ᠮᠤᠩᠭᠤᠯᠴᠤᠳ ᠠᠮᠢᠳᠣᠷᠠᠯ ᠲᠣᠮᠳᠠ ᠪᠠᠨ ᠴᠠᠭᠠᠨ ᠦᠩᠭᠡ ᠶᠢ ᠲᠡᠭᠡᠳᠣᠯᠡᠳᠡᠭ
ᠨᠡᠶᠢᠲᠡᠯᠡᠭᠰᠡᠨ ᠴᠠᠭ᠄
2020/4/29
    ᠠᠳᠠᠯᠢ ᠪᠤᠰᠤ ᠠᠴᠢᠶᠠᠯᠠᠪᠣᠷᠢ ᠨᠢ ᠬᠠᠳᠬᠤᠮᠠᠯ ᠪᠦᠲᠦᠭᠡᠯ ᠤᠨ ᠠᠳᠠᠯᠢ ᠪᠤᠰᠤ ᠬᠡᠪ ᠨᠠᠮᠪᠠ ᠶᠢ ᠪᠦᠳᠣᠭᠡᠳᠡᠭ᠃ ᠮᠣᠩᠭᠤᠯ ᠦᠨᠳᠦᠰᠦᠲᠡᠨ ᠤ ᠢᠰᠡᠭᠡᠶ ᠰᠢᠷᠢᠮᠡᠯ ᠪᠤᠯ ᠬᠤᠨ ᠴᠠᠭᠠᠨ ᠢᠰᠡᠭᠡᠶ᠂ ᠥᠪᠡᠷᠮᠢᠴᠡ  ᠤᠲᠠᠰᠤ  ᠪᠠ  ᠦᠨᠳᠣᠰᠣᠳᠡᠨ  ᠎ ᠤ ᠣᠨᠴᠠᠯᠢᠭ ᠢᠶᠠᠷ ᠢᠶᠠᠨ ᠮᠠᠰᠢ ᠣᠯᠠᠨ ᠬᠠᠳᠬᠤᠮᠠᠯ ᠤᠨ ᠤᠷ᠎ᠠ ᠮᠡᠷᠭᠡᠵᠢᠯ ᠲᠣᠮᠳᠠ ᠠᠴᠠ ᠴᠣᠯᠭᠤᠷᠠᠨ ᠭᠠᠷᠴᠤ ᠢᠷᠡᠭᠰᠡᠨ ᠶᠤᠮ᠃           ᠴᠠᠭᠠᠨ ᠢᠰᠡᠭᠡᠢ ᠪᠣᠯ ᠪᠠᠶᠠᠨ ᠴᠢᠨᠡᠭᠡᠯᠢᠭ ᠪᠠ ᠰᠠᠶᠢᠨ ᠰᠠᠶᠢᠬᠠᠨ ᠤ ᠪᠡᠯᠭᠡᠳᠠᠯ ᠪᠣᠯᠬᠤ ᠮᠦᠷᠳᠡᠭᠡᠨ ᠲᠡᠷᠡ ᠨᠢ ᠪᠠᠰᠠ ᠴᠢᠬᠤᠯᠨ ᠬᠡᠷᠡᠭᠯᠡᠭᠡᠨ ᠤ ᠦᠨ᠎ᠡ ᠦᠷᠳᠡᠭ ᠲᠠᠢ ᠪᠠᠶᠢᠵᠦ᠂ ᠪᠠᠬᠢᠯᠢᠭ᠌᠂ ᠨᠠᠷᠢᠯᠢᠭ ᠬᠢᠴᠡ ᠲᠠᠢ ᠪᠠᠷ ᠢᠶᠠᠨ ᠠᠮᠢᠳᠤᠷᠠᠯ ᠤᠨ ᠣᠯᠠᠨ ᠲᠠᠯ᠎ᠠ ᠳᠤ ᠥᠷᠭᠡᠨ ᠢᠶᠠᠷ ᠬᠡᠷᠡᠭᠯᠡᠭᠳᠡᠳᠡᠭ᠃             ᠮᠤᠩᠭᠤᠯᠴᠤᠳ ᠤᠨ ︽ᠢᠰᠡᠭᠡᠶ ᠰᠢᠷᠢᠮᠡᠯ︾᠎ ᠤᠨ ᠤᠷ᠎ᠠ ᠮᠡᠷᠭᠡᠵᠢᠯ ᠨᠢ ᠴᠠᠭ ᠬᠤᠭᠤᠴᠠᠭᠠᠨ ᠤ ᠤᠷᠤᠰᠤᠯᠲᠠ ᠎ ᠶᠢ ᠳᠠᠭᠠᠯᠳᠤᠨ᠂ ᠡᠳᠦᠷ ᠢᠷᠡᠬᠦᠶ᠎ᠡ ᠪᠦᠷᠢᠨᠰᠢᠨ ᠲᠡᠭᠦᠯᠳᠡᠷᠵᠢᠭᠰᠡᠨ ᠶᠤᠮ᠃             ᠰᠦᠨᠢᠳ ᠢᠰᠡᠭᠡᠢ ᠰᠢᠷᠢᠮᠡᠯ ᠪᠣᠯ ᠮᠣᠩᠭᠤᠯ ᠦᠨᠳᠦᠰᠦᠲᠡᠨ ᠤ ᠢᠰᠡᠭᠡᠢ ᠰᠢᠷᠢᠮᠡᠯ ᠤᠷᠠᠯᠢᠭ ᠤᠨ ᠨᠡᠶᠢᠲᠡᠯᠢᠭ ᠲᠦᠯᠣᠭᠡᠯᠡᠭᠴᠢ ᠪᠣᠯᠬᠤ ᠶᠤᠮ᠃ ᠤᠷᠲᠤ ᠤᠳᠠᠭᠠᠨ ᠲᠡᠦᠬᠡ ᠲᠠᠢ᠂ ᠥᠷᠭᠡᠨ ᠳᠡᠯᠭᠡᠷ ᠲᠠᠷᠬᠠᠯᠲᠠ  ᠎ ᠲᠠᠢ᠂ ᠬᠤᠶᠠᠷ ᠰᠥᠨᠢᠳ ᠬᠤᠰᠢᠭᠤᠨ ᠤ ᠶᠡᠬᠡᠩᠬᠢ ᠮᠠᠯᠴᠢᠨ ᠡᠮᠡᠭᠲᠡᠶᠢᠴᠦᠳ ᠪᠦᠷ ᠡᠶᠢᠮᠦᠷᠬᠦᠦ ᠢᠰᠡᠭᠡᠶ ᠰᠢᠷᠢᠮᠡᠯ ᠢ ᠣᠷᠠᠯᠠᠵᠣ ᠴᠢᠳᠠᠨ᠎ᠠ᠃ ᠲᠣᠰ ᠲᠥᠷᠥᠯ ᠵᠦᠶᠯ ᠨᠢ ᠣᠲᠣ ᠨᠢᠭᠡᠨᠲᠡ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠵᠣ᠂  ᠣᠳᠣᠬᠠᠨ  ᠎ ᠳᠤ  ᠤᠯᠤᠰ ᠤᠨ ᠲᠠᠰ ᠤᠨ ᠤᠯᠠᠮᠵᠢᠯᠠᠭᠴᠢ 1᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠯᠠᠮᠵᠢᠯᠠᠭᠴᠢ  2᠂ ᠬᠤᠰᠢᠭᠤᠨ ᠲᠠᠰ ᠤᠨ ᠤᠯᠠᠮᠵᠢᠯᠠᠭᠴᠢ 36᠂ ᠭᠠᠷ ᠤᠷᠠᠯᠠᠯ ᠡᠷᠭᠢᠯᠡᠨ ᠬᠢᠭᠴᠢ 500 ᠭᠠᠷᠤᠶ ᠬᠥᠮᠦᠨ ᠪᠣᠯᠣᠭᠰᠠᠨ ᠪᠠᠶᠢᠨ᠎ᠠ᠃             ᠢᠰᠡᠭᠡᠶ ᠰᠢᠷᠢᠮᠡᠯ ᠢ ᠣᠷᠠᠯᠠᠬᠤ ᠳᠤ ᠲᠤᠩ ᠬᠦᠴᠢᠷ ᠬᠡᠵᠣ ᠬᠦᠮᠣᠰ ᠶᠠᠷᠢᠳᠠᠭ᠃ ᠤᠴᠢᠷ ᠨᠢ ᠲᠡᠭᠦᠨ ᠢ ᠵᠥᠭᠡᠯᠡᠨ ᠪᠥᠰ ᠲᠡᠭᠡᠷ᠎ᠡ ᠬᠠᠳᠬᠤᠵᠤ ᠪᠣᠯᠬᠤ ᠪᠠᠷ ᠪᠠᠷᠠᠬᠤ ᠥᠬᠡᠶ ᠪᠠᠰᠠ ᠲᠡᠮᠡᠭᠡᠨ  ᠣᠩᠭᠠᠰᠣᠨ  ᠣᠳᠠᠰᠣ᠂  ᠦᠬᠡᠷ  ᠎ ᠤᠨ  ᠰᠢᠷᠪᠥᠰᠥ  ᠵᠡᠷᠭᠡ ᠪᠦᠳᠦᠭᠦᠨ ᠤᠲᠠᠰᠤ ᠪᠠᠷ ᠢᠰᠡᠭᠡᠶ᠂ ᠠᠷᠠᠰᠤᠨ ᠭᠤᠲᠤᠯ ᠵᠡᠷᠭᠡ ᠬᠠᠲᠠᠭᠤ ᠪᠠᠷᠠᠭᠠᠨ ᠳᠡᠭᠡᠷ᠎ᠡ ᠰᠢᠷᠢᠵᠦ ᠪᠣᠯᠳᠠᠭ᠃ ᠡᠶᠢᠮᠦ ᠠᠴᠠ ᠰᠢᠷᠢᠮᠡᠯᠴᠢᠨ ᠪᠦᠰᠡᠭᠦᠶᠢᠴᠤᠳ ᠤᠨ ᠬᠤᠷᠤᠭᠤᠪᠴᠢ ᠨᠢ ᠬᠦᠷᠲᠡᠯ᠎ᠡ ᠡ᠊ᠩ ᠎ ᠤᠨ ᠬᠤᠷᠤᠭᠤᠪᠴᠢ ᠲᠠᠢ ᠠᠳᠠᠯᠢ ᠥᠬᠡᠶ ᠠᠵᠠᠢ᠃             ᠴᠢᠩᠭ᠎ᠠ ᠴᠢᠮᠪᠠᠢ ᠬᠡᠪ ᠨᠠᠮᠪᠠ ᠨᠢ ᠲᠡᠬᠦᠨ ᠤ ᠨᠥᠭᠦᠭᠡ ᠨᠢᠭᠡ ᠢᠯᠡ ᠲᠣᠳᠣ ᠣᠨᠴᠠᠯᠢᠭ ᠪᠦᠭᠡᠳ‌ᠡᠨᠡ ᠨᠢ ᠮᠦᠨᠴᠤ ᠡᠩ ᠤᠨ ᠬᠥᠮᠦᠰ ᠤᠨ ᠢᠰᠡᠭᠡᠶ ᠰᠢᠷᠢᠮᠡᠯ ᠤᠨ ᠲᠤᠬᠠᠶ ᠬᠠᠮᠤᠭ ᠤᠨ ᠰᠢᠭᠤᠳ ᠤᠶᠢᠯᠠᠭᠠᠯᠲᠠ ᠪᠣᠯᠤᠨ᠎ᠠ᠃ ᠮᠣᠩᠭᠤᠯ ᠦᠨᠳᠦᠰᠦᠲᠡᠨ ᠤ ᠬᠠᠳᠬᠤᠮᠠᠯ ᠤᠨ ᠤᠷᠠᠯᠢᠭ ᠨᠢ ᠲᠥᠪ ᠶᠡᠬᠡᠮᠰᠦᠭ ᠪᠠ ᠪᠣᠷᠣᠭᠵᠢᠭᠤᠨ ᠢᠶᠠᠷ ᠢᠶᠠᠨ ᠪᠣᠰᠣᠳ ᠬᠠᠳᠬᠤᠮᠠᠯ ᠠᠴᠠ ᠤᠨᠴᠠᠯᠢᠭᠳᠠᠵᠦ᠂ ᠤᠷᠠᠨ ᠠᠮᠢᠳᠤᠯᠢᠭ ᠬᠳᠬᠤᠬᠤ ᠠᠷᠭ᠎ᠠ᠂ ᠬᠤᠷᠴᠠ ᠲᠣᠳᠣ ᠵᠢᠷᠤᠭᠠᠰᠤ ᠲᠦᠯᠦᠪ᠂ ᠨᠠᠷᠢᠯᠢᠭ ᠮᠥᠷᠲᠡᠭᠡᠨ ᠤᠮᠤᠭᠯᠠᠩ  ᠰᠦᠷᠯᠢᠭ ᠬᠠᠳᠬᠤᠮᠠᠯ ᠤᠨ ᠪᠠᠭᠠᠵᠢ ᠨᠢ ᠢᠯᠡ ᠲᠣᠳᠣ ᠦᠨᠳᠦᠰᠦᠲᠡᠨ ᠤ ᠥᠩᠭᠡ ᠪᠤᠳᠤᠭ ᠬᠠᠳᠠᠭᠠᠯᠠᠭᠳᠠᠨ᠎ᠠ᠃             ᠢᠰᠡᠭᠡᠢ ᠰᠢᠷᠢᠮᠡᠯ ᠨᠢ ᠰᠣᠶᠣᠯ ᠤᠨ ᠪᠠ ᠠᠵᠤ ᠠᠬᠤᠢ ᠶᠢᠨ ᠦᠨ᠎ᠡ ᠦᠷᠳᠡᠭ ᠲᠠᠢ ᠪᠠᠷ ᠪᠠᠷᠠᠬᠤ ᠦᠭᠡᠢ᠂ ᠪᠠᠰᠠ ᠠᠮᠢ ᠠᠬᠤᠢ ᠶᠢᠨ ᠦᠨ᠎ᠡ ᠦᠷᠳᠡᠭ ᠲᠠᠢ ᠪᠠᠶᠢᠵᠤ᠂ ᠢᠰᠡᠭᠡᠢ ᠴᠢᠮᠡᠭᠯᠡᠬᠦ ᠠᠷᠭ᠎ᠠ᠂ ᠬᠡᠷᠡᠭᠯᠡᠬᠦ ᠪᠠᠭᠠᠵᠢ᠂ ᠢᠰᠡᠭᠡᠢ ᠶᠢᠨ ᠬᠡᠷᠡᠭᠴᠡᠭᠡ ᠵᠡᠷᠭᠡ ᠲᠠᠯ᠎ᠠ ᠪᠠᠷ ᠢᠯᠡᠷᠡᠵᠦ᠂ ᠲᠡᠭᠦᠨ ᠤ ᠬᠥᠭᠵᠢᠯᠲᠡ ᠨᠢ ᠨᠢᠭᠡ ᠦᠨᠳᠦᠰᠦᠲᠡᠨ ᠪᠠ ᠨᠢᠭᠡ ᠴᠠᠭ ᠦᠶ᠎ᠡ ᠎ ᠶᠢᠨ  ᠲᠡᠦᠬᠡ  ᠰᠣᠶᠣᠯ  ᠪᠠ ᠤᠶᠤᠨ ᠰᠠᠨᠠᠭᠠᠨ ᠤ ᠢᠲᠡᠭᠡᠯ ᠪᠢᠰᠢᠷᠡᠯ ᠢ ᠠᠴᠢᠶᠠᠯᠠᠵᠤ ᠪᠠᠶᠢᠳᠠᠭ᠃           ᠴᠠᠭ ᠦᠶ᠎ᠡ ᠶᠢᠨ ᠲᠠᠪᠰᠢᠯᠳᠠ ᠪᠠ ᠠᠮᠢᠳᠤᠷᠠᠯ ᠤᠨ ᠲᠦᠪᠰᠢᠨ ᠳᠡᠭᠡᠭᠰᠢᠯᠡᠭᠰᠡᠨ ᠠᠴᠠ ᠨᠡᠭᠦᠳᠡᠯᠴᠢᠨ ᠦᠨᠳᠦᠰᠦᠲᠡᠨ ᠤ ᠠᠮᠢᠳᠣᠷᠠᠯ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠮᠠᠰᠢ ᠶᠡᠭᠡ ᠬᠤᠪᠢᠷᠠᠯᠲᠠ‌ᠭᠠᠷᠴᠤ᠂ ᠮᠣᠩᠭᠤᠯ  ᠦᠨᠳᠦᠰᠦᠲᠡᠨ  ᠎ ᠤ  ᠤᠯᠠᠮᠵᠢᠯᠠᠯᠲᠤ ᠢᠰᠡᠭᠡᠢ ᠰᠢᠷᠢᠮᠡᠯ ᠢ ᠪᠠᠭᠲᠠᠭᠠᠭᠰᠠᠨ ᠮᠠᠰᠢ ᠤᠯᠠᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠨᠢ ᠬᠥᠮᠦᠰ ᠤᠨ ᠠᠮᠢᠳᠤᠷᠠᠯ  ᠡᠴᠠ‌ᠠᠭᠠᠵᠢᠮ ᠢᠶᠠᠷ ᠰᠠᠯᠣᠩᠬᠢᠷᠠᠭᠰᠠᠨ ᠪᠠᠶᠢᠨ᠎ᠠ᠃           ᠵᠠᠬ᠎ᠠ ᠳᠡᠯᠭᠡᠭᠦᠷ ᠳᠡᠭᠡᠷᠡᠬᠢ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠲᠡᠨ ᠤ ᠳᠤᠷᠠᠰᠬᠠᠯ ᠎ ᠤᠨ ᠪᠦᠲᠦᠭᠡᠭᠳᠡᠬᠦᠨ ᠤ ᠣᠯᠠᠩᠬᠢ ᠨᠢ ᠣᠳᠣ ᠦᠶ᠎ᠡ ᠶᠢᠨ ᠬᠥᠮᠦᠰ ᠤᠨ ᠭᠤᠸ᠎ᠠ ᠲᠠᠭᠠᠰᠢᠶᠠᠯ ᠤᠨ ᠦᠵᠡᠯᠲᠡ  ᠪᠠ  ᠬᠡᠷᠡᠭᠴᠡᠭᠡ  ᠎ ᠳᠤ ᠨᠡᠶᠢᠴᠡᠬᠦ ᠦᠭᠡᠶ ᠪᠣᠯᠵᠤ᠂ ᠢᠰᠡᠭᠡᠶ ᠰᠢᠷᠢᠮᠡᠯ ᠨᠢ ᠨᠠᠩ ᠣᠯᠠᠨ ᠠᠴᠢᠶᠠᠯᠠᠭᠴᠢ ᠬᠡᠷᠡᠭᠰᠡᠮᠡᠨᠵᠢᠨ ᠰᠠᠶ᠋ᠢ ᠤᠯᠠᠮᠵᠢᠯᠠᠯᠲᠤ ᠭᠠᠷ ᠤᠷᠠᠯᠠᠯ ᠤᠨ ᠵᠠᠯᠭᠠᠮᠵᠢᠯᠠᠯ ᠪᠠ ᠬᠥᠭᠵᠢᠯᠲᠡ ᠶᠢ ᠪᠡᠶᠡᠯᠡᠭᠦᠯᠦᠨ᠎ᠡ᠃             ᠡᠨᠡ ᠬᠦ ᠦᠵᠡᠭᠳᠡᠯ ᠢ ᠰᠦᠨᠢᠳᠴᠤᠤᠯ ᠮᠠᠰᠢ ᠴᠢᠬᠤᠯᠠᠴᠢᠯᠠᠨ ᠦᠵᠡᠵᠦ᠂  ᠢᠰᠡᠭᠡᠢ  ᠰᠢᠷᠢᠮᠡᠯ  ᠎ ᠢ  ᠬᠠᠮᠠᠭᠠᠯᠠᠬᠤ  ᠪᠠ ᠵᠠᠯᠭᠠᠮᠵᠢᠯᠠᠨ ᠬᠥᠭᠵᠢᠭᠦᠯᠬᠦ ᠠᠵᠢᠯ ᠳᠤ ᠮᠠᠰᠢ ᠤᠯᠠᠨ ᠴᠢᠷᠮᠠᠶᠢᠯᠭ᠎ᠠ ᠭᠠᠷᠭᠠᠵᠤ᠂ ᠢᠰᠡᠭᠡᠶ ᠰᠢᠷᠢᠮᠡᠯ  ᠎ ᠢ  ᠢᠯᠡ  ᠲᠣᠳᠣ  ᠣᠨᠴᠠᠯᠢᠭ ᠪᠥᠬᠦᠶ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠳᠠᠭᠠᠭᠤᠯᠤᠭᠴᠢ ᠪᠣᠯᠭᠠᠬᠤ ᠎ ᠪᠠᠷ ᠵᠣᠷᠢᠭ ᠰᠢᠭᠤᠳᠤᠭᠰᠠᠨ ᠪᠠᠶᠢᠨ᠎ᠠ᠃             ᠣᠳᠣᠬᠠᠨ ᠳᠤ᠂ ᠰᠥᠨᠢᠳ ᠤᠨ ᠮᠣᠩᠭᠤᠯ ᠭᠡᠷ ᠤᠨ ᠢᠰᠡᠭᠡᠢ ᠰᠢᠷᠢᠮᠡᠯ᠂ ᠢᠰᠡᠭᠡᠢ  ᠡᠮᠤᠰᠭᠡᠯ᠂  ᠢᠰᠡᠭᠡᠢ  ᠭᠤᠲᠤᠯ᠂ ᠡᠮᠡᠭᠡᠯ ᠤᠨ ᠲᠤᠬᠤᠮ᠂ ᠲᠡᠮᠡᠭᠡᠨ ᠲᠤᠬᠤᠰᠢ ᠵᠡᠷᠭᠡ ᠢᠰᠡᠭᠡᠢ ᠰᠢᠷᠢᠮᠡᠯ ᠤᠨ ᠪᠦᠲᠦᠭᠡᠯ ᠵᠠᠯᠭ᠎ᠠ ᠵᠠᠯᠭ᠎ᠠ ᠪᠠᠷ ᠭᠠᠷᠴᠤ᠂  ᠰᠢᠨ᠎ᠡ  ᠎ ᠪᠠᠷ ᠡᠭᠦᠳᠦᠭᠰᠡᠨ ᠲᠡᠪᠡᠷᠢ ᠳᠡᠷ᠎ᠡ᠂ ᠱᠠᠹᠠ  ᠎ ᠶᠢᠨ  ᠳᠡᠪᠢᠰᠬᠡᠷ᠂  ᠭᠠᠷ  ᠤᠲᠠᠰᠤᠨ  ᠎ ᠤ  ᠳᠤᠭᠲᠤᠢ᠂  ᠺᠣᠮᠫᠢᠦ᠋ᠲ᠋ᠧᠷ  ᠲᠧᠯᠸᠢᠰ ᠤᠨ ᠪᠦᠲᠡᠭᠡᠯᠭᠡ᠂ ᠪᠣᠭᠴᠣ᠂ ᠪᠢᠷ ᠤᠨ ᠲᠦᠩᠰᠡ ᠵᠡᠷᠭᠡ ᠡᠭᠦᠰᠦᠮᠡᠯ ᠡᠳ᠋ ᠨᠢ ᠥᠪᠥᠷ ᠮᠣᠩᠭᠤᠯ ᠤᠨ ᠢᠰᠡᠭᠡᠢ ᠰᠢᠷᠢᠮᠡᠯ ᠤᠨ ᠨᠡᠷ᠎ᠡ ᠶᠢ ᠮᠠᠨᠳᠣᠭᠤᠯᠣᠭᠰᠠᠨ ᠪᠠᠶᠢᠨ᠎ᠠ᠃ ᠡᠷᠲᠡᠨ ᠤ ᠰᠦᠨᠢᠳ ᠤᠨ ᠢᠰᠡᠭᠡᠢ ᠰᠢᠷᠢᠮᠡᠯ ᠤᠨ ᠤᠷ᠎ᠠ ᠮᠡᠷᠭᠡᠵᠢᠯ  ᠎ ᠨᠢ  ᠬᠦᠮᠣᠰ  ᠤᠨ ᠡᠮᠣᠨ᠎ᠡ ᠳᠠᠬᠢᠨ ᠨᠢᠭᠡ ᠤᠳᠠᠭ᠎ᠠ ᠢᠯᠡᠷᠡᠭᠰᠡᠨ ᠪᠦᠭᠡᠳ ᠠᠭᠠᠵᠢᠮ ᠢᠶᠠᠷ ᠳᠡᠯᠭᠡᠷᠡᠵᠦ ᠡᠬᠢᠯᠡᠪᠡ᠃            ᠰᠥᠨᠢᠳ ᠤᠨ ᠢᠰᠡᠭᠡᠢ ᠰᠢᠷᠢᠮᠡᠯ ᠤᠨ ᠭᠠᠷ ᠤᠷᠠᠯᠠᠯ ᠨᠢ ᠠᠴᠢᠶᠠᠯᠠᠭᠴᠢ ᠪᠤᠶᠤ ᠰᠢᠷᠢᠮᠡᠯ  ᠎ ᠤᠨ  ᠬᠡᠪ  ᠨᠠᠮᠪᠠ  ᠭᠡᠰᠡᠨ ᠦᠭᠡᠢ ᠴᠦᠮ ᠨᠡᠭᠦᠳᠡᠯᠴᠢᠨ ᠦᠨᠳᠦᠰᠦᠲᠡᠨ ᠤ ᠣᠨᠴᠠᠯᠢᠭ ᠢᠶᠠᠷ ᠲᠤᠩ ᠴᠢᠩᠭ᠎ᠠ ᠴᠢᠮᠪᠠᠢ ᠬᠠᠷᠠᠭᠳᠠᠨ᠎ᠠ᠃        ᠮᠦᠩᠭᠦᠨᠴᠠᠴᠡᠭ ᠰᠥᠨᠢᠳ ᠵᠡᠭᠦᠨ ᠬᠤᠰᠢᠭᠤᠨ ᠤ ᠰᠠᠶᠢᠬᠠᠨ ᠭᠤᠪᠢ ᠰᠤᠮᠤᠨ ᠳᠤ ᠲᠦᠷᠦᠵᠤ᠂ ᠪᠠᠭ᠎ᠠ ᠠᠴᠠ ᠪᠠᠨ ᠡᠵᠢ ᠠᠴᠠ ᠪᠠᠨ ᠢᠰᠡᠭᠡᠢ ᠰᠢᠷᠢᠮᠡᠯ ᠰᠤᠷᠴᠤ᠂ ᠭᠡᠷ ᠪᠦᠯᠢ ᠶᠢᠨ ᠤᠯᠠᠮᠵᠢᠯᠠᠯ ᠤᠨ ᠬᠡᠯᠪᠡᠷᠢ ᠪᠠᠷ ᠰᠢᠯᠢ ᠶᠢᠨ ᠭᠤᠣᠯ ᠎ ᠤᠨ ᠲᠠᠯ᠎ᠠ ᠨᠤᠲᠤᠭ ᠤᠨ ᠮᠣᠩᠭᠤᠯ ᠦᠨᠳᠦᠰᠦᠲᠡᠨ  ᠎ ᠤ  ᠤᠯᠠᠮᠵᠢᠯᠠᠯᠲᠤ  ᠢᠰᠡᠭᠡᠢ  ᠰᠢᠷᠢᠮᠡᠯ  ᠎ ᠤᠨ  ᠤᠷ᠎ᠠ  ᠮᠡᠷᠭᠡᠵᠢᠯ ᠢ ᠰᠢᠰᠲ᠋ᠧᠮ  ᠎ ᠲᠠᠢ  ᠎ ᠪᠠᠷ ᠤᠯᠠᠮᠵᠢᠯᠠᠵᠠᠢ᠃ 2017 ᠣᠨ ᠤ 12 ᠰᠠᠷ᠎ᠠ ᠶᠢᠨ 28᠎ ᠤ ᠡᠳᠦᠷ᠂ ᠰᠣᠶᠣᠯ ᠎ ᠤᠨ ᠶᠠᠮᠤᠨ ᠲᠠᠪᠤᠳᠤᠭᠠᠷ ᠪᠦᠯᠦᠭ ᠤᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ  ᠎ ᠤᠨ  ᠲᠥᠷᠥᠯ  ᠵᠦᠶᠯ  ᠎ ᠤᠨ  ᠲᠥᠯᠥᠭᠡᠯᠡᠬᠦ  ᠴᠢᠨᠠᠷᠲᠠᠶ  ᠤᠯᠠᠮᠵᠢᠯᠠᠭᠴᠢ  ᠎ ᠶᠢᠨ ᠲᠠᠨᠢᠯᠴᠠᠭᠤᠯᠬᠤ ᠨᠡᠷᠡᠰ ᠢ ᠵᠠᠷᠯᠠᠨ  ᠨᠡᠶᠢᠲᠡᠯᠡᠵᠦ᠂  ᠮᠦᠩᠭᠦᠨᠴᠠᠴᠡᠭ  ᠎ ᠤᠨ  ᠮᠣᠩᠭᠤᠯ  ᠦᠨᠳᠦᠰᠦᠲᠡᠨ  ᠎ ᠤ  ᠨᠠᠷᠢᠯᠢᠭ  ᠰᠠᠶᠢᠬᠠᠨ ᠬᠠᠳᠬᠤᠮᠠᠯ ︵ᠢᠰᠡᠭᠡᠶ ᠰᠢᠷᠢᠮᠡᠯ ᠤᠨ ᠤᠷ᠎ᠠ ᠮᠡᠷᠭᠡᠰᠢᠯ︶᠎ ᠤᠨ ᠭᠠᠷ ᠤᠷᠠᠯᠠᠯ ᠢ ᠤᠯᠤᠰ  ᠎ ᠤᠨ  ᠲᠠᠰ  ᠎ ᠤᠨ  ᠤᠯᠠᠮᠵᠢᠯᠠᠭᠴᠢ  ᠎ ᠪᠠᠷ ᠰᠤᠩᠭᠤᠨ ᠳᠡᠪᠰᠢᠭᠦᠯᠵᠠᠢ᠃            ᠲᠡᠭᠦᠨ ᠤ ᠤᠷ᠎ᠠ ᠮᠡᠷᠭᠡᠵᠢᠯ ᠨᠢ ᠰᠥᠨᠢᠳ ᠤᠨ ᠢᠰᠡᠭᠡᠢ ᠰᠢᠷᠢᠮᠡᠯ ᠤᠨ ᠤᠷ᠎ᠠ ᠮᠡᠷᠭᠡᠵᠢᠯ ᠢ ᠡᠵᠡᠮᠰᠢᠭᠰᠡᠨ ᠬᠥᠮᠦᠰ ᠎ ᠤᠨ ᠳᠤᠮᠳᠠ ᠲᠥᠯᠥᠭᠡᠯᠡᠬᠦ ᠴᠢᠨᠠᠷ ᠪᠠ ᠥᠷᠭᠡᠨ ᠳᠡᠯᠭᠡᠷ ᠨᠥᠯᠥᠭᠡᠯᠡᠬᠦ ᠬᠦᠴᠦᠨ ᠲᠠᠢ ᠶᠤᠮ᠃ ᠤᠷᠳᠤ ᠬᠤᠭᠤᠴᠠᠭᠠᠨ ᠎ ᠤ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠤᠨ ᠳᠤᠮᠳᠠ᠂ ᠮᠦᠩᠭᠦᠨᠴᠠᠴᠡᠭ ᠮᠣᠩᠭᠤᠯ ᠦᠨᠳᠦᠰᠦᠲᠡᠨ ᠤ ᠬᠠᠳᠬᠤᠮᠠᠯ ᠤᠨ ᠵᠠᠩᠭᠢᠯᠠᠭ᠎ᠠ ᠶᠢᠨ ᠴᠢᠨᠠᠷᠲᠠᠢ ᠭᠠᠷ ᠤᠷᠠᠯᠠᠯ ᠤᠨ ᠮᠡᠷᠭᠡᠵᠢᠯ ᠪᠠ ᠡᠯ᠎ᠡ ᠵᠣᠶᠢᠯ ᠤᠨ ᠬᠠᠳᠬᠤᠮᠠᠯ ᠣᠶᠣᠬᠤ  ᠠᠷᠭ᠎ᠠ  ᠎ ᠶᠢ  ᠡᠵᠡᠮᠰᠢᠵᠦ᠂  ᠭᠤᠴᠣ ᠰᠠᠶᠢᠬᠠᠨ ᠦᠨᠳᠦᠰᠦᠲᠡᠨ ᠤ ᠵᠢᠷᠤᠭ ᠳᠦᠷᠰᠦ ᠪᠠᠷ ᠲᠠᠯ᠎ᠠ ᠨᠤᠲᠤᠭ ᠎ ᠤᠨ ᠦᠨᠳᠦᠰᠦᠲᠡᠨ ᠤ ᠤᠯᠠᠮᠵᠢᠯᠠᠯᠲᠤ ᠰᠣᠶᠣᠯ ᠪᠠ  ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠳᠡᠯᠭᠡᠨ ᠦᠵᠡᠭᠦᠯᠵᠦ᠂ ᠥᠪᠡᠷ ᠤᠨ ᠤᠷ᠎ᠠ ᠮᠡᠷᠭᠡᠵᠢᠯ ᠤᠨ ᠣᠨᠴᠠᠯᠢᠭ  ᠪᠠ  ᠥᠪᠡᠷᠮᠢᠴᠡ ᠬᠡᠪ ᠨᠠᠮᠪᠠ ᠶᠢ ᠪᠦᠷᠢᠯᠳᠦᠭᠦᠯᠵᠡᠢ᠃     ᠣᠯᠠᠮᠵᠢᠯᠠᠨ ᠵᠠᠯᠭᠠᠮᠵᠢᠯᠠᠬᠤ ᠠᠵᠢᠯ ᠳᠤ ᠬᠠᠯᠠᠭᠤᠨ ᠰᠡᠳᠬᠢᠯ  ᠎ ᠲᠠᠢ  ᠪᠠᠶᠢᠵᠣ᠂  ᠵᠢᠯ  ᠪᠦᠷᠢ  ᠨᠢᠭᠡ  ᠪᠦᠯᠦᠭ  ᠢᠰᠡᠭᠡᠢ  ᠰᠢᠷᠢᠮᠡᠯ ᠪᠦᠲᠦᠭᠡᠯ ᠢ ᠦᠢᠯᠡᠳᠴᠦ ᠡᠯ᠎ᠡ ᠵᠦᠢᠯ ᠤᠨ ᠤᠷᠤᠯᠳᠤᠭᠠᠨ ᠳᠤ ᠣᠷᠣᠯᠴᠠᠳᠠᠭ ᠪᠥᠭᠡᠳ ᠤᠯᠤᠰ ᠎ ᠤᠨ  ᠳᠣᠲᠣᠭᠠᠳᠤ  ᠭᠠᠳᠠᠭᠠᠳᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠳᠤ ᠣᠯᠠᠨ ᠤᠳᠠᠭ᠎ᠠ ᠣᠷᠣᠯᠴᠠᠵᠣ᠂ ᠲᠡᠭᠦᠨ ᠤ ᠪᠦᠳᠦᠭᠡᠯ  ᠎ ᠨᠢ ᠠᠵᠢᠯ ᠲᠦᠷᠦᠯ ᠤᠨ ᠬᠢᠨ ᠵᠢᠴᠢ ᠨᠡᠶᠢᠭᠡᠮ ᠳᠤ ᠮᠡᠳᠡᠷᠡᠭᠳᠡᠭᠰᠡᠨ ᠲᠥᠯᠥᠭᠡᠯᠡᠬᠦ ᠴᠢᠨᠠᠷᠲᠠᠢ ᠪᠦᠲᠦᠭᠡᠯ ᠪᠣᠯᠤᠭᠰᠠᠨ ᠪᠠᠶᠢᠨ᠎ᠠ᠃  ᠲᠡᠷᠡ ᠢᠰᠡᠭᠡᠶ ᠰᠢᠷᠢᠮᠡᠯ ᠤᠨ ᠤᠷ᠎ᠠ ᠮᠡᠷᠭᠡᠵᠢᠯ ᠢ ᠥᠬᠢᠨ ᠲᠦᠭᠡᠶᠢᠮ᠎ᠠ ᠳᠠᠭᠠᠨ ᠤᠯᠠᠮᠵᠢᠯᠠᠨ ᠥᠭᠴᠦ᠂ ᠥᠬᠢᠨ ᠨᠢ  2013  ᠣᠨ ᠳᠤ ᠪᠡᠭᠡᠵᠢᠩ ᠤᠨ 《ᠠᠽᠢᠶ᠎ᠠ ᠲᠢᠪ ᠤᠨ ᠣᠨᠴᠠ ᠳᠡᠰ ᠳᠠᠪᠠᠭᠰᠠᠨ ᠣᠯᠠᠨ ᠤᠯᠤᠰ ᠤᠨ  ᠰᠣᠶᠣᠯ  ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ》᠎ ᠳᠤ ᠣᠷᠣᠯᠴᠠᠵᠤ᠂ ᠭᠠᠷ ᠤᠷᠠᠯᠠᠯ ᠤᠨ ᠣᠨᠴᠠ ᠱᠠᠩᠨᠠᠯ  ᠬᠦᠷᠳᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号