ᠲᠡᠭᠦᠰᠬᠦ ᠤᠶᠤᠳᠠᠳ ᠢ ᠠᠵᠢᠯ ᠠᠯᠪᠠ ᠲᠠᠢ ᠪᠤᠯᠭᠠᠬᠤ ︽ᠵᠠᠭᠤᠨ ᠬᠤᠨᠤᠭ ᠤᠨ ᠠᠵᠢᠯᠯᠠᠭ᠎ᠠ︾ ᠡᠬᠢᠯᠡᠵᠦ 40 ᠲᠥᠮᠡᠨ ᠪᠠᠭᠰᠢ ᠡᠯᠰᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/5/12
    ᠰᠣᠷᠭᠠᠨ ᠬᠥᠮᠥᠵᠢᠯ ᠤᠨ ᠶᠠᠮᠤᠨ᠂ ᠬᠥᠮᠥᠨ ᠤ ᠨᠥᠬᠡᠴᠡ ᠪᠠ ᠨᠡᠶᠢᠭᠡᠮ ᠤᠨ ᠪᠠᠳᠣᠯᠠᠭᠠᠨ ᠤ ᠶᠠᠮᠤᠨ᠂ ᠠᠵᠦ ᠥᠢᠯᠡᠳᠪᠥᠷᠢ ᠪᠠ ᠴᠢᠮᠡᠭᠡ ᠵᠠᠩᠬᠢᠴᠢᠯᠠᠯᠳᠠ ᠶᠢᠨ ᠶᠠᠮᠤᠨ᠂ ᠣᠯᠣᠰ ᠤᠨ ᠬᠥᠷᠥᠩᠬᠡ ᠬᠤᠬᠰᠢᠯ ᠤᠨ ᠬᠠᠮᠢᠶᠠᠷᠤᠯᠳᠠ  ᠶᠢᠨ ᠺᠤᠮᠢᠰ᠂ ᠲᠥᠪ ᠤᠨ ᠷᠠᠳᠢᠣ᠋ ᠲᠧᠯᠸᠢᠰ ᠤᠨ ᠶᠡᠷᠥᠩᠬᠡᠢ ᠬᠤᠷᠢᠶ᠎ᠠ᠂ ᠡᠪ ᠬᠠᠮᠳᠣ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠵᠡᠷᠭᠡ 6 ᠰᠠᠯᠠᠭ᠎ᠠ ᠮᠥᠴᠢᠷ ᠤᠨ ᠬᠠᠮᠳᠣᠪᠡᠷ ᠵᠤᠬᠢᠶᠠᠨ ᠪᠠᠶᠢᠭᠤᠯᠤᠬᠰᠠᠨ 2020 ᠣᠨ ᠤ ᠡᠩ ᠤᠨ ᠶᠡᠭᠡ ᠲᠡᠭᠡᠳᠣ ᠰᠣᠷᠭᠠᠭᠤᠯᠢ ᠲᠡᠭᠦᠰᠭᠦ ᠤᠶᠤᠳᠠᠳ ᠲᠤ ᠠᠵᠢᠯ ᠤᠯᠭᠤᠬᠤ ︽ᠵᠠᠭᠤᠨ ᠬᠤᠨᠤᠭ ᠤᠨ ᠠᠵᠢᠯᠯᠠᠭ᠎ᠠ︾ 5 ᠳ᠋ᠣᠭᠠᠷ ᠰᠠᠷ᠎ᠠ ᠶᠢᠨ 6 ᠤ ᠡᠳᠣᠷ ᠠᠯᠪᠠᠨ ᠶᠤᠰᠤᠭᠠᠷ  ᠡᠬᠢᠯᠡᠭᠰᠡᠨ ᠶᠤᠮ᠃     ᠢᠩᠬᠢᠭᠡᠳ 5 ᠳ᠋ᠣᠭᠠᠷ ᠰᠠᠷ᠎ᠠ ᠠᠴᠠ 8 ᠳ᠋ᠣᠭᠠᠷ ᠰᠠᠷ᠎ᠠ ᠶᠢᠨ ᠲᠤᠮᠳᠠᠴᠢ  ᠪᠣᠯᠲᠠᠯ᠎ᠠ ︽40 ᠲᠥᠮᠡᠨ ᠪᠠᠭᠰᠢ ᠡᠯᠰᠡᠵᠦ ᠭᠡᠷᠡᠭᠯᠡᠬᠦ︾᠂ ︽ᠰᠣᠳᠣᠯᠬᠤ ᠰᠤᠷᠤᠬᠴᠢ ᠶᠢ ᠥᠷᠭᠡᠳᠭᠡᠵᠦ ᠡᠯᠰᠡᠬᠦ︾ ᠵᠡᠷᠭᠡ 10 ᠲᠤᠮᠤ ᠠᠵᠢᠯᠯᠠᠭ᠎ᠠ ᠥᠷᠨᠢᠬᠦᠯᠬᠦ ᠪᠠᠷ ᠲᠤᠬᠳᠠᠬᠰᠠᠨ ᠪᠠᠶᠢᠨ᠎ᠠ᠃     ᠮᠥᠨ 6 ᠤ ᠡᠳᠣᠷ᠂ ᠲᠥᠪ ᠤᠨ ᠷᠠᠳᠢᠣ᠋ ᠲᠧᠯᠸᠢᠰ ᠤᠨ ᠶᠡᠷᠥᠩᠬᠡᠢ ᠬᠤᠷᠢᠶᠠᠨ ᠤ 5G ᠰᠢᠨ᠎ᠡ ᠬᠡᠪᠯᠡᠯ ᠮᠡᠳᠡᠭᠡᠯᠡᠯ ᠪᠤᠯᠬᠤ ︽ᠲᠥᠪ ᠲᠧᠯᠸᠢᠰ ᠤᠨ ᠸᠢᠳᠢᠣ᠋︾ ᠲᠠᠪᠴᠠᠩ ᠪᠤᠯᠤᠨ ᠰᠣᠷᠭᠠᠨ ᠬᠥᠮᠥᠵᠢᠯ ᠤᠨ ᠶᠠᠮᠤᠨ ᠤ ᠬᠠᠮᠳᠣᠪᠡᠷ ᠰᠠᠨᠠᠭᠠᠴᠢᠯᠠᠬᠰᠠᠨ ᠰᠥᠯᠵᠢᠶᠡᠨ ᠲᠡᠭᠡᠷᠡᠬᠢ ︽24365 ᠤᠷᠢᠨ ᠡᠯᠰᠡᠬᠦ ᠠᠵᠢᠯᠯᠠᠭ᠎ᠠ︾ ᠴᠣ᠋ ᠠᠯᠪᠠᠨ ᠶᠤᠰᠤᠭᠠᠷ  ᠡᠬᠢᠯᠡᠭᠰᠡᠨ ᠶᠤᠮ᠃     ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠳᠠᠷᠤᠭ᠎ᠠ᠂ ᠲᠥᠪ ᠤᠨ ᠷᠠᠳᠢᠣ᠋ ᠲᠧᠯᠸᠢᠰ ᠤᠨ ᠶᠡᠷᠥᠩᠬᠡᠢ ᠬᠤᠷᠢᠶᠠᠨ ᠤ ᠨᠠᠮ ᠤᠨ ᠲᠤᠭᠤᠶᠢᠯᠠᠩ ᠤᠨ ᠱᠥᠵᠢ᠂ ᠶᠡᠷᠥᠩᠬᠡᠢ ᠬᠤᠷᠢᠶᠠᠨ ᠤ ᠳᠠᠷᠤᠭ᠎ᠠ ᠱᠧᠨ ᠬᠠᠢ ᠰᠢᠶᠥ᠋ᠩ᠂ ᠰᠣᠷᠭᠠᠨ ᠬᠥᠮᠥᠵᠢᠯ ᠤᠨ ᠶᠠᠮᠤᠨ ᠤ ᠲᠡᠳ᠋ ᠰᠠᠶᠢᠳ ᠸᠧᠩ ᠲᠢᠶᠧ ᠡᠾᠥ᠋ᠢ ︽ᠵᠠᠭᠤᠨ ᠬᠤᠨᠤᠭ ᠤᠨ ᠠᠵᠢᠯᠯᠠᠭᠠᠨ︾ ᠤ ᠡᠬᠢᠯᠡᠯᠳᠡ ᠶᠢᠨ ᠶᠤᠰᠤᠯᠠᠯ ᠳᠤ ᠸᠢᠳᠢᠣ᠋ ᠪᠠᠷ ᠤᠷᠤᠯᠴᠠᠬᠰᠠᠨ ᠪᠠᠶᠢᠨ᠎ᠠ᠃       ᠣᠳᠣ ᠲᠡᠭᠦᠰᠬᠦ ᠤᠶᠤᠳᠠᠳ ᠢ ᠠᠵᠢᠯ ᠠᠯᠪᠠ ᠲᠠᠢ ᠪᠤᠯᠭᠠᠬᠤ ᠠᠷᠪᠠᠨ ᠲᠤᠮᠤ ᠠᠷᠭ᠎ᠠ ᠬᠡᠮᠵᠢᠶ᠎ᠡ ᠪᠤᠶᠤ ᠠᠵᠢᠯᠯᠠᠭ᠎ᠠ ᠶᠢ ᠲᠤᠪᠴᠢᠬᠠᠨ ᠲᠠᠨᠢᠯᠴᠠᠭᠤᠯᠤᠶ᠎ᠠ᠄     1. ᠲᠤᠬᠠᠶᠢᠯᠠᠭᠰᠠᠨ ᠠᠵᠢᠯ ᠮᠡᠷᠭᠡᠵᠢᠯ ᠤᠨ ᠰᠣᠷᠭᠠᠭᠤᠯᠢ ᠠᠴᠠ ᠶᠡᠭᠡ ᠳᠡᠭᠡᠳᠦ ᠰᠣᠷᠭᠠᠭᠤᠯᠢ ᠳᠤ ᠲᠡᠪᠰᠢᠬᠦ ᠰᠤᠷᠤᠬᠴᠢ ᠪᠠ ᠰᠤᠳᠤᠯᠬᠤ ᠰᠤᠷᠤᠬᠴᠢ ᠶᠢ ᠥᠷᠭᠡᠳᠭᠡᠵᠦ ᠡᠯᠰᠡᠨ᠎ᠠ︔  ᠶᠡᠭᠡ ᠰᠣᠷᠭᠠᠭᠤᠯᠢ ᠳᠠᠭᠠᠨ ᠬᠤᠶᠠᠳᠣᠭᠠᠷ ᠮᠡᠷᠭᠡᠵᠢᠯ ᠢᠶᠠᠷ ᠵᠠᠯᠭᠠᠵᠦ ᠰᠤᠷᠤᠯᠴᠠᠬᠤ ᠰᠤᠷᠤᠬᠴᠢ ᠶᠢ ᠥᠷᠭᠡᠳᠬᠡᠵᠦ ᠡᠯᠰᠡᠨ᠎ᠠ᠃     2. ᠲᠤᠮᠳᠠᠳᠣ ᠪᠠᠭ᠎ᠠ ᠰᠣᠷᠭᠠᠭᠤᠯᠢ ᠪᠤᠯᠤᠨ ᠬᠡᠣᠬᠡᠳ ᠤᠨ ᠴᠡᠴᠡᠷᠯᠢᠭ ᠲᠤ 40 ᠲᠥᠮᠡᠨ ᠪᠠᠭᠰᠢ ᠡᠯᠰᠡᠨ᠎ᠡ᠃     3. ᠣᠶᠤᠲᠠᠳ ᠠᠴᠠ ᠴᠡᠷᠢᠭ ᠲᠤ ᠡᠯᠰᠡᠬᠦ ᠤᠷᠤᠨ ᠲᠤᠭ᠎ᠠ ᠶᠢ ᠨᠡᠮᠡᠭᠳᠡᠭᠦᠯᠥᠨ᠎ᠠ᠃     4. ᠰᠢᠨᠵᠢᠯᠡᠭᠡ ᠰᠣᠳᠣᠯᠭ᠎ᠠ᠂ ᠨᠡᠶᠢᠭᠡᠮ ᠤᠨ ᠬᠤᠷᠢᠶᠠᠯᠠᠯ᠂ ᠡᠮᠴᠢᠯᠡᠭᠡ ᠵᠡᠷᠭᠡ ᠠᠵᠢᠯ ᠤᠨ ᠪᠠᠶᠢᠷᠢᠨ ᠳᠤ ᠲᠡᠭᠦᠰᠭᠦ ᠣᠶᠣᠳᠠᠳ ᠢ ᠤᠷᠢᠳᠠᠪᠡᠷ ᠡᠯᠰᠡᠵᠦ ᠭᠡᠷᠡᠭᠯᠡᠨ᠎ᠠ᠃     5. ᠨᠥᠬᠦᠪᠥᠷᠢ ᠥᠭᠭᠦ᠂ ᠬᠠᠷᠠᠭᠠᠯᠵᠠᠯ ᠥᠵᠡᠭᠦᠯᠬᠦ ᠵᠡᠷᠭᠡ ᠲᠥᠷᠥ ᠶᠢᠨ ᠪᠤᠳᠤᠯᠭ᠎ᠠ ᠪᠠᠷ ᠠᠵᠦ ᠠᠬᠤᠶᠢᠯᠠᠯ  ᠤᠳ ᠤᠨ ᠲᠡᠭᠦᠰᠬᠦ ᠤᠶᠤᠳᠠᠳ ᠢ ᠡᠯᠰᠡᠵᠦ ᠭᠡᠷᠡᠭᠯᠡᠬᠦ ᠶᠢ  ᠵᠣᠷᠢᠭᠵᠢᠭᠤᠯᠤᠨ᠎ᠠ᠃     6. ᠰᠥᠯᠵᠢᠶᠡᠨ ᠲᠡᠭᠡᠷ᠎ᠡ ᠠᠵᠢᠯ ᠡᠷᠢᠬᠦ ᠶᠢ ᠠᠬᠢᠭᠤᠯᠵᠦ᠂ ᠰᠣᠷᠭᠠᠭᠤᠯᠢ ᠶᠢᠨ ᠬᠥᠷᠢᠶᠡᠨ ᠤ ᠠᠵᠢᠯ ᠳᠤ ᠡᠯᠰᠡᠬᠦ  ᠠᠵᠢᠯᠯᠠᠭ᠎ᠠ ᠶᠢ ᠰᠡᠷᠭᠦᠭᠡᠨ᠎ᠠ᠃     7. ᠶᠡᠭᠡ ᠳᠡᠭᠡᠳᠦ ᠰᠣᠷᠭᠠᠭᠤᠯᠢ ᠶᠢᠨ ᠣᠶᠤᠲᠠᠳ ᠤᠨ ᠬᠤᠪᠢ ᠪᠠᠷ ᠢᠶᠠᠨ ᠠᠵᠢᠯ ᠥᠢᠯᠡᠰ ᠡᠷᠬᠢᠯᠡᠬᠦ ᠶᠢ ᠠᠬᠢᠭᠤᠯᠤᠨ᠎ᠠ᠃     8. ᠬᠤᠪᠸᠢ ᠶᠢ ᠭᠤᠤᠯᠳᠠᠯᠭ᠎ᠠ ᠲᠠᠢ ᠲᠡᠳᠭᠦᠨ ᠲᠡᠮᠵᠢᠬᠦ ᠠᠵᠢᠯᠯᠠᠭ᠎ᠠ ᠥᠷᠨᠢᠬᠦᠯᠥᠨ᠎ᠠ᠃     9. ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠳᠤ ᠲᠤᠰᠠᠯᠠᠬᠤ ᠠᠵᠢᠯᠯᠠᠭ᠎ᠠ ᠥᠷᠨᠢᠭᠦᠯᠦᠨ᠎ᠡ᠃     10. ᠲᠡᠭᠦᠰᠬᠦ ᠤᠶᠤᠳᠠᠳ ᠤᠨ ᠠᠵᠢᠯ ᠣᠯᠭᠤᠯᠳᠠ ᠶᠢᠨ ᠪᠠᠶᠢᠳᠠᠯ ᠢ ᠤᠷᠤᠨ ᠨᠤᠳᠤᠭ ᠤᠨ ᠵᠠᠰᠠᠭ ᠤᠨ ᠤᠷᠳᠣᠨ ᠪᠤᠯᠤᠨ ᠶᠡᠭᠡ ᠳᠡᠭᠡᠳᠦ ᠰᠣᠷᠭᠠᠭᠤᠯᠢ ᠶᠢᠨ ᠠᠵᠢᠯ ᠤᠨ ᠬᠢᠷᠢ ᠪᠥᠳᠥᠮᠵᠢ ᠲᠠᠢ ᠬᠤᠯᠪᠤᠬᠳᠠᠭᠤᠯᠬᠤ ᠵᠡᠷᠭᠡ ᠪᠤᠯᠤᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号