ᠣᠶᠢᠷ᠎ᠠ ᠳᠤ᠂ ᠡᠯ᠎ᠡ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠬᠢᠨ 2020 ᠣᠨ ᠤ ᠠᠰᠫᠢᠷᠠᠨᠲ ᠤᠨ | ᠬᠤᠶᠠᠳᠠᠬᠢ ᠰᠢᠯᠭᠠᠯᠲᠠ ᠶᠢᠨ ᠬᠤᠪᠢ ᠶᠢᠨ ᠱᠤᠭᠤᠮ ᠪᠠ ᠬᠤᠶᠠᠳᠠᠬᠢ ᠰᠢᠯᠭᠠᠯᠲᠠ ᠶᠢᠨ ᠠᠷᠭ᠎ᠠ ᠶᠢ ᠵᠠᠯᠭᠠᠭ᠎ᠠ ᠪᠠᠷ | ᠨᠡᠶᠢᠲᠡᠯᠡᠵᠦ᠂ ︽ᠠᠰᠫᠢᠷᠠᠨᠲ ᠰᠢᠯᠭᠠᠬᠤ ᠲᠡᠮᠡᠴᠡᠭᠡᠨ︾ ᠬᠤᠶᠢᠨᠠᠭᠢ ᠬᠠᠭᠠᠰ ᠬᠤᠭᠤᠴᠠᠭᠠᠨ ᠳᠤ ᠣᠷᠣᠪᠠ᠃ | ᠰᠤᠷᠭᠠᠨ ᠬᠥᠮᠦᠵᠢᠯ ᠤᠨ ᠶᠠᠮᠤᠨ ᠡᠨᠡ ᠵᠢᠯ 18.9 ᠲᠦᠮᠡᠡ ᠠᠰᠫᠢᠷᠠᠨᠲ ᠥᠷᠭᠡᠳᠬᠡᠨ ᠡᠯᠰᠡᠬᠦ ᠪᠠᠷ | ᠲᠥᠯᠥᠪᠯᠡᠵᠦ ᠪᠠᠶᠢᠬᠤ ᠪᠥᠭᠡᠳ ᠡᠯᠰᠡᠬᠦ ᠬᠡᠪᠴᠢᠶ᠎ᠡ ᠶᠢ ᠵᠤᠬᠢᠴᠠᠩᠭᠤᠢ ᠪᠠᠷ ᠦᠷᠭᠦᠯᠵᠢᠯᠡᠨ ᠥᠷᠭᠡᠳᠬᠡᠨ᠎ᠡ ᠭᠡᠵᠦ | ᠲᠣᠳᠣᠷᠬᠠᠶ ᠲᠣᠭᠲᠠᠭᠠᠪᠠ᠃ | | ᠦᠷᠭᠡᠳᠭᠡᠨ ᠡᠯᠰᠡᠭᠦ ᠲᠦᠷᠦ ᠶᠢᠨ ᠪᠤᠳᠤᠯᠭ᠎ᠠ ᠶᠢ ᠤᠯᠵᠤ ᠬᠦᠷᠲᠡᠵᠦ ᠴᠢᠳᠠᠨ᠎ᠠ ᠤᠤ︖ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ ᠵᠡᠷᠭᠡ ᠠᠨᠠᠭᠠᠬᠤ | ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠳᠤ ᠥᠷᠭᠡᠳᠬᠡᠨ ᠡᠯᠰᠡᠭᠰᠡᠨ ᠨᠢ ᠢᠯᠡᠷᠬᠡᠶ ᠪᠠᠶᠢᠨ᠎ᠠ᠃ ᠪᠠᠷᠠᠭᠤᠨ | ᠡᠮᠦᠨᠡᠲᠦ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ 2020 ᠣᠨ ᠤ ᠠᠰᠫᠢᠷᠠᠨᠲ ᠡᠯᠰᠡᠬᠦ ᠪᠠᠷ | ᠲᠦᠯᠦᠪᠯᠡᠭᠰᠡᠨ ᠬᠦᠢᠴᠡᠳᠭᠡᠯ ᠲᠤᠭ᠎ᠠ ᠶᠢ ᠬᠤᠶᠠᠷ ᠡᠭᠡᠯᠵᠢ ᠪᠠᠷ ᠨᠡᠮᠡᠭᠳᠡᠭᠦᠯᠭᠦ ᠪᠠᠷ ᠲᠠᠮᠵᠢᠨ ᠪᠤᠳᠠᠳᠠᠢ ᠥᠷᠭᠡᠳᠬᠡᠨ | ᠡᠯᠰᠡᠭᠰᠡᠨ ᠬᠠᠷᠢᠴᠠᠯ ᠨᠢ ᠪᠠᠷᠤᠭ 30% ᠳᠤ ᠬᠦᠷᠴᠠᠢ︔ ᠬᠤᠧᠠᠵᠦ᠋ᠡᠭ ᠤᠨᠰᠢᠨᠵᠢᠯᠡᠬᠦ ᠤᠬᠠᠭᠠᠨ ᠮᠡᠷᠭᠡᠵᠢᠯ ᠤᠨ | ᠶᠡᠭᠡ ᠰᠤᠷᠭᠠᠭᠤᠯᠢ ᠨᠢ ᠥᠷᠭᠡᠳᠬᠡᠨ ᠡᠯᠰᠡᠬᠦ ᠣᠷᠣᠨ ᠲᠤᠭ᠎ᠠ ᠪᠠᠨ ᠪᠦᠭᠦᠨ ᠢ ᠠᠨᠠᠭᠠᠬᠤ ᠤᠬᠠᠭᠠᠨ ᠤ ᠲᠤᠰᠬᠠᠢ | ᠮᠡᠷᠭᠡᠵᠢᠯ ᠳᠤ ᠲᠣᠬᠢᠷᠠᠭᠤᠯᠵᠠᠢ᠃ | ᠲᠤᠰᠬᠠᠶ ᠮᠡᠷᠭᠡᠵᠢᠯᠲᠡᠨ ᠤ ᠦᠵᠡᠬᠦ ᠪᠠᠷ᠂ ᠡᠶᠢᠮᠦᠷᠬᠦᠤ ᠲᠣᠬᠢᠷᠠᠭᠤᠯᠤᠯᠲᠠ ᠨᠢ ᠣᠳᠣᠬᠠᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠬᠤᠶ ᠪᠠᠶᠢᠳᠠᠯ ᠲᠠᠢ ᠰᠢᠭᠤᠳ | ᠬᠤᠯᠪᠣᠭ᠎ᠠ ᠲᠠᠢ ᠪᠠᠶᠢᠵᠤ᠂ ᠣᠳᠣᠬᠠᠨ ᠤ ᠴᠢᠳᠠᠪᠤᠷᠢᠲᠠᠨ ᠤ ᠬᠦᠷᠢᠶᠡᠨ ᠳᠠᠬᠢ ᠨᠡᠶᠢᠭᠡᠮ ᠤᠨ ᠪᠣᠳᠠᠲᠤ ᠬᠡᠷᠡᠭᠴᠡᠭᠡ | ᠱᠠᠭᠠᠷᠳᠠᠯᠭ᠎ᠠ ᠶᠢ ᠲᠤᠰᠬᠠᠵᠠᠢ ᠬᠡᠪᠡ᠃ | ᠵᠣᠬᠢᠶᠠᠮᠠᠯ ᠣᠶᠤᠨ ᠴᠢᠳᠠᠪᠤᠷᠢ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡᠨ ᠤ ᠲᠤᠰᠬᠠᠶ | ᠮᠡᠷᠭᠡᠵᠢᠯ ᠪᠣᠯ ᠮᠥᠨ ᠴᠦ ᠥᠷᠭᠡᠳᠬᠡᠨ ᠡᠯᠰᠡᠬᠦ ᠬᠠᠯᠠᠮᠰᠢᠯ ᠲᠠᠢ ᠲᠤᠰᠬᠠᠶ ᠮᠡᠷᠭᠡᠵᠢᠯ ᠤᠨ ᠨᠢᠭᠡ ᠪᠣᠯᠤᠨ᠎ᠠ᠃ ᠡᠨᠡ | ᠵᠢᠯ ᠤᠨ 3 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ | ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠠᠬᠢ ᠠᠰᠫᠢᠷᠠᠨᠲ ᠬᠥᠮᠦᠵᠢᠭᠦᠯᠬᠦ ᠶᠢ ᠲᠦᠷᠭᠡᠳᠬᠡᠬᠦ ᠬᠡᠷᠡᠭᠲᠡᠢ ᠭᠡᠵᠦ | ᠲᠤᠷᠠᠳᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠰᠫᠢᠷᠠᠠᠲ ᠥᠷᠭᠡᠳᠬᠡᠨ ᠡᠯᠰᠡᠬᠦ ᠲᠥᠯᠥᠪᠯᠡᠭᠡ ᠶᠢᠨ | ᠭᠦᠢᠴᠡᠳᠬᠡᠯ ᠲᠤᠭ᠎ᠠ ᠶᠢ ᠳᠤᠮᠳᠠ ᠪᠠᠷᠠᠭᠤᠨ ᠣᠷᠣᠨ ᠪᠠ ᠵᠡᠭᠦᠨ ᠬᠤᠶᠢᠲᠤ ᠣᠷᠣᠨ ᠤ ᠶᠡᠭᠡ ᠳᠡᠭᠡᠳᠦ ᠰᠤᠷᠭᠠᠭᠤᠯᠢ | ᠳᠠᠰᠢ ᠬᠡᠯᠪᠠᠶᠢᠯᠭᠡᠵᠡᠢ᠃ ᠬᠠᠷᠠᠮᠥ᠋ᠷᠡᠨ ᠶᠡᠭᠡ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠳᠠᠷᠤᠭ᠎ᠠ | ᠯᠦᠸᠧ ᠶᠤᠸᠠᠢ ᠵᠢᠶᠦ᠋ᠨ ᠬᠡᠯᠡᠬᠦ ᠳᠡᠭᠡᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠤᠷ᠎ᠠ᠂ | ᠬᠠᠷᠠᠮᠥ᠋ᠷᠡᠨ ᠶᠡᠭᠡ ᠰᠤᠷᠭᠠᠭᠤᠯᠢ ᠶᠢᠨ ᠠᠰᠫᠢᠷᠠᠨᠲ ᠡᠯᠰᠡᠬᠦ ᠲᠦᠯᠦᠪᠯᠡᠭᠡ ᠨᠢ 2019 ᠣᠨ ᠳᠤ 2059 ᠬᠥᠮᠦᠨ | ᠪᠠᠶᠢᠭᠰᠠᠨ ᠠᠴᠠ ᠪᠠᠨ 2020 ᠣᠨ ᠳᠤ 2773 ᠬᠥᠮᠦᠨ ᠪᠣᠯᠵᠣ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ | ᠭᠤᠷᠪᠠᠨ ᠤ ᠨᠢᠭᠡ ᠬᠤᠪᠢ ᠶᠢ ᠳᠠᠪᠠᠵᠠᠶ ᠭᠡᠪᠡ᠃ | ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠶᠢᠷᠢ ᠲᠤᠬᠳᠠᠭᠠᠯᠳᠠ ᠲᠠᠢ᠂ ᠲᠤᠰᠬᠠᠶ ᠮᠡᠷᠭᠡᠵᠢᠯ ᠤᠨ | ᠴᠢᠳᠠᠪᠤᠷᠢ ᠪᠠ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠴᠢᠬᠤᠯᠠᠴᠢᠯᠠᠬᠤ ᠲᠤᠰᠬᠠᠶ ᠮᠡᠷᠭᠡᠵᠢᠯ ᠤᠨ ᠡᠷᠳᠡᠮ ᠤᠨ | ᠴᠣᠯᠠ ᠲᠠᠢ ᠮᠠᠰᠲ᠋ᠧᠷ ᠨᠢ ᠥᠷᠭᠡᠳᠬᠡᠨ ᠡᠯᠰᠡᠬᠦ ᠳᠤᠮᠳᠠ ᠨᠠᠩ ᠠᠷᠪᠢᠨ ᠠᠩᠬᠠᠷᠤᠯ ᠢ ᠲᠠᠲᠠᠵᠠᠶ᠃ ︽ᠡᠨᠡ ᠵᠢᠯ ᠤᠨ | ᠪᠢᠳᠠᠨ ᠤ ᠥᠷᠭᠡᠳᠬᠡᠨ ᠡᠯᠰᠡᠬᠦ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠠᠲ ᠡᠯᠰᠡᠬᠦ ᠲᠥᠯᠥᠪᠯᠡᠭᠡ | ᠨᠢᠭᠡᠨᠲᠡ ᠡᠷᠳᠡᠮ ᠰᠢᠨᠵᠢᠯᠡᠭᠡᠨ ᠤ ᠡᠷᠳᠡᠮ ᠤᠨ ᠴᠣᠯᠠ ᠶᠢᠨ ᠲᠤᠰᠬᠠᠶ ᠮᠡᠷᠭᠡᠵᠢᠯ ᠤᠨ ᠲᠥᠯᠥᠪᠯᠡᠭᠡ ᠠᠴᠠ ᠳᠠᠪᠠᠵᠠᠶ︾ | ᠭᠡᠵᠦ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠳᠠᠷᠤᠭ᠎ᠠ | ᠯᠢᠦ ᠱᠢ ᠶᠢᠩ ᠬᠡᠯᠡᠭᠰᠡᠨ ᠢᠶᠠᠨ ᠵᠠᠯᠭᠠᠭᠠᠳ᠂ ᠰᠤᠷᠭᠠᠭᠤᠯᠢ ᠨᠢ ᠤᠶᠤᠳᠠᠨ ᠡᠯᠰᠡᠬᠦ ᠲᠥᠯᠥᠪᠯᠡᠭᠡ ᠶᠢ ᠡᠷᠡᠮᠡᠯᠵᠡᠨ | ᠮᠡᠳᠡᠭᠦᠯᠬᠦ᠂ ᠬᠤᠪᠢᠶᠠᠷᠢᠯᠠᠬᠤ ᠵᠢᠴᠢ ᠬᠡᠷᠡᠭᠯᠡᠬᠦ ᠲᠠᠯ᠎ᠠ ᠪᠠᠷ ᠴᠥᠮ ᠲᠠᠷᠢᠶᠠᠯᠠᠩ᠂ ᠮᠠᠯ ᠠᠵᠤ ᠠᠬᠤᠶ᠂ ᠮᠠᠯ ᠡᠮᠨᠡᠯᠭᠡ᠂ | ᠠᠮᠢᠳᠤ ᠪᠣᠳᠠᠰ ᠪᠠ ᠡᠮ ᠡᠮᠨᠡᠯᠭᠡ ᠪᠣᠯᠤᠨ ᠮᠠᠰᠢᠨ ᠮᠧᠬᠠᠨᠢᠭ ᠵᠡᠷᠭᠡ ᠲᠤᠰᠬᠠᠶ ᠮᠡᠷᠭᠡᠵᠢᠯ ᠤᠨ ᠡᠷᠳᠡᠮ ᠤᠨ ᠴᠣᠯᠠ | ᠳᠠᠰᠢ ᠬᠡᠯᠪᠠᠶᠢᠯᠭᠡᠪᠠ᠂ ᠡ᠊ᠨᠡ ᠨᠢ ᠪᠣᠳᠠᠲᠠᠶ ᠠᠵᠢᠯ ᠢ ᠪᠦᠲᠦᠭᠡᠯᠴᠢ ᠴᠢᠨᠠᠷᠲᠠᠶ ᠪᠠᠷ ᠬᠢᠵᠦ ᠴᠢᠳᠠᠬᠤ ᠨᠠᠩ ᠣᠯᠠᠨ | ᠳᠡᠭᠡᠳᠦ ᠲᠠᠰ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠠᠰᠢᠭᠲᠠᠶ ᠶᠤᠮ ᠭᠡᠪᠡ᠃ | | ᠶᠡᠭᠡ ᠳᠡᠭᠡᠳᠦ ᠰᠤᠷᠭᠠᠭᠤᠯᠢ ᠪᠡᠯᠡᠳᠭᠡᠯ ᠢᠶᠠᠨ ᠰᠠᠶᠢᠳᠤᠷ ᠬᠢᠭᠰᠡᠨ ᠤᠤ︖ | ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ︽2020 ᠣᠨ ᠤ ᠪᠥᠬᠦ | ᠤᠯᠤᠰ ᠤᠨ ᠠᠰᠫᠢᠷᠠᠨᠲ ᠡᠯᠰᠡᠬᠦ ᠲᠤᠬᠠᠢ ᠪᠠᠶᠢᠴᠠᠭᠠᠯᠲᠠ ᠶᠢᠨ ᠮᠡᠳᠡᠭᠦᠯᠦᠯᠲᠡ︾ ᠶᠢᠨ ᠲᠤᠭ᠎ᠠ ᠪᠠᠷᠢᠮᠲᠠ ᠶᠢ | ᠦᠨᠳᠦᠰᠦᠯᠡᠪᠡᠯ᠂ 2019ᠣᠨ ᠤ ᠠᠰᠫᠢᠷᠠᠨᠲ ᠡᠯᠰᠡᠭᠰᠡᠨ ᠬᠥᠮᠦᠨ ᠤ ᠲᠤᠭ᠎ᠠ ᠨᠢ ᠪᠠᠷᠤᠭ 80.5 ᠲᠦᠮᠡ | ᠪᠤᠯᠤᠨ᠎ᠠ᠃ 18.9 ᠲᠦᠮᠡᠨ ᠬᠥᠮᠦᠨ ᠥᠷᠭᠡᠳᠬᠡᠨ ᠡᠯᠰᠡᠭᠦ ᠪᠠᠷ ᠲᠦᠯᠦᠪᠯᠡᠭᠰᠡᠨ ᠶᠤᠰᠤᠭᠠᠷ ᠪᠤᠳᠤᠪᠠᠯ᠂ 2020 | ᠣᠨ ᠳᠤ ᠠᠰᠫᠢᠷᠠᠨᠲ ᠥᠷᠭᠡᠳᠬᠡᠨ ᠡᠯᠰᠡᠬᠦ ᠬᠠᠷᠢᠴᠠᠯ ᠨᠢ ᠨᠢᠭᠡᠨᠲᠡ 20% ᠶᠢ ᠳᠠᠪᠠᠵᠠᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠰᠫᠢᠷᠠᠨᠲ ᠡᠯᠰᠡᠬᠦ ᠲᠥᠯᠥᠪᠯᠡᠭᠡ ᠶᠢ ᠶᠡᠭᠡᠪᠡᠷ | ᠨᠡᠮᠡᠭᠳᠡᠭᠦᠯᠦᠭᠰᠡᠨ ᠨᠢ ᠶᠡᠭᠡ ᠳᠡᠭᠡᠳᠦ ᠰᠤᠷᠭᠠᠭᠤᠯᠢ ᠶᠢᠨ ᠠᠷᠤ ᠦᠢᠯᠡᠴᠢᠯᠡᠭᠡᠨ ᠤ ᠠᠵᠢᠯ᠂ ᠵᠢᠭᠠᠨ ᠰᠤᠷᠭᠠᠯᠲᠠ᠂ | ᠰᠢᠨᠵᠢᠯᠡᠬᠦ ᠤᠬᠠᠭᠠᠨ ᠤ ᠰᠤᠳᠤᠯᠭᠠᠨ᠂ ᠬᠠᠮᠢᠶᠠᠷᠤᠯᠲᠠ ᠵᠡᠷᠭᠡ ᠲᠠᠯ᠎ᠠ ᠳᠤ ᠴᠥᠭᠡᠨ ᠪᠤᠰᠤ ᠥᠷᠢᠰᠥᠯᠳᠦᠭᠡᠨ | ᠠᠪᠴᠢᠷᠠᠭᠰᠠᠨ ᠪᠠᠶᠢᠨ᠎ᠠ᠃ ᠰᠤᠷᠪᠤᠯᠵᠢᠯᠠᠭ᠎ᠠ ᠬᠦᠯᠢᠶᠡᠭᠰᠡᠨ ᠠᠷᠪᠢᠨ ᠶᠡᠭᠡ ᠳᠡᠭᠡᠳᠦ ᠰᠤᠷᠭᠠᠭᠤᠯᠢ ᠶᠢᠨ | ᠠᠰᠫᠢᠷᠠᠠᠲ ᠤᠨ ᠬᠦᠷᠢᠶᠡᠯᠡᠩ ᠤᠨ ᠬᠠᠷᠢᠭᠤᠴᠠᠯᠭᠠᠳᠠᠳ ᠢᠯᠡᠷᠬᠡᠶᠢᠯᠡᠬᠦ ᠳᠡᠭᠡᠨ᠂ ᠡᠯᠰᠡᠬᠦ ᠠᠵᠢᠯ ᠨᠢ ᠵᠦᠪᠭᠡᠨ | ᠠᠰᠫᠢᠷᠠᠨᠲ ᠡᠯᠰᠡᠬᠦ ᠠᠵᠢᠯ ᠤᠨ ᠠᠩᠬᠠᠨ ᠤ ᠭᠤᠭᠴᠤᠭ᠎ᠠ ᠪᠤᠯᠤᠨ᠎ᠠ᠃ ᠤᠶᠤᠳᠠᠳ ᠰᠤᠷᠭᠠᠭᠤᠯᠢ ᠳᠤ ᠣᠷᠣᠵᠤ | ᠨᠡᠷ᠎ᠡ ᠮᠡᠳᠡᠭᠦᠯᠦᠭᠰᠡᠨ ᠤ ᠳᠠᠷᠠᠭ᠎ᠠ᠂ ᠪᠠᠰᠠ ᠬᠤᠨᠤᠭ ᠤᠨ ᠨᠥᠬᠦᠴᠡᠯ᠂ ᠵᠢᠭᠠᠨ ᠰᠤᠷᠭᠠᠯᠲᠠ ᠶᠢᠨ ᠣᠷᠣᠨ ᠵᠠᠶ᠂ | ᠬᠠᠲᠠᠭᠤ ᠲᠣᠨᠤᠭ ᠲᠥᠬᠦᠭᠡᠷᠦᠮᠵᠢ ᠵᠡᠷᠭᠡ ᠣᠯᠠᠨ ᠲᠠᠯ᠎ᠠ ᠶᠢᠨ ᠲᠠᠭᠠᠭᠠᠬᠤ ᠴᠢᠳᠠᠪᠤᠷᠢ ᠶᠢ ᠪᠣᠳᠣᠯᠬᠢᠯᠠᠬᠤ ᠬᠡᠷᠡᠭᠲᠡᠶ︔ | ᠲᠤᠷᠰᠢᠯᠲᠠ ᠵᠢᠨᠲ᠋ᠠᠰᠤᠭ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠠᠲᠠᠭᠤ ᠵᠥᠭᠡᠯᠡᠨ ᠲᠣᠨᠤᠭ ᠤᠨ | ᠨᠥᠬᠦᠴᠡᠯ ᠨᠢ ᠥᠷᠭᠡᠳᠬᠡᠨ ᠡᠯᠰᠡᠭᠰᠡᠨ ᠤ ᠳᠠᠷᠠᠭᠠᠬᠢ ᠬᠡᠷᠡᠭᠴᠡᠭᠡ ᠶᠢ ᠬᠠᠩᠭᠠᠵᠤ ᠳᠡᠶᠢᠯᠬᠦ ᠡᠰᠡᠬᠦ ᠶᠢ | ᠪᠣᠳᠣᠯᠬᠢᠯᠠᠬᠤ ᠬᠡᠷᠡᠭᠲᠡᠢ︔ ᠤᠶᠤᠳᠠᠳ ᠤᠨ ᠬᠠᠮᠢᠶᠠᠷᠤᠯᠲᠠ ᠦᠢᠯᠡᠴᠢᠯᠡᠭᠡᠨ ᠤ ᠲᠠᠯ᠎ᠠ ᠪᠠᠷ᠂ ᠥᠷᠭᠡᠳᠬᠡᠨ | ᠡᠯᠰᠡᠭᠰᠡᠨ ᠤ ᠳᠠᠷᠠᠭᠠᠬᠢ ᠪᠣᠳᠠᠲᠠᠶ ᠬᠦᠴᠢᠷᠳᠠᠯ ᠳᠤ ᠵᠣᠬᠢᠴᠠᠵᠤ ᠲᠡᠶᠢᠯᠭᠦ ᠡᠰᠡᠬᠦ ᠶᠢ ᠪᠣᠳᠣᠯᠬᠢᠯᠠᠬᠤ ᠬᠡᠷᠡᠭᠲᠡᠢ ᠬᠡᠪᠡ᠃ | ᠡᠭᠦᠨ ᠠᠴᠠ ᠭᠠᠳᠠᠨ᠎ᠠ᠂ ᠡᠨᠡ ᠵᠢᠯ ᠤᠨ ᠠᠰᠫᠢᠷᠠᠨᠲ ᠡᠯᠰᠡᠬᠦ ᠠᠵᠢᠯ ᠨᠢ ᠶᠠᠭ ᠬᠢᠵᠢᠭ ᠢ ᠰᠡᠷᠭᠡᠶᠢᠯᠡᠨ | ᠬᠤᠷᠢᠬᠯᠠᠬᠤ ᠴᠠᠭ ᠦᠶ᠎ᠡ ᠳᠤ ᠤᠷᠤᠰᠢᠵᠤ ᠪᠠᠶᠢᠨ᠎ᠠ᠂ ᠬᠡᠷᠬᠢᠨ ᠠᠯᠤᠰ ᠡᠵᠡᠮᠰᠢᠯᠲᠦ ᠰᠦᠯᠵᠢᠶᠡᠨ ᠤ ᠬᠤᠶᠠᠳᠠᠬᠢ | ᠰᠢᠯᠭᠠᠯᠲᠠ ᠵᠡᠷᠭᠡ ᠬᠠᠮᠢᠶ᠎ᠠ ᠪᠥᠬᠦᠶ ᠲᠣᠬᠢᠷᠠᠭᠤᠯᠤᠯᠲᠠ ᠶᠢᠨ ᠠᠶᠤᠯᠭᠦᠶ ᠴᠢᠨᠠᠷ᠂ ᠭᠤᠤᠯᠴᠢ ᠴᠢᠨᠠᠷ ᠪᠠ ᠰᠢᠨᠵᠢᠯᠡᠬᠦ | ᠤᠬᠠᠭᠠᠨᠴᠢ ᠴᠢᠨᠠᠷ ᠢ ᠦᠨᠡᠨᠬᠦ ᠪᠠᠲᠤᠯᠠᠬᠤ ᠨᠢ ᠠᠰᠫᠢᠷᠠᠨᠲ ᠡᠯᠰᠡᠬᠦ ᠠᠵᠢᠯ ᠤᠨ ᠲᠣᠰ ᠪᠡᠶ᠎ᠡ ᠶᠢᠨ ᠡᠷᠬᠡᠪᠰᠢ | ᠬᠠᠨᠳᠤᠬᠤ ᠬᠡᠷᠡᠭᠲᠡᠢ ᠨᠢᠭᠡ ᠤᠳᠠᠭᠠᠨ ᠤ ᠶᠡᠭᠡ ᠰᠢᠯᠭᠠᠯᠲᠠᠪᠤᠯᠵᠠᠢ᠃ | | ᠵᠢᠯ ᠪᠦᠷᠢ ᠬᠦᠮᠦᠵᠢᠭᠦᠯᠦᠭᠰᠡᠨ ᠵᠠᠭᠤᠨ ᠲᠦᠮᠡᠨ ᠮᠠᠰᠲ᠋ᠧᠷ ᠨᠢ ᠬᠠᠮᠢᠭᠠᠰᠢ ᠤᠳᠬᠤ ᠪᠣᠶ︖ | 18.9 ᠲᠦᠮᠡᠨ ᠬᠥᠮᠦᠨ ᠢ ᠥᠷᠭᠡᠳᠬᠡᠨ ᠡᠯᠰᠡᠭᠰᠡᠨ ᠤ ᠳᠠᠷᠠᠭ᠎ᠠ᠂ ᠡᠨᠡ ᠵᠢᠯ ᠮᠠᠨ ᠤ ᠤᠯᠤᠰ ᠤᠨ | ᠠᠰᠫᠢᠷᠠᠨᠲ ᠡᠯᠰᠡᠬᠦ ᠬᠡᠪᠴᠢᠶ᠎ᠡ ᠪᠠᠷᠤᠭ ᠵᠠᠭᠤᠨ ᠲᠦᠮᠡ ᠳᠤ ᠲᠦᠭᠦᠭᠦ ᠪᠤᠯᠤᠨ᠎ᠠ᠃ ᠬᠡᠷᠬᠢᠨ ᠬᠥᠮᠦᠵᠢᠭᠦᠯᠬᠦ | ᠠᠵᠢᠯ ᠤᠨ ᠴᠢᠨᠠᠷ ᠪᠠᠭᠤᠷᠠᠬᠤ ᠥᠬᠡᠶ᠂ ᠡᠷᠳᠡᠮ ᠤᠨ ᠴᠣᠯᠠ ᠶᠢᠨ ᠦᠨ᠎ᠡ ᠦᠷᠲᠡᠭ ᠪᠠᠭᠤᠷᠠᠬᠤ ᠥᠬᠡᠶ ᠪᠠᠶᠢᠬᠤ ᠶᠢ | ᠪᠠᠲᠤᠯᠠᠬᠤ ᠨᠢ ᠨᠡᠶᠢᠭᠡᠮ ᠤᠨ ᠠᠩᠬᠠᠷᠤᠯ ᠤᠨᠲ᠋ᠦ᠋ᠪᠯᠡᠷᠡᠯ ᠪᠣᠯᠵᠠᠶ᠃ | ᠲᠤᠰᠬᠠᠶ ᠮᠡᠷᠭᠡᠵᠢᠯᠲᠡᠨ ᠠᠴᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠬᠡᠰᠡᠭ ᠶᠡᠭᠡ ᠳᠡᠭᠡᠳᠦ ᠰᠤᠷᠭᠠᠭᠤᠯᠢ ᠪᠤᠶᠤ ᠲᠤᠰᠬᠠᠶ ᠮᠡᠷᠭᠡᠵᠢᠯ ᠤᠨ | ᠤᠶᠤᠳᠠᠨ ᠤ ᠢᠷᠡᠯᠲᠡ ᠬᠦᠷᠦᠯᠴᠡᠬᠦ ᠥᠬᠡᠶ ᠠᠴᠠ ᠪᠣᠯᠵᠣ ᠪᠠᠷᠢᠮᠵᠢᠶ᠎ᠠ ᠪᠠᠨ ᠪᠠᠭᠤᠷᠠᠭᠤᠯᠤᠨ ᠡᠯᠰᠡᠭᠦ ᠠᠴᠠ ᠰᠡᠷᠭᠡᠶᠢᠯᠡᠭᠦ | ᠬᠡᠷᠡᠭᠲᠡᠢ︔ ᠠᠰᠫᠢᠷᠠᠠᠲ ᠥᠷᠭᠡᠳᠬᠡᠨ ᠡᠯᠰᠡᠬᠦ ᠨᠢ ᠴᠦ ᠶᠡᠭᠡ ᠳᠡᠭᠡᠳᠦ ᠰᠤᠷᠭᠠᠭᠤᠯᠢ ᠶᠢᠨ ᠶᠠᠰᠤ ᠴᠢᠨᠠᠷ ᠢᠶᠠᠷ ᠭᠤᠤᠯ | ᠪᠣᠯᠭᠠᠭᠰᠠᠨ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠵᠢᠯᠣᠭᠤᠳᠣᠭᠴᠢ ᠪᠠᠭᠰᠢ ᠶᠢᠨ ᠲᠦᠷᠢᠮ ᠢ ᠪᠠᠶᠢᠭᠤᠯᠤᠨ | ᠪᠦᠷᠢᠡᠰᠢᠭᠦᠯᠭᠦ᠂ ᠶᠠᠪᠤᠴᠠ ᠶᠢᠨ ᠴᠢᠨᠠᠷᠲᠠᠶ ᠦᠨᠡᠯᠡᠯᠲᠡ ᠶᠢ ᠤᠷᠤᠭᠤᠯᠤᠨ ᠠᠪᠴᠢᠷᠠᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠠᠰᠫᠢᠷᠠᠠᠲ ᠬᠥᠮᠦᠵᠢᠭᠦᠯᠬᠦ ᠠᠵᠢᠯ ᠳᠠᠬᠢ ︽ᠬᠤᠯᠢᠴᠠ︾ ᠶᠢ ᠰᠢᠬᠠᠨ | ᠭᠠᠷᠭᠠᠬᠤ ᠶᠢ ᠬᠡᠳᠡᠷᠭᠦ ᠱᠠᠯᠠᠪᠳᠠᠭᠤᠯᠬᠤ ᠬᠡᠷᠡᠭᠲᠡᠢ ᠭᠡᠵᠦ ᠰᠠᠨᠠᠭᠤᠯᠪᠠ᠃ | ᠯᠢᠶᠧ ᠫᠢᠨ ᠲᠣᠮᠣ ᠳ᠋ᠠᠶᠢᠲᠨ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠠᠴᠠ ᠦᠵᠡᠪᠡᠯ᠂ 2020 | ᠣᠨ ᠤ ᠨᠢᠭᠡᠳᠦᠭᠡᠷ ᠤᠯᠠᠷᠢᠯ ᠳᠤ᠂ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠤᠯᠤᠭᠠᠨ ᠶᠡᠭᠡ | ᠬᠦᠷᠢᠶᠡᠨ ᠳᠤ ᠳᠤᠮᠳᠠ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠦᠳᠲᠡᠷ ᠲᠦᠷᠭᠡᠨ ᠳᠡᠭᠡᠭᠰᠢᠯᠡᠵᠦ᠂ | ᠰᠦᠯᠵᠢᠶᠡᠨ ᠳᠡᠭᠡᠷ᠎ᠡ ᠨᠡᠶᠢᠲᠡᠯᠡᠭᠰᠡᠨ ᠬᠠᠮᠢᠶ᠎ᠠ ᠪᠥᠬᠦᠶ ᠲᠤᠰᠢᠶᠠᠯ ᠤᠨ ᠪᠠᠶᠢᠷᠢ ᠨᠢ 2019 ᠣᠨ ᠤ | ᠨᠢᠭᠡᠳᠦᠭᠡᠷ ᠤᠯᠠᠷᠢᠯ ᠤᠨ ᠬᠢ ᠠᠴᠠ 42.96% ᠪᠠᠷ ᠨᠡᠮᠡᠭᠳᠡᠵᠡᠶ᠂ ᠡᠭᠦᠨ ᠳᠤ 5G ᠶᠢᠨ ᠲᠥᠷᠥᠯ ᠤᠨ | ᠠᠵᠢᠯ ᠤᠨ ᠪᠠᠶᠢᠷᠢ ᠬᠠᠮᠤᠭ ᠤᠨ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 81.90% ᠪᠠᠷ | ᠨᠡᠮᠡᠭᠳᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠥᠷᠥᠯ ᠤᠨᠠᠵᠢᠯ ᠤᠨ ᠪᠠᠶᠢᠷᠢ ᠨᠢ ᠠᠳᠠᠯᠢ | ᠬᠤᠭᠤᠴᠠᠭᠠᠨ ᠤ ᠬᠢ ᠠᠴᠠ 74.64% ᠪᠠᠷ ᠨᠡᠮᠡᠭᠳᠡᠵᠡᠶ᠃ ᠣᠯᠠᠨ ᠲᠤᠰᠬᠠᠶ ᠮᠡᠷᠭᠡᠵᠢᠯᠲᠡᠨ | ᠰᠤᠷᠪᠤᠯᠵᠢᠯᠠᠭᠴᠢ ᠳᠤ ᠢᠯᠡᠷᠬᠡᠶᠢᠯᠡᠬᠦ ᠳᠡᠭᠡᠨ᠂ ᠬᠡᠳᠦ᠋ᠢᠪᠠᠷ ᠬᠢᠵᠢᠭ ᠤᠨ ᠪᠠᠶᠢᠳᠠᠯ ᠨᠢ ᠣᠳᠣᠬᠠᠨ ᠤ ᠠᠵᠢᠯ | ᠣᠯᠭᠤᠯᠲᠠ ᠶᠢᠨ ᠪᠠᠶᠢᠳᠠᠯ ᠳᠤ ᠵᠣᠬᠢᠬᠤ ᠨᠠᠵᠠᠭᠠᠶ ᠨᠥᠯᠥᠭᠡ ᠦᠵᠡᠭᠦᠯᠦᠭᠰᠡᠨ ᠪᠣᠯᠪᠠᠴᠤ᠂ ᠮᠠᠨ ᠤ ᠤᠯᠤᠰ ᠤᠨ ᠠᠵᠤ | ᠦᠢᠯᠡᠰ ᠤᠨ ᠪᠦᠲᠦᠴᠡ ᠶᠢ ᠲᠡᠰ ᠲᠡᠪᠰᠢᠭᠦᠯᠵᠦ ᠲᠤᠬᠢᠷᠠᠭᠤᠯᠤᠯᠳᠠ ᠬᠢᠭᠦ ᠬᠤᠷᠳᠤᠴᠠ ᠶᠢᠨ ᠲᠦᠷᠭᠡᠳᠬᠦ ᠶᠢ | ᠳᠠᠭᠠᠯᠳᠤᠨ᠂ ᠳᠤᠮᠳᠠ ᠳᠡᠭᠡᠳᠦ ᠲᠠᠰ ᠤᠨᠴᠢᠳᠠᠪᠤᠷᠢᠲᠠᠨ ᠤ ᠬᠡᠷᠡᠭᠴᠡᠭᠡ ᠶᠢᠨ ᠰᠡᠯᠭᠦᠬᠦ ᠬᠦᠴᠦᠨ ᠴᠦ | ᠦᠷᠭᠦᠯᠵᠢᠯᠡᠨ ᠪᠠᠳᠠᠷᠠᠬᠤ ᠪᠣᠯᠤᠨ᠎ᠠ ᠬᠡᠪᠡ᠃ |