠢᠳᠠᠢ ᠬᠦᠭᠵᠢᠯᠲᠠ ᠶᠢᠨ | ᠲᠦᠷᠦᠯ ᠵᠦᠢᠯ ᠢ ᠬᠦᠲᠡᠯᠦᠩᠭᠦᠢ ᠪᠠᠷ ᠲᠦᠯᠦᠪᠵᠢᠭᠦᠯᠦᠨ ᠨᠦᠭᠡᠴᠡᠯᠡᠵᠦ᠂ ︽ᠨᠢᠭᠡ ᠪᠦᠯᠦᠭ ᠢ ᠲᠦᠯᠦᠪᠵᠢᠭᠦᠯᠬᠦ᠂ ᠨᠢᠭᠡ | ᠪᠦᠯᠦᠭ ᠢ ᠨᠦᠭᠡᠴᠡᠯᠡᠬᠦ᠂ ᠨᠢᠭᠡ ᠪᠦᠯᠦᠭ ᠢ ᠪᠦᠲᠦᠭᠡᠡ ᠪᠠᠶᠢᠭᠤᠯᠬᠤ᠂ ᠨᠢᠭᠡ ᠪᠦᠯᠦᠭ ᠤᠨ ᠠᠵᠢᠯ ᠢ ᠲᠠᠭᠤᠰᠬᠠᠠ | ᠠᠰᠢᠠᠠᠯᠠᠯᠲᠠ ᠳᠤ ᠤᠷᠤᠭᠤᠯᠬᠤ︾ ᠰᠠᠶᠢᠨ ᠤᠷᠴᠢᠯ ᠢ ᠪᠦᠷᠢᠯᠲᠦᠭᠦᠯᠦᠨᠠ᠃ | ︵ᠶᠢᠰᠦ︶ ᠰᠠᠭᠤᠭᠠᠯᠢ ᠠᠷᠠᠳ ᠤᠨ ᠬᠡᠷᠡᠭᠯᠡᠭᠡ ᠶᠢ ᠲᠤᠬᠳᠠᠭᠤᠨ ᠢᠶᠠᠷ ᠠᠬᠢᠭᠤᠯᠤᠨ᠎ᠠ | ᠦᠢᠯᠡᠴᠢᠯᠡᠭᠡ ᠶᠢᠨ ᠬᠡᠷᠡᠭᠯᠡᠬᠡᠨ ᠤ ᠴᠢᠨᠡᠷ ᠢ ᠲᠡᠭᠡᠭᠰᠢᠯᠡᠬᠦᠯᠵᠤ ᠪᠠᠭᠳᠠᠭᠠᠮᠵᠢ ᠶᠢ ᠦᠷᠬᠡᠳᠬᠡᠨ᠎ᠠ᠃ ᠡᠷᠡᠬᠦᠯ ᠮᠡᠨᠳᠦ᠂ | ᠨᠠᠰᠤᠳᠠᠨ ᠤ ᠠᠰᠠᠷᠠᠮᠵᠢ᠂ ᠬᠡᠤᠬᠡᠳ ᠬᠦᠮᠦᠵᠢᠬᠦᠯᠬᠦ᠂ ᠬᠡᠷ ᠤᠨ ᠠᠳᠠᠯ ᠠᠬᠤᠢ ᠶᠢᠨ ᠦᠢᠯᠡᠴᠢᠯᠡᠭᠡ ᠶᠢ ᠬᠦᠭᠵᠢᠬᠦᠯᠦᠨ | ᠪᠤᠵᠠᠭᠠᠢᠢᠷᠠᠭᠤᠯᠵᠤ᠂ ᠬᠢᠵᠢᠭ ᠤᠨ ᠬᠤᠭᠤᠴᠠᠭᠠᠨ ᠳᠠᠬᠢ ᠲᠤᠳᠠᠭᠤᠳᠠᠯ ᠢ ᠴᠢᠷᠮᠠᠶᠢᠨ ᠨᠦᠬᠦᠪᠦᠷᠢᠯᠡᠨ᠎ᠠ᠃ ᠲᠦᠷᠪᠡᠳᠦᠬᠡᠷ | ᠲᠦᠷᠦᠯ ᠤᠨ ᠭᠠᠵᠠᠷ ᠤᠷᠤᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠬᠠᠮᠳᠤ | ᠢᠳᠡᠬᠡᠨ ᠤᠮᠳᠠᠭᠠᠨ᠂ ᠬᠤᠨᠤᠬ ᠪᠠᠭᠤᠳᠠᠯ᠂ ᠪᠦᠬᠡᠮ ᠢᠶᠠᠷ ᠪᠤᠷᠤᠯᠠᠭᠤᠯᠬᠤ᠂ ᠵᠢᠵᠢᠭᠯᠡᠨ ᠪᠤᠷᠤᠯᠠᠭᠤᠯᠬᠤ ᠵᠡᠷᠬᠡ ᠬᠦᠷᠢᠶ᠎ᠠ | ᠬᠡᠪᠴᠢᠶᠠᠨ ᠳᠠᠬᠢ ᠡᠵᠡᠩᠨᠡᠯᠳᠡ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠰᠡᠷᠬᠦᠬᠡᠵᠤ᠂ ᠬᠡᠷᠡᠭᠯᠡᠬᠡᠨ ᠤ ᠨᠡᠮᠡᠭᠳᠡᠯ ᠢ | ᠠᠬᠢᠭᠤᠯᠤᠨ᠎ᠠ᠃ ᠭᠤᠷᠪᠠᠳᠤᠭᠠᠷ ᠲᠦᠷᠦᠯ ᠤᠨ ᠭᠠᠵᠠᠷ ᠤᠷᠤᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠳᠤᠷ ᠬᠢᠭᠰᠡᠨ ᠰᠠᠭᠤᠷᠢᠨ ᠲᠡᠬᠡᠷ᠎ᠠ ᠠᠯᠬᠤᠮ ᠠᠯᠬᠤᠮ ᠢᠶᠠᠷ ᠰᠡᠷᠬᠦᠬᠡᠨ᠎ᠠ᠃ | ᠪᠤᠳᠠᠳᠤ ᠲᠠᠸᠠᠷ ᠤᠨ ᠬᠡᠷᠡᠭᠯᠡᠭᠡ ᠶᠢ ᠦᠷᠬᠡᠳᠬᠡᠨ᠎ᠠ᠃ ᠪᠤᠬᠢᠷᠳᠤᠯ ᠦᠬᠡᠢ ᠢᠳᠡᠬᠡᠨ᠂ ᠡᠮ ᠤᠨ ᠵᠦᠢᠯᠡᠰ᠂ ᠠᠷᠢᠭᠤᠨ | ᠴᠡᠪᠡᠷ ᠡᠷᠡᠬᠦᠯ ᠬᠠᠮᠠᠭᠠᠯᠠᠯ ᠤᠨ ᠬᠡᠷᠡᠭᠰᠡᠯ᠂ ᠪᠠᠶ᠎ᠠ ᠴᠢᠬᠢᠷᠠᠬᠵᠢᠭᠤᠯᠬᠤ ᠪᠠᠭᠠᠵᠢ ᠵᠡᠷᠭᠡ ᠪᠦᠲᠦᠬᠡᠭᠳᠡᠬᠦᠨ ᠤ ᠬᠠᠨᠭ᠍ᠭᠠᠯᠭ᠎ᠠ ᠶᠢ | ᠨᠡᠮᠡᠭᠳᠡᠬᠦᠯᠦᠨ᠎ᠠ᠃ ᠮᠠᠰᠢᠨ ᠲᠡᠷᠬᠡ ᠵᠡᠷᠭᠡ ᠤᠯᠠᠮᠵᠢᠯᠠᠯᠳᠤ ᠡᠩ ᠤᠨ ᠬᠡᠷᠡᠭᠯᠡᠭᠡ ᠶᠢ ᠲᠤᠭᠳᠠᠪᠤᠷᠢᠵᠢᠭᠤᠯᠤᠨ᠎ᠠ᠃ ᠤᠯᠠᠮᠵᠢᠯᠠᠯᠳᠤ | ᠵᠢᠵᠢᠭᠯᠡᠨ ᠪᠤᠷᠤᠯᠠᠭᠤᠯᠬᠤ ᠠᠵᠤ ᠠᠬᠤᠢᠢᠯᠠᠯ ᠤᠨ ᠰᠦᠯᠵᠢᠶ᠎ᠠ ᠪᠠᠷ ᠡᠵᠡᠩᠨᠡᠨ ᠪᠤᠷᠤᠯᠠᠭᠤᠯᠬᠤ ᠴᠢᠳᠠᠪᠤᠷᠢ ᠶᠢ ᠲᠡᠮᠵᠢᠵᠤ᠂ | ᠰᠦᠯᠵᠢᠶᠠᠨ ᠲᠡᠬᠡᠷ᠎ᠠ ᠪᠤᠶᠤ ᠰᠦᠯᠵᠢᠶᠠᠨ ᠭᠠᠳᠠᠨᠠᠬᠢ ᠠᠭᠤᠰᠤᠯᠴᠠᠯ ᠢ ᠠᠬᠢᠭᠤᠯᠤᠨ᠎ᠠ᠃ ᠨᠡᠶᠢᠬᠡᠮ ᠲᠤᠭᠤᠷᠢᠬ ᠤᠨ ᠨᠤᠭᠤᠭ᠎ᠠ | ᠴᠠᠭ᠎ᠠ ᠶᠢᠨ ᠵᠠᠬ᠎ᠠ ᠲᠡᠯᠬᠡᠬᠦᠷ ᠵᠡᠷᠭᠡ ᠶᠢᠨ ᠠᠷᠠᠳ ᠲᠤ ᠲᠦᠬᠦᠮ ᠦᠵᠡᠬᠦᠯᠬᠦ ᠭᠡᠷᠡᠭᠯᠡᠬᠡᠨ ᠤ ᠲᠤᠨᠤᠬ ᠲᠦᠬᠦᠬᠡᠷᠦᠮᠵᠢ ᠶᠢᠨ | ᠪᠦᠲᠦᠬᠡᠨ ᠪᠠᠶᠢᠭᠤᠯᠤᠯᠳᠠ ᠶᠢ ᠲᠦᠷᠬᠡᠳᠬᠡᠵᠤ᠂ ᠲᠦᠷᠦᠯ ᠲᠡᠮᠳᠡᠭᠳᠤ ᠬᠡᠯᠬᠢᠶᠡᠵᠢᠭᠰᠡᠨ ᠲᠦᠬᠦᠮ ᠦᠵᠡᠬᠦᠯᠬᠦ ᠲᠡᠯᠬᠡᠬᠦᠷ ᠤᠨ | ᠬᠦᠭᠵᠢᠯᠳᠡ ᠶᠢ ᠠᠬᠢᠭᠤᠯᠤᠨ᠎ᠠ᠃ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠬᠡᠭᠳᠡᠬᠦᠨ ᠢ ᠬᠤᠳᠠ ᠳᠤ ᠤᠷᠤᠭᠤᠯᠬᠤ | ᠵᠡᠷᠭᠡ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠦᠨ ᠬᠤᠳᠠᠯᠳᠤᠭ᠎ᠠ ᠶᠢᠨ ᠬᠦᠭᠵᠢᠯᠳᠡ ᠶᠢ ᠬᠦᠨᠵᠡᠬᠡᠢ ᠠᠬᠢᠭᠤᠯᠤᠨ᠎ᠠ᠃ | ᠰᠢᠨ᠎ᠠ ᠪᠠᠷ ᠮᠠᠨᠳᠤᠬᠰᠠᠨ ᠬᠡᠷᠡᠭᠯᠡᠬᠡᠨ ᠤ ᠲᠠᠯᠳᠠ ᠬᠦᠴᠦᠨ ᠢ ᠲᠦᠷᠬᠡᠳᠬᠡᠨ ᠬᠦᠭᠵᠢᠬᠡᠨ᠎ᠠ᠃ ᠬᠢᠵᠢᠭ ᠤᠨ | ᠪᠠᠶᠢᠳᠠᠯ ᠠᠴᠠ ᠪᠤᠯᠤᠬᠰᠠᠨ ︽ᠨᠢᠭᠤᠷ ᠤᠴᠠᠷᠠᠬᠤ ᠦᠬᠡᠢ᠂ ᠬᠦᠷᠦᠯᠴᠡᠬᠦ ᠦᠬᠡᠢ︾ ᠵᠡᠷᠭᠡ ᠰᠢᠨ᠎ᠠ ᠬᠡᠷᠡᠭᠴᠡᠭᠡ | ᠱᠠᠭᠠᠷᠳᠠᠯᠭ᠎ᠠ ᠳᠤ ᠵᠤᠬᠢᠴᠠᠭᠤᠯᠤᠨ᠂ ᠬᠤᠳᠠ ᠶᠢᠨ ᠬᠠᠨᠭ᠍ᠭᠠᠯᠭ᠎ᠠ ᠶᠢᠨ ᠬᠡᠯᠬᠢᠶᠠᠵᠢᠯ᠂ ᠬᠦᠢᠳᠡᠨ ᠢᠶᠠᠷ ᠬᠠᠳᠠᠭᠠᠯᠠᠬᠤ | ᠬᠡᠯᠬᠢᠶᠡᠵᠢᠯ ᠤᠨ ᠪᠤᠳᠠᠰ ᠤᠨ ᠬᠦᠢᠯᠬᠡᠬᠡ᠂ ᠤᠶᠤᠨᠴᠢ ᠪᠤᠳᠠᠰ ᠤᠨ ᠬᠦᠢᠯᠬᠡᠬᠡ᠂ ᠬᠤᠳᠠ ᠬᠦᠳᠡᠭᠡ ᠶᠢᠨ ᠦᠨᠳᠤᠷ ᠦᠷ᠎ᠠ | ᠪᠦᠲᠦᠮᠵᠢᠳᠡᠢ ᠪᠠᠷ ᠵᠤᠬᠢᠴᠠᠭᠤᠯᠤᠨ ᠬᠦᠷᠬᠡᠬᠦ᠂ ᠡᠯᠧᠺᠲᠷᠦᠨ ᠬᠤᠳᠠᠯᠳᠤᠭ᠎ᠠ ᠪᠤᠯᠤᠨ ᠪᠤᠳᠠᠰ ᠤᠨ ᠬᠦᠢᠯᠬᠡᠬᠡ ᠶᠢᠨ | ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠰᠦᠯᠵᠢᠶᠠᠨ ᠤ ᠬᠡᠷᠡᠭᠯᠡᠬᠡᠨ ᠤ ᠲᠠᠯᠳᠠ ᠬᠦᠴᠦᠨ ᠢ ᠤᠯᠠᠮ ᠨᠢᠬᠡ ᠠᠯᠬᠤᠮ | ᠪᠠᠳᠠᠷᠠᠭᠤᠯᠤᠨ᠎ᠠ᠃ ᠮᠡᠳᠡᠭᠡ ᠵᠠᠩᠬᠢ ᠶᠢᠨ ᠬᠡᠷᠡᠭᠯᠡᠭᠡ ᠶᠢ ᠢᠳᠡᠪᠬᠢᠳᠡᠢ ᠦᠷᠬᠡᠳᠬᠡᠨ᠂ ᠰᠦᠯᠵᠢᠶ᠎ᠠ ᠪᠠᠷ ᠤᠨᠤᠰᠢᠯᠠᠨ ᠡᠮᠨᠡᠬᠦ᠂ | ᠰᠦᠯᠵᠢᠶᠠᠨ ᠲᠡᠬᠡᠷ᠎ᠠ ᠠᠵᠢᠯᠯᠠᠬᠤ᠂ ᠰᠦᠯᠵᠢᠶᠠᠨ ᠲᠡᠬᠡᠷᠡᠬᠢ ᠰᠤᠷᠭᠠᠨ ᠬᠦᠮᠦᠵᠢᠯ᠂ ᠰᠦᠯᠵᠢᠶᠠᠨ ᠲᠡᠬᠡᠷᠡᠬᠢ ᠰᠤᠶᠤᠯ ᠵᠤᠭ᠎ᠠ | ᠴᠡᠩᠭᠡᠯ᠂ ᠺᠢᠨᠣ᠋ ᠲᠧᠯᠸᠢᠰ ᠵᠢᠴᠢ ᠤᠶᠤᠨᠴᠢ ᠬᠡᠷ ᠤᠨ ᠡᠳ᠋ᠯᠡᠯ ᠬᠡᠷᠡᠭᠰᠡᠯ ᠵᠡᠷᠭᠡ ᠰᠢᠨ᠎ᠠ ᠪᠠᠷ ᠮᠠᠨᠳᠤᠬᠰᠠᠨ ᠬᠡᠷᠡᠭᠯᠡᠬᠡᠨ ᠤ | ᠡᠵᠡᠩᠨᠡᠯᠳᠡ ᠶᠢᠨ ᠬᠡᠯᠪᠡᠷᠢ ᠶᠢ ᠪᠤᠢ ᠪᠤᠯᠭᠠᠨ᠎ᠠ᠃ ᠲᠦᠷᠬᠡᠨ ᠬᠦᠷᠬᠡᠯᠳᠡ ᠶᠢᠨ ᠠᠵᠤ ᠠᠬᠤᠢᠢᠯᠠᠯ ᠤᠨ ᠡᠵᠡᠩᠨᠡᠯᠳᠡ ᠶᠢᠨ | ᠬᠡᠯᠪᠡᠷᠢ ᠳᠡᠭᠡᠨ ᠰᠢᠨ᠎ᠠ ᠶᠢ ᠡᠬᠦᠳᠴᠦ᠂ ᠦᠢᠯᠡᠴᠢᠯᠡᠬᠡᠨ ᠤ ᠬᠦᠷᠢᠶ᠎ᠠ ᠬᠡᠪᠴᠢᠶ᠎ᠠ ᠪᠠᠨ ᠦᠷᠬᠡᠳᠬᠡᠬᠦ ᠶᠢ ᠨᠢ ᠵᠤᠷᠢᠬᠵᠢᠭᠤᠯᠵᠤ᠂ | ᠦᠷᠬᠡᠨ ᠤᠯᠠᠨ ᠲᠦᠮᠡᠨ ᠤ ᠬᠡᠷᠡᠭᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠪᠴᠢᠶ᠎ᠠ ᠪᠠᠷ ᠬᠠᠨᠭ᠍ᠭᠠᠨ᠎ᠠ᠃ | ︵ᠠᠷᠪᠠ︶ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠪᠦᠬᠦ ᠬᠦᠴᠦᠨ ᠢᠶᠠᠷ ᠢᠶᠠᠨ ᠲᠤᠬᠳᠠᠪᠤᠷᠢᠵᠢᠭᠤᠯᠤᠨ᠎ᠠ | ᠲᠡᠯᠡᠬᠡᠢ ᠶᠢᠨ ᠰᠤᠯᠢᠯᠴᠠᠭ᠎ᠠ ᠬᠠᠮᠳᠤᠷᠠᠯᠴᠠᠭ᠎ᠠ ᠳᠤ ᠢᠳᠡᠪᠬᠢᠳᠡᠢ ᠤᠷᠤᠯᠴᠠᠨ᠎ᠠ᠃ ᠰᠠᠶᠢᠨ ᠰᠠᠶᠢᠬᠠᠨ ᠭᠠᠳᠠᠭᠠᠳᠤ | ᠠᠷᠠᠯᠵᠢᠶ᠎ᠠ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠪᠤᠢ ᠪᠤᠯᠭᠠᠨ᠂ ᠭᠠᠳᠠᠭᠠᠳᠤ ᠠᠷᠠᠯᠵᠢᠶ᠎ᠠ ᠬᠤᠳᠠᠯᠳᠤᠭ᠎ᠠ ᠶᠢᠨ ᠠᠵᠤ | ᠠᠬᠤᠢᠢᠯᠠᠯ ᠤᠨ ᠠᠵᠢᠯ ᠢᠶᠠᠨ ᠰᠡᠷᠬᠦᠬᠡᠨ ᠦᠢᠯᠡᠳᠪᠦᠷᠢᠯᠡᠯ ᠢᠶᠠᠨ ᠰᠡᠷᠬᠦᠬᠡᠬᠦ ᠶᠢ ᠲᠡᠮᠵᠢᠵᠤ᠂ ᠠᠷᠠᠯᠵᠢᠶᠠᠨ ᠤ ᠪᠡᠯᠡ | ᠬᠤᠷᠠᠮᠳᠤᠭᠤᠯᠭ᠎ᠠ ᠶᠢᠨ ᠲᠡᠮᠵᠢᠯᠬᠡ ᠪᠠᠨ ᠶᠡᠬᠡᠰᠬᠡᠵᠤ᠂ ᠭᠠᠳᠠᠭᠠᠳᠤ ᠳᠤ ᠭᠠᠷᠭᠠᠬᠤ ᠢᠳᠡᠬᠡᠮᠵᠢᠳᠤ ᠲᠠᠭᠠᠳᠬᠠᠯ ᠤᠨ | ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠵᠠᠬ᠎ᠠ ᠲᠡᠯᠬᠡᠬᠦᠷ ᠢ ᠪᠠᠳᠤᠯᠠᠨ᠂ ᠠᠷᠠᠯᠵᠢᠶᠡᠨ ᠤ | ᠬᠡᠮᠵᠢᠶ᠎ᠠ ᠶᠢ ᠪᠠᠳᠤᠯᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠪᠠᠳᠤᠯᠠᠨ᠎ᠠ᠃ ᠭᠠᠳᠠᠭᠠᠳᠤ ᠪᠡᠯᠡ ᠶᠢᠨ ᠲᠦᠷᠦᠯ ᠵᠦᠢᠯ ᠤᠨ | ᠢᠷᠡᠵᠤ ᠨᠤᠳᠤᠬᠰᠢᠬᠤ ᠶᠢ ᠠᠬᠢᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠬᠠᠤᠯᠢ ᠵᠢᠴᠢ | ᠲᠦᠬᠦᠷᠵᠢᠭᠰᠡᠨ ᠬᠠᠤᠯᠢ ᠲᠤᠭᠳᠠᠭᠠᠯ ᠢ ᠰᠠᠶᠢᠳᠤᠷ ᠬᠡᠷᠡᠭᠵᠢᠬᠦᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠤᠷᠤᠭᠤᠯᠤᠯᠳᠠ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠭᠠᠳᠠᠭᠠᠳᠤ ᠶᠢᠨ ᠠᠷᠠᠯᠵᠢᠶᠠᠴᠢᠨ ᠤ ᠬᠠᠤᠯᠢ ᠶᠤᠰᠤᠨ ᠤ | ᠡᠷᠭᠡ ᠠᠰᠢᠬ ᠢ ᠬᠠᠮᠠᠭᠠᠯᠠᠨ᠎ᠠ᠃ ᠡᠳ᠋ ᠪᠠᠷᠠᠭ᠎ᠠ ᠶᠢ ᠴᠤᠬᠯᠠᠭᠤᠯᠬᠤ ᠪᠠ ᠬᠤᠪᠢᠶᠠᠨ ᠲᠠᠷᠬᠠᠭᠠᠬᠤ ᠵᠠᠮ ᠰᠤᠪᠠᠬ ᠢ ᠵᠤᠬᠢᠶᠠᠨ | ᠪᠠᠶᠢᠭᠤᠯᠵᠤ ᠨᠠᠶᠢᠳᠠᠪᠤᠷᠢᠵᠢᠭᠤᠯᠬᠤ ᠶᠢ ᠲᠦᠷᠬᠡᠳᠬᠡᠵᠤ᠂ ᠲᠤᠮᠳᠠᠳᠤ ᠡᠸᠦ᠋ᠷᠦᠫᠠ ᠶᠢᠨ ᠵᠢᠰᠢᠶᠠᠨ ᠤ ᠭᠠᠯᠳᠤ ᠲᠡᠷᠬᠡ ᠶᠢ ᠠᠯᠢ | ᠲᠦᠷᠬᠡᠨ ᠢᠶᠠᠷ ᠰᠡᠷᠬᠦᠬᠡᠨ ᠨᠡᠪᠳᠡᠷᠡᠬᠦᠯᠦᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠴᠢᠮ ᠬᠡᠷᠡᠭᠰᠡᠬᠦ ᠡᠳ᠋ | ᠪᠤᠳᠠᠰ ᠤᠨ ᠭᠠᠳᠠᠭᠠᠳᠤ ᠠᠴᠠ ᠤᠷᠤᠭᠤᠯᠬᠤ ᠵᠠᠮ ᠰᠤᠪᠠᠬ ᠢ ᠢᠳᠡᠪᠬᠢᠳᠡᠢ ᠦᠷᠬᠡᠳᠬᠡᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠠᠯᠢ ᠲᠦᠷᠬᠡᠨ ᠢᠶᠠᠷ ᠪᠤᠭᠤᠮᠳᠠ ᠪᠠᠷ ᠦᠩᠬᠡᠷᠡᠬᠦ ᠪᠠ ᠪᠤᠳᠠᠰ ᠤᠨ ᠬᠦᠢᠯᠬᠡᠬᠡ ᠶᠢᠨ | ᠵᠦᠬᠡᠬᠡᠪᠦᠷᠢᠯᠡᠯᠳᠡ ᠵᠡᠷᠭᠡ ᠠᠰᠠᠭᠤᠳᠠᠯ ᠢ ᠬᠠᠮᠵᠢᠨ ᠰᠢᠢᠳᠪᠦᠷᠢᠯᠡᠨ᠎ᠠ᠃ | ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠬ ᠢ ᠬᠠᠮᠠᠭᠠᠯᠠᠨ᠎ᠠ᠃ ᠬᠢᠵᠢᠭ ᠤᠨ ᠪᠠᠶᠢᠳᠠᠯ ᠤᠨ ᠨᠦᠯᠦᠬᠡ ᠪᠠᠷ | ᠤᠯᠠᠨ ᠤᠯᠤᠰ ᠯᠤᠭ᠎ᠠ ᠶᠢᠨ ᠠᠷᠠᠯᠵᠢᠶ᠎ᠠ ᠶᠢᠨ ᠬᠡᠷ᠎ᠠ ᠪᠠᠨ ᠲᠤᠬᠳᠠᠬᠰᠠᠨ ᠬᠤᠭᠤᠴᠠᠭᠠᠨ ᠳᠤ ᠬᠦᠢᠴᠡᠳᠬᠡᠬᠦ ᠶᠢᠨ ᠠᠷᠭ᠎ᠠ ᠦᠬᠡᠢ | ᠪᠤᠶᠤ ᠬᠦᠢᠴᠡᠳᠬᠡᠬᠦ ᠪᠠᠨ ᠦᠬᠡᠶᠢᠰᠬᠡᠭᠰᠡᠨ ᠠᠵᠤ ᠠᠬᠤᠢᠢᠯᠠᠯ ᠢ ᠵᠢᠯᠤᠭᠤᠳᠴᠤ ᠪᠠᠶᠢᠭᠠᠳ ᠴᠠᠬ ᠲᠤᠬᠠᠢ ᠳᠤᠨᠢ ᠡᠰᠡᠷᠭᠦᠴᠡᠵᠤ | ᠦᠯᠦ ᠲᠠᠶᠢᠯᠬᠦ ᠬᠠᠮᠢᠶ᠎ᠠ ᠪᠦᠬᠦᠢ ᠪᠤᠳᠠᠳᠤ ᠶᠠᠪᠤᠳᠠᠯ ᠤᠨ ᠬᠡᠷᠡᠴᠢ ᠠᠪᠬᠤ ᠪᠠᠷ ᠭᠤᠶᠤᠴᠢᠯᠠᠯ ᠭᠠᠷᠭᠠᠵᠤ᠂ ᠠᠵᠤ ᠠᠬᠤᠢᠢᠯᠠᠯ ᠢ | ᠬᠠᠪᠰᠤᠷᠴᠤ ᠪᠠᠶᠢᠭᠠᠳ ᠬᠡᠷ᠎ᠠ ᠠᠴᠠ ᠵᠦᠷᠢᠴᠡᠭᠰᠡᠨ ᠠᠶᠤᠯ ᠲᠦᠭᠰᠢᠬᠦᠷᠢ ᠠᠴᠠ ᠰᠡᠷᠭᠡᠶᠢᠯᠡᠬᠦᠯᠦᠨᠠ᠃ | ᠦᠢᠯᠡᠴᠢᠯᠡᠭᠡ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠠ᠃ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ | ᠭᠠᠷᠭᠠᠬᠤ ᠬᠠᠮᠢᠶᠠᠷᠤᠯᠳᠠ ᠶᠢᠨ ᠭᠤᠬᠴᠤᠭ᠎ᠠ ᠶᠢᠨ ᠠᠵᠢᠯ ᠤᠨ ᠲᠡᠰ ᠲᠠᠷᠠᠭᠠᠯᠠᠯ ᠢ ᠰᠢᠯᠢᠳᠡᠭᠵᠢᠬᠦᠯᠵᠤ᠂ ᠰᠦᠯᠵᠢᠶᠠᠨ ᠲᠡᠬᠡᠷ᠎ᠠ | ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠵᠦᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ ᠪᠤᠶᠤ | ᠡᠯᠧᠺᠲᠷᠤᠨ ᠲᠦᠯᠬᠢᠬᠦᠷ ᠢᠶᠠᠨ ᠰᠢᠨᠡᠳᠬᠡᠬᠦ ᠠᠵᠢᠯ ᠢ ᠦᠷᠨᠢᠬᠦᠯᠤᠨ᠎ᠠ᠃ ᠠᠵᠤ ᠠᠬᠤᠢᠢᠯᠠᠯ ᠢ ᠵᠢᠯᠤᠭᠤᠳᠴᠤ ᠪᠠᠶᠢᠭᠠᠳ | ᠤᠢᠢᠷ᠎ᠠ ᠶᠢᠨ ᠬᠤᠭᠤᠴᠠᠭᠠᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠᠨ ᠴᠠᠬ ᠲᠤᠬᠠᠢ ᠳᠤᠨᠢ ᠲᠤᠬᠢᠷᠠᠭᠤᠯᠵᠤ᠂ | ᠨᠦᠬᠦᠴᠡᠯ ᠲᠠᠢ ᠠᠵᠤ ᠠᠬᠤᠢᠢᠯᠠᠯ ᠢ ᠬᠦᠳᠦᠯᠦᠨ ᠵᠢᠯᠤᠭᠤᠳᠴᠤ᠂ ᠰᠦᠯᠵᠢᠶᠠᠨ ᠲᠡᠬᠡᠷᠡᠬᠢ ᠭᠤᠸᠠᠩᠵᠸᠦ ᠶᠢᠨ ᠠᠷᠠᠯᠵᠢᠶᠠᠨ ᠤ | ᠴᠤᠬᠯᠠᠭᠠᠨ᠂ ᠤᠮᠠᠷᠠᠳᠤ ᠤᠷᠤᠨ ᠤ ᠠᠷᠠᠯᠵᠢᠶᠠᠨ ᠤ ᠴᠤᠬᠯᠠᠭᠠᠨ ᠪᠤᠯᠤᠨ ᠬᠢᠯᠢ ᠶᠢᠨ ᠭᠠᠳᠠᠨᠠᠬᠢ ᠠᠷᠠᠯᠵᠢᠶᠠᠨ ᠤ ᠦᠵᠡᠰᠬᠦᠯᠡᠩ | ᠴᠤᠬᠯᠠᠭᠠᠨ ᠳᠤ ᠤᠷᠤᠯᠴᠠᠭᠤᠯᠤᠨ᠎ᠠ᠃ ᠲᠦᠷᠦᠯ ᠬᠤᠪᠢᠶᠠᠨ ᠵᠢᠯᠤᠭᠤᠳᠬᠤ ᠪᠤᠯᠤᠨ ᠲᠦᠷᠦ ᠶᠢᠨ ᠪᠤᠳᠤᠯᠭ᠎ᠠ ᠶᠢᠨ ᠠᠰᠠᠭᠤᠨ | ᠯᠠᠪᠯᠠᠭ᠎ᠠ ᠶᠢ ᠰᠠᠶᠢᠳᠤᠷ ᠬᠢᠵᠤ᠂ ᠮᠠᠨ ᠤ ᠤᠷᠤᠨ ᠤ ᠨᠦᠬᠦᠴᠡᠯ ᠳᠤ ᠲᠤᠬᠢᠷᠠᠬᠤ ᠠᠵᠤ ᠠᠬᠤᠢᠢᠯᠠᠯ ᠤᠨ ᠭᠠᠳᠠᠭᠠᠳᠤ | ᠵᠢᠬᠡᠯᠡᠯᠬᠡ ᠶᠢᠨ ᠲᠡᠮᠳᠡᠭᠳᠤ ᠲᠠᠷᠬᠠᠭᠠᠬᠤ ᠳᠤ ᠨᠦᠬᠦᠴᠡᠯ ᠪᠦᠷᠢᠯᠳᠦᠬᠦᠯᠦᠨ ᠦᠭᠴᠤ᠂ ᠠᠵᠤ ᠠᠬᠤᠢᠢᠯᠠᠯ ᠤᠨ ᠬᠢᠯᠢ ᠶᠢᠨ | ᠭᠠᠳᠠᠨ᠎ᠠ ᠠᠴᠠ ᠪᠡᠯᠡ ᠤᠷᠤᠭᠤᠯᠬᠤ ᠵᠠᠮ ᠰᠤᠪᠠᠬ ᠢ ᠦᠷᠬᠡᠳᠬᠡᠨ᠎ᠠ᠃ | ︵ᠠᠷᠪᠠᠨ ᠨᠢᠬᠡ︶ ᠵᠠᠬ᠎ᠠ ᠲᠡᠯᠬᠡᠬᠦᠷ ᠤᠨ ᠵᠢᠱᠢᠯᠳᠡ ᠶᠢ ᠲᠤᠬᠳᠠᠪᠤᠷᠢᠵᠢᠭᠤᠯᠬᠤ ᠶᠢ ᠬᠦᠳᠤᠯᠤᠨ ᠵᠢᠯᠤᠭᠤᠳᠤᠨ᠎ᠠ | ᠰᠤᠨᠢᠨ ᠮᠡᠳᠡᠭᠡ ᠤᠬᠠᠭᠤᠯᠭ᠎ᠠ ᠶᠢᠨ ᠤᠳᠤᠷᠢᠳᠤᠮᠵᠢ ᠶᠢ ᠴᠢᠩᠭᠠᠳᠬᠠᠨ᠎ᠠ᠃ ᠶᠠᠷᠢᠶ᠎ᠠ ᠬᠡᠯᠡᠯᠴᠡᠬᠡᠨ ᠤ ᠤᠳᠤᠷᠢᠳᠤᠮᠵᠢ | ᠪᠤᠯᠤᠨ ᠶᠠᠷᠢᠶ᠎ᠠ ᠬᠡᠯᠡᠯᠴᠡᠬᠡᠨ ᠤ ᠪᠠᠶᠢᠳᠠᠯ ᠤᠨ ᠲᠤᠬᠠᠢ ᠬᠠᠮᠢᠶᠠᠷᠤᠯᠳᠠ ᠪᠠᠨ ᠴᠢᠩᠭᠠᠳᠬᠠᠵᠤ᠂ ᠬᠠᠯᠠᠮᠰᠢᠯ ᠠᠩᠬᠠᠷᠤᠯ ᠳᠤ ᠴᠠᠬ | ᠲᠤᠬᠠᠢ ᠳᠤᠨᠢ ᠬᠠᠷᠢᠭᠤᠯᠳᠠ ᠦᠭᠴᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠮᠡᠳᠡᠭᠳᠡᠬᠦ ᠶᠢ ᠰᠠᠶᠢᠳᠤᠷ ᠬᠢᠨ᠎ᠠ᠃ | ᠪᠦᠯᠬᠦᠮᠳᠡᠵᠤ ᠲᠤᠬᠳᠠᠭᠤᠨ ᠪᠠᠶᠢᠯᠭᠠᠵᠤ᠂ ᠡᠷᠴᠢ ᠵᠤᠷᠢᠬ ᠢᠶᠠᠨ ᠬᠦᠪᠴᠢᠯᠡᠬᠦ᠂ ᠵᠦᠪ ᠲᠠᠯ᠎ᠠ ᠶᠢᠨ ᠤᠬᠠᠭᠤᠯᠭ᠎ᠠ ᠪᠠᠷ ᠭᠤᠤᠯ | ᠪᠤᠯᠭᠠᠬᠤ ᠶᠢ ᠪᠠᠷᠢᠮᠳᠠᠯᠠᠨ᠂ ᠨᠡᠩ ᠰᠠᠶᠢᠨ ᠢᠶᠠᠷ ᠢᠳᠡᠬᠡᠯ ᠵᠤᠷᠢᠬ ᠢᠶᠠᠨ ᠪᠠᠳᠤᠳᠬᠠᠨ ᠬᠦᠮᠦᠰ ᠤᠨ ᠰᠡᠳᠬᠢᠯ ᠢ | ᠲᠤᠯᠠᠭᠠᠴᠠᠭᠤᠯᠵᠤ᠂ ᠠᠷᠠᠳ ᠤᠨ ᠰᠠᠨᠠᠭ᠎ᠠ ᠶᠢ ᠨᠢᠬᠳᠠᠷᠠᠭᠤᠯᠤᠨ᠎ᠠ᠃ | ᠠᠵᠤ ᠠᠬᠤᠢᠢᠯᠠᠯ ᠤᠨ ᠡᠷᠬᠢᠯᠳᠡ ᠶᠢ ᠬᠢᠨᠡᠨ ᠬᠡᠮᠵᠢᠬᠦ ᠶᠢ ᠰᠠᠶᠢᠳᠤᠷ ᠬᠢᠨ᠎ᠠ᠃ ︽ᠵᠢᠷᠭᠤᠭ᠎ᠠ ᠶᠢ ᠲᠤᠭᠳᠠᠪᠤᠷᠢᠵᠢᠭᠤᠯᠬᠤ | ︾ ᠠᠵᠢᠯ ᠤᠨ ᠲᠤᠭᠤᠷᠢᠨ ᠳᠤ ᠬᠢᠵᠢᠭ ᠤᠨ ᠪᠠᠶᠢᠳᠠᠯ ᠤᠨ ᠠᠵᠤ ᠠᠬᠤᠢᠢᠯᠠᠯ ᠤᠨ ᠡᠷᠬᠢᠯᠳᠡ ᠪᠠ ᠬᠠᠨᠳᠤᠰᠢ ᠳᠤ ᠦᠵᠡᠬᠦᠯᠬᠦ | ᠨᠦᠯᠦᠬᠡ ᠵᠢᠴᠢ ᠠᠳᠠᠯᠢ ᠪᠤᠰᠤ ᠠᠶᠢᠮᠠᠬ ᠬᠤᠳᠠ᠂ ᠠᠳᠠᠯᠢ ᠪᠤᠰᠤ ᠠᠵᠢᠯ ᠲᠦᠷᠦᠯ᠂ ᠠᠳᠠᠯᠢ ᠪᠤᠰᠤ ᠠᠵᠤ ᠠᠬᠤᠢᠢᠯᠠᠯ ᠳᠤ | ᠦᠵᠡᠬᠦᠯᠬᠦ ᠨᠦᠯᠦᠬᠡ ᠶᠢ ᠨᠠᠷᠢᠨ ᠨᠢᠬᠳᠠ ᠬᠢᠨᠡᠨ ᠬᠡᠮᠵᠢᠵᠤ᠂ ᠠᠰᠠᠭᠤᠳᠠᠯ ᠢ ᠴᠤᠬᠤᠢᠢᠮᠠᠬᠴᠠ ᠴᠠᠬ ᠲᠤᠬᠠᠢ ᠳᠤᠨᠢ | ᠢᠯᠡᠷᠡᠬᠦᠯᠦᠨ ᠰᠢᠢᠳᠪᠦᠷᠢᠯᠡᠵᠤ᠂ ᠡᠯ᠎ᠠ ᠵᠦᠢᠯ ᠤᠨ ᠨᠠᠷᠢᠨ ᠪᠤᠳᠤᠯᠢᠶᠠᠨᠳᠠᠢ ᠬᠦᠴᠢᠷ ᠲᠦᠪᠡᠭᠳᠡᠢ ᠪᠠᠶᠢᠳᠠᠯ ᠢ ᠠᠷᠭᠠᠴᠠᠭᠠᠬᠤ | ᠪᠡᠯᠡᠳᠬᠡᠯ ᠢ ᠰᠠᠶᠢᠳᠤᠷ ᠬᠢᠨ᠎ᠠ᠃ | ᠲᠦᠷᠦ ᠶᠢᠨ ᠪᠤᠳᠤᠯᠭ᠎ᠠ ᠶᠢᠨ ᠲᠦᠰᠦᠯ ᠢ ᠤᠷᠢᠳ ᠢᠶᠠᠷ ᠲᠦᠰᠦᠪᠯᠡᠨᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠤᠮᠳᠠ ᠢᠯᠡᠷᠡᠭᠰᠡᠨ ᠡᠯ᠎ᠠ ᠵᠦᠢᠯ ᠤᠨ ᠵᠦᠷᠢᠴᠡᠯ ᠪᠠ ᠠᠰᠠᠭᠤᠳᠠᠯ ᠳᠤ ᠴᠢᠭᠯᠡᠬᠦᠯᠦᠨ᠂ ᠲᠦᠷᠦ ᠶᠢᠨ | ᠪᠤᠳᠤᠯᠭ᠎ᠠ ᠶᠢᠨ ᠲᠤᠰᠬᠠᠯ ᠤᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠤᠨ ᠬᠦᠭᠵᠢᠯᠳᠡ ᠶᠢ ᠦᠨᠳᠤᠰᠤᠯᠠᠨ᠂ ᠡᠯ᠎ᠠ ᠵᠦᠢᠯ ᠤᠨ ᠲᠦᠰᠦᠯ ᠤᠨ ᠪᠡᠯᠡᠳᠬᠡᠯ ᠠᠵᠢᠯ ᠢ ᠰᠠᠶᠢᠳᠤᠷ ᠬᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠨᠧᠷᠬᠢ ᠶᠢᠨ ᠬᠠᠨᠭ᠍ᠭᠠᠯᠭ᠎ᠠ ᠶᠢ ᠪᠠᠳᠤᠯᠠᠬᠤ᠂ ᠵᠠᠬ᠎ᠠ | ᠲᠡᠯᠬᠡᠬᠦᠷ ᠤᠨ ᠦᠨ᠎ᠠ ᠬᠠᠨᠭ᠍ᠰᠢ ᠶᠢᠨ ᠶᠡᠷᠦ ᠪᠤᠰᠤ ᠪᠠᠷ ᠦᠰᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ | ᠴᠢᠨᠠᠬᠰᠢᠳᠠ ᠲᠡᠬᠦᠯᠳᠡᠷᠵᠢᠬᠦᠯᠦᠨ᠎ᠠ᠃ | ᠲᠦᠷᠪᠡ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ | ︵ᠨᠢᠬᠡ︶ ᠨᠢᠬᠡᠳᠦᠯᠳᠡᠢ ᠲᠦᠯᠦᠪᠵᠢᠬᠦᠯᠤᠨ ᠵᠤᠬᠢᠴᠠᠭᠤᠯᠬᠤ ᠶᠢ ᠴᠢᠩᠭᠠᠳᠬᠠᠨ᠎ᠠ᠃ ᠡᠯ᠎ᠠ ᠱᠠᠳᠤᠨ ᠤ ᠨᠠᠮ ᠤᠨ | ᠬᠤᠷᠢᠶ᠎ᠠ ᠪᠤᠯᠤᠨ ᠵᠠᠰᠠᠭ ᠤᠨ ᠤᠷᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠬᠡᠳ ᠠᠵᠤ ᠠᠬᠤᠢ ᠨᠡᠶᠢᠬᠡᠮ ᠤᠨ | ᠬᠦᠭᠵᠢᠯᠳᠡ ᠶᠢᠨ ᠡᠯ᠎ᠠ ᠵᠦᠢᠯ ᠤᠨ ᠠᠵᠢᠯ ᠤᠨ ᠲᠤᠬᠠᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠡᠬᠦᠨ ᠯᠦᠭᠡ ᠵᠤᠬᠢᠴᠠᠬᠰᠠᠨ ᠠᠵᠢᠯ ᠤᠨ ᠲᠤᠬᠳᠠᠴᠠ ᠶᠢ ᠲᠡᠬᠦᠯᠳᠡᠷᠵᠢᠬᠦᠯᠵᠤ᠂ ᠨᠢᠬᠡᠳᠦᠯᠳᠡᠢ ᠲᠦᠯᠦᠪᠵᠢᠬᠦᠯᠦᠨ | ᠵᠤᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ ᠵᠤᠬᠢᠴᠠᠭᠤᠯᠵᠤ᠂ | ᠲᠠᠬᠡᠳᠤ ᠲᠤᠤᠷᠠᠳᠤ ᠱᠠᠳᠤ ᠬᠤᠯᠪᠤᠭᠠᠯᠠᠨ ᠬᠦᠳᠡᠯᠦᠯᠴᠡᠵᠤ᠂ ᠢᠳᠡᠪᠬᠢᠳᠡᠢ ᠪᠠᠷ ᠠᠵᠢᠯᠯᠠᠨ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ | ᠲᠤᠮᠳᠠ ᠢᠯᠡᠷᠡᠭᠰᠡᠨ ᠠᠰᠠᠭᠤᠳᠠᠯ ᠢ ᠴᠠᠬ ᠲᠤᠬᠠᠢ ᠳᠤᠨᠢ ᠰᠢᠢᠳᠪᠦᠷᠢᠯᠡᠨ᠎ᠠ᠃ | ︵ᠬᠤᠶᠠᠷ︶ ᠠᠶᠤᠯ ᠲᠦᠭᠰᠢᠬᠦᠷᠢ ᠶᠢ ᠰᠡᠷᠭᠡᠶᠢᠯᠡᠬᠦ ᠪᠠᠨ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠶᠤᠯ ᠲᠦᠭᠰᠢᠬᠦᠷᠢ ᠪᠤᠯᠤᠨ ᠠᠵᠤ ᠠᠬᠤᠢ ᠶᠢᠨ ᠡᠷᠬᠢᠯᠳᠡ ᠶᠢᠨ ᠠᠶᠤᠯ ᠲᠦᠭᠰᠢᠬᠦᠷᠢ ᠶᠢ ᠨᠢᠬᠡᠳᠦᠯᠳᠡᠢ | ᠬᠠᠮᠢᠶᠠᠷᠤᠨ ᠡᠵᠡᠮᠳᠡᠵᠤ᠂ ᠠᠵᠤ ᠦᠢᠯᠡᠰ ᠤᠨ ᠬᠦᠨᠦᠬᠡᠯ ᠳᠤ ᠤᠴᠠᠷᠠᠬᠤ ᠰᠡᠷᠡᠮᠵᠢ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠬᠦᠯᠵᠤ᠂ ᠠᠶᠤᠯ ᠲᠦᠭᠰᠢᠬᠦᠷᠢ ᠶᠢ ᠬᠢᠨᠡᠨ ᠬᠡᠮᠵᠢᠵᠤ ᠵᠠᠳᠠᠯᠤᠨ ᠤᠷᠢᠳᠴᠢᠯᠠᠨ ᠰᠡᠷᠡᠮᠵᠢᠯᠡᠬᠦᠯᠬᠦ ᠪᠠᠨ ᠴᠢᠩᠭᠠᠳᠬᠠᠵᠤ᠂ | ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠴᠠᠬ ᠲᠤᠬᠠᠢ ᠳᠤᠨᠢ ᠠᠷᠭᠠᠴᠠᠭᠠᠬᠤ ᠠᠷᠭ᠎ᠠ | ᠬᠡᠮᠵᠢᠶ᠎ᠠ ᠠᠪᠴᠤ᠂ ᠠᠵᠤ ᠠᠬᠤᠢᠢᠯᠠᠯ ᠪᠤᠯᠤᠨ ᠨᠡᠶᠢᠬᠡᠮ ᠤᠨ ᠬᠢᠨ ᠢ ᠬᠦᠳᠦᠯᠦᠨ ᠵᠢᠯᠤᠭᠤᠳᠴᠤ ᠠᠶᠤᠯ ᠲᠦᠭᠰᠢᠬᠦᠷᠢ ᠶᠢ | ᠢᠳᠡᠪᠬᠢᠳᠡᠢ ᠪᠠᠷ ᠠᠷᠭᠠᠴᠠᠭᠠᠨ᠎ᠠ᠃ | ︵ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ | ᠮᠦᠴᠢᠷ ᠤᠨ ᠬᠢᠨ ᠪᠤᠳᠠᠳᠠᠢ ᠠᠴᠠ ᠡᠬᠦᠰᠦᠨ᠂ ᠭᠤᠤᠯᠳᠠᠯᠭ᠎ᠠ ᠲᠠᠢ ᠡᠬᠦᠷᠬᠡ ᠪᠠᠨ ᠤᠯᠠᠮ ᠨᠢᠬᠡ ᠠᠯᠬᠤᠮ ᠲᠤᠳᠤᠷᠬᠠᠢᠢᠯᠠᠵᠤ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠬᠠᠤᠯᠢ ᠶᠤᠰᠤᠭᠠᠷ ᠰᠡᠷᠭᠡᠶᠢᠯᠡᠨ ᠡᠵᠡᠮᠳᠡᠬᠦ ᠶᠢ ᠪᠠᠷᠢᠮᠳᠠᠯᠠᠨ᠂ | ᠦᠨᠡᠨ ᠠᠴᠠ ᠵᠦᠪ ᠢ ᠡᠷᠢᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ᠱᠠᠳᠤ ᠱᠠᠳᠤ ᠪᠠᠷ ᠲᠠᠷᠤᠯᠳᠠ | ᠦᠭᠴᠤ᠂ ᠡᠬᠡᠬᠡ ᠠᠳᠠᠯᠢ ᠪᠠᠶᠢᠯᠭᠠᠵᠤ ᠪᠤᠯᠬᠤ ᠦᠬᠡᠢ᠃ ᠬᠡᠯᠪᠡᠷᠢᠴᠢ ᠦᠵᠠᠯ ᠢ ᠡᠷᠡᠰ ᠰᠡᠷᠭᠡᠶᠢᠯᠡᠵᠤ᠂ ᠡᠯ᠎ᠠ ᠵᠦᠢᠯ ᠤᠨ | ᠠᠵᠢᠯ ᠢᠶᠠᠨ ᠦᠨᠡᠨᠬᠦ ᠪᠤᠳᠠᠳᠠᠢ ᠠᠳᠬᠤᠵᠤ᠂ ᠨᠠᠷᠢᠯᠢᠬ ᠠᠳᠬᠤᠵᠤ᠂ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠠ | ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠬ︶ ᠪᠤᠳᠠᠳᠠᠢ ᠲᠠᠢ ᠪᠠᠨ ᠤᠶᠠᠯᠳᠤᠭᠤᠯᠵᠤ ᠪᠤᠳᠠᠳᠠᠢ ᠠᠷᠭ᠎ᠠ | ᠬᠡᠮᠵᠢᠶ᠎ᠠ ᠲᠤᠭᠳᠠᠭᠠᠬᠤ ᠬᠡᠷᠡᠭᠳᠡᠢ᠃ ᠬᠦᠬᠡᠬᠤᠳᠠ᠂ ᠪᠤᠭᠤᠳᠤ᠂ ᠤᠯᠠᠭᠠᠨᠬᠠᠳᠠ ᠵᠡᠷᠭᠡ ᠠᠶᠢᠮᠠᠬ ᠬᠤᠳᠠ ᠨᠢ ᠪᠠᠶᠢᠭ᠎ᠠ | ᠭᠠᠵᠠᠷ ᠤᠨ ᠢᠶᠠᠨ ᠲᠦᠪᠯᠡᠷᠡᠨ ᠵᠠᠯᠭᠠᠯᠳᠤᠬᠰᠠᠨ ᠤᠷᠤᠨ ᠤ ᠨᠢᠬᠡᠳᠦᠯᠳᠡᠢ ᠲᠦᠯᠦᠪᠵᠢᠬᠦᠯᠦᠨ ᠬᠠᠮᠢᠶᠠᠷᠬᠤ ᠪᠠ | ᠵᠢᠯᠤᠭᠤᠳᠬᠤ ᠪᠠᠨ ᠴᠢᠩᠭᠠᠳᠬᠠᠬᠤ ᠶᠢᠨ ᠬᠠᠮᠳᠤ᠂ ᠪᠤᠰᠤᠳ ᠬᠤᠰᠢᠭᠤ ᠰᠢᠶᠠᠨ ︵ᠬᠤᠳᠠ ᠲᠤᠭᠤᠷᠢᠬ︶ ᠢ ᠲᠦᠷᠦᠯ | ᠬᠤᠪᠢᠶᠠᠨ ᠬᠠᠮᠢᠶᠠᠷᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠳᠡᠢ᠃ | ︵ᠲᠦᠷᠪᠡ︶ ᠰᠢᠯᠭᠠᠨ ᠦᠨᠡᠯᠡᠵᠤ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠵᠦᠢ | ᠵᠤᠬᠢᠰᠳᠠᠢ ᠰᠢᠯᠭᠠᠨ ᠦᠨᠡᠯᠡᠬᠦ ᠬᠠᠷᠢᠭᠤᠴᠠᠯᠭ᠎ᠠ ᠲᠤᠯᠭᠠᠬᠤ ᠲᠤᠬᠳᠠᠴᠠ ᠶᠢ ᠴᠢᠨᠠᠬᠰᠢᠳᠠ ᠪᠠᠶᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠭᠤᠤᠯᠳᠠᠯᠭ᠎ᠠ ᠲᠠᠢ ᠠᠵᠢᠯ ᠤᠨ ᠲᠤᠮᠳᠠ ᠲᠤᠪᠤᠶᠢᠮ᠎ᠠ ᠢᠯᠡᠷᠡᠯ ᠲᠠᠢ ᠪᠤᠯ ᠴᠠᠬ | ᠲᠤᠬᠠᠢ ᠳᠤᠨᠢ ᠬᠦᠬᠢᠬᠦᠯᠦᠨ ᠱᠠᠩᠨᠠᠨ᠎ᠠ᠃ ᠠᠵᠢᠯ ᠤᠨ ᠤᠪᠤᠷ ᠰᠤᠷᠳᠠᠯ ᠨᠢ ᠴᠢᠩᠭ᠎ᠠ ᠪᠤᠳᠠᠳᠠᠢ ᠪᠢᠰᠢ᠂ ᠠᠵᠢᠯ ᠢᠶᠠᠨ ᠦᠯᠦ | ᠬᠢᠬᠦ᠂ ᠠᠵᠢᠯ ᠳᠠᠭᠠᠨ ᠠᠯᠭᠤᠷᠯᠠᠬᠤ᠂ ᠲᠤᠷ᠎ᠠ ᠪᠠᠷ ᠢᠶᠠᠨ ᠦᠢᠯᠡᠳᠬᠦ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ | ᠪᠡᠶᠡᠯᠡᠬᠦᠯᠦᠭᠰᠡᠨ ᠦᠬᠡᠢ ᠪᠤᠯ ᠲᠦᠪ ᠴᠢᠩᠭ᠎ᠠ ᠪᠠᠷ ᠬᠠᠷᠢᠭᠤᠴᠠᠯᠭ᠎ᠠ ᠲᠤᠯᠭᠠᠨ᠎ᠠ᠃ |