ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ 2020 ᠣᠨ ᠤ ᠨᠠᠢᠮᠠᠳᠤᠭᠠᠷ ᠤᠳᠠᠭᠠᠨ ᠤ ᠬᠡᠰᠢᠬᠦᠳ ᠤᠨ ᠬᠤᠷᠠᠯ ᠵᠢᠴᠢ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠦ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠠᠢ ᠳᠦᠯᠦᠪᠵᠢᠭᠦᠯᠤᠨ ᠠᠬᠢᠭᠤᠯᠬᠤ ᠳᠤᠬᠠᠢ ᠰᠤᠳᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2020/2/28
     2 ᠳ᠋ᠣᠭᠠᠷ ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠠᠶᠢᠮᠠᠭ ᠤᠨ ᠨᠠᠮ ᠤᠨ ᠬᠤᠷᠢᠶᠠᠨ ᠤ 2020 ᠣᠨ ᠤ ᠨᠠᠢᠮᠠᠳᠤᠭᠠᠷ ᠤᠳᠠᠭᠠᠨ ᠤ ᠬᠡᠰᠢᠬᠦᠳ ᠤᠨ ᠬᠤᠷᠠᠯ ᠵᠢᠴᠢ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠠᠢ ᠲᠦᠯᠦᠪᠵᠢᠬᠦᠯᠦᠨ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠪᠡᠳᠴᠢᠳᠡᠨ ᠢ ᠠᠪᠤᠷᠠᠨ ᠡᠮᠨᠡᠬᠦ᠂ ᠠᠵᠦ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠬᠠᠮᠢᠶ᠎ᠠ ᠪᠦᠬᠦᠢ ᠠᠵᠢᠯ ᠤᠨ ᠮᠡᠳᠡᠬᠦᠯᠦᠯᠲᠡ ᠶᠢ ᠰᠤᠨᠤᠰᠴᠦ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠠᠢ ᠲᠦᠯᠦᠪᠵᠢᠬᠦᠯᠦᠨ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠬᠤ ᠳᠠᠭᠠᠨ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠨᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠳ᠋ᠦᠩᠨᠠᠵᠦ᠂ ᠤᠳᠤᠬᠠᠨ ᠤ ᠬᠢᠵᠢᠭ ᠤᠨ ᠪᠠᠶᠢᠳᠠᠯ ᠪᠤᠯᠤᠨ ᠠᠵᠦ ᠠᠬᠤᠢ ᠨᠡᠶᠢᠭᠡᠮ ᠤᠨ ᠬᠥᠭᠵᠢᠯᠳᠡ ᠶᠢᠨ ᠨᠦᠯᠦᠭᠡ ᠶᠢ ᠭᠦᠨᠵᠡᠭᠡᠢ ᠵᠠᠳᠠᠯᠤᠨ ᠰᠢᠨᠵᠢᠯᠡᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ ᠬᠥᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠭᠤᠤᠯᠳᠠᠯᠭ᠎ᠠ ᠲᠠᠢ ᠡᠭᠦᠷᠭᠡ ᠪᠤᠯᠤᠨ ᠴᠢᠬᠤᠯᠠ ᠠᠷᠭ᠎ᠠ ᠪᠠᠷᠢᠯ ᠢ ᠲᠤᠷᠠᠳᠴᠤ᠂ ᠮᠠᠰᠢ ᠴᠢᠩᠭ᠎ᠠ ᠦᠵᠡᠯ ᠰᠠᠨᠠᠭᠠᠳᠤ ᠴᠢᠨᠠᠷ᠂  ᠵᠢᠯᠤᠭᠤᠳᠬᠤ ᠴᠢᠨᠠᠷ ᠪᠠ ᠴᠢᠭᠯᠡᠯᠳᠦ ᠴᠢᠨᠠᠷ ᠲᠠᠢ ᠪᠤᠯᠤᠭᠰᠠᠨ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ   ᠬᠢᠨ ᠦᠵᠡᠯ ᠰᠠᠨᠠᠭ᠎ᠠ ᠪᠤᠯᠤᠨ ᠦᠢᠯᠡ  ᠠᠵᠢᠯᠯᠠᠭ᠎ᠠ ᠪᠠᠨ ᠨᠠᠮ ᠤᠨ  ᠲᠦᠪ ᠬᠤᠷᠢᠶᠠᠨ ᠤ  ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠡ ᠨᠢᠭᠡᠳᠬᠡᠵᠦ᠂  ᠡᠯ᠎ᠡ ᠲᠦᠷᠦᠯ ᠤᠨ  ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠤᠯᠠᠷᠠᠭᠤᠯᠤᠰᠢ ᠦᠭᠡᠢ ᠠᠳᠬᠤᠵᠦ᠂ ᠢᠳᠡᠭᠡᠯ ᠵᠤᠷᠢᠭ ᠢᠶᠠᠨ ᠴᠢᠩᠭᠠᠯᠠᠨ᠂    ᠣᠨᠣᠴᠢᠲᠠᠢ ᠠᠷᠭ᠎ᠠ ᠪᠤᠳᠤᠯᠭ᠎ᠠ ᠠᠪᠴᠤ᠂  ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠤᠨ  ᠬᠥᠭᠵᠢᠯᠳᠡ ᠶᠢᠨ ᠠᠵᠢᠯ  ᠢ ᠨᠢᠭᠡᠳᠦᠯᠳᠠᠢ ᠲᠦᠯᠦᠪᠵᠢᠭᠦᠯᠦᠨ  ᠰᠠᠶᠢᠳᠤᠷ ᠠᠳᠬᠤᠵᠦ᠂ ᠪᠦᠬᠦ ᠠᠶᠢᠮᠠᠭ ᠤᠨ  ᠠᠵᠦ ᠠᠬᠤᠢ ᠨᠡᠶᠢᠭᠡᠮ ᠤᠨ  ᠬᠥᠭᠵᠢᠯᠳᠡ ᠶᠢᠨ ᠬᠠᠷᠠᠯᠳᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠳᠡᠢ ᠭᠡᠵᠡᠢ᠃     ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ  ᠣᠷᠣᠨ ᠲᠣᠭᠤᠷᠢᠭ ᠲᠡᠰ ᠵᠡᠷᠭᠡ ᠬᠤᠪᠢᠶᠠᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠵᠦ᠂ ᠪᠤᠳᠠᠳᠠᠢ ᠠᠴᠠ ᠡᠬᠦᠰᠴᠦ᠂ ᠡᠯ᠎ᠡ ᠠᠵᠢᠯ ᠲᠦᠷᠦᠯ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠨᠢᠭᠡᠳᠦᠯᠲᠠᠢ ᠲᠦᠯᠦᠪᠵᠢᠬᠦᠯᠦᠨ ᠪᠤᠳᠤᠯᠬᠢᠯᠠᠵᠦ ᠵᠦᠷᠢᠶ᠎ᠠ ᠲᠠᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠨᠠᠷᠢᠨ ᠨᠢᠭᠳᠠ ᠬᠡᠷᠡᠭᠵᠢᠭᠦᠯᠦᠨ᠂ ᠪᠤᠳᠠᠳᠠᠢ ᠠᠷᠭ᠎ᠠ ᠬᠡᠮᠵᠢᠶ᠎ᠡ ᠶᠢ ᠰᠤᠳᠤᠯᠤᠨ᠂ ᠬᠠᠷᠢᠭᠤᠴᠠᠯᠭ᠎ᠠ ᠶᠢ ᠲᠤᠲᠤᠷᠬᠠᠶᠢᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠭᠡᠷᠡᠭᠵᠢᠬᠦᠯᠬᠦ ᠬᠡᠷᠡᠭᠲᠡᠢ᠃  ︽ᠥᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠭᠠᠨ ᠵᠢᠯᠤᠭᠤᠳᠬᠤ ᠭᠡᠯᠳᠡᠰ ᠤᠨ ᠬᠢᠵᠢᠭ ᠢ ᠣᠨᠣᠴᠢᠲᠠᠢ ᠪᠠᠷ ᠰᠡᠷᠭᠡᠶᠢᠯᠡᠨ ᠡᠵᠡᠮᠳᠡᠵᠦ ᠠᠵᠢᠯ ᠡᠬᠢᠯᠡᠭᠦᠯᠵᠣ ᠦᠢᠯᠡᠳᠪᠦᠷᠢᠯᠡᠯ ᠰᠡᠷᠭᠦᠭᠡᠭᠦ ᠶᠢ ᠠᠬᠢᠭᠤᠯᠬᠤ ᠬᠠᠮᠢᠶᠠᠳᠠᠢ ᠶᠠᠪᠤᠳᠠᠯ ᠢ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠦ᠂  ᠬᠤᠲᠠ ᠪᠠᠯᠭᠠᠰᠤ ᠶᠢᠨ ᠨᠡᠶᠢᠬᠡᠮ ᠲᠤᠭᠤᠷᠢᠭ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠬᠠᠷ᠎ᠠ ᠶᠢᠨ ᠬᠠᠮᠢᠶᠠᠷᠤᠯᠳᠠ ᠶᠢ ᠡᠷᠴᠢᠮᠵᠢᠬᠦᠯᠵᠦ᠂ ᠰᠢᠭᠰᠢᠨ ᠪᠠᠶᠢᠴᠠᠭᠠᠵᠦ ᠬᠠᠮᠢᠶᠠᠷᠤᠨ ᠡᠵᠡᠮᠳᠡᠬᠦ ᠶᠢ ᠦᠷᠬᠦᠯᠵᠢᠯᠡᠨ ᠰᠠᠶᠢᠲᠤᠷ ᠬᠢᠵᠦ᠂ ᠲᠡᠷᠭᠡᠨ ᠥᠷᠲᠡᠭᠡ᠂ ᠨᠢᠰᠭᠡᠯ ᠤᠨ ᠪᠠᠭᠤᠳᠠᠯ᠂ ᠪᠤᠭᠤᠮᠳᠠ ᠵᠡᠷᠭᠡ ᠭᠤᠣᠯᠳᠠᠯᠭ᠎ᠠ ᠲᠠᠢ ᠭᠠᠵᠠᠷ ᠤᠨ ᠬᠠᠮᠢᠶᠠᠷᠤᠯᠳᠠ ᠶᠢ ᠴᠢᠩᠭᠠᠳᠬᠠᠨ᠂ ᠰᠢᠯᠢ ᠶᠢᠨ ᠭᠤᠤᠯ ᠠᠶᠢᠮᠠᠭ  ᠲᠤ ᠢᠷᠡᠵᠦ ᠪᠠᠶᠢᠭ᠎ᠠ ᠪᠤᠶᠤ ᠪᠤᠴᠠᠵᠦ ᠪᠠᠶᠢᠭ᠎ᠠ ᠬᠦᠮᠦᠰ ᠤᠨ ᠪᠠᠶᠢᠳᠠᠯ ᠢ ᠤᠨᠤᠪᠴᠢᠳᠠᠢ ᠡᠵᠡᠮᠳᠡᠵᠦ᠂ ᠬᠢᠵᠢᠭ ᠲᠠᠷᠬᠠᠬᠤ ᠶᠢ ᠰᠡᠷᠭᠡᠶᠢᠯᠡᠬᠦ ᠲᠠᠯ᠎ᠠ ᠪᠠᠷ ᠦᠴᠦᠭᠡᠨ ᠴᠤ  ᠰᠣᠯᠠᠷᠠᠭᠤᠯᠵᠣ ᠪᠤᠯᠬᠤ ᠦᠭᠡᠢ᠃ ᠨᠡᠶᠢᠰᠯᠡᠯ ᠳᠤ ᠤᠷᠤᠬᠤ ᠵᠠᠮ ᠤᠨ ᠰᠡᠷᠭᠡᠶᠢᠯᠡᠯᠳᠡ ᠶᠢᠨ ᠱᠤᠭᠤᠮ ᠢ ᠰᠠᠶᠢᠳᠤᠷ ᠰᠠᠬᠢᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠳᠤ ᠢᠳᠡᠪᠬᠢᠲᠠᠢ ᠦᠢᠯᠡᠳᠦᠯ ᠢᠶᠠᠨ ᠪᠠᠳᠠᠷᠠᠭᠤᠯᠬᠤ ᠭᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠦᠨᠳᠦᠰᠦᠨ ᠱᠠᠲᠤᠨ ᠤ ᠠᠵᠢᠯᠯᠠᠬᠤ ᠡᠩᠨᠡᠭᠡ ᠶᠢ ᠲᠡᠭᠦᠯᠳᠡᠷᠵᠢᠬᠦᠯᠵᠦ᠂ ᠲᠣᠣᠷᠴᠢᠯᠠᠭᠰᠠᠨ ᠬᠠᠮᠢᠶᠠᠷᠤᠯᠳᠠ ᠶᠢ ᠡᠷᠴᠢᠮᠵᠢᠬᠦᠯᠵᠦ᠂ ᠬᠢᠵᠢᠭ ᠬᠠᠯᠳᠠᠪᠤᠷᠢᠯᠠᠨ ᠲᠠᠷᠬᠠᠬᠤ ᠲᠦᠭᠰᠢᠬᠦᠷᠢ ᠶᠢ ᠪᠦᠲᠦᠮᠵᠢᠲᠡᠢ ᠪᠠᠭᠠᠰᠬᠠᠬᠤ ᠭᠡᠷᠡᠭᠲᠡᠢ᠃ ᠡᠮᠴᠢᠯᠡᠭᠡᠨ ᠤ ᠠᠪᠤᠷᠠᠨ ᠡᠮᠨᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠦ᠂ ᠤᠨᠤᠰᠢᠯᠠᠵᠦ ᠡᠮᠨᠡᠬᠦ ᠲᠦᠰᠦᠯ ᠢ ᠲᠡᠭᠦᠯᠳᠡᠷᠵᠢᠬᠦᠯᠵᠦ᠂ ᠨᠢᠭᠡᠳᠦᠭᠡᠷ ᠹᠷᠤᠨᠲ ᠲᠠᠬᠢ ᠡᠮᠨᠡᠯᠭᠡ ᠶᠢᠨ ᠠᠵᠢᠯᠳᠠᠨ ᠢ ᠬᠠᠯᠠᠮᠵᠢᠯᠠᠵᠦ᠂ ᠪᠤᠳᠠᠳᠤ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠢ᠃  ᠡᠯ᠎ᠡ ᠱᠠᠳᠣᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠪᠠ ᠰᠤᠨᠢᠨ ᠮᠡᠳᠡᠭᠡ ᠵᠠᠭᠤᠴᠢᠯᠠᠭᠤᠷ ᠤᠨ ᠬᠢᠨ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠵᠦᠪ ᠪᠤᠷᠤᠭᠤ ᠬᠤᠶᠠᠷ ᠲᠠᠯ᠎ᠠ ᠶᠢᠨ ᠨᠡᠶᠢᠳᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠵᠦ᠂  ᠳᠡᠷᠭᠡᠳᠡᠬᠢ ᠡᠪᠡᠳᠴᠢᠨ ᠤ ᠵᠢᠱᠢᠶ᠎ᠡ ᠪᠠᠷ ᠤᠯᠠᠨ ᠲᠦᠮᠡᠨ ᠢ ᠰᠡᠷᠡᠮᠵᠢᠯᠡᠭᠦᠯᠦᠨ ᠬᠦᠮᠦᠵᠢᠭᠦᠯᠵᠦ᠂  ᠤᠯᠠᠨ ᠲᠦᠮᠡᠨ ᠤ ᠰᠡᠷᠭᠡᠶᠢᠯᠡᠨ ᠡᠵᠡᠮᠳᠡᠬᠦ ᠲᠠᠨᠢᠯᠳᠠ ᠪᠠ ᠤᠬᠠᠮᠰᠠᠷ ᠢ ᠨᠡᠮᠡᠭᠳᠡᠭᠦᠯᠵᠣ  ᠂ ᠤᠬᠠᠭᠤᠯᠭ᠎ᠠ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠬᠦ ᠬᠡᠷᠡᠭᠳᠡᠢ ᠭᠡᠵᠡᠢ᠃    ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠠᠢ ᠲᠦᠯᠦᠪᠵᠢᠬᠦᠯᠦᠨ ᠠᠬᠢᠭᠤᠯᠵᠦ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠡᠷᠡᠰ ᠭᠤᠶᠢᠪᠢᠰᠢ ᠦᠬᠡᠢ ᠲᠤᠭᠤᠰᠢᠯᠠᠭᠤᠯᠵᠦ᠂ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠵᠦ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠶᠢ ᠪᠠᠲᠤᠯᠠᠬᠤ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠢᠯᠡᠯᠲᠡ ᠶᠢ ᠤᠯᠬᠤ ᠬᠠᠷᠠᠯᠳᠠ ᠡᠬᠦᠷᠭᠡ ᠪᠠᠨ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠪᠠᠨ ᠪᠡᠶᠡᠯᠡᠬᠦᠯᠬᠦ ᠬᠡᠷᠡᠭᠲᠡᠢ᠃  ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ  ᠡᠬᠢᠯᠡᠭᠦᠯᠵᠣ ᠦᠢᠯᠡᠳᠪᠦᠷᠢᠯᠡᠯ ᠰᠡᠷᠬᠦᠬᠡᠬᠦ ᠲᠤᠬᠠᠢ ᠡᠯ᠎ᠡ ᠲᠦᠷᠦᠯ ᠤᠨ ᠪᠠᠶᠢᠷᠢᠯᠠᠭᠤᠯᠤᠯᠳᠠ  ᠶᠢᠨ ᠱᠠᠭᠠᠷᠳᠠᠯᠭ᠎ᠠ ᠶᠢ ᠨᠠᠷᠢᠨ ᠨᠢᠮᠪᠠᠢ ᠲᠤᠭᠤᠰᠢᠯᠠᠭᠤᠯᠵᠦ᠂ ᠡᠮᠬᠢ ᠲᠢᠭᠯᠢᠮ ᠲᠠᠢ ᠪᠠᠷ ᠠᠵᠢᠯ ᠡᠬᠢᠯᠡᠭᠦᠯᠵᠣ ᠦᠢᠯᠡᠳᠪᠦᠷᠢᠯᠡᠯ ᠰᠡᠷᠭᠦᠭᠡᠭᠦ ᠲᠦᠰᠦᠯ ᠢ ᠨᠢᠭᠡᠳᠦᠯᠳᠠᠢ ᠲᠤᠭᠳᠠᠭᠠᠵᠦ᠂  ᠠᠵᠦ ᠦᠢᠯᠡᠰ ᠤᠨ  ᠤᠨᠴᠠᠯᠢᠭ ᠢ ᠦᠨᠳᠦᠰᠦᠯᠡᠵᠦ᠂ ᠠᠵᠦ ᠠᠬᠤᠶᠢᠯᠠᠯ ᠤᠨ ᠠᠵᠢᠯ ᠰᠡᠷᠭᠦᠭᠡᠵᠦ ᠦᠢᠯᠡᠳᠪᠦᠷᠢᠯᠡᠯ ᠰᠡᠷᠭᠦᠭᠡᠭᠦ ᠶᠢ ᠲᠦᠷᠦᠯ ᠠᠩᠭᠢᠯᠠᠨ ᠠᠬᠢᠭᠤᠯᠵᠦ᠂  ᠠᠵᠦ ᠠᠬᠤᠢ ᠨᠡᠶᠢᠭᠡᠮ ᠤᠨ  ᠴᠢᠨᠠᠷ ᠰᠠᠶᠢᠳᠠᠢ ᠬᠥᠭᠵᠢᠯᠳᠡ ᠶᠢ ᠠᠬᠢᠭᠤᠯᠬᠤ ᠬᠡᠷᠡᠭᠳᠡᠢ᠃ ᠬᠢᠨᠠᠨ ᠵᠦᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂  ᠮᠥᠩᠭᠦᠨ ᠭᠦᠢᠯᠭᠡᠭᠡᠨ ᠤ  ᠲᠡᠮᠵᠢᠯᠭᠡ ᠶᠢᠨ ᠬᠦᠴᠦᠯᠡᠴᠡ  ᠶᠢ  ᠴᠢᠩᠭᠠᠳᠬᠠᠬᠤ᠂  ᠠᠵᠦ ᠠᠬᠤᠶᠢᠯᠠᠯ ᠤᠨ  ᠲᠠᠷᠤᠭᠠᠰᠤ ᠶᠢ  ᠬᠥᠩᠭᠡᠯᠡᠬᠦ ᠵᠡᠷᠭᠡ ᠠᠵᠦ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠠᠵᠦ ᠠᠬᠤᠶᠢᠯᠠᠯ ᠢ ᠲᠤᠭᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ  ᠬᠡᠷᠡᠭᠵᠢᠬᠦᠯᠵᠣ᠂ ᠠᠵᠦ ᠠᠬᠤᠶᠢᠯᠠᠯ ᠤᠨ  ᠦᠢᠯᠡᠳᠪᠦᠷᠢᠯᠡᠯ ᠡᠵᠡᠩᠨᠡᠯᠳᠡ ᠶᠢᠨ ᠲᠤᠮᠳᠠᠬᠢ ᠪᠤᠳᠠᠳᠤ ᠬᠦᠴᠢᠷᠳᠡᠯ ᠢ ᠪᠦᠬᠦ ᠬᠦᠴᠦᠨ ᠢᠶᠠᠷ ᠬᠠᠪᠰᠤᠷᠤᠨ ᠰᠢᠢᠳᠪᠦᠷᠢᠯᠡᠬᠦ ᠬᠡᠷᠡᠭᠳᠡᠢ᠃ ᠠᠵᠦ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠭᠦ ᠶᠢ ᠱᠠᠯᠠᠪᠳᠠᠭᠤᠯᠣᠨ ᠠᠬᠢᠭᠤᠯᠵᠣ᠂  ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ  ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ ᠭᠡᠵᠡᠢ᠃    ᠠᠶᠢᠮᠠᠭ ᠤᠨ ᠨᠠᠮ ᠤᠨ ᠬᠤᠷᠢᠶᠠᠨ ᠤ ᠡᠯ᠎ᠡ ᠭᠡᠰᠢᠬᠦᠨ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠣᠯᠣᠰ ᠲᠦᠷᠦ ᠶᠢᠨ ᠵᠦᠪᠯᠡᠯᠭᠡᠨ ᠤ ᠭᠤᠣᠯ ᠣᠳᠣᠷᠢᠳᠣᠯᠭ᠎ᠠ᠂ ᠠᠶᠢᠮᠠᠭ ᠤᠨ ᠳᠡᠳ᠋ ᠲᠠᠷᠤᠭ᠎ᠠ ᠨᠠᠷ᠂ ᠰᠢᠯᠢ ᠶᠢᠨ ᠬᠤᠳᠠ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠨ ᠬᠤᠷᠠᠯ ᠳᠤ ᠣᠷᠣᠯᠴᠠᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号