ᠾᠥᠸᠧ ᠵᠣᠣ ᠯᠢᠶᠠᠩ ᠪᠦᠬᠦ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ  ᠤᠨ ᠬᠥᠭᠵᠢᠯᠳᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/2/28
    2 ᠳ᠋ᠤᠭᠠᠷ ᠰᠠᠷ᠎ᠠ ᠶᠢᠨ 24   ᠤ ᠦᠳᠡ ᠶᠢᠨ ᠬᠤᠶᠢᠨ᠎ᠠ᠂ ᠠᠶᠢᠮᠠᠭ ᠤᠨ  ᠨᠠᠮ ᠤᠨ  ᠬᠤᠷᠢᠶᠠᠨ ᠤ  ᠳᠡᠳ᠋ ᠱᠦᠵᠢ᠂  ᠠᠶᠢᠮᠠᠭ ᠤᠨ ᠲᠠᠷᠤᠭ᠎ᠠ᠂  ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ ᠤᠨ ᠶᠡᠷᠦᠩᠭᠡᠢ ᠵᠢᠯᠤᠭᠤᠳᠤᠭᠴᠢ ᠾᠥᠸᠧ ᠵᠣᠣ ᠯᠢᠶᠠᠩ ᠪᠦᠬᠦ ᠠᠶᠢᠮᠠᠭ ᠤᠨ ᠬᠢᠵᠢᠭ ᠢ   ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠥᠭᠵᠢᠯᠳᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠵᠠᠢ᠃ ᠲᠡᠷᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠭᠡᠢ ᠱᠦᠵᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠥᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠡᠷᠡᠰ  ᠲᠣᠭᠤᠰᠢᠯᠠᠭᠤᠯᠵᠣ᠂ ᠨᠠᠮ ᠤᠨ ᠲᠦᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ  ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠠᠵᠢᠯ ᠢᠶᠠᠨ ᠨᠢᠭᠡᠳᠦᠯᠳᠠᠢ ᠲᠦᠯᠦᠪᠵᠢᠭᠦᠯᠬᠦ ᠶᠢ ᠪᠦᠬᠦ ᠲᠠᠯ᠎ᠠ ᠪᠠᠷ ᠴᠢᠩᠭᠠᠳᠬᠠᠨ᠂ ᠲᠣᠭᠤᠷᠢᠭ ᠬᠤᠪᠢᠶᠠᠨ ᠱᠠᠳᠤ ᠬᠤᠪᠢᠶᠠᠨ    ᠣᠨᠣᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠣ᠂ ᠡᠯ᠎ᠡ ᠲᠦᠷᠦᠯ ᠤᠨ ᠠᠵᠢᠯ ᠢ ᠦᠴᠦᠭᠡᠨ ᠴᠤ ᠰᠤᠯᠠᠷᠠᠭᠤᠯᠤᠯ ᠦᠭᠡᠢ ᠪᠠᠷ ᠴᠢᠩᠭ᠎ᠠ ᠪᠤᠳᠠᠳᠠᠢ ᠨᠠᠷᠢᠯᠢᠭ ᠠᠳᠬᠤᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ  ᠬᠥᠭᠵᠢᠯᠳᠡ ᠶᠢ ᠵᠡᠷᠭᠡᠪᠡᠷ ᠴᠢᠩᠭ᠎ᠠ  ᠠᠳᠬᠤᠵᠣ ᠠᠯᠢ ᠶᠢ ᠨᠢ ᠴᠤ ᠰᠠᠭᠠᠳᠠᠭᠠᠵᠣ ᠪᠣᠯᠬᠤ ᠦᠭᠡᠢ ᠭᠡᠵᠡᠢ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ  ᠰᠢᠨ᠎ᠡ ᠪᠠᠶᠢᠳᠠᠯ᠂ ᠰᠢᠨ᠎ᠡ ᠬᠤᠪᠢᠷᠠᠯᠳᠠ ᠶᠢ ᠦᠨᠳᠦᠰᠦᠯᠡᠨ᠂ ᠨᠡᠩ ᠰᠢᠨᠵᠢᠯᠡᠬᠦ ᠤᠬᠠᠭᠠᠨᠴᠢ᠂ ᠨᠡᠩ   ᠣᠨᠣᠴᠢᠲᠠᠢ᠂ ᠨᠡᠩ  ᠬᠠᠨᠳᠣᠯᠭᠠᠳᠣ ᠴᠢᠨᠠᠷᠳᠠᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠬᠡᠷᠡᠭᠵᠢᠭᠦᠯᠬᠦ ᠬᠡᠷᠡᠭᠳᠡᠢ᠃  ᠬᠠᠮᠢᠶᠠᠷᠣᠨ ᠡᠵᠡᠮᠳᠡᠬᠦ ᠪᠠᠭ᠎ᠠ ᠨᠢᠭᠡᠴᠡ ᠬᠤᠪᠢᠶᠠᠨ᠂ ᠨᠠᠷᠢᠯᠢᠭ ᠣᠨᠣᠴᠢᠲᠠᠢ ᠰᠡᠷᠭᠡᠶᠢᠯᠡᠨ ᠡᠵᠡᠮᠳᠡᠬᠦ ᠶᠢ ᠬᠡᠷᠡᠭᠵᠢᠬᠦᠯᠬᠦ ᠦᠨᠳᠦᠰᠦᠨ ᠵᠠᠷᠴᠢᠮ ᠶᠣᠰᠣᠭᠠᠷ᠂ ᠭᠠᠴᠠᠭ᠎ᠠ ᠲᠣᠰᠬᠤᠨ ᠪᠤᠯᠤᠨ ᠨᠡᠶᠢᠭᠡᠮ ᠲᠤᠭᠤᠷᠢᠭ ᠲᠠᠬᠢ ᠬᠠᠮᠢᠶᠠᠷᠤᠯᠳᠠ ᠪᠠᠨ ᠴᠢᠩᠭᠠᠳᠬᠠᠵᠦ᠂ ᠰᠡᠷᠭᠡᠶᠢᠯᠡᠨ ᠡᠵᠡᠮᠳᠡᠬᠦ ᠬᠦᠴᠦᠨ ᠢ ᠦᠨᠳᠦᠰᠦᠨ ᠱᠠᠳᠤᠨ ᠤ ᠨᠢᠭᠡᠳᠦᠭᠡᠷ ᠹᠷᠤᠨᠲ ᠲᠤ ᠭᠦᠨᠵᠡᠭᠡᠶᠢᠷᠡᠭᠦᠯᠵᠦ᠂ ᠬᠤᠳᠠ ᠬᠥᠳᠡᠭᠡ ᠨᠡᠶᠢᠭᠡᠮ ᠲᠤᠭᠤᠷᠢᠭ ᠤᠨ ᠡᠨᠡᠬᠦ ᠵᠠᠩᠭᠢᠯᠠᠭ᠎ᠠ ᠶᠢᠨ ᠰᠡᠷᠭᠡᠶᠢᠯᠡᠯᠳᠡ ᠶᠢᠨ ᠱᠤᠭᠤᠮ ᠢ ᠡᠷᠡᠰ ᠰᠠᠬᠢᠬᠤ ᠬᠡᠷᠡᠭᠳᠡᠢ᠃ ︽ ᠲᠦᠷᠪᠡᠨ ᠡᠷᠳᠡ︾ ᠶᠢᠨ ᠵᠠᠷᠴᠢᠮ ᠶᠣᠰᠣᠭᠠᠷ᠂ ᠡᠮᠴᠢᠯᠡᠭᠡᠨ ᠤ ᠡᠮᠨᠡᠵᠦ ᠵᠠᠰᠠᠬᠤ ᠪᠠ ᠡᠮᠴᠢᠯᠡᠭᠡᠨ ᠤ ᠹᠷᠤᠨᠲ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠦ᠂ ᠡᠪᠡᠳᠴᠢᠳᠡᠨ ᠢ ᠪᠦᠬᠦ ᠬᠦᠴᠦᠨ ᠢᠶᠠᠷ ᠢᠶᠠᠨ ᠡᠮᠨᠡᠨ ᠵᠠᠰᠠᠵᠣ᠂ ᠡᠮᠨᠡᠯᠭᠡ ᠶᠢᠨ ᠠᠵᠢᠯᠳᠠᠨ ᠢ ᠰᠢᠨᠵᠢᠯᠡᠬᠦ ᠣᠬᠠᠭᠠᠨᠴᠢ ᠪᠠᠷ ᠰᠡᠷᠬᠡᠶᠢᠯᠡᠨ ᠬᠠᠮᠠᠭᠠᠯᠠᠬᠤ ᠪᠠ ᠬᠠᠯᠠᠮᠵᠢᠯᠠᠬᠤ ᠠᠵᠢᠯ ᠢ ᠰᠠᠶᠢᠳᠣᠷ ᠬᠢᠵᠣ᠂ ᠡᠮᠨᠡᠯᠭᠡ ᠶᠢᠨ ᠬᠤᠷᠢᠶᠠᠨ ᠳᠤ ᠰᠣᠯᠪᠢᠴᠠᠨ ᠬᠠᠯᠳᠠᠪᠤᠷᠢᠯᠠᠬᠤ ᠠᠴᠠ ᠡᠷᠡᠰ ᠵᠠᠶᠢᠯᠠᠰᠬᠢᠬᠦ ᠬᠡᠷᠡᠭᠳᠡᠢ᠃  ᠵᠠᠮ ᠬᠠᠷᠢᠯᠴᠠᠭ᠎ᠠ ᠶᠢ ᠰᠢᠯᠣᠭᠤᠳᠬᠠᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠬᠡᠷᠡᠭᠵᠢᠭᠦᠯᠵᠣ᠂ ᠵᠠᠮ ᠲᠡᠭᠡᠭᠡᠪᠦᠷᠢ ᠶᠢᠨ ᠬᠡᠪ ᠤᠨ ᠡᠮᠬᠢ  ᠵᠢᠷᠣᠮ ᠢ ᠰᠡᠷᠭᠦᠭᠡᠵᠦ᠂ ᠬᠦᠮᠦᠨ ᠬᠠᠷ᠎ᠠ ᠶᠢᠨ ᠨᠠᠰᠢ ᠴᠠᠰᠢ ᠶᠠᠪᠤᠬᠤ᠂ ᠡᠳ᠋ ᠪᠤᠳᠠᠰ ᠤᠨ ᠬᠦᠢᠯᠭᠡᠭᠡᠨ ᠤ ᠲᠦᠭᠵᠢᠷᠡᠯ ᠢ ᠨᠡᠪᠳᠡᠷᠡᠭᠦᠯᠬᠦ ᠬᠡᠷᠡᠭᠳᠡᠢ᠃ ᠠᠯᠪᠠᠨ ᠪᠠᠶᠢᠭᠤᠯᠭ᠎ᠠ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠤᠳᠤᠭᠠᠳᠤ ᠶᠢᠨ ᠬᠠᠮᠢᠶᠠᠷᠤᠯᠳᠠ ᠶᠢ ᠴᠢᠩᠭᠠᠳᠬᠠᠵᠦ᠂ ᠠᠵᠢᠯᠳᠠᠨ ᠠᠵᠢᠯᠴᠢᠨ ᠨᠢᠭᠡᠪᠦᠷᠢ  ᠶᠢᠨ ᠡᠷᠡᠭᠦᠯ ᠮᠡᠨᠳᠦ ᠪᠠᠷ ᠠᠵᠢᠯ ᠤᠨ ᠪᠠᠶᠢᠷᠢᠨ ᠳᠠᠭᠠᠨ ᠪᠤᠴᠠᠬᠤ ᠶᠢ ᠪᠠᠳᠤᠯᠠᠬᠤ ᠬᠡᠷᠡᠭᠳᠡᠢ᠃ ᠨᠡᠶᠢᠭᠡᠮ ᠤᠨ ᠬᠠᠮᠢᠶᠠᠷᠤᠯᠳᠠ ᠶᠢ ᠦᠷᠭᠦᠯᠵᠢᠯᠡᠨ ᠴᠢᠩᠭᠠᠳᠬᠠᠵᠦ᠂ ᠣᠯᠠᠨ ᠲᠦᠮᠡᠨ ᠢ ᠣᠬᠠᠭᠤᠯᠵᠣ ᠬᠦᠲᠣᠯᠣᠨ ᠵᠢᠯᠣᠭᠤᠳᠴᠣ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠡᠮᠵᠢᠵᠣ ᠬᠠᠮᠵᠢᠯᠴᠠᠭᠤᠯᠣᠨ᠂ ᠭᠠᠳᠠᠭᠰᠢ ᠲᠣᠳᠠᠭᠤ ᠭᠠᠷᠴᠣ᠂  ᠬᠤᠷᠠᠨ ᠴᠣᠭᠯᠠᠷᠠᠬᠤ ᠦᠭᠡᠢ ᠪᠠᠶᠢᠬᠤ᠂ ᠠᠮᠠᠪᠴᠢ ᠵᠡᠬᠦᠵᠣ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠪᠠᠳᠣ ᠴᠢᠩᠭ᠎ᠠ ᠰᠡᠷᠭᠡᠶᠢᠯᠡᠯᠳᠡ   ᠶᠢᠨ ᠱᠤᠭᠤᠮ ᠢ ᠴᠣᠭᠴᠠᠯᠠᠨ ᠪᠠᠶᠢᠭᠤᠯᠬᠤ ᠬᠡᠷᠡᠭᠳᠡᠢ ᠭᠡᠵᠡᠢ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠣᠭᠤᠷᠢᠭ  ᠬᠤᠪᠢᠶᠠᠨ ᠱᠠᠳᠤ ᠬᠤᠪᠢᠶᠠᠨ ᠣᠨᠣᠴᠢᠲᠠᠢ ᠪᠠᠷ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠡᠷᠡᠰ ᠲᠣᠭᠤᠰᠢᠯᠠᠭᠤᠯᠵᠣ᠂  ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠠᠵᠢᠯ  ᠡᠬᠢᠯᠡᠭᠦᠯᠵᠣ ᠦᠢᠯᠡᠳᠪᠦᠷᠢᠯᠡᠯ ᠰᠡᠷᠭᠦᠭᠡᠭᠦ ᠶᠢ ᠲᠦᠷᠭᠡᠳᠭᠡᠨ ᠠᠬᠢᠭᠤᠯᠵᠦ᠂ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠡᠵᠡᠩᠨᠡᠯᠳᠡ ᠶᠢ  ᠡᠮᠬᠢ ᠵᠢᠷᠣᠮ ᠲᠠᠢ  ᠪᠠᠷ ᠰᠡᠷᠭᠦᠭᠡᠵᠦ᠂ ᠬᠠᠪᠤᠷ ᠤᠨ ᠤᠯᠠᠷᠢᠯ ᠤᠨ ᠮᠠᠯ ᠲᠠᠷᠢᠶᠠᠯᠠᠩ ᠤᠨ ᠦᠢᠯᠡᠳᠪᠦᠷᠢᠯᠡᠯ ᠢ  ᠯᠠᠪᠳᠠᠭᠤᠨ ᠪᠠᠳᠣᠳᠠᠢ ᠰᠠᠶᠢᠳᠤᠷ ᠬᠢᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠢᠳᠡᠪᠬᠢᠳᠠᠢ ᠠᠬᠢᠭᠤᠯᠬᠤ ᠬᠡᠷᠡᠭᠳᠡᠢ᠃ ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠳᠠ ᠶᠢ ᠤᠯᠵᠦ᠂  ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ᠲᠠᠶᠢᠯᠠᠯᠳᠣᠭᠠᠨ ᠢ ᠠᠮᠵᠢᠯᠳᠠ ᠲᠠᠢ ᠲᠡᠭᠦᠰᠬᠡᠬᠦ  ᠶᠢ ᠪᠠᠳᠤᠯᠠᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠡᠭᠦᠷᠭᠡ ᠶᠢ ᠰᠠᠶᠢᠳᠤᠷ ᠨᠠᠶᠢᠳᠠᠪᠣᠷᠢᠵᠢᠭᠤᠯᠵᠣ᠂ ᠵᠢᠯ ᠤᠨ ᠦᠷᠢ ᠦᠭᠴᠡᠭᠡᠨ ᠤ ᠲᠦᠭᠰᠢᠬᠦᠷᠢ ᠶᠢ ᠨᠠᠮᠳᠠᠭᠤᠯᠬᠤ ᠪᠠ ᠲᠦᠯᠦᠬᠦ ᠲᠦᠯᠦᠪᠯᠡᠭᠡ  ᠶᠢ ᠰᠠᠶᠢᠳᠣᠷ ᠪᠡᠶᠡᠯᠡᠬᠦᠯᠬᠦ ᠬᠡᠷᠡᠭᠳᠡᠢ᠃ ᠠᠷᠠᠳ ᠤᠨ ᠠᠮᠢᠳᠤᠷᠠᠯ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠵᠣ᠂  ᠬᠦᠴᠢᠷᠳᠡᠯᠳᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ  ᠬᠠᠯᠠᠮᠵᠢᠯᠠᠨ ᠪᠠᠳᠤᠯᠠᠵᠦ᠂ ᠠᠵᠢᠯ ᠤᠯᠭᠤᠯᠳᠠ᠂ ᠰᠤᠷᠭᠠᠨ ᠬᠦᠮᠦᠵᠢᠯ ᠪᠠ ᠦᠨ᠎ᠡ ᠬᠠᠩᠰᠢ ᠶᠢ ᠲᠣᠭᠳᠠᠪᠣᠷᠢᠵᠢᠭᠤᠯᠣᠨ ᠬᠠᠩᠭᠠᠯᠭ᠎ᠠ ᠶᠢ ᠪᠠᠳᠤᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠬᠡᠷᠡᠭᠳᠡᠢ᠃ ᠡᠯ᠎ᠡ ᠬᠦᠷᠢᠶ᠎ᠡ ᠴᠠᠷ᠎ᠠ ᠳᠠᠬᠢ ᠪᠠᠶᠢᠴᠠᠭᠠᠯᠳᠠ ᠴᠡᠭᠴᠡᠯᠡᠯᠳᠡ  ᠶᠢ ᠯᠠᠪᠳᠠᠭᠤᠨ ᠥᠷᠨᠢᠭᠦᠯᠵᠦ᠂ ᠡᠯ᠎ᠡ ᠲᠦᠷᠦᠯ ᠤᠨ  ᠠᠰᠠᠭᠤᠳᠠᠯ ᠤᠨ ᠭᠡᠮ ᠰᠤᠭᠤᠭ ᠡᠭᠦᠰᠬᠦ ᠠᠴᠠ ᠨᠢ ᠡᠮᠣᠨ᠎ᠡ ᠰᠢᠢᠳᠪᠦᠷᠢᠯᠡᠬᠦ ᠶᠢ ᠦᠨᠡᠨᠬᠦ ᠪᠠᠳᠤᠯᠠᠬᠤ ᠬᠡᠷᠡᠭᠳᠡᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠬᠦᠯᠬᠦ  ᠪᠠ  ︽ᠠᠷᠪᠠᠨ ᠭᠤᠷᠪᠠᠳᠤᠭᠠᠷ ᠲᠠᠪᠤᠨ ᠵᠢᠯ  ︾ ᠤᠨ ᠲᠦᠯᠦᠪᠵᠢᠭᠦᠯᠭᠡ ᠶᠢᠨ ᠬᠦᠢᠴᠡᠳᠬᠡᠬᠦ ᠲᠤᠭ᠎ᠠ ᠶᠢᠨ ᠲᠣᠭᠳᠠᠯᠴᠠᠭ᠎ᠠ ᠶᠢ ᠪᠡᠶᠡᠯᠡᠭᠦᠯᠬᠦ ᠪᠠᠷ ᠪᠠᠷᠢᠮᠵᠢᠶᠠᠯᠠᠵᠣ᠂  ᠲᠣᠳᠠᠭᠳᠠᠯ ᠪᠠ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠨᠦᠬᠦᠪᠦᠷᠢᠯᠡᠵᠦ᠂   ᠠᠵᠢᠯ ᠤᠨ ︽ ᠬᠤᠤᠰ ᠠᠮᠵᠢᠯᠳᠠ︾ ᠶᠢ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ ᠭᠡᠵᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号