2020 ᠣᠨ ᠳᠤ 18.9 ᠲᠦᠮᠡᠨ ᠠᠰᠫᠢᠷᠠᠨᠲ ᠥᠷᠭᠡᠳᠬᠡᠨ ᠡᠯᠰᠡᠬᠦ ᠨᠢ ᠶᠠᠮᠠᠷ ᠶᠠᠮᠠᠷ ᠠᠵᠠ ᠲᠣᠬᠢᠶᠠᠯ ᠪᠠ ᠥᠷᠢᠰᠥᠯᠳᠦᠭᠡᠨ ᠢ ᠠᠪᠴᠢᠷᠠᠬᠤ ᠪᠣᠶ︖
ᠨᠡᠶᠢᠲᠡᠯᠡᠭᠰᠡᠨ ᠴᠠᠭ᠄
2020/5/25
    ᠣᠶᠢᠷ᠎ᠠ ᠳᠤ᠂ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠬᠢᠨ 2020 ᠣᠨ ᠤ ᠠᠰᠫᠢᠷᠠᠨᠲ ᠤᠨ ᠬᠤᠶᠠᠳᠠᠬᠢ ᠰᠢᠯᠭᠠᠯᠲᠠ ᠶᠢᠨ ᠬᠤᠪᠢ ᠶᠢᠨ  ᠱᠤᠭᠤᠮ ᠪᠠ ᠬᠤᠶᠠᠳᠠᠬᠢ ᠰᠢᠯᠭᠠᠯᠲᠠ ᠶᠢᠨ ᠠᠷᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ︽ᠠᠰᠫᠢᠷᠠᠨᠲ  ᠰᠢᠯᠭᠠᠬᠤ  ᠲᠡᠮᠡᠴᠡᠭᠡᠨ︾  ᠬᠤᠶᠢᠨᠠᠭᠢ ᠬᠠᠭᠠᠰ ᠬᠤᠭᠤᠴᠠᠭᠠᠨ ᠳᠤ ᠣᠷᠣᠪᠠ᠃         ᠰᠤᠷᠭᠠᠨ ᠬᠥᠮᠦᠵᠢᠯ ᠤᠨ ᠶᠠᠮᠤᠨ ᠡᠨᠡ ᠵᠢᠯ 18.9 ᠲᠦᠮᠡᠡ ᠠᠰᠫᠢᠷᠠᠨᠲ ᠥᠷᠭᠡᠳᠬᠡᠨ ᠡᠯᠰᠡᠬᠦ ᠪᠠᠷ ᠲᠥᠯᠥᠪᠯᠡᠵᠦ ᠪᠠᠶᠢᠬᠤ ᠪᠥᠭᠡᠳ ᠡᠯᠰᠡᠬᠦ ᠬᠡᠪᠴᠢᠶ᠎ᠡ ᠶᠢ ᠵᠤᠬᠢᠴᠠᠩᠭᠤᠢ  ᠎ ᠪᠠᠷ  ᠦᠷᠭᠦᠯᠵᠢᠯᠡᠨ  ᠥᠷᠭᠡᠳᠬᠡᠨ᠎ᠡ  ᠭᠡᠵᠦ ᠲᠣᠳᠣᠷᠬᠠᠶ ᠲᠣᠭᠲᠠᠭᠠᠪᠠ᠃                 ᠦᠷᠭᠡᠳᠭᠡᠨ ᠡᠯᠰᠡᠭᠦ ᠲᠦᠷᠦ ᠶᠢᠨ ᠪᠤᠳᠤᠯᠭ᠎ᠠ ᠶᠢ ᠤᠯᠵᠤ ᠬᠦᠷᠲᠡᠵᠦ ᠴᠢᠳᠠᠨ᠎ᠠ ᠤᠤ︖           ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠤᠷᠢᠳᠴᠢᠯᠠᠨ ᠰᠡᠷᠭᠡᠶᠢᠯᠡᠬᠦ  ᠠᠨᠠᠭᠠᠬᠤ  ᠤᠬᠠᠭᠠᠨ  ᠵᠡᠷᠭᠡ  ᠠᠨᠠᠭᠠᠬᠤ  ᠤᠬᠠᠭᠠᠨ ᠤ  ᠲᠥᠷᠥᠯ ᠤᠨ ᠲᠤᠰᠬᠠᠶ ᠮᠡᠷᠭᠡᠵᠢᠯ ᠳᠤ ᠥᠷᠭᠡᠳᠬᠡᠨ ᠡᠯᠰᠡᠭᠰᠡᠨ ᠨᠢ ᠢᠯᠡᠷᠬᠡᠶ ᠪᠠᠶᠢᠨ᠎ᠠ᠃ ᠪᠠᠷᠠᠭᠤᠨ ᠡᠮᠦᠨᠡᠲᠦ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ 2020 ᠣᠨ ᠤ ᠠᠰᠫᠢᠷᠠᠨᠲ ᠡᠯᠰᠡᠬᠦ ᠪᠠᠷ ᠲᠦᠯᠦᠪᠯᠡᠭᠰᠡᠨ ᠬᠦᠢᠴᠡᠳᠭᠡᠯ ᠲᠤᠭ᠎ᠠ ᠶᠢ  ᠬᠤᠶᠠᠷ  ᠡᠭᠡᠯᠵᠢ ᠪᠠᠷ ᠨᠡᠮᠡᠭᠳᠡᠭᠦᠯᠭᠦ ᠪᠠᠷ ᠲᠠᠮᠵᠢᠨ ᠪᠤᠳᠠᠳᠠᠢ ᠥᠷᠭᠡᠳᠬᠡᠨ ᠡᠯᠰᠡᠭᠰᠡᠨ ᠬᠠᠷᠢᠴᠠᠯ ᠨᠢ ᠪᠠᠷᠤᠭ 30%᠎ ᠳᠤ ᠬᠦᠷᠴᠠᠢ︔  ᠬᠤᠧᠠᠵᠦ᠋ᠡᠭ ‍ᠤᠨ‌‍ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠨᠢ ᠥᠷᠭᠡᠳᠬᠡᠨ ᠡᠯᠰᠡᠬᠦ ᠣᠷᠣᠨ ᠲᠤᠭ᠎ᠠ ᠪᠠᠨ ᠪᠦᠭᠦᠨ ᠢ ᠠᠨᠠᠭᠠᠬᠤ ᠤᠬᠠᠭᠠᠨ ᠤ  ᠲᠤᠰᠬᠠᠢ ᠮᠡᠷᠭᠡᠵᠢᠯ ᠳᠤ ᠲᠣᠬᠢᠷᠠᠭᠤᠯᠵᠠᠢ᠃       ᠲᠤᠰᠬᠠᠶ ᠮᠡᠷᠭᠡᠵᠢᠯᠲᠡᠨ ᠤ  ᠦᠵᠡᠬᠦ ᠪᠠᠷ᠂  ᠡᠶᠢᠮᠦᠷᠬᠦᠤ ᠲᠣᠬᠢᠷᠠᠭᠤᠯᠤᠯᠲᠠ ᠨᠢ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠬᠤᠶ ᠪᠠᠶᠢᠳᠠᠯ ᠲᠠᠢ ᠰᠢᠭᠤᠳ ᠬᠤᠯᠪᠣᠭ᠎ᠠ ᠲᠠᠢ ᠪᠠᠶᠢᠵᠤ᠂ ᠣᠳᠣᠬᠠᠨ ᠤ ᠴᠢᠳᠠᠪᠤᠷᠢᠲᠠᠨ ᠤ ᠬᠦᠷᠢᠶᠡᠨ ᠳᠠᠬᠢ ᠨᠡᠶᠢᠭᠡᠮ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠲᠤᠰᠬᠠᠵᠠᠢ ᠬᠡᠪᠡ᠃             ᠵᠣᠬᠢᠶᠠᠮᠠᠯ ᠣᠶᠤᠨ ᠴᠢᠳᠠᠪᠤᠷᠢ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡᠨ ᠤ ᠲᠤᠰᠬᠠᠶ ᠮᠡᠷᠭᠡᠵᠢᠯ ᠪᠣᠯ ᠮᠥᠨ ᠴᠦ ᠥᠷᠭᠡᠳᠬᠡᠨ ᠡᠯᠰᠡᠬᠦ ᠬᠠᠯᠠᠮᠰᠢᠯ ᠲᠠᠢ ᠲᠤᠰᠬᠠᠶ ᠮᠡᠷᠭᠡᠵᠢᠯ ᠤᠨ ᠨᠢᠭᠡ ᠪᠣᠯᠤᠨ᠎ᠠ᠃ ᠡᠨᠡ ᠵᠢᠯ ᠤᠨ 3 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠬᠤᠯᠪᠣᠭᠳᠠᠯ  ᠪᠥᠬᠦᠶ  ᠰᠠᠯᠠᠭ᠎ᠠ  ᠮᠥᠴᠢᠷ  ᠠᠴᠠ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠠᠬᠢ ᠠᠰᠫᠢᠷᠠᠨᠲ ᠬᠥᠮᠦᠵᠢᠭᠦᠯᠬᠦ  ᠶᠢ ᠲᠦᠷᠭᠡᠳᠬᠡᠬᠦ ᠬᠡᠷᠡᠭᠲᠡᠢ ᠭᠡᠵᠦ ᠲᠤᠷᠠᠳᠪᠠ᠃                 ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠰᠫᠢᠷᠠᠠᠲ ᠥᠷᠭᠡᠳᠬᠡᠨ  ᠡᠯᠰᠡᠬᠦ  ᠲᠥᠯᠥᠪᠯᠡᠭᠡ ᠶᠢᠨ  ᠭᠦᠢᠴᠡᠳᠬᠡᠯ ᠲᠤᠭ᠎ᠠ ᠶᠢ ᠳᠤᠮᠳᠠ ᠪᠠᠷᠠᠭᠤᠨ ᠣᠷᠣᠨ ᠪᠠ ᠵᠡᠭᠦᠨ ᠬᠤᠶᠢᠲᠤ ᠣᠷᠣᠨ ᠤ ᠶᠡᠭᠡ ᠳᠡᠭᠡᠳᠦ ᠰᠤᠷᠭᠠᠭᠤᠯᠢ  ᠳᠠᠰᠢ  ᠬᠡᠯᠪᠠᠶᠢᠯᠭᠡᠵᠡᠢ᠃ ᠬᠠᠷᠠᠮᠥ᠋ᠷᠡᠨ ᠶᠡᠭᠡ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠳᠠᠷᠤᠭ᠎ᠠ  ᠯᠦᠸᠧ ᠶᠤᠸᠠᠢ ᠵᠢᠶᠦ᠋ᠨ ᠬᠡᠯᠡᠬᠦ ᠳᠡᠭᠡᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ ᠬᠠᠷᠠᠮᠥ᠋ᠷᠡᠨ ᠶᠡᠭᠡ ᠰᠤᠷᠭᠠᠭᠤᠯᠢ ᠶᠢᠨ ᠠᠰᠫᠢᠷᠠᠨᠲ  ᠡᠯᠰᠡᠬᠦ ᠲᠦᠯᠦᠪᠯᠡᠭᠡ ᠨᠢ 2019 ᠣᠨ ᠳᠤ 2059 ᠬᠥᠮᠦᠨ ᠪᠠᠶᠢᠭᠰᠠᠨ ᠠᠴᠠ ᠪᠠᠨ 2020 ᠣᠨ ᠳᠤ 2773 ᠬᠥᠮᠦᠨ ᠪᠣᠯᠵᠣ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠭᠤᠷᠪᠠᠨ ᠤ ᠨᠢᠭᠡ ᠬᠤᠪᠢ ᠶᠢ ᠳᠠᠪᠠᠵᠠᠶ ᠭᠡᠪᠡ᠃             ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠶᠢᠷᠢ ᠲᠤᠬᠳᠠᠭᠠᠯᠳᠠ ᠲᠠᠢ᠂ ᠲᠤᠰᠬᠠᠶ ᠮᠡᠷᠭᠡᠵᠢᠯ ᠤᠨ ᠴᠢᠳᠠᠪᠤᠷᠢ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠴᠢᠬᠤᠯᠠᠴᠢᠯᠠᠬᠤ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠲᠠᠢ ᠮᠠᠰᠲ᠋ᠧᠷ ᠨᠢ ᠥᠷᠭᠡᠳᠬᠡᠨ ᠡᠯᠰᠡᠬᠦ ᠳᠤᠮᠳᠠ ᠨᠠᠩ ᠠᠷᠪᠢᠨ ᠠᠩᠬᠠᠷᠤᠯ ᠢ ᠲᠠᠲᠠᠵᠠᠶ᠃  ︽ᠡᠨᠡ ᠵᠢᠯ ᠤᠨ  ᠪᠢᠳᠠᠨ ᠤ ᠥᠷᠭᠡᠳᠬᠡᠨ ᠡᠯᠰᠡᠬᠦ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠠᠲ ᠡᠯᠰᠡᠬᠦ ᠲᠥᠯᠥᠪᠯᠡᠭᠡ ᠨᠢᠭᠡᠨᠲᠡ ᠡᠷᠳᠡᠮ  ᠰᠢᠨᠵᠢᠯᠡᠭᠡᠨ ᠤ ᠡᠷᠳᠡᠮ ᠤᠨ ᠴᠣᠯᠠ ᠶᠢᠨ ᠲᠤᠰᠬᠠᠶ ᠮᠡᠷᠭᠡᠵᠢᠯ ᠤᠨ ᠲᠥᠯᠥᠪᠯᠡᠭᠡ ᠠᠴᠠ ᠳᠠᠪᠠᠵᠠᠶ︾ ᠭᠡᠵᠦ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ  ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠳᠠᠷᠤᠭ᠎ᠠ ᠯᠢᠦ ᠱᠢ ᠶᠢᠩ  ᠬᠡᠯᠡᠭᠰᠡᠨ ᠢᠶᠠᠨ ᠵᠠᠯᠭᠠᠭᠠᠳ᠂ ᠰᠤᠷᠭᠠᠭᠤᠯᠢ ᠨᠢ ᠤᠶᠤᠳᠠᠨ ᠡᠯᠰᠡᠬᠦ ᠲᠥᠯᠥᠪᠯᠡᠭᠡ ᠶᠢ ᠡᠷᠡᠮᠡᠯᠵᠡᠨ ᠮᠡᠳᠡᠭᠦᠯᠬᠦ᠂ ᠬᠤᠪᠢᠶᠠᠷᠢᠯᠠᠬᠤ ᠵᠢᠴᠢ ᠬᠡᠷᠡᠭᠯᠡᠬᠦ ᠲᠠᠯ᠎ᠠ ᠪᠠᠷ ᠴᠥᠮ ᠲᠠᠷᠢᠶᠠᠯᠠᠩ᠂ ᠮᠠᠯ ᠠᠵᠤ ᠠᠬᠤᠶ᠂ ᠮᠠᠯ ᠡᠮᠨᠡᠯᠭᠡ᠂ ᠠᠮᠢᠳᠤ ᠪᠣᠳᠠᠰ ᠪᠠ ᠡᠮ ᠡᠮᠨᠡᠯᠭᠡ ᠪᠣᠯᠤᠨ ᠮᠠᠰᠢᠨ ᠮᠧᠬᠠᠨᠢᠭ  ᠵᠡᠷᠭᠡ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠳᠠᠰᠢ ᠬᠡᠯᠪᠠᠶᠢᠯᠭᠡᠪᠠ᠂ ᠡ᠊ᠨᠡ ᠨᠢ ᠪᠣᠳᠠᠲᠠᠶ ᠠᠵᠢᠯ ᠢ ᠪᠦᠲᠦᠭᠡᠯᠴᠢ ᠴᠢᠨᠠᠷᠲᠠᠶ ᠪᠠᠷ ᠬᠢᠵᠦ ᠴᠢᠳᠠᠬᠤ ᠨᠠᠩ ᠣᠯᠠᠨ ᠳᠡᠭᠡᠳᠦ ᠲᠠᠰ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ  ᠬᠥᠮᠦᠵᠢᠭᠦᠯᠬᠦ ᠳᠤ ᠠᠰᠢᠭᠲᠠᠶ ᠶᠤᠮ ᠭᠡᠪᠡ᠃             ᠶᠡᠭᠡ ᠳᠡᠭᠡᠳᠦ ᠰᠤᠷᠭᠠᠭᠤᠯᠢ ᠪᠡᠯᠡᠳᠭᠡᠯ ᠢᠶᠠᠨ ᠰᠠᠶᠢᠳᠤᠷ ᠬᠢᠭᠰᠡᠨ ᠤᠤ︖             ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ  ︽2020  ᠣᠨ ᠤ  ᠪᠥᠬᠦ  ᠤᠯᠤᠰ ᠤᠨ ᠠᠰᠫᠢᠷᠠᠨᠲ ᠡᠯᠰᠡᠬᠦ ᠲᠤᠬᠠᠢ ᠪᠠᠶᠢᠴᠠᠭᠠᠯᠲᠠ ᠶᠢᠨ ᠮᠡᠳᠡᠭᠦᠯᠦᠯᠲᠡ︾ ᠎ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂  2019ᠣᠨ ᠤ ᠠᠰᠫᠢᠷᠠᠨᠲ ᠡᠯᠰᠡᠭᠰᠡᠨ ᠬᠥᠮᠦᠨ ᠤ ᠲᠤᠭ᠎ᠠ ᠨᠢ ᠪᠠᠷᠤᠭ 80.5 ᠲᠦᠮᠡ  ᠪᠤᠯᠤᠨ᠎ᠠ᠃  18.9 ᠲᠦᠮᠡᠨ ᠬᠥᠮᠦᠨ ᠥᠷᠭᠡᠳᠬᠡᠨ ᠡᠯᠰᠡᠭᠦ ᠪᠠᠷ ᠲᠦᠯᠦᠪᠯᠡᠭᠰᠡᠨ ᠶᠤᠰᠤᠭᠠᠷ ᠪᠤᠳᠤᠪᠠᠯ᠂ 2020 ᠣᠨ ᠳᠤ ᠠᠰᠫᠢᠷᠠᠨᠲ ᠥᠷᠭᠡᠳᠬᠡᠨ  ᠡᠯᠰᠡᠬᠦ ᠬᠠᠷᠢᠴᠠᠯ ᠨᠢ ᠨᠢᠭᠡᠨᠲᠡ 20%᠎ ᠶᠢ ᠳᠠᠪᠠᠵᠠᠢ᠃             ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠰᠫᠢᠷᠠᠨᠲ ᠡᠯᠰᠡᠬᠦ ᠲᠥᠯᠥᠪᠯᠡᠭᠡ ᠶᠢ ᠶᠡᠭᠡᠪᠡᠷ ᠨᠡᠮᠡᠭᠳᠡᠭᠦᠯᠦᠭᠰᠡᠨ ᠨᠢ ᠶᠡᠭᠡ ᠳᠡᠭᠡᠳᠦ ᠰᠤᠷᠭᠠᠭᠤᠯᠢ ᠶᠢᠨ ᠠᠷᠤ ᠦᠢᠯᠡᠴᠢᠯᠡᠭᠡᠨ ᠤ ᠠᠵᠢᠯ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠬᠠᠮᠢᠶᠠᠷᠤᠯᠲᠠ ᠵᠡᠷᠭᠡ ᠲᠠᠯ᠎ᠠ ᠳᠤ ᠴᠥᠭᠡᠨ ᠪᠤᠰᠤ ᠥᠷᠢᠰᠥᠯᠳᠦᠭᠡᠨ ᠠᠪᠴᠢᠷᠠᠭᠰᠠᠨ  ᠪᠠᠶᠢᠨ᠎ᠠ᠃  ᠰᠤᠷᠪᠤᠯᠵᠢᠯᠠᠭ᠎ᠠ ᠬᠦᠯᠢᠶᠡᠭᠰᠡᠨ ᠠᠷᠪᠢᠨ ᠶᠡᠭᠡ ᠳᠡᠭᠡᠳᠦ ᠰᠤᠷᠭᠠᠭᠤᠯᠢ ᠶᠢᠨ ᠠᠰᠫᠢᠷᠠᠠᠲ ᠤᠨ ᠬᠦᠷᠢᠶᠡᠯᠡᠩ ᠤᠨ ᠬᠠᠷᠢᠭᠤᠴᠠᠯᠭᠠᠳᠠᠳ ᠢᠯᠡᠷᠬᠡᠶᠢᠯᠡᠬᠦ ᠳᠡᠭᠡᠨ᠂ ᠡᠯᠰᠡᠬᠦ ᠠᠵᠢᠯ ᠨᠢ ᠵᠦᠪᠭᠡᠨ ᠠᠰᠫᠢᠷᠠᠨᠲ ᠡᠯᠰᠡᠬᠦ ᠠᠵᠢᠯ ᠤᠨ ᠠᠩᠬᠠᠨ ᠤ  ᠭᠤᠭᠴᠤᠭ᠎ᠠ  ᠪᠤᠯᠤᠨ᠎ᠠ᠃  ᠤᠶᠤᠳᠠᠳ ᠰᠤᠷᠭᠠᠭᠤᠯᠢ ᠳᠤ ᠣᠷᠣᠵᠤ ᠨᠡᠷ᠎ᠡ ᠮᠡᠳᠡᠭᠦᠯᠦᠭᠰᠡᠨ ᠤ ᠳᠠᠷᠠᠭ᠎ᠠ᠂ ᠪᠠᠰᠠ ᠬᠤᠨᠤᠭ ᠤᠨ ᠨᠥᠬᠦᠴᠡᠯ᠂ ᠵᠢᠭᠠᠨ ᠰᠤᠷᠭᠠᠯᠲᠠ ᠶᠢᠨ ᠣᠷᠣᠨ ᠵᠠᠶ᠂ ᠬᠠᠲᠠᠭᠤ ᠲᠣᠨᠤᠭ ᠲᠥᠬᠦᠭᠡᠷᠦᠮᠵᠢ ᠵᠡᠷᠭᠡ ᠣᠯᠠᠨ ᠲᠠᠯ᠎ᠠ ᠶᠢᠨ  ᠲᠠᠭᠠᠭᠠᠬᠤ ᠴᠢᠳᠠᠪᠤᠷᠢ ᠶᠢ ᠪᠣᠳᠣᠯᠬᠢᠯᠠᠬᠤ ᠬᠡᠷᠡᠭᠲᠡᠶ︔  ᠲᠤᠷᠰᠢᠯᠲᠠ ᠵᠢᠨ‌‍ᠲ᠋ᠠᠰᠤᠭ ᠵᠡᠷᠭᠡ  ᠰᠢᠨᠵᠢᠯᠡᠬᠦ  ᠤᠬᠠᠭᠠᠨ ᠤ  ᠰᠤᠳᠤᠯᠭᠠᠨ ᠤ  ᠬᠠᠲᠠᠭᠤ  ᠵᠥᠭᠡᠯᠡᠨ  ᠲᠣᠨᠤᠭ ᠤᠨ  ᠨᠥᠬᠦᠴᠡᠯ ᠨᠢ  ᠥᠷᠭᠡᠳᠬᠡᠨ ᠡᠯᠰᠡᠭᠰᠡᠨ ᠤ ᠳᠠᠷᠠᠭᠠᠬᠢ ᠬᠡᠷᠡᠭᠴᠡᠭᠡ ᠶᠢ  ᠬᠠᠩᠭᠠᠵᠤ ᠳᠡᠶᠢᠯᠬᠦ  ᠡᠰᠡᠬᠦ ᠶᠢ ᠪᠣᠳᠣᠯᠬᠢᠯᠠᠬᠤ  ᠬᠡᠷᠡᠭᠲᠡᠢ︔  ᠤᠶᠤᠳᠠᠳ ᠤᠨ ᠬᠠᠮᠢᠶᠠᠷᠤᠯᠲᠠ ᠦᠢᠯᠡᠴᠢᠯᠡᠭᠡᠨ ᠤ ᠲᠠᠯ᠎ᠠ ᠪᠠᠷ᠂ ᠥᠷᠭᠡᠳᠬᠡᠨ ᠡᠯᠰᠡᠭᠰᠡᠨ ᠤ ᠳᠠᠷᠠᠭᠠᠬᠢ ᠪᠣᠳᠠᠲᠠᠶ ᠬᠦᠴᠢᠷᠳᠠᠯ ᠳᠤ ᠵᠣᠬᠢᠴᠠᠵᠤ ᠲᠡᠶᠢᠯᠭᠦ ᠡᠰᠡᠬᠦ ᠶᠢ ᠪᠣᠳᠣᠯᠬᠢᠯᠠᠬᠤ ᠬᠡᠷᠡᠭᠲᠡᠢ ᠬᠡᠪᠡ᠃        ᠡᠭᠦᠨ ᠠᠴᠠ ᠭᠠᠳᠠᠨ᠎ᠠ᠂ ᠡᠨᠡ ᠵᠢᠯ ᠤᠨ ᠠᠰᠫᠢᠷᠠᠨᠲ ᠡᠯᠰᠡᠬᠦ ᠠᠵᠢᠯ ᠨᠢ ᠶᠠᠭ ᠬᠢᠵᠢᠭ ᠢ ᠰᠡᠷᠭᠡᠶᠢᠯᠡᠨ ᠬᠤᠷᠢᠬᠯᠠᠬᠤ ᠴᠠᠭ ᠦᠶ᠎ᠡ ᠳᠤ ᠤᠷᠤᠰᠢᠵᠤ ᠪᠠᠶᠢᠨ᠎ᠠ᠂ ᠬᠡᠷᠬᠢᠨ ᠠᠯᠤᠰ ᠡᠵᠡᠮᠰᠢᠯᠲᠦ ᠰᠦᠯᠵᠢᠶᠡᠨ ᠤ ᠬᠤᠶᠠᠳᠠᠬᠢ ᠰᠢᠯᠭᠠᠯᠲᠠ ᠵᠡᠷᠭᠡ ᠬᠠᠮᠢᠶ᠎ᠠ ᠪᠥᠬᠦᠶ ᠲᠣᠬᠢᠷᠠᠭᠤᠯᠤᠯᠲᠠ ᠶᠢᠨ ᠠᠶᠤᠯᠭᠦᠶ ᠴᠢᠨᠠᠷ᠂ ᠭᠤᠤᠯᠴᠢ ᠴᠢᠨᠠᠷ ᠪᠠ  ᠰᠢᠨᠵᠢᠯᠡᠬᠦ  ᠤᠬᠠᠭᠠᠨᠴᠢ  ᠴᠢᠨᠠᠷ ᠢ  ᠦᠨᠡᠨᠬᠦ  ᠪᠠᠲᠤᠯᠠᠬᠤ ᠨᠢ ᠠᠰᠫᠢᠷᠠᠨᠲ ᠡᠯᠰᠡᠬᠦ ᠠᠵᠢᠯ ᠤᠨ ᠲᠣᠰ ᠪᠡᠶ᠎ᠡ ᠶᠢᠨ ᠡᠷᠬᠡᠪᠰᠢ ᠬᠠᠨᠳᠤᠬᠤ ᠬᠡᠷᠡᠭᠲᠡᠢ ᠨᠢᠭᠡ ᠤᠳᠠᠭᠠᠨ ᠤ ᠶᠡᠭᠡ  ᠰᠢᠯᠭᠠᠯᠲᠠ‌‍ᠪᠤᠯᠵᠠᠢ᠃                 ᠵᠢᠯ ᠪᠦᠷᠢ ᠬᠦᠮᠦᠵᠢᠭᠦᠯᠦᠭᠰᠡᠨ ᠵᠠᠭᠤᠨ ᠲᠦᠮᠡᠨ ᠮᠠᠰᠲ᠋ᠧᠷ ᠨᠢ ᠬᠠᠮᠢᠭᠠᠰᠢ ᠤᠳᠬᠤ ᠪᠣᠶ︖           18.9 ᠲᠦᠮᠡᠨ ᠬᠥᠮᠦᠨ ᠢ ᠥᠷᠭᠡᠳᠬᠡᠨ ᠡᠯᠰᠡᠭᠰᠡᠨ ᠤ ᠳᠠᠷᠠᠭ᠎ᠠ᠂ ᠡᠨᠡ  ᠵᠢᠯ  ᠮᠠᠨ ᠤ  ᠤᠯᠤᠰ ᠤᠨ  ᠠᠰᠫᠢᠷᠠᠨᠲ ᠡᠯᠰᠡᠬᠦ ᠬᠡᠪᠴᠢᠶ᠎ᠡ ᠪᠠᠷᠤᠭ ᠵᠠᠭᠤᠨ ᠲᠦᠮᠡ ᠳᠤ ᠲᠦᠭᠦᠭᠦ ᠪᠤᠯᠤᠨ᠎ᠠ᠃ ᠬᠡᠷᠬᠢᠨ ᠬᠥᠮᠦᠵᠢᠭᠦᠯᠬᠦ ᠠᠵᠢᠯ ᠤᠨ ᠴᠢᠨᠠᠷ ᠪᠠᠭᠤᠷᠠᠬᠤ ᠥᠬᠡᠶ᠂ ᠡᠷᠳᠡᠮ ᠤᠨ ᠴᠣᠯᠠ ᠶᠢᠨ ᠦᠨ᠎ᠡ ᠦᠷᠲᠡᠭ ᠪᠠᠭᠤᠷᠠᠬᠤ ᠥᠬᠡᠶ ᠪᠠᠶᠢᠬᠤ ᠶᠢ ᠪᠠᠲᠤᠯᠠᠬᠤ ᠨᠢ ᠨᠡᠶᠢᠭᠡᠮ ᠤᠨ ᠠᠩᠬᠠᠷᠤᠯ ‍ᠤᠨ‌‍ᠲ᠋ᠦ᠋ᠪᠯᠡᠷᠡᠯ ᠪᠣᠯᠵᠠᠶ᠃             ᠲᠤᠰᠬᠠᠶ ᠮᠡᠷᠭᠡᠵᠢᠯᠲᠡᠨ ᠠᠴᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠬᠡᠰᠡᠭ ᠶᠡᠭᠡ ᠳᠡᠭᠡᠳᠦ ᠰᠤᠷᠭᠠᠭᠤᠯᠢ ᠪᠤᠶᠤ ᠲᠤᠰᠬᠠᠶ ᠮᠡᠷᠭᠡᠵᠢᠯ ᠤᠨ ᠤᠶᠤᠳᠠᠨ ᠤ ᠢᠷᠡᠯᠲᠡ ᠬᠦᠷᠦᠯᠴᠡᠬᠦ ᠥᠬᠡᠶ ᠠᠴᠠ ᠪᠣᠯᠵᠣ ᠪᠠᠷᠢᠮᠵᠢᠶ᠎ᠠ ᠪᠠᠨ ᠪᠠᠭᠤᠷᠠᠭᠤᠯᠤᠨ ᠡᠯᠰᠡᠭᠦ ᠠᠴᠠ ᠰᠡᠷᠭᠡᠶᠢᠯᠡᠭᠦ  ᠬᠡᠷᠡᠭᠲᠡᠢ︔ ᠠᠰᠫᠢᠷᠠᠠᠲ ᠥᠷᠭᠡᠳᠬᠡᠨ ᠡᠯᠰᠡᠬᠦ ᠨᠢ ᠴᠦ ᠶᠡᠭᠡ ᠳᠡᠭᠡᠳᠦ ᠰᠤᠷᠭᠠᠭᠤᠯᠢ ᠶᠢᠨ ᠶᠠᠰᠤ ᠴᠢᠨᠠᠷ ᠢᠶᠠᠷ ᠭᠤᠤᠯ ᠪᠣᠯᠭᠠᠭᠰᠠᠨ ᠬᠥᠮᠦᠵᠢᠭᠦᠯᠬᠦ  ᠲᠣᠭᠲᠠᠴᠠ ᠶᠢ ᠪᠠᠶᠢᠭᠤᠯᠵᠤ᠂ ᠵᠢᠯᠣᠭᠤᠳᠣᠭᠴᠢ ᠪᠠᠭᠰᠢ ᠶᠢᠨ ᠲᠦᠷᠢᠮ ᠢ ᠪᠠᠶᠢᠭᠤᠯᠤᠨ ᠪᠦᠷᠢᠡᠰᠢᠭᠦᠯᠭᠦ᠂ ᠶᠠᠪᠤᠴᠠ ᠶᠢᠨ ᠴᠢᠨᠠᠷᠲᠠᠶ  ᠦᠨᠡᠯᠡᠯᠲᠡ ᠶᠢ ᠤᠷᠤᠭᠤᠯᠤᠨ  ᠠᠪᠴᠢᠷᠠᠬᠤ  ᠵᠡᠷᠭᠡ  ᠠᠷᠭ᠎ᠠ   ᠬᠡᠯᠪᠡᠷᠢ ᠪᠠᠷ   ᠳᠠᠮᠵᠢᠭᠤᠯᠤᠨ   ᠠᠰᠫᠢᠷᠠᠠᠲ   ᠬᠥᠮᠦᠵᠢᠭᠦᠯᠬᠦ   ᠠᠵᠢᠯ ᠳᠠᠬᠢ ︽ᠬᠤᠯᠢᠴᠠ︾᠎ ᠶᠢ ᠰᠢᠬᠠᠨ ᠭᠠᠷᠭᠠᠬᠤ ᠶᠢ ᠬᠡᠳᠡᠷᠭᠦ ᠱᠠᠯᠠᠪᠳᠠᠭᠤᠯᠬᠤ ᠬᠡᠷᠡᠭᠲᠡᠢ ᠭᠡᠵᠦ ᠰᠠᠨᠠᠭᠤᠯᠪᠠ᠃             ᠯᠢᠶᠧ  ᠫᠢᠨ  ᠲᠣᠮᠣ  ᠳ᠋ᠠᠶᠢᠲᠨ ᠶᠢᠨ  ᠪᠠᠶᠢᠴᠠᠭᠠᠯᠲᠠ ᠶᠢᠨ  ᠮᠡᠳᠡᠭᠦᠯᠦᠯᠲᠡ ᠠᠴᠠ  ᠦᠵᠡᠪᠡᠯ᠂  2020  ᠣᠨ ᠤ ᠨᠢᠭᠡᠳᠦᠭᠡᠷ ᠤᠯᠠᠷᠢᠯ ᠳᠤ᠂ ᠰᠢᠨ᠎ᠡ ᠦᠨᠳᠦᠰᠦᠨ ᠪᠥᠲᠥᠭᠡᠨ  ᠪᠠᠶᠢᠭᠤᠯᠤᠯᠲᠠ ᠶᠢᠨ  ᠲᠤᠯᠤᠭᠠᠨ  ᠶᠡᠭᠡ  ᠬᠦᠷᠢᠶᠡᠨ ᠳᠤ  ᠳᠤᠮᠳᠠ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠦᠳᠲᠡᠷ  ᠲᠦᠷᠭᠡᠨ  ᠳᠡᠭᠡᠭᠰᠢᠯᠡᠵᠦ᠂  ᠰᠦᠯᠵᠢᠶᠡᠨ  ᠳᠡᠭᠡᠷ᠎ᠡ  ᠨᠡᠶᠢᠲᠡᠯᠡᠭᠰᠡᠨ ᠬᠠᠮᠢᠶ᠎ᠠ  ᠪᠥᠬᠦᠶ  ᠲᠤᠰᠢᠶᠠᠯ  ᠤᠨ  ᠪᠠᠶᠢᠷᠢ ᠨᠢ  2019  ᠣᠨ ᠤ  ᠨᠢᠭᠡᠳᠦᠭᠡᠷ  ᠤᠯᠠᠷᠢᠯ ᠤᠨ ᠬᠢ ᠠᠴᠠ  42.96%᠎ ᠪᠠᠷ ᠨᠡᠮᠡᠭᠳᠡᠵᠡᠶ᠂ ᠡᠭᠦᠨ ᠳᠤ 5G᠎ ᠶᠢᠨ ᠲᠥᠷᠥᠯ ᠤᠨ ᠠᠵᠢᠯ ᠤᠨ ᠪᠠᠶᠢᠷᠢ  ᠬᠠᠮᠤᠭ ᠤᠨ ᠲᠦᠷᠭᠡᠨ  ᠨᠡᠮᠡᠭᠳᠡᠵᠦ᠂   ᠠᠳᠠᠯᠢ ᠬᠤᠭᠤᠴᠠᠭᠠᠨ ᠤ ᠬᠢ ᠠᠴᠠ 81.90%᠎ ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠥᠷᠥᠯ ‍ᠤᠨ‌ᠠᠵᠢᠯ ᠤᠨ ᠪᠠᠶᠢᠷᠢ ᠨᠢ ᠠᠳᠠᠯᠢ ᠬᠤᠭᠤᠴᠠᠭᠠᠨ ᠤ ᠬᠢ ᠠᠴᠠ 74.64%᠎ ᠪᠠᠷ ᠨᠡᠮᠡᠭᠳᠡᠵᠡᠶ᠃  ᠣᠯᠠᠨ  ᠲᠤᠰᠬᠠᠶ  ᠮᠡᠷᠭᠡᠵᠢᠯᠲᠡᠨ ᠰᠤᠷᠪᠤᠯᠵᠢᠯᠠᠭᠴᠢ ᠳᠤ ᠢᠯᠡᠷᠬᠡᠶᠢᠯᠡᠬᠦ ᠳᠡᠭᠡᠨ᠂ ᠬᠡᠳᠦ᠋ᠢᠪᠠᠷ ᠬᠢᠵᠢᠭ ᠤᠨ ᠪᠠᠶᠢᠳᠠᠯ ᠨᠢ ᠣᠳᠣᠬᠠᠨ ᠤ  ᠠᠵᠢᠯ  ᠣᠯᠭᠤᠯᠲᠠ ᠶᠢᠨ ᠪᠠᠶᠢᠳᠠᠯ ᠳᠤ ᠵᠣᠬᠢᠬᠤ ᠨᠠᠵᠠᠭᠠᠶ ᠨᠥᠯᠥᠭᠡ ᠦᠵᠡᠭᠦᠯᠦᠭᠰᠡᠨ ᠪᠣᠯᠪᠠᠴᠤ᠂ ᠮᠠᠨ ᠤ ᠤᠯᠤᠰ ᠤᠨ ᠠᠵᠤ ᠦᠢᠯᠡᠰ ᠤᠨ ᠪᠦᠲᠦᠴᠡ ᠶᠢ ᠲᠡᠰ ᠲᠡᠪᠰᠢᠭᠦᠯᠵᠦ ᠲᠤᠬᠢᠷᠠᠭᠤᠯᠤᠯᠳᠠ ᠬᠢᠭᠦ ᠬᠤᠷᠳᠤᠴᠠ ᠶᠢᠨ ᠲᠦᠷᠭᠡᠳᠬᠦ ᠶᠢ ᠳᠠᠭᠠᠯᠳᠤᠨ᠂  ᠳᠤᠮᠳᠠ  ᠳᠡᠭᠡᠳᠦ  ᠲᠠᠰ ‍ᠤᠨ‌‍ᠴᠢᠳᠠᠪᠤᠷᠢᠲᠠᠨ ᠤ ᠬᠡᠷᠡᠭᠴᠡᠭᠡ ᠶᠢᠨ ᠰᠡᠯᠭᠦᠬᠦ ᠬᠦᠴᠦᠨ ᠴᠦ ᠦᠷᠭᠦᠯᠵᠢᠯᠡᠨ ᠪᠠᠳᠠᠷᠠᠬᠤ ᠪᠣᠯᠤᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号