ᠨᠢᠳᠤᠨᠤᠨ ᠮᠠᠨ ᠤ ᠠᠶᠢᠮᠠᠭ ᠰᠤᠶᠤᠯ ᠵᠢᠭᠤᠯᠴᠢᠯᠠᠯ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠳᠤ 11.3 ᠳ᠋ᠦᠩᠰᠢᠭᠤᠷ ᠲᠦᠬᠦᠷᠢᠭ ᠪᠡᠯᠡ ᠤᠷᠤᠭᠤᠯᠪᠠ
ᠨᠡᠶᠢᠲᠡᠯᠡᠭᠰᠡᠨ ᠴᠠᠭ᠄
2020/4/26
    ᠨᠢᠳᠤᠨᠤᠨ᠂ ᠮᠠᠨ ᠤ ᠠᠶᠢᠮᠠᠭ 26 ᠭᠤᠤᠯᠳᠠᠯᠭ᠎ᠠ ᠲᠠᠢ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ 11.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠢᠯᠢ ᠶᠢᠨ ᠭᠤᠤᠯ ᠤᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠤᠷᠳᠤᠴᠠ ᠶᠢ ᠳᠦᠷᠭᠡᠳᠭᠡᠵᠤ᠂ ᠦᠷ᠎ᠠ ᠠᠰᠢᠭ ᠢ ᠲᠡᠭᠡᠭᠰᠢᠯᠡᠬᠦᠯᠵᠤ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠨ᠂ ᠰᠤᠶᠤᠯ ᠤᠨ ᠦᠢᠯᠡᠴᠢᠯᠡᠭᠡ ᠪᠡ ᠵᠢᠭᠤᠯᠴᠢᠯᠠᠯ ᠤᠨ ᠬᠠᠩᠭᠠᠯᠭ᠎ᠠ ᠶᠢᠨ ᠲᠦᠪᠰᠢᠨ ᠢ ᠲᠡᠭᠡᠭᠰᠢᠯᠡᠬᠦᠯᠵᠡᠢ᠃     ᠤᠷᠤᠨ ᠵᠠᠢ ᠶᠢᠨ ᠪᠠᠶᠢᠷᠢᠰᠢᠯ ᠤᠨ ᠲᠠᠯ᠎ᠠ ᠪᠠᠷ 26 ᠲᠦᠷᠦᠯ ᠵᠦᠢᠯ ᠳᠤ ᠦᠵᠡᠮᠵᠢ ᠶᠢᠨ ᠤᠷᠤᠨ ᠢ ᠲᠡᠰ ᠲᠡᠪᠰᠢᠬᠦᠯᠬᠦ ᠪᠠᠷ ᠭᠤᠤᠯ ᠪᠤᠯᠭᠠᠭᠰᠠᠨ ᠲᠤᠰᠬᠠᠢ ᠲᠦᠷᠦᠯ ᠵᠦᠢᠯ ᠪᠠᠶᠢᠬᠤ ᠮᠦᠷᠲᠡᠭᠡᠨ ᠤᠷᠤᠨ ᠪᠦᠰᠡ ᠶᠢ ᠬᠤᠯᠪᠤᠯᠳᠤᠭᠤᠯᠤᠨ᠂ ᠲᠠᠩᠴᠡᠬᠦᠷᠢᠲᠡᠢ ᠬᠦᠭᠵᠢᠬᠦᠯᠬᠦ ᠶᠢ ᠵᠤᠷᠢᠭᠰᠠᠨ ᠶᠡᠷᠦᠩᠭᠡᠶᠢᠯᠡᠭᠰᠡᠨ ᠴᠢᠨᠠᠷᠳᠠᠢ ᠲᠦᠷᠦᠯ ᠵᠦᠢᠯ ᠴᠤ ᠪᠠᠶᠢᠨ᠎ᠠ᠃ ᠲᠦᠷᠦᠯ ᠵᠦᠢᠯ ᠢᠶᠠᠷ ᠨᠢ ᠬᠤᠪᠢᠶᠠᠪᠠᠯ ᠰᠤᠶᠤᠯ᠂ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠲᠦᠷᠦᠯ ᠵᠦᠢᠯ᠂ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠶᠡᠷᠦᠩᠭᠡᠶᠢᠯᠡᠨ ᠭᠡᠷᠡᠭᠵᠢᠬᠦᠯᠬᠦ ᠲᠦᠷᠦᠯ ᠵᠦᠢᠯ᠂ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠪᠠ ᠪᠦᠲᠦᠭᠡᠭᠲᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠰᠢᠨ᠎ᠠ ᠠᠵᠤ ᠦᠢᠯᠡᠰ ᠢ ᠬᠦᠭᠵᠢᠬᠦᠯᠬᠦ ᠲᠦᠷᠦᠯ ᠵᠦᠢᠯ ᠪᠠᠶᠢᠵᠤ᠂ ᠭᠤᠤᠯ ᠰᠡᠳᠤᠪ ᠲᠤᠳᠤᠷᠬᠠᠢ᠂ ᠠᠭᠤᠯᠭ᠎ᠠ ᠡᠯᠪᠡᠭ ᠪᠠᠶᠠᠯᠢᠭ ᠪᠤᠯᠵᠠᠢ᠃     ᠦᠢᠷ᠎ᠠ ᠶᠢᠨ ᠵᠢᠯ ᠳᠤ᠂ ᠮᠠᠨ ᠤ ᠠᠶᠢᠮᠠᠭ ᠠᠭᠤᠰᠤᠯᠴᠠᠨ ᠬᠦᠭᠵᠢᠬᠦᠯᠬᠦ ᠶᠢ ᠵᠢᠭᠤᠯᠴᠢᠯᠠᠯ ᠤᠨ ᠦᠢᠯᠡᠰ ᠢ ᠲᠡᠰ ᠲᠡᠪᠰᠢᠬᠦᠯᠬᠦ ᠰᠢᠨ᠎ᠠ ᠤᠷᠤᠨ ᠵᠠᠢ ᠪᠠ ᠭᠤᠤᠯ ᠰᠢᠪᠳᠤᠯᠬᠤ ᠴᠢᠭᠯᠡᠯ ᠪᠤᠯᠭᠠᠵᠤ᠂ ᠲᠠᠯ᠎ᠠ ᠨᠤᠳᠤᠭ ᠤᠨ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ᠂ ᠭᠤᠤᠯ ᠡᠬᠢ ᠪᠠᠶᠠᠯᠢᠭ ᠤᠨ ᠡᠯ᠎ᠡ ᠤᠷᠤᠨ ᠪᠦᠰᠡ ᠶᠢ ᠬᠠᠮᠤᠷᠤᠨ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠵᠠᠮ ᠭᠡᠬᠦ ᠨᠡᠷᠡᠲᠦ ᠵᠢᠭᠤᠯᠴᠢᠯᠠᠯ ᠤᠨ ᠱᠤᠭᠤᠮ ᠢ ᠲᠦᠯᠦᠪᠵᠢᠬᠦᠯᠦᠨ ᠪᠠᠶᠢᠭᠤᠯᠵᠤ᠂ ᠵᠠᠮ ᠱᠤᠭᠤᠮ ᠢᠶᠠᠷ ᠡᠯ᠎ᠡ ᠦᠵᠡᠮᠵᠢ ᠶᠢᠨ ᠤᠷᠤᠨ ᠢ ᠬᠤᠯᠪᠤᠵᠤ᠂ ᠡᠯ᠎ᠡ ᠤᠷᠤᠨ ᠪᠦᠰᠡ ᠶᠢᠨ ᠲᠡᠩᠴᠡᠬᠦᠷᠢᠲᠡᠢ ᠬᠦᠭᠵᠢᠬᠦ ᠶᠢ ᠠᠬᠢᠭᠤᠯᠵᠤ ᠪᠠᠶᠢᠨ᠎ᠠ᠃ ᠡᠬᠦᠨ ᠤ ᠬᠠᠮᠳᠤ᠂ ᠰᠤᠶᠤᠯ ᠤᠨ ᠡᠬᠢ ᠪᠠᠶᠠᠯᠢᠭ᠂ ᠲᠦᠷᠪᠡᠨ ᠤᠯᠠᠷᠢᠯ᠂ ᠤᠷᠴᠢᠨ ᠲᠤᠭᠤᠷᠢᠨ ᠵᠡᠷᠭᠡ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠪᠡᠶᠡᠴᠢᠯᠡᠨ ᠦᠢᠯᠠᠭᠠᠬᠤ ᠰᠠᠯᠠᠬᠦᠴᠡᠯ ᠵᠢᠭᠤᠯᠴᠢᠯᠠᠯ ᠢᠶᠠᠷ ᠭᠤᠤᠯ ᠪᠤᠯᠭᠠᠭᠰᠠᠨ ᠲᠦᠷᠪᠡᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠲᠡᠬᠦᠨ ᠤ ᠰᠢᠰᠲ᠋ᠧᠮ ᠢ ᠲᠦᠯᠦᠪᠵᠢᠬᠦᠯᠦᠨ ᠪᠠᠶᠢᠷᠢᠰᠢᠭᠤᠯᠵᠤ᠂ ᠶᠤᠸᠠᠨ ᠤ ᠲᠡᠭᠡᠲᠦ ᠨᠡᠶᠢᠰᠯᠡᠯ ᠤᠨ ᠪᠠᠭᠤᠷᠢ ᠪᠠᠷ ᠭᠤᠤᠯ ᠪᠤᠯᠭᠠᠭᠰᠠᠨ ᠮᠤᠩᠭᠤᠯ ᠶᠤᠸᠠᠨ ᠤ ᠲᠡᠤᠭᠡ ᠰᠤᠶᠤᠯ ᠤᠨ ᠪᠦᠲᠦᠭᠡᠭᠲᠡᠬᠦᠨ ᠂ ︽ᠤᠪᠤᠭᠠᠨ ᠰᠤᠶᠤᠯ ᠢ ᠦᠢᠯᠠᠭᠠᠵᠤ᠂ ᠦᠷᠭᠡᠨ ᠠᠭᠤᠳᠠᠮ ᠲᠠᠯ᠎ᠠ ᠨᠤᠳᠤᠭ ᠢᠶᠠᠷ ᠠᠶᠠᠯᠠᠬᠤ︾᠎ ᠪᠠᠷ ᠭᠤᠤᠯ ᠰᠡᠳᠤᠪ ᠪᠤᠯᠭᠠᠭᠰᠠᠨ ᠠᠮᠢ ᠠᠬᠤᠢ ᠰᠤᠶᠤᠯ ᠤᠨ ᠵᠢᠭᠤᠯᠴᠢᠯᠠᠯ ᠤᠨ ᠪᠦᠲᠦᠭᠡᠭᠲᠡᠬᠦᠨ᠂ ᠦᠨᠳᠤᠰᠤᠳᠡᠨ ᠤ ᠲᠠᠭᠤᠤ ᠪᠦᠵᠢᠭᠲᠦ ᠵᠦᠴᠦᠭᠡ ︽ᠮᠢᠨᠤ ᠤᠯᠠᠭᠠᠨᠮᠦ᠋ᠴᠢᠷ︾᠂ ᠲᠤᠮᠤ ᠭᠡᠯᠪᠡᠷᠢ ᠶᠢᠨ ᠪᠤᠳᠠᠳᠤ ᠦᠵᠡᠭᠲᠡᠯᠳᠤ ᠵᠦᠴᠦᠭᠡ ︽ᠮᠤᠩᠭᠤᠯ ᠮᠤᠷᠢ︾ ᠪᠠ ᠪᠤᠳᠠᠰ ᠤᠨ ᠪᠤᠰᠤ ᠰᠤᠶᠤᠯ ᠤᠨ ᠦᠪ ᠤᠨ ᠲᠡᠯᠭᠡᠨ ᠦᠵᠡᠬᠦᠯᠭᠡ ᠪᠠᠷ ᠭᠤᠤᠯ ᠪᠤᠯᠭᠠᠭᠰᠠᠨ ᠤᠷᠠᠯᠢᠭ ᠰᠤᠶᠤᠯ ᠲᠤᠭᠯᠠᠯᠳᠠ ᠶᠢᠨ ᠪᠦᠲᠦᠭᠡᠭᠲᠡᠬᠦᠨ ᠢ ᠲᠦᠪᠯᠡᠷᠡᠩᠬᠦᠢ ᠡᠬᠦᠳᠴᠤ ᠪᠠᠶᠢᠨ᠎ᠠ᠃    ᠦᠨᠳᠤᠰᠤᠲᠡᠨ ᠤ ᠨᠠᠶᠢᠷ ᠨᠠᠭᠠᠳᠤᠮ ᠤᠨ ᠰᠤᠶᠤᠯ ᠤᠨ ᠨᠡᠷᠡᠲᠦ ᠲᠡᠮᠳᠡᠭ ᠢᠶᠠᠷ ᠰᠤᠶᠤᠯ ᠪᠠ ᠵᠢᠭᠤᠯᠴᠢᠯᠠᠯ ᠤᠨ ᠬᠦᠨᠵᠡᠭᠡᠢ ᠠᠭᠤᠰᠤᠯᠴᠠᠬᠤ ᠶᠢ ᠠᠬᠢᠭᠤᠯᠵᠤ ᠪᠠᠶᠢᠨ᠎ᠠ᠃ 2019 ᠤᠨ ᠳᠤ᠂ ᠮᠠᠨ ᠤ ᠠᠶᠢᠮᠠᠭ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠤᠭᠤᠷᠢᠨ ᠳᠤ᠂ ᠲᠠᠯ᠎ᠠ ᠨᠤᠳᠤᠭ ᠤᠨ ᠤᠨᠴᠠᠯᠢᠭᠳᠤ ︽ᠨᠠᠭᠠᠳᠤᠮ︾᠎ ᠢᠶᠠᠷ ᠠᠴᠢᠶᠠᠯᠠᠭᠴᠢ ᠪᠤᠯᠭᠠᠵᠤ᠂ 2019 ︽ᠬᠠᠨᠠᠭᠠᠷ ᠲᠠᠯ᠎ᠠ · ᠰᠢᠯᠢ ᠶᠢᠨ ᠮᠠᠭᠳᠠᠭᠠᠯ︾ ᠨᠠᠭᠠᠳᠤᠮ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠵᠢᠭᠤᠯᠴᠢᠯᠠᠭᠰᠠᠳ ᠲᠤ ᠠᠭᠤᠯᠭ᠎ᠠ ᠡᠯᠪᠡᠭ ᠪᠠᠶᠠᠯᠢᠭ᠂ ᠴᠠᠭ ᠨᠢ ᠤᠷᠳᠤ᠂ ᠮᠢᠩᠭᠠᠨ ᠭᠠᠵᠠᠷ ᠤᠨ ᠲᠠᠯ᠎ᠠ ᠨᠤᠳᠤᠭ ᠢ ᠪᠦᠷᠬᠦᠭᠰᠡᠨ ᠨᠠᠭᠠᠳᠤᠮ ᠤᠨ ᠵᠢᠭᠤᠯᠴᠢᠯᠠᠯ ᠤᠨ ᠪᠦᠲᠦᠭᠡᠭᠳᠡᠬᠦᠨ ᠢ ᠬᠠᠩᠭᠠᠵᠤ᠂ ᠰᠢᠯᠢ ᠶᠢᠨ ᠭᠤᠤᠯ ᠤᠨ ᠵᠢᠭᠤᠯᠴᠢᠯᠠᠯ ᠤᠨ ᠨᠠᠶᠢᠷ ᠨᠠᠭᠠᠳᠤᠮ ᠤᠨ ᠪᠦᠲᠦᠭᠡᠭᠲᠡᠬᠦᠨ ᠤ ᠨᠡᠷᠡᠲᠦ ᠲᠡᠮᠳᠡᠭ ᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠡᠢ᠃ ᠡᠬᠦᠨ ᠤ ᠬᠠᠮᠳᠤ᠂ ᠦᠪᠦᠷ ᠮᠤᠩᠭᠤᠯ ᠤᠨ ᠠᠩᠬᠠᠳᠤᠭᠠᠷ ᠬᠤᠭᠤᠴᠠᠭᠠᠨ ᠤ ᠲᠠᠭᠤᠤ ᠬᠦᠭᠵᠢᠮ ᠤᠨ ᠨᠠᠶᠢᠷ ᠢ ᠲᠠᠭᠠᠭᠠᠴᠢᠯᠠᠨ ᠡᠷᠭᠢᠯᠡᠵᠤ᠂ ᠬᠠᠮ ᠵᠠᠭᠤᠴᠢᠯᠠᠭᠤᠷ ᠢᠶᠠᠷ ᠰᠢᠭᠤᠳ ᠨᠡᠪᠲᠡᠷᠡᠬᠦᠯᠵᠤ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠵᠠᠮ ᠢ ᠮᠤᠲ᠋ᠤᠷ ᠢᠶᠠᠷ ᠠᠶᠠᠯᠠᠨ ᠲᠤᠭᠤᠯᠬᠤ ᠨᠠᠶᠢᠷ᠂ ᠲᠠᠯ᠎ᠠ ᠨᠤᠳᠤᠭ ᠤᠨ ᠡᠯᠧᠺᠲᠷᠤᠨ ᠲᠤᠭᠯᠠᠭᠠᠮ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠪᠦᠲᠦᠭᠡᠯᠴᠢ ᠪᠠᠷ ᠦᠷᠨᠢᠬᠦᠯᠵᠤ᠂ ᠢᠵᠢ ᠪᠦᠷᠢᠳᠦᠭᠰᠡᠨ ᠵᠢᠭᠤᠯᠴᠢᠯᠠᠯ ᠤᠨ ᠪᠦᠲᠦᠭᠡᠭᠲᠡᠬᠦᠨ ᠢ ᠢᠵᠢᠯ ᠠᠯᠬᠤᠮ ᠢᠶᠠᠷ ᠪᠤᠷᠤᠯᠠᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号