ᠨᠢᠳᠤᠨᠤᠨ᠂ ᠮᠠᠨ ᠤ ᠠᠶᠢᠮᠠᠭ 26 ᠭᠤᠤᠯᠳᠠᠯᠭ᠎ᠠ ᠲᠠᠢ ᠰᠤᠶᠤᠯ ᠵᠢᠭᠤᠯᠴᠢᠯᠠᠯ ᠤᠨ ᠲᠦᠷᠦᠯ ᠵᠦᠢᠯ ᠢ | ᠪᠦᠲᠦᠭᠡᠨ ᠪᠠᠶᠢᠭᠤᠯᠵᠤ᠂ 11.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠢᠯᠢ ᠶᠢᠨ ᠭᠤᠤᠯ ᠤᠨ | ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠳᠠ ᠳᠤ | ᠤᠷᠤᠭᠤᠯᠵᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠤᠷᠳᠤᠴᠠ ᠶᠢ ᠳᠦᠷᠭᠡᠳᠭᠡᠵᠤ᠂ ᠦᠷ᠎ᠠ | ᠠᠰᠢᠭ ᠢ ᠲᠡᠭᠡᠭᠰᠢᠯᠡᠬᠦᠯᠵᠤ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠨ᠂ ᠰᠤᠶᠤᠯ ᠤᠨ ᠦᠢᠯᠡᠴᠢᠯᠡᠭᠡ ᠪᠡ | ᠵᠢᠭᠤᠯᠴᠢᠯᠠᠯ ᠤᠨ ᠬᠠᠩᠭᠠᠯᠭ᠎ᠠ ᠶᠢᠨ ᠲᠦᠪᠰᠢᠨ ᠢ ᠲᠡᠭᠡᠭᠰᠢᠯᠡᠬᠦᠯᠵᠡᠢ᠃ | ᠤᠷᠤᠨ ᠵᠠᠢ ᠶᠢᠨ ᠪᠠᠶᠢᠷᠢᠰᠢᠯ ᠤᠨ ᠲᠠᠯ᠎ᠠ ᠪᠠᠷ 26 ᠲᠦᠷᠦᠯ ᠵᠦᠢᠯ ᠳᠤ ᠦᠵᠡᠮᠵᠢ ᠶᠢᠨ ᠤᠷᠤᠨ ᠢ ᠲᠡᠰ | ᠲᠡᠪᠰᠢᠬᠦᠯᠬᠦ ᠪᠠᠷ ᠭᠤᠤᠯ ᠪᠤᠯᠭᠠᠭᠰᠠᠨ ᠲᠤᠰᠬᠠᠢ ᠲᠦᠷᠦᠯ ᠵᠦᠢᠯ ᠪᠠᠶᠢᠬᠤ ᠮᠦᠷᠲᠡᠭᠡᠨ ᠤᠷᠤᠨ ᠪᠦᠰᠡ ᠶᠢ | ᠬᠤᠯᠪᠤᠯᠳᠤᠭᠤᠯᠤᠨ᠂ ᠲᠠᠩᠴᠡᠬᠦᠷᠢᠲᠡᠢ ᠬᠦᠭᠵᠢᠬᠦᠯᠬᠦ ᠶᠢ ᠵᠤᠷᠢᠭᠰᠠᠨ ᠶᠡᠷᠦᠩᠭᠡᠶᠢᠯᠡᠭᠰᠡᠨ ᠴᠢᠨᠠᠷᠳᠠᠢ ᠲᠦᠷᠦᠯ ᠵᠦᠢᠯ | ᠴᠤ ᠪᠠᠶᠢᠨ᠎ᠠ᠃ ᠲᠦᠷᠦᠯ ᠵᠦᠢᠯ ᠢᠶᠠᠷ ᠨᠢ ᠬᠤᠪᠢᠶᠠᠪᠠᠯ ᠰᠤᠶᠤᠯ᠂ ᠵᠢᠭᠤᠯᠴᠢᠯᠠᠯ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠦᠮᠵᠢ ᠶᠢᠨ ᠲᠦᠷᠦᠯ ᠵᠦᠢᠯ᠂ ᠪᠦᠬᠦ ᠤᠷᠤᠨ ᠪᠦᠰᠡ ᠶᠢᠨ ᠵᠢᠭᠤᠯᠴᠢᠯᠠᠯ ᠤᠨ | ᠶᠡᠷᠦᠩᠭᠡᠶᠢᠯᠡᠨ ᠭᠡᠷᠡᠭᠵᠢᠬᠦᠯᠬᠦ ᠲᠦᠷᠦᠯ ᠵᠦᠢᠯ᠂ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ ᠪᠦᠲᠦᠭᠡᠨ | ᠪᠠᠶᠢᠭᠤᠯᠤᠯᠳᠠ ᠶᠢᠨ ᠲᠦᠷᠦᠯ ᠵᠦᠢᠯ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠳᠠ ᠶᠢᠨ | ᠲᠦᠷᠦᠯ ᠵᠦᠢᠯ ᠪᠠ ᠪᠦᠲᠦᠭᠡᠭᠲᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ ᠰᠢᠨ᠎ᠠ ᠠᠵᠤ ᠦᠢᠯᠡᠰ ᠢ ᠬᠦᠭᠵᠢᠬᠦᠯᠬᠦ | ᠲᠦᠷᠦᠯ ᠵᠦᠢᠯ ᠪᠠᠶᠢᠵᠤ᠂ ᠭᠤᠤᠯ ᠰᠡᠳᠤᠪ ᠲᠤᠳᠤᠷᠬᠠᠢ᠂ ᠠᠭᠤᠯᠭ᠎ᠠ ᠡᠯᠪᠡᠭ ᠪᠠᠶᠠᠯᠢᠭ ᠪᠤᠯᠵᠠᠢ᠃ | ᠦᠢᠷ᠎ᠠ ᠶᠢᠨ ᠵᠢᠯ ᠳᠤ᠂ ᠮᠠᠨ ᠤ ᠠᠶᠢᠮᠠᠭ ᠠᠭᠤᠰᠤᠯᠴᠠᠨ ᠬᠦᠭᠵᠢᠬᠦᠯᠬᠦ ᠶᠢ ᠵᠢᠭᠤᠯᠴᠢᠯᠠᠯ ᠤᠨ ᠦᠢᠯᠡᠰ ᠢ ᠲᠡᠰ | ᠲᠡᠪᠰᠢᠬᠦᠯᠬᠦ ᠰᠢᠨ᠎ᠠ ᠤᠷᠤᠨ ᠵᠠᠢ ᠪᠠ ᠭᠤᠤᠯ ᠰᠢᠪᠳᠤᠯᠬᠤ ᠴᠢᠭᠯᠡᠯ ᠪᠤᠯᠭᠠᠵᠤ᠂ ᠲᠠᠯ᠎ᠠ ᠨᠤᠳᠤᠭ ᠤᠨ ᠡᠬᠢ | ᠪᠠᠶᠠᠯᠢᠭ ᠤᠨ ᠲᠠᠪᠠᠭᠤᠯᠢᠭ ᠲᠤ ᠲᠦᠰᠢᠭᠯᠡᠨ᠂ ᠭᠤᠤᠯ ᠡᠬᠢ ᠪᠠᠶᠠᠯᠢᠭ ᠤᠨ ᠡᠯ᠎ᠡ ᠤᠷᠤᠨ ᠪᠦᠰᠡ ᠶᠢ ᠬᠠᠮᠤᠷᠤᠨ᠂ | ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ ᠦᠵᠡᠮᠵᠢ ᠶᠢᠨ ᠵᠠᠮ ᠭᠡᠬᠦ ᠨᠡᠷᠡᠲᠦ | ᠵᠢᠭᠤᠯᠴᠢᠯᠠᠯ ᠤᠨ ᠱᠤᠭᠤᠮ ᠢ ᠲᠦᠯᠦᠪᠵᠢᠬᠦᠯᠦᠨ ᠪᠠᠶᠢᠭᠤᠯᠵᠤ᠂ ᠵᠠᠮ ᠱᠤᠭᠤᠮ ᠢᠶᠠᠷ ᠡᠯ᠎ᠡ ᠦᠵᠡᠮᠵᠢ ᠶᠢᠨ ᠤᠷᠤᠨ ᠢ | ᠬᠤᠯᠪᠤᠵᠤ᠂ ᠡᠯ᠎ᠡ ᠤᠷᠤᠨ ᠪᠦᠰᠡ ᠶᠢᠨ ᠲᠡᠩᠴᠡᠬᠦᠷᠢᠲᠡᠢ ᠬᠦᠭᠵᠢᠬᠦ ᠶᠢ ᠠᠬᠢᠭᠤᠯᠵᠤ ᠪᠠᠶᠢᠨ᠎ᠠ᠃ ᠡᠬᠦᠨ ᠤ ᠬᠠᠮᠳᠤ᠂ | ᠰᠤᠶᠤᠯ ᠤᠨ ᠡᠬᠢ ᠪᠠᠶᠠᠯᠢᠭ᠂ ᠲᠦᠷᠪᠡᠨ ᠤᠯᠠᠷᠢᠯ᠂ ᠤᠷᠴᠢᠨ ᠲᠤᠭᠤᠷᠢᠨ ᠵᠡᠷᠭᠡ ᠪᠤᠳᠠᠳᠤ ᠪᠠᠶᠢᠳᠠᠯ ᠲᠠᠢ | ᠤᠶᠠᠯᠳᠤᠭᠤᠯᠤᠨ᠂ ᠪᠡᠶᠡᠴᠢᠯᠡᠨ ᠦᠢᠯᠠᠭᠠᠬᠤ ᠰᠠᠯᠠᠬᠦᠴᠡᠯ ᠵᠢᠭᠤᠯᠴᠢᠯᠠᠯ ᠢᠶᠠᠷ ᠭᠤᠤᠯ ᠪᠤᠯᠭᠠᠭᠰᠠᠨ ᠲᠦᠷᠪᠡᠨ | ᠤᠯᠠᠷᠢᠯ ᠤᠨ ᠵᠢᠭᠤᠯᠴᠢᠯᠠᠯ ᠤᠨ ᠪᠦᠲᠦᠭᠡᠭᠲᠡᠬᠦᠨ ᠤ ᠰᠢᠰᠲ᠋ᠧᠮ ᠢ ᠲᠦᠯᠦᠪᠵᠢᠬᠦᠯᠦᠨ ᠪᠠᠶᠢᠷᠢᠰᠢᠭᠤᠯᠵᠤ᠂ ᠶᠤᠸᠠᠨ ᠤ | ᠲᠡᠭᠡᠲᠦ ᠨᠡᠶᠢᠰᠯᠡᠯ ᠤᠨ ᠪᠠᠭᠤᠷᠢ ᠪᠠᠷ ᠭᠤᠤᠯ ᠪᠤᠯᠭᠠᠭᠰᠠᠨ ᠮᠤᠩᠭᠤᠯ ᠶᠤᠸᠠᠨ ᠤ ᠲᠡᠤᠭᠡ ᠰᠤᠶᠤᠯ ᠤᠨ ᠪᠦᠲᠦᠭᠡᠭᠲᠡᠬᠦᠨ | ᠂ ︽ᠤᠪᠤᠭᠠᠨ ᠰᠤᠶᠤᠯ ᠢ ᠦᠢᠯᠠᠭᠠᠵᠤ᠂ ᠦᠷᠭᠡᠨ ᠠᠭᠤᠳᠠᠮ ᠲᠠᠯ᠎ᠠ ᠨᠤᠳᠤᠭ ᠢᠶᠠᠷ ᠠᠶᠠᠯᠠᠬᠤ︾ ᠪᠠᠷ ᠭᠤᠤᠯ | ᠰᠡᠳᠤᠪ ᠪᠤᠯᠭᠠᠭᠰᠠᠨ ᠠᠮᠢ ᠠᠬᠤᠢ ᠰᠤᠶᠤᠯ ᠤᠨ ᠵᠢᠭᠤᠯᠴᠢᠯᠠᠯ ᠤᠨ ᠪᠦᠲᠦᠭᠡᠭᠲᠡᠬᠦᠨ᠂ ᠦᠨᠳᠤᠰᠤᠳᠡᠨ ᠤ ᠲᠠᠭᠤᠤ | ᠪᠦᠵᠢᠭᠲᠦ ᠵᠦᠴᠦᠭᠡ ︽ᠮᠢᠨᠤ ᠤᠯᠠᠭᠠᠨᠮᠦ᠋ᠴᠢᠷ︾᠂ ᠲᠤᠮᠤ ᠭᠡᠯᠪᠡᠷᠢ ᠶᠢᠨ ᠪᠤᠳᠠᠳᠤ ᠦᠵᠡᠭᠲᠡᠯᠳᠤ ᠵᠦᠴᠦᠭᠡ ︽ | ᠮᠤᠩᠭᠤᠯ ᠮᠤᠷᠢ︾ ᠪᠠ ᠪᠤᠳᠠᠰ ᠤᠨ ᠪᠤᠰᠤ ᠰᠤᠶᠤᠯ ᠤᠨ ᠦᠪ ᠤᠨ ᠲᠡᠯᠭᠡᠨ ᠦᠵᠡᠬᠦᠯᠭᠡ ᠪᠠᠷ ᠭᠤᠤᠯ ᠪᠤᠯᠭᠠᠭᠰᠠᠨ | ᠤᠷᠠᠯᠢᠭ ᠰᠤᠶᠤᠯ ᠲᠤᠭᠯᠠᠯᠳᠠ ᠶᠢᠨ ᠪᠦᠲᠦᠭᠡᠭᠲᠡᠬᠦᠨ ᠢ ᠲᠦᠪᠯᠡᠷᠡᠩᠬᠦᠢ ᠡᠬᠦᠳᠴᠤ ᠪᠠᠶᠢᠨ᠎ᠠ᠃ | ᠦᠨᠳᠤᠰᠤᠲᠡᠨ ᠤ ᠨᠠᠶᠢᠷ ᠨᠠᠭᠠᠳᠤᠮ ᠤᠨ ᠰᠤᠶᠤᠯ ᠤᠨ ᠨᠡᠷᠡᠲᠦ ᠲᠡᠮᠳᠡᠭ ᠢᠶᠠᠷ ᠰᠤᠶᠤᠯ ᠪᠠ ᠵᠢᠭᠤᠯᠴᠢᠯᠠᠯ ᠤᠨ | ᠬᠦᠨᠵᠡᠭᠡᠢ ᠠᠭᠤᠰᠤᠯᠴᠠᠬᠤ ᠶᠢ ᠠᠬᠢᠭᠤᠯᠵᠤ ᠪᠠᠶᠢᠨ᠎ᠠ᠃ 2019 ᠤᠨ ᠳᠤ᠂ ᠮᠠᠨ ᠤ ᠠᠶᠢᠮᠠᠭ ᠰᠢᠨ᠎ᠠ ᠲᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠤᠭᠤᠷᠢᠨ ᠳᠤ᠂ ᠲᠠᠯ᠎ᠠ ᠨᠤᠳᠤᠭ ᠤᠨ ᠤᠨᠴᠠᠯᠢᠭᠳᠤ | ︽ᠨᠠᠭᠠᠳᠤᠮ︾ ᠢᠶᠠᠷ ᠠᠴᠢᠶᠠᠯᠠᠭᠴᠢ ᠪᠤᠯᠭᠠᠵᠤ᠂ 2019 ︽ᠬᠠᠨᠠᠭᠠᠷ ᠲᠠᠯ᠎ᠠ · ᠰᠢᠯᠢ ᠶᠢᠨ ᠮᠠᠭᠳᠠᠭᠠᠯ︾ | ᠨᠠᠭᠠᠳᠤᠮ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠵᠢᠭᠤᠯᠴᠢᠯᠠᠭᠰᠠᠳ ᠲᠤ ᠠᠭᠤᠯᠭ᠎ᠠ ᠡᠯᠪᠡᠭ | ᠪᠠᠶᠠᠯᠢᠭ᠂ ᠴᠠᠭ ᠨᠢ ᠤᠷᠳᠤ᠂ ᠮᠢᠩᠭᠠᠨ ᠭᠠᠵᠠᠷ ᠤᠨ ᠲᠠᠯ᠎ᠠ ᠨᠤᠳᠤᠭ ᠢ ᠪᠦᠷᠬᠦᠭᠰᠡᠨ ᠨᠠᠭᠠᠳᠤᠮ ᠤᠨ ᠵᠢᠭᠤᠯᠴᠢᠯᠠᠯ ᠤᠨ | ᠪᠦᠲᠦᠭᠡᠭᠳᠡᠬᠦᠨ ᠢ ᠬᠠᠩᠭᠠᠵᠤ᠂ ᠰᠢᠯᠢ ᠶᠢᠨ ᠭᠤᠤᠯ ᠤᠨ ᠵᠢᠭᠤᠯᠴᠢᠯᠠᠯ ᠤᠨ ᠨᠠᠶᠢᠷ ᠨᠠᠭᠠᠳᠤᠮ ᠤᠨ ᠪᠦᠲᠦᠭᠡᠭᠲᠡᠬᠦᠨ ᠤ | ᠨᠡᠷᠡᠲᠦ ᠲᠡᠮᠳᠡᠭ ᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠡᠢ᠃ ᠡᠬᠦᠨ ᠤ ᠬᠠᠮᠳᠤ᠂ ᠦᠪᠦᠷ ᠮᠤᠩᠭᠤᠯ ᠤᠨ | ᠠᠩᠬᠠᠳᠤᠭᠠᠷ ᠬᠤᠭᠤᠴᠠᠭᠠᠨ ᠤ ᠲᠠᠭᠤᠤ ᠬᠦᠭᠵᠢᠮ ᠤᠨ ᠨᠠᠶᠢᠷ ᠢ ᠲᠠᠭᠠᠭᠠᠴᠢᠯᠠᠨ ᠡᠷᠭᠢᠯᠡᠵᠤ᠂ ᠬᠠᠮ | ᠵᠠᠭᠤᠴᠢᠯᠠᠭᠤᠷ ᠢᠶᠠᠷ ᠰᠢᠭᠤᠳ ᠨᠡᠪᠲᠡᠷᠡᠬᠦᠯᠵᠤ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠳᠤᠭ ᠤᠨ | ᠦᠵᠡᠮᠵᠢ ᠶᠢᠨ ᠵᠠᠮ ᠢ ᠮᠤᠲ᠋ᠤᠷ ᠢᠶᠠᠷ ᠠᠶᠠᠯᠠᠨ ᠲᠤᠭᠤᠯᠬᠤ ᠨᠠᠶᠢᠷ᠂ ᠲᠠᠯ᠎ᠠ ᠨᠤᠳᠤᠭ ᠤᠨ ᠡᠯᠧᠺᠲᠷᠤᠨ | ᠲᠤᠭᠯᠠᠭᠠᠮ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠪᠦᠲᠦᠭᠡᠯᠴᠢ ᠪᠠᠷ ᠦᠷᠨᠢᠬᠦᠯᠵᠤ᠂ ᠢᠵᠢ ᠪᠦᠷᠢᠳᠦᠭᠰᠡᠨ | ᠵᠢᠭᠤᠯᠴᠢᠯᠠᠯ ᠤᠨ ᠪᠦᠲᠦᠭᠡᠭᠲᠡᠬᠦᠨ ᠢ ᠢᠵᠢᠯ ᠠᠯᠬᠤᠮ ᠢᠶᠠᠷ ᠪᠤᠷᠤᠯᠠᠭᠤᠯᠵᠠᠢ᠃ |