ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2020/5/11
    ︽ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠰᠣᠨᠢᠨ︾ ᠳᠤ ︽ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ︾ ᠭᠡᠰᠡᠨ ᠵᠣᠬᠢᠶᠠᠯ ᠨᠡᠶᠢᠲᠡᠯᠡᠵᠦ᠂ ᠴᠥᠭᠡᠨ ᠲᠣᠭᠠᠨ ᠤ ᠺᠠᠳ᠋ᠷᠴᠤᠤᠠ ᠤᠨ ᠸᠢᠴᠠᠲ ᠢ ᠳᠤᠷ᠎ᠠ ᠪᠠᠷ ᠢᠶᠠᠨ ᠬᠡᠷᠡᠭᠯᠡᠵᠦ ᠪᠠᠶᠢᠭ᠎ᠠ ᠦᠵᠡᠭᠳᠡᠯ ᠢ ᠰᠢᠭᠦᠮᠵᠢᠯᠡᠵᠡᠢ᠃     ᠵᠣᠬᠢᠶᠠᠯ ᠳᠤ ᠲᠡᠮᠳᠡᠭᠯᠡᠬᠦ ᠳᠡᠭᠡᠨ᠂ ᠵᠠᠷᠢᠮ ᠬᠥᠮᠥᠰ ᠸᠢᠴᠠᠲ ᠤᠨ ᠨᠠᠶᠢᠵᠠ ᠶᠢᠨ ᠲᠣᠭᠤᠷᠢᠭ ᠲᠠᠭᠠᠨ ᠲᠥᠪ ᠤᠨ ᠱᠤᠭᠤᠮ ᠴᠢᠭᠯᠡᠯᠲᠡ ᠪᠣᠳᠣᠯᠭ᠎ᠠ ᠶᠢᠨ ᠲᠤᠬᠠᠢ ᠳᠤᠷ᠎ᠠ ᠵᠣᠷᠢᠭ ᠢᠶᠠᠷ ᠢᠶᠠᠨ ᠴᠠᠯᠴᠢᠵᠤ᠂ ᠵᠠᠷᠢᠮ ᠬᠥᠮᠥᠰ ᠸᠢᠴᠠᠲ ᠤᠨ ᠬᠤᠯᠪᠣᠭᠠᠨ ᠳᠠᠭᠠᠨ ᠤᠯᠠᠭᠠᠨ ᠪᠠᠭᠯᠠᠭ᠎ᠠ ᠢᠯᠡᠭᠡᠵᠦ᠂ ᠰᠣᠩᠭᠤᠭᠤᠯᠢ ᠳᠤ ᠬᠠᠭ᠋ᠤᠤᠯᠢᠳᠠᠬᠤ ᠪᠠᠷ ᠣᠷᠣᠯᠳᠤᠵᠤ᠂ ᠨᠡᠩ ᠲᠡᠷᠡᠴᠢᠯᠡᠨ ᠵᠠᠷᠢᠮ ᠬᠥᠮᠥᠰ ᠸᠢᠴᠠᠲ ᠢ ᠠᠰᠢᠭᠯᠠᠨ ᠴᠤᠤᠷᠬᠠᠯ ᠲᠠᠷᠬᠠᠭᠠᠵᠤ ᠪᠠᠶᠢᠨ᠎ᠠ᠃     ᠬᠥᠮᠥᠰ ᠣᠳᠣ ᠸᠢᠴᠠᠲ ᠤᠨ ᠨᠠᠶᠢᠵᠠ ᠶᠢᠨ ᠲᠣᠭᠤᠷᠢᠭ ᠲᠠᠭᠠᠨ ᠴᠢᠮᠡᠭᠡ ᠵᠠᠩᠭᠢ ᠨᠡᠶᠢᠲᠡᠯᠡᠬᠦ᠂ ᠪᠣᠳᠣᠭᠰᠠᠨ ᠰᠠᠨᠠᠭᠰᠠᠨ ᠵᠦᠢᠯ ᠢᠶᠠᠨ ᠭᠠᠷᠭᠠᠬᠤ ᠨᠢ ᠶᠡᠷᠦᠳᠡ ᠶᠢᠨ ᠵᠠᠩᠰᠢᠯ ᠪᠣᠯᠣᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ ᠮᠠᠰᠢ ᠣᠯᠠᠨ ᠪᠠᠶᠢᠭᠤᠯᠭ᠎ᠠ ᠨᠢᠭᠡᠴᠡ ᠪᠦᠷ ᠸᠢᠴᠠᠲ ᠤᠨ ᠬᠤᠯᠪᠣᠭ᠎ᠠ ᠪᠠᠶᠢᠭᠤᠯᠵᠤ᠂ ᠠᠵᠢᠯ ᠳᠡᠭᠡᠷᠡᠬᠢ ᠵᠠᠷᠢᠮ ᠶᠠᠪᠤᠳᠠᠯ  ᠢᠶᠠᠨ ᠰᠢᠭᠤᠳ ᠸᠢᠴᠠᠲ ᠤᠨ ᠬᠤᠯᠪᠣᠭᠠᠨ ᠳᠠᠭᠠᠨ ᠮᠡᠳᠡᠭᠳᠡᠵᠦ᠂ ᠸᠢᠴᠠᠲ ᠨᠢ ᠪᠢᠳᠠᠨ ᠤ ᠡᠳᠦᠷ ᠲᠤᠲᠤᠮ ᠤᠨ ᠠᠵᠢᠯ ᠠᠮᠢᠳᠤᠷᠠᠯ ᠲᠠᠢ ᠰᠠᠯᠤᠰᠢ ᠦᠭᠡᠢ ᠵᠦᠢᠯ ᠪᠣᠯᠣᠭᠰᠠᠨ ᠪᠠᠶᠢᠨ᠎ᠠ᠃ ᠭᠡᠪᠡᠴᠦ ᠸᠢᠴᠠᠲ ᠤᠨ ᠥᠷᠭᠡᠨ ᠬᠡᠷᠡᠭᠯᠡᠭᠡ ᠶᠢ ᠳᠠᠭᠠᠯᠳᠤᠨ ᠪᠠᠰᠠ ᠵᠠᠷᠢᠮ ᠬᠠᠤᠯᠢ ᠳᠦᠷᠢᠮ᠂ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢᠯᠡᠷᠡᠵᠦ ᠪᠠᠶᠢᠨ᠎ᠠ᠃     ᠬᠠᠮᠢᠶ᠎ᠠ ᠪᠦᠬᠦᠢ ᠰᠠᠯᠠᠭ᠎ᠠ ᠮᠥᠴᠢᠷ ᠰᠠᠨᠠᠭᠤᠯᠬᠤ ᠳᠠᠭᠠᠨ᠂ ᠸᠢᠴᠠᠲ ᠤᠨ ᠨᠠᠶᠢᠵᠠ ᠶᠢᠨ ᠲᠣᠭᠤᠷᠢᠭ᠂ ᠸᠢᠴᠠᠲ ᠤᠨ ᠬᠤᠯᠪᠣᠭ᠎ᠠ ᠪᠣᠯ ᠬᠠᠤᠯᠢ ᠠᠴᠠ ᠭᠠᠳᠠᠭᠤᠷ ᠵᠦᠢᠯ ᠪᠢᠰᠢ ᠪᠣᠯᠬᠤᠷ ᠡᠷᠬᠡᠪᠰᠢ ᠬᠠᠤᠯᠢ ᠰᠠᠬᠢᠯᠭ᠎ᠠ ᠶᠢ ᠵᠢᠷᠤᠮᠯᠠᠨ ᠬᠡᠷᠡᠭᠯᠡᠬᠦ ᠬᠡᠷᠡᠭᠲᠡᠢ᠃ ᠨᠡᠩ ᠢᠯᠠᠩᠭᠤᠶ᠎ᠠ ᠨᠠᠮ ᠤᠨ ᠭᠡᠰᠢᠭᠦᠨ ᠺᠠᠳ᠋ᠷᠴᠤᠤᠠ ᠸᠢᠴᠠᠲ ᠬᠡᠷᠡᠭᠯᠡᠬᠦ ᠳᠡᠭᠡᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠠᠩᠬᠠᠷᠴᠤ᠂ ᠬᠠᠮᠢᠶ᠎ᠠ ᠪᠦᠬᠦᠢ ᠬᠠᠤᠯᠢ ᠰᠠᠬᠢᠯᠭ᠎ᠠ ᠶᠢ ᠵᠢᠷᠤᠮᠯᠠᠨ᠂ ᠥᠪᠡᠷ  ᠤᠨ ᠪᠡᠶ᠎ᠡ ᠪᠠᠨ ᠴᠠᠭ ᠢᠮᠠᠭᠲᠠ ᠴᠢᠩᠭ᠎ᠠ ᠱᠠᠭᠠᠷᠳᠠᠬᠤ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号