ᠤᠯᠠᠮᠵᠢᠯᠠᠯᠲᠦ ᠬᠢᠯᠭᠠᠰᠤᠨ ᠰᠤᠶᠤᠯ ᠳᠤ ᠤᠬᠠᠭᠠᠨ ᠲᠠᠮᠢᠷ ᠢᠶᠠᠨ ᠵᠣᠷᠢᠭᠤᠯᠣᠨᠠᠮ
ᠨᠡᠶᠢᠲᠡᠯᠡᠭᠰᠡᠨ ᠴᠠᠭ᠄
2020/3/31
    ᠬᠢᠯᠭᠠᠰᠤᠨ ᠰᠤᠶᠤᠯ ᠪᠤᠯ ᠮᠤᠩᠭᠤᠯᠴᠤᠳ ᠤᠨ ᠨᠡᠭᠦᠳᠡᠯ ᠠᠮᠢᠳᠤᠷᠠᠯ ᠤᠨ ᠳᠤᠮᠳᠠ ᠪᠠᠨ ᠵᠤᠬᠢᠶᠠᠵᠤ ᠪᠦᠲᠦᠭᠡᠭᠰᠡᠨ ᠦᠷ᠎ᠡ ᠬᠤᠶᠢᠴᠢᠰ ᠲᠠᠭᠠᠨ ᠦᠪᠯᠡᠵᠤ ᠤᠯᠠᠮᠵᠢᠯᠠᠬᠤ ᠦᠨ᠎ᠡ ᠴᠠᠨ᠎ᠡ ᠲᠠᠢ ᠰᠤᠶᠤᠯ ᠤᠨ ᠲᠦᠷᠦᠯ ᠵᠦᠢᠯ ᠪᠦᠭᠡᠳ ᠮᠤᠩᠭᠤᠯᠴᠤᠳ ᠤᠨ ᠤᠷᠬᠢᠭᠲᠠᠭᠤᠯᠵᠥ ᠪᠤᠯᠤᠰᠢ ᠦᠭᠡᠢ ᠦᠨᠲᠦᠰᠦᠲᠡᠨ ᠤ ᠤᠨᠴᠠᠯᠢᠬᠲᠦ ᠭᠠᠷ ᠤᠶᠤᠳᠠᠯ ᠤᠨ ᠤᠭᠢ ᠰᠢᠯᠢᠳᠡᠭ ᠪᠤᠯᠬᠤ ᠶᠤᠮ᠃ ᠦᠨᠲᠦᠰᠦᠲᠡᠨ ᠤ ᠤᠨᠴᠠᠯᠢᠭ ᠰᠢᠨᠵᠢ ᠶᠢ ᠲᠤᠪᠤᠶᠢᠯᠭᠠᠬᠰᠠᠨ ᠰᠢᠯᠢᠳᠡᠭ ᠰᠤᠶᠤᠯ ᠤᠨ ᠦᠪ ᠪᠤᠯᠬᠤ ᠬᠢᠯᠭᠠᠰᠤᠨ ᠰᠤᠶᠤᠯ ᠢᠶᠠᠨ ᠤᠯᠠᠮᠵᠢᠯᠠᠨ ᠵᠠᠯᠭᠠᠮᠵᠢᠯᠠᠵᠦ᠂ ᠬᠢᠯᠭᠠᠰᠤ ᠪᠠᠷ ᠬᠢᠭᠰᠡᠨ ᠤᠯᠠᠨ ᠲᠦᠷᠦᠯ ᠵᠦᠢᠯ ᠤᠨ ᠪᠦᠳᠦᠭᠡᠭᠳᠡᠬᠦᠨ ᠢᠶᠠᠷ ᠢᠶᠠᠨ ᠤᠯᠠᠨ ᠳᠠᠭᠠᠨ ᠲᠠᠨᠢᠭᠳᠠᠵᠦ ᠶᠠᠪᠤᠭ᠎ᠠ ᠨᠠᠰᠤᠳᠠᠨ ᠢ ᠠᠯᠳᠠᠨᠴᠡᠴᠡᠭ ᠬᠡᠳᠡᠭ᠃     ᠠᠯᠲᠠᠨᠴᠡᠴᠡᠭ ᠪᠤᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠪᠠᠶᠠᠨᠨᠠᠭᠤᠷ ᠭᠠᠴᠠᠭᠠᠨ ᠤ ᠤᠤᠭᠠᠯ ᠪᠠᠶᠢᠵᠤ᠂ ᠠᠷᠪᠠᠨ ᠬᠡᠳᠦᠨ ᠨᠠᠰᠤᠨ ᠠᠴᠠ ᠪᠠᠨ ᠮᠤᠩᠭᠤᠯ ᠦᠢᠯᠡ ᠤᠶᠤᠳᠠᠯ ᠢ ᠰᠤᠷᠤᠭᠰᠠᠨ ᠪᠦᠭᠡᠳ ᠮᠤᠩᠭᠤᠯᠴᠤᠳ ᠤᠨ ᠤᠯᠠᠮᠵᠢᠯᠠᠯᠲᠦ ᠨᠡᠭᠦᠳᠡᠯ ᠠᠮᠢᠳᠤᠷᠠᠯ ᠳᠤ ᠬᠡᠷᠡᠭᠯᠡᠳᠡᠭ ᠮᠤᠩᠭᠤᠯ ᠭᠡᠷ ᠤᠨ ᠤᠯᠤᠩ᠂ ᠪᠦᠰᠡᠯᠡᠭᠦᠷ᠂ ᠬᠢᠯᠭᠠᠰᠤᠨ ᠳᠡᠭᠡᠰᠦ᠂ ᠵᠡᠯ᠎ᠡ᠂ ᠴᠢᠬᠲᠡ᠂ ᠦᠨᠢᠶᠡᠨ ᠳᠤᠱᠠ᠂ ᠤᠨᠠᠭᠠᠨ ᠨᠤᠬᠳᠦ ᠁ ᠵᠡᠷᠭᠡ ᠤᠯᠠᠨ ᠲᠦᠷᠦᠯ ᠤᠨ ᠡᠳ᠋ᠯᠡᠯ ᠬᠡᠷᠡᠭᠰᠡᠯ ᠢ ᠤᠷᠠᠯᠠᠵᠤ ᠤᠶᠤᠬᠰᠠᠭᠠᠷ ᠢᠷᠡᠭᠰᠡᠨ ᠶᠤᠮ᠃ ᠬᠠᠷᠠᠬᠠᠨ ᠪᠠᠭ᠎ᠠ ᠠᠴᠠ ᠪᠠᠨ ᠨᠡᠭᠦᠳᠡᠯ ᠠᠮᠢᠳᠤᠷᠠᠯ ᠲᠤᠮᠲᠠ ᠦᠰᠦᠭᠰᠡᠨ ᠠᠯᠲᠠᠨᠴᠡᠴᠡᠭ ᠠᠵᠢᠯᠴᠢ ᠬᠤᠶᠠᠷ ᠭᠠᠷ ᠲᠠᠭᠠᠨ ᠲᠦᠰᠢᠭᠯᠡᠵᠤ᠂ ᠲᠡᠪᠡᠯ ᠲᠡᠷᠯᠢᠭ ᠤᠶᠤᠬᠤ᠂ ᠡᠰᠭᠡᠵᠤ ᠵᠢᠷᠤᠵᠤ ᠲᠦᠰᠦᠪᠯᠡᠬᠦ᠂ ᠤᠯᠠᠨ ᠶᠠᠩᠵᠤ ᠶᠢᠨ ᠬᠤᠷᠭᠤᠢ ᠪᠠᠷ ᠦᠩᠭᠡ ᠢᠯᠭᠠᠷᠠᠭᠤᠯᠤᠨ ᠡᠮᠵᠢᠵᠤ ᠴᠢᠮᠬᠢᠬᠦ᠂ ᠨᠡᠪᠲᠡᠭᠴᠡᠭᠡᠰᠦ᠂ ᠱᠠᠬᠯᠠᠬᠤ᠂ ᠬᠦᠪᠦᠷᠢᠳᠥᠬᠦ᠂ ᠬᠤᠯᠠ ᠤᠶᠢᠷ᠎ᠠ ᠬᠠᠪᠤᠭᠠᠰᠦ ᠬᠠᠪᠤᠬᠤ ᠵᠡᠷᠭᠡ ᠮᠤᠩᠭᠤᠯ ᠤᠶᠤᠳᠠᠯ ᠦᠢᠯᠡ ᠠᠴᠠ ᠡᠬᠢᠯᠡᠵᠤ ᠲᠡᠮᠡᠭᠡᠨ ᠤᠩᠭᠠᠰᠦ ᠡᠭᠡᠷᠡᠬᠦ᠂ ᠴᠠᠪᠠᠥ ᠨᠠᠭᠠᠵᠤ ᠭᠤᠲᠤᠯ ᠤᠨ ᠤᠯᠡ ᠰᠢᠷᠢᠬᠦ᠂ ᠤᠯᠤᠰᠤᠨ ᠤᠲᠠᠰᠦ ᠲᠠᠮᠤᠬᠤ᠂ ᠦᠵᠥᠭᠦᠷᠰᠦᠨ ᠠᠷᠠᠰᠦ ᠬᠤᠷᠠᠭᠠᠨ ᠠᠷᠠᠰᠦ ᠢᠳᠡᠭᠡᠯᠡᠵᠤ ᠱᠠᠤᠯᠡᠬᠦ᠂ ᠤᠲᠤᠭ᠎ᠠ ᠰᠠᠭᠤᠯᠭᠠᠬᠰᠠᠨ ᠦᠩᠭᠡ ᠲᠡᠪᠡᠯ ᠤᠶᠤᠬᠤ᠂ ᠮᠤᠩᠭᠤᠯ ᠭᠡᠷ ᠤᠶᠤᠬᠤ ᠳᠤ ᠬᠡᠷᠡᠭᠯᠡᠳᠡᠭ ᠡᠯ᠎ᠡ ᠵᠦᠢᠯ ᠤᠨ ᠬᠢᠯᠭᠠᠰᠤᠨ ᠲᠡᠭᠡᠰᠦ᠂ ᠤᠭᠤᠰᠤᠷ ᠪᠦᠰᠡᠯᠡᠭᠦᠷ ᠢ ᠡᠪ ᠳᠡᠮ ᠲᠠᠢ ᠰᠠᠶᠢᠬᠠᠨ ᠬᠢᠳᠡᠭ ᠪᠢᠯᠡ᠃ ︽ᠬᠠᠭᠤᠴᠢᠨ ᠶᠠᠭᠤᠮ᠎ᠠ ᠤᠯᠡ ᠪᠤᠯᠵᠤ᠂ ᠰᠢᠨ᠎ᠡ ᠶᠠᠭᠤᠮ᠎ᠡ ᠵᠤᠯᠡ ᠪᠤᠯᠳᠠᠭ︾ ᠭᠡᠮᠡᠨ ᠴᠠᠭ ᠦᠶ᠎ᠡ ᠬᠤᠪᠢᠷᠠᠵᠤ ᠬᠦᠭᠵᠢᠭᠰᠡᠨ ᠭᠡᠳᠡᠭ ᠪᠤᠯᠪᠠᠴᠦ ᠦᠪᠡᠷ ᠤᠨ ᠦᠨᠲᠦᠰᠦᠲᠡᠨ ᠤ ᠪᠠᠨ ᠤᠨᠴᠠᠯᠢᠭ ᠢ ᠭᠠᠶᠢᠬᠠᠭᠤᠯᠤᠬᠰᠠᠨ ᠬᠤᠪᠴᠠᠰᠦ ᠭᠤᠶᠤᠯᠠᠯ ᠪᠠ ᠡᠳ᠋ᠯᠡᠯ ᠬᠡᠷᠡᠭᠰᠡᠯ ᠢᠶᠠᠷ ᠢᠶᠠᠨ ᠦᠵᠦᠮᠦᠴᠢᠨᠴᠤᠳ ᠶᠡᠷᠦ ᠨᠢ ᠪᠤᠰᠤᠳ ᠭᠠᠵᠠᠷ ᠤᠷᠤᠨ ᠠᠴᠠ ᠳᠠᠪᠠᠭᠤᠯᠢᠭ ᠪᠠᠶᠢᠳᠠᠭ ᠪᠢᠯᠡ᠃ ᠠᠯᠲᠠᠨᠴᠡᠴᠡᠭ ᠨᠠᠰᠤᠲᠠᠨ ᠬᠡᠳᠦ᠋ᠢᠪᠡᠷ ᠤᠳᠤ ᠬᠤᠲᠠ ᠭᠠᠵᠠᠷ ᠰᠠᠭᠤᠵᠤ ᠪᠠᠶᠢᠨ᠎ᠠ ᠭᠡᠳᠡᠭ ᠪᠤᠯᠪᠠᠴᠦ ᠤᠭᠤᠷᠠᠭ ᠲᠠᠷᠢᠬᠢ ᠤᠬᠠᠭᠠᠨ ᠪᠤᠳᠤᠯ ᠳᠤᠨᠢ ᠨᠡᠭᠦᠳᠡᠯ ᠠᠮᠢᠳᠤᠷᠠᠯ ᠤᠨ ᠦᠩᠭᠡ ᠪᠤᠳᠤᠭ ᠭᠦᠨ ᠵᠤᠵᠠᠭᠠᠨ ᠬᠤᠨᠤᠬᠰᠢᠬᠰᠠᠨ ᠠᠴᠠ ᠤᠳᠠᠭᠠᠨ ᠵᠢᠯ ᠬᠢᠵᠤ ᠰᠤᠷᠤᠬᠰᠠᠭᠠᠷ ᠢᠷᠡᠭᠰᠡᠨ ᠤᠶᠤᠳᠠᠯ ᠬᠢᠳᠡᠯ ᠤᠨ ᠵᠦᠢᠯᠡᠰ ᠢᠶᠠᠨ ᠤᠷᠬᠢᠵᠤ ᠴᠢᠳᠠᠬᠤ ᠦᠭᠡᠢ ᠮᠦᠨ ᠯᠡ ᠬᠢᠯᠭᠠᠰᠤᠨ ᠲᠡᠭᠡᠰᠦ ᠲᠠᠮᠤᠬᠤ᠂ ᠬᠢᠯᠭᠠᠰᠤᠨ ᠤᠷᠠᠯᠠᠯ ᠢᠶᠠᠨ ᠬᠢᠵᠤ ᠵᠤᠭ᠎ᠠ ᠴᠡᠩᠭᠡᠯ ᠢᠶᠠᠨ ᠪᠤᠯᠭᠠᠵᠤ ᠪᠠᠶᠢᠨ᠎ᠠ᠃     ᠨᠡᠩ ᠢᠯᠠᠩᠭᠤᠶ᠎ᠡ ᠤᠷᠴᠢᠮ ᠤᠨ ᠬᠡᠳᠦᠨ ᠵᠢᠯ ᠠᠴᠠ ᠡᠯ᠎ᠡ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠦᠢᠯᠡᠰ ᠢ ᠬᠦᠭᠵᠢᠭᠦᠯᠭᠦ ᠲᠦᠷᠥ ᠶᠢᠨ ᠪᠤᠲᠤᠯᠭ᠎ᠠ ᠶᠢᠨ ᠲᠤᠶᠠᠭᠠᠯᠠᠯ ᠲᠤᠤᠷ᠎ᠠ ᠮᠤᠩᠭᠤᠯ ᠥᠨᠳᠤᠰᠤᠳᠠᠨ ᠤ ᠤᠨᠴᠠᠯᠢᠭᠳᠤ ᠰᠤᠶᠤᠯ ᠤᠨ ᠠᠵᠤ ᠦᠢᠯᠡᠰ ᠴᠦ ᠲᠦᠷᠭᠡᠨ ᠬᠦᠭᠵᠢᠵᠤ᠂ ᠮᠤᠩᠭᠤᠯ ᠭᠡᠷ ᠤᠨ ᠪᠦᠰᠡᠯᠡᠭᠦᠷ ᠤᠶᠤᠭᠤᠯᠬᠤ᠂ ᠬᠢᠯᠭᠠᠰᠤᠨ ᠲᠡᠭᠡᠰᠦ ᠲᠠᠮᠤᠬᠤ᠂ ᠤᠯᠤᠩ ᠤᠭᠤᠰᠤᠷ ᠤᠶᠤᠭᠤᠯᠬᠤ ᠱᠠᠭᠠᠷᠳᠠᠯᠭ᠎ᠠ ᠨᠡᠶᠢᠭᠡᠮ ᠲᠡᠭᠡᠷ᠎ᠡ ᠵᠠᠢ ᠠᠪᠴᠤ ᠠᠯᠲᠠᠨᠴᠡᠴᠡᠭ ᠨᠠᠰᠤᠲᠠᠨ ᠤ ᠤᠯᠤᠩ ᠤᠭᠤᠰᠤᠷ ᠢᠶᠠᠨ ᠪᠤᠷᠤᠯᠠᠭᠤᠯᠬᠤ ᠳᠤ ᠶᠡᠭᠡ ᠰᠠᠶᠢᠨ ᠠᠵᠠ ᠳᠤᠬᠢᠶᠠᠯ ᠠᠪᠴᠢᠷᠠᠵᠤ ᠦᠭᠭᠦᠭᠰᠡᠨ ᠶᠤᠮ᠃ ᠨᠠᠩ ᠴᠦ ᠲᠡᠭᠦᠨ ᠤ ᠤᠶᠤᠬᠰᠠᠨ ︽ᠬᠡᠶᠢᠮᠤᠷᠢ᠂ ᠬᠦᠴᠦᠨ᠂ ᠪᠤᠶᠠᠨ᠂ ᠬᠡᠰᠢᠭ᠂ ᠨᠢᠭᠦᠯᠡᠰᠦᠩᠭᠦᠢ︾ ᠵᠡᠷᠭᠡ ᠦᠰᠦᠭ ᠲᠠᠢ ᠲᠤᠭᠤᠯ ᠤᠨ ᠬᠦᠵᠦᠭᠦᠪᠴᠢ᠂ ︽ᠲᠡᠭᠷᠢᠯᠢᠭ ᠤᠬᠠᠭᠠᠨ ᠲᠡᠯᠡᠬᠡᠢ ᠶᠢᠨ ᠪᠦᠰᠡᠯᠡᠭᠦᠷ︾ ᠭᠡᠰᠡᠨ ᠦᠰᠦᠭ ᠲᠠᠢ ᠪᠦᠳᠦᠭᠦᠨ ᠡᠮᠡᠭᠡᠯ ᠤᠨ ᠤᠯᠤᠩ ᠨᠢ ᠦᠵᠡᠭᠰᠡᠨ ᠪᠦᠬᠦᠨ ᠤ ᠰᠡᠳᠭᠢᠯ ᠢ ᠲᠠᠳᠠᠵᠦ᠂ ᠬᠠᠷᠠᠬᠰᠠᠨ ᠪᠦᠬᠦᠨ ᠤ ᠬᠠᠷᠠᠭ᠎ᠠ ᠶᠢ ᠪᠤᠯᠢᠶᠠᠨ᠎ᠠ᠃ ᠠᠯᠲᠠᠨᠴᠡᠴᠡᠭ ᠨᠠᠰᠤᠲᠠᠨ ᠲᠠᠮᠤᠵᠤ ᠤᠶᠤᠬᠰᠠᠨ ᠡᠮᠡᠭᠡᠯ ᠤᠨ ᠤᠯᠤᠩ ᠢᠶᠠᠨ ᠵᠠᠬ᠎ᠠ ᠲᠡᠯᠭᠡᠭᠦᠷ ᠳᠡᠭᠡᠷ᠎ᠡ 30 ᠲᠦᠭᠦᠷᠢᠭ ᠢᠶᠠᠷ ᠬᠤᠳᠠᠯᠳᠤᠳᠠᠭ᠃ ᠪᠦᠷᠢᠨ ᠪᠤᠰᠤ ᠪᠦᠷᠢᠳᠭᠡᠯ ᠢ ᠦᠨᠲᠦᠰᠦᠯᠡᠪᠡᠯ᠂ ᠤᠲᠤ ᠪᠤᠯᠲᠠᠯ᠎ᠠ 6000 ᠰᠢᠬᠠᠮ ᠡᠮᠡᠭᠡᠯ ᠤᠨ ᠤᠯᠤᠩ ᠤᠶᠤᠵᠤ ᠪᠠᠶᠢᠨ᠎ᠠ ᠭᠡᠨ᠎ᠡ᠃ ᠨᠠᠰᠤᠲᠠᠨ 40 ᠵᠢᠩ ᠤᠨ ᠲᠤᠮᠤ ᠤᠯᠤᠩ ᠢ ᠤᠶᠤᠬᠤ ᠳᠤ ᠶᠠᠭ ᠪᠦᠬᠦᠯᠢ 10 ᠰᠠᠷ᠎ᠠ ᠶᠢᠨ ᠴᠠᠭ ᠬᠤᠭᠤᠴᠠᠭ᠎ᠠ ᠬᠡᠷᠡᠭᠰᠡᠭᠰᠡᠨ ᠭᠡᠳᠡᠭ᠃ ᠡᠭᠦᠨ ᠠᠴᠠ ᠦᠵᠡᠬᠦ ᠳᠤ ᠨᠢᠭᠡ ᠶᠠᠭᠤᠮ᠎ᠠ ᠬᠢᠨ᠎ᠡ ᠭᠡᠳᠡᠭ ᠦᠨᠡᠭᠡᠷ ᠯᠤᠲᠤ ᠶᠡᠭᠡ ᠤᠶᠤᠨ ᠤᠬᠠᠭᠠᠨ ᠪᠠ ᠬᠦᠴᠦ ᠬᠦᠳᠡᠯᠮᠤᠷᠢ ᠱᠠᠭᠠᠷᠳᠠᠬᠳᠠᠨ᠎ᠠ ᠭᠡᠳᠡᠭ ᠢ ᠮᠡᠳᠡᠵᠤ ᠪᠤᠯᠤᠮᠠᠷ ᠡ᠃     ᠲᠡᠷᠡ 2003 ᠤᠡ ᠳᠤ ᠬᠤᠰᠢᠭᠤᠨ ᠲᠥᠪ ᠪᠠᠯᠭᠠᠷᠭᠤᠤᠯ ᠪᠠᠯᠭᠠᠰᠤᠨ ᠳᠤ ᠬᠡᠤᠬᠡᠳ ᠠᠴᠢᠨᠠᠷ ᠢᠶᠠᠨ ᠬᠠᠷᠠᠵᠤ ᠬᠠᠷᠠᠭᠠᠯᠵᠠᠬᠤ ᠪᠠᠷ ᠨᠡᠭᠦᠵᠤ ᠢᠷᠡᠭᠰᠡᠨ ᠠᠴᠠ ᠨᠠᠭᠠᠰᠢ ᠮᠤᠩᠭᠤᠯ ᠦᠨᠳᠦᠰᠦᠲᠡᠨ ᠤ ᠤᠯᠠᠮᠵᠢᠯᠠᠯᠲᠦ ᠥᠪ ᠰᠤᠶᠤᠯ ᠪᠤᠯᠬᠤ ᠬᠢᠯᠭᠠᠰᠤᠨ ᠤᠷᠠᠯᠠᠯ ᠤᠨ ᠠᠵᠢᠯ ᠢᠶᠠᠨ ᠡᠬᠢᠯᠡᠭᠦᠯᠵᠤ ᠵᠠᠯᠭᠠᠮᠵᠢ ᠦᠶ᠎ᠡ ᠶᠢᠨ ᠵᠠᠯᠠᠭᠤᠴᠤᠳ ᠪᠠᠭᠠᠴᠤᠳ ᠲᠠᠭᠠᠨ ᠦᠪᠯᠡᠵᠤ ᠤᠯᠠᠮᠵᠢᠯᠠᠬᠤ ᠪᠠᠷ 8000 ᠢᠯᠡᠭᠦᠤ ᠡᠮᠡᠭᠡᠯ ᠤᠨ ᠤᠯᠤᠩ ᠤᠶᠤᠵᠤ᠂ ᠲᠡᠯᠡᠬᠡᠢ ᠶᠢᠨ ᠭᠢᠨᠢᠰ ᠤᠨ ᠲᠡᠮᠳᠡᠭᠯᠡᠯ ᠢ ᠡᠭᠦᠳᠬᠦ ᠪᠠᠷ ᠦᠷᠭᠡᠨ ᠢᠶᠠᠷ ᠢᠶᠠᠨ 40 ᠰᠡᠨᠲ᠋ᠢᠮᠧᠲᠷ ᠤᠷᠲᠤ ᠪᠠᠷ ᠢᠶᠠᠨ 13 ᠮᠧᠲᠷ 40 ᠵᠢᠩ ᠬᠦᠨᠲᠦ ᠲᠤᠮᠤ ᠡᠮᠡᠭᠡᠯ ᠤᠨ ᠤᠯᠤᠩ ᠢ ᠤᠶᠤᠵᠤ ᠲᠠᠮᠤᠬᠰᠠᠨ ᠪᠠᠶᠢᠨ᠎ᠠ᠃ ᠡᠭᠦᠨ ᠠᠴᠠ ᠭᠠᠳᠠᠨ᠎ᠠ ᠬᠢᠯᠭᠠᠰᠤᠨ ᠤᠷᠠᠯᠠᠯ ᠢᠶᠠᠨ ᠦᠷ᠎ᠡ ᠬᠤᠶᠢᠴᠢᠰ ᠲᠠᠭᠠᠨ ᠦᠪᠯᠡᠨ ᠤᠯᠠᠮᠵᠢᠯᠠᠬᠤ ᠪᠠᠷ ᠵᠡᠭᠦᠨ ᠦᠵᠦᠮᠦᠴᠢᠨ ᠬᠤᠰᠢᠭᠤ ᠪᠠ ᠬᠤᠰᠢᠭᠤ ᠨᠤᠲᠤᠭ ᠤᠨ ᠢᠶᠠᠨ ᠳᠤᠮᠳᠠᠳᠦ ᠪᠠᠭ᠎ᠠ ᠰᠤᠷᠭᠠᠭᠤᠯᠢ ᠳᠤ ᠤᠷᠢᠬᠳᠠᠨ ᠬᠦᠷᠴᠦ᠂ ᠨᠡᠭᠦᠳᠡᠯ ᠠᠮᠢᠳᠤᠷᠠᠯ ᠮᠤᠩᠭᠤᠯ ᠵᠠᠩ ᠦᠢᠯᠡ ᠶᠢᠨ ᠭᠢᠴᠢᠶᠡᠯ ᠤᠷᠤᠵᠤ ᠰᠢᠯᠪᠢ ᠬᠦᠪᠦᠷᠢᠳᠥᠬᠦ᠂ ᠤᠯᠤᠰᠤ ᠲᠠᠮᠤᠬᠤ᠂ ᠲᠡᠮᠡᠭᠡᠨ ᠤᠡᠭᠭᠠᠰᠦ ᠡᠭᠡᠷᠡᠬᠦ᠂ ᠬᠢᠯᠭᠠᠰᠤ ᠤᠶᠤᠵᠤ ᠲᠡᠭᠡᠰᠦ ᠲᠠᠮᠤᠬᠤ ᠵᠡᠷᠭᠡ ᠠᠭᠤᠯᠭ᠎ᠠ ᠪᠠᠷ ᠵᠢᠭᠠᠨ ᠰᠤᠷᠭᠠᠯᠲᠠ ᠬᠢᠭᠰᠡᠨ ᠪᠠᠶᠢᠨ᠎ᠠ᠃     ᠠᠯᠲᠠᠨᠴᠡᠴᠡᠭ ᠨᠠᠰᠤᠳᠠᠨ ᠬᠤᠰᠢᠭᠤ ᠨᠤᠲᠤᠭ ᠤᠨ ᠢᠶᠠᠨ ᠰᠤᠶᠤᠯ ᠵᠢᠭᠤᠯᠴᠢᠯᠠᠯ ᠤᠨ ᠨᠠᠶᠢᠷ ᠨᠠᠭᠠᠳᠤᠮ ᠤᠨ ᠲᠡᠯᠭᠡᠨ ᠦᠵᠡᠭᠦᠯᠭᠡ᠂ ᠮᠠᠯᠴᠢᠳ ᠤᠨ ᠭᠠᠷ ᠤᠷᠠᠯᠠᠯ ᠤᠨ ᠤᠷᠤᠯᠳᠤᠭᠠᠨ ᠤ ᠠᠵᠢᠯᠯᠠᠭ᠎ᠠ ᠳᠤ ᠢᠲᠡᠪᠬᠢᠲᠠᠢ ᠤᠷᠤᠯᠴᠠᠵᠤ᠂ ᠦᠪᠡᠷ ᠤᠨ ᠬᠢᠯᠭᠠᠰᠤᠨ ᠤᠷᠠᠯᠠᠯ ᠤᠨ ᠪᠦᠲᠦᠭᠡᠯ ᠢᠶᠠᠷ ᠢᠶᠠᠨ ᠰᠢᠯᠢᠳᠡᠭ ᠰᠠᠶᠢᠨ ᠬᠢᠷᠢ ᠪᠦᠲᠦᠮᠵᠢ ᠤᠯᠤᠬᠰᠠᠨ ᠪᠦᠭᠡᠳ ᠤᠯᠠᠨ ᠤᠳᠠᠭᠠᠨ ᠤ ᠱᠠᠩᠨᠠᠯ ᠬᠦᠷᠲᠡᠭᠰᠡᠨ ᠠᠴᠠ ᠭᠡᠳᠦ ᠶᠢ ᠵᠢᠬᠰᠠᠭᠠᠪᠠᠯ᠄ 2007 ᠤᠡ ᠳᠤ ᠬᠤᠰᠢᠭᠤᠨ ᠤ ᠪᠠᠨ ᠨᠠᠰᠤᠲᠠᠶᠢᠴᠤᠳ ᠤᠨ ᠤᠷᠠᠯᠢᠭ ᠲᠠᠮᠢᠷ ᠤᠨ ᠤᠷᠤᠯᠳᠤᠭᠠᠨ ᠤ ᠤᠯᠤᠩ ᠤᠭᠤᠰᠤᠷ ᠲᠠᠮᠤᠬᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠳᠤᠰᠴᠠᠢ︔ 2015 ᠤᠨ ᠳᠤ᠂ ᠤᠯᠠᠭᠠᠨᠬᠠᠭᠠᠯᠭ᠎ᠠ ᠰᠤᠮᠤᠨ ᠤ ᠠᠷᠠᠳ ᠤᠨ ᠶᠡᠭᠡ ᠨᠠᠶᠢᠷ ᠲᠤ ᠮᠠᠯᠴᠢᠳ ᠤᠨ ᠲᠡᠭᠡᠰᠦ ᠲᠠᠮᠤᠬᠤ ᠤᠷᠤᠯᠳᠤᠭᠠᠨ ᠳᠤ ᠤᠷᠤᠯᠴᠠᠭᠠᠳ ᠨᠢᠭᠡᠳᠦᠭᠡᠷ ᠳᠡᠰ ᠤᠨ ᠱᠠᠩᠨᠠᠯ ᠲᠤᠰᠴᠠᠢ︔ 2016 ᠤᠡ ᠳᠤ ︽ᠬᠠᠨᠢᠬᠠᠨ︾ ᠮᠤᠩᠭᠤᠯ ᠪᠦᠰᠡᠭᠦ᠋ᠢᠴᠤᠳ ᠤᠨ ᠬᠤᠯᠪᠤᠭ᠎ᠠ ᠠᠴᠠ ᠡᠷᠬᠢᠯᠡᠭᠰᠡᠨ ᠭᠠᠷ ᠤᠷᠠᠯᠠᠯ ᠤᠨ ᠪᠦᠲᠦᠭᠡᠯ ᠤᠨ ᠤᠷᠤᠯᠳᠤᠭᠠᠨ ᠳᠤ ᠤᠷᠤᠯᠴᠠᠭᠠᠳ ︽ᠤᠷᠠᠨ ᠪᠦᠰᠡᠭᠦᠢ︾ ᠶᠢᠨ ᠡᠷᠬᠢᠮ ᠴᠤᠯᠡ ᠪᠠᠷ ᠴᠤᠯᠠᠯᠠᠬᠳᠠᠵᠠᠢ︔ 2017 ᠤᠡ ᠳᠤ ᠪᠠᠷᠠᠭᠤᠨ ᠦᠵᠦᠮᠦᠴᠢᠨ ᠬᠤᠰᠢᠭᠤᠨ ᠤ ᠨᠠᠢᠮᠠᠳᠤᠭᠠᠷ ᠤᠳᠠᠭᠠᠨ ᠤ ᠲᠡᠮᠡᠭᠡᠨ ᠰᠤᠶᠤᠯ ᠤᠨ ᠨᠠᠶᠢᠷ ᠲᠡᠭᠡᠷ᠎ᠡ ᠡᠮᠡᠭᠲᠡᠶᠢᠴᠤᠳ ᠤᠨ ᠤᠷ᠎ᠡ ᠮᠡᠷᠭᠡᠵᠢᠯ ᠤᠨ ᠤᠷᠤᠯᠳᠤᠭᠠᠨ ᠤ ᠲᠡᠮᠡᠭᠡᠨ ᠤᠡᠭᠭᠠᠰᠦ ᠪᠠᠷ ᠤᠲᠠᠰᠦ ᠡᠭᠡᠷᠡᠬᠦ ᠤᠷᠤᠯᠳᠤᠭᠠᠨ ᠤ ᠭᠤᠷᠪᠠᠳᠤᠭᠠᠷ ᠳᠡᠰ ᠲᠤ ᠰᠢᠯᠭᠠᠷᠠᠬᠰᠠᠨ ᠪᠠᠶᠢᠨ᠎ᠠ︔ 2018 ᠤᠡ ᠳᠤ ᠠᠪᠠᠭ᠎ᠠ ᠬᠤᠰᠢᠭᠤᠨ ᠳᠤ ᠪᠤᠯᠤᠬᠰᠠᠨ ︽ᠳᠡᠭᠡᠰᠦᠨ ᠰᠤᠶᠤᠯ︾ ᠬᠤᠯᠪᠤᠭ᠎ᠠ ᠠᠴᠠ ᠡᠷᠭᠢᠯᠡᠭᠰᠡᠨ ᠠᠩᠬᠠᠳᠤᠭᠠᠷ ᠤᠳᠠᠭᠠᠨ ᠤ ᠳᠡᠭᠡᠰᠦ ᠲᠠᠮᠤᠬᠤ ᠤᠷᠤᠯᠳᠤᠭᠠᠨ ᠳᠤ ᠤᠷᠤᠯᠴᠠᠭᠠᠳ ᠨᠢᠭᠡᠲᠦᠭᠡᠷ ᠳᠡᠰ ᠤᠨ ᠱᠠᠩᠨᠠᠯ ᠬᠦᠷᠲᠡᠵᠠᠢ︔ 2019 ᠤᠡ ᠳᠤ ︽ᠮᠦᠩᠭᠡ ᠶᠢᠨ ᠥᠪ ᠰᠤᠶᠤᠯ︾ ᠰᠢᠯᠢ ᠶᠢᠨ ᠭᠤᠤᠯ ᠠᠶᠢᠮᠠᠭ ᠤᠨ ᠠᠷᠠᠳ ᠤᠨ ᠵᠠᠩ ᠦᠢᠯᠡ ᠶᠢᠨ ᠦᠵᠡᠭᠦᠯᠭᠡ ᠳᠤ ᠤᠷᠤᠯᠴᠠᠭᠠᠳ ᠦᠨᠳᠦᠰᠦᠲᠡᠨ ᠤ ᠰᠤᠶᠤᠯ ᠤᠨ ᠬᠦᠭᠵᠢᠯᠳᠡ ᠶᠢᠨ ᠠᠬᠢᠭᠤᠯᠤᠬᠴᠢ ᠶᠢᠨ ᠢᠷᠠᠭᠤ ᠠᠯᠳᠠᠷ ᠢ ᠬᠦᠷᠲᠡᠵᠠᠢ︔ 2019 ᠤᠡ ᠳᠤ ︽ᠪᠠᠭ᠋ᠠᠷᠬᠠᠯ︾ ᠦᠨᠳᠦᠰᠦᠲᠡᠨ ᠤ ᠬᠤᠪᠴᠠᠰᠦ ᠵᠠᠰᠠᠯ ᠤᠨ ᠦᠢᠯᠡᠳᠪᠤᠷᠢ ᠠᠴᠠ ᠡᠷᠬᠢᠯᠡᠭᠰᠡᠨ ᠬᠤᠶᠠᠳᠤᠭᠠᠷ ᠤᠳᠠᠭᠠᠨ ᠤ ᠮᠤᠩᠭᠤᠯ ᠦᠨᠲᠦᠰᠦᠲᠡᠨ ᠤ ᠤᠯᠠᠮᠵᠢᠯᠠᠯᠲᠦ ᠭᠠᠷ ᠤᠶᠤᠳᠠᠯ ᠪᠤᠯᠤᠨ ᠭᠠᠷ ᠪᠦᠲᠦᠭᠡᠯ ᠤᠨ ᠱᠠᠩᠨᠠᠯᠲᠦ ᠤᠷᠤᠯᠳᠤᠭᠠᠨ ᠳᠤ ᠤᠷᠤᠯᠴᠠᠭᠠᠳ ︽ᠡᠮᠡᠭᠡᠯ ᠤᠨ ᠤᠯᠤᠩ ᠲᠠᠮᠤᠵᠤ ᠤᠶᠤᠬᠤ︾ ᠤᠷ᠎ᠠ ᠮᠡᠷᠭᠡᠵᠢᠯ ᠢᠶᠠᠷ ᠢᠶᠠᠨ ᠠᠯᠳᠠᠨ ᠱᠠᠩᠨᠠᠯ ᠲᠤᠰᠴᠠᠢ᠃     ᠠᠯᠲᠠᠨᠴᠡᠴᠡᠭ ᠨᠠᠰᠤᠲᠠᠨ ᠮᠤᠩᠭᠤᠯᠴᠤᠳ ᠤᠨ ᠤᠯᠠᠮᠵᠢᠯᠠᠯᠲᠦ ᠠᠮᠢᠳᠤᠷᠠᠯ ᠲᠠᠢ ᠬᠤᠯᠪᠤᠬᠳᠠᠬᠤ ᠬᠢᠯᠭᠠᠰᠤᠨ ᠰᠤᠶᠤᠯ ᠤᠨ ᠪᠦᠲᠦᠭᠡᠭᠳᠡᠭᠦᠨ ᠢ ᠦᠷ᠎ᠡ ᠬᠤᠶᠢᠴᠢᠰ ᠲᠠᠭᠠᠨ ᠦᠪᠯᠡᠵᠤ ᠤᠯᠠᠮᠵᠢᠯᠠᠬᠤ ᠪᠠᠷ ᠬᠦᠴᠦ ᠬᠦᠳᠡᠯᠮᠤᠷᠢ ᠪᠠᠨ ᠰᠢᠪᠬᠠᠵᠤ᠂ ᠭᠤᠤᠯᠳᠠᠭᠤ ᠬᠢᠯᠭᠠᠰᠤᠨ ᠤᠷᠠᠯᠠᠯ ᠤᠨ ᠪᠦᠲᠦᠭᠡᠭᠳᠡᠭᠦᠨ ᠢ ᠤᠷᠠᠯᠠᠨ ᠤᠶᠤᠵᠤ᠂ ᠵᠠᠯᠭᠠᠮᠵᠢ ᠦᠶ᠎ᠡ ᠶᠢᠨ ᠵᠠᠯᠠᠭᠤᠴᠤᠳ ᠪᠠᠭᠠᠴᠤᠳ ᠲᠠᠭᠠᠨ ᠤᠯᠠᠮᠵᠢᠯᠠᠬᠤ ᠶᠢᠨ ᠬᠠᠮᠲᠦ ᠤᠯᠠᠮᠵᠢᠯᠠᠯᠲᠦ ᠬᠢᠯᠭᠠᠰᠤᠨ ᠪᠦᠲᠦᠭᠡᠯ ᠤᠨ ᠤᠷᠠᠯᠠᠯ ᠢᠶᠠᠨ ᠪᠤᠳᠠᠰ ᠤᠨ ᠪᠤᠰᠤ ᠰᠤᠶᠤᠯ ᠤᠨ ᠥᠪ ᠲᠤ ᠳᠠᠩᠰᠠᠯᠠᠭᠤᠯᠬᠤ ᠪᠠᠷ ᠴᠢᠷᠮᠠᠶᠢᠵᠤ ᠶᠠᠪᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号