2020 ᠣᠨ ᠤ ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠳᠡ
ᠨᠡᠶᠢᠲᠡᠯᠡᠭᠰᠡᠨ ᠴᠠᠭ᠄
2020/5/9
            ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠳᠡ                                                 —— 2020 ᠣᠨ ᠤ 5 ᠳ᠋ᠣᠭᠠᠷ ᠰᠠᠷ᠎ᠠ ᠶᠢᠨ 8᠎ ᠤ ᠡᠳᠦᠷ ᠤᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠎ ᠤᠨ ᠵᠦᠪᠯᠡᠯ ᠤᠨ ᠠᠷᠪᠠᠨ ᠭᠤᠷᠪᠠᠳᠣᠭᠠᠷ ᠬᠤᠭᠤᠴᠠᠭᠠᠨ ᠤ ᠶᠢᠰᠦᠳᠦᠭᠡᠷ ᠬᠤᠷᠠᠯᠳᠣᠭᠠᠨ‌‍ᠲ᠋ᠡᠭᠡᠷ᠎ᠠ                                                               ᠰᠢᠯᠢ ᠶᠢᠨ ᠭᠤᠤᠯ ᠠᠶᠢᠮᠠᠭ ᠤᠨ ᠳᠠᠷᠤᠭ᠎ᠠ  ᠾᠥᠸᠧ ᠵᠣᠣ ᠯᠢᠶᠠᠩ    ᠡᠷᠬᠢᠯᠡᠭᠴᠢ ᠨᠡᠷ᠂ ᠭᠡᠰᠢᠭᠦᠳ ᠡ᠄      ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠮᠡᠳᠡᠭᠦᠯᠦᠯᠳᠡ ᠬᠢᠶ᠎ᠡ᠂ ᠡᠷᠬᠢᠯᠡᠭᠴᠢ ᠨᠡᠷ᠂ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃      ᠨᠢᠭᠡ᠂ 2019 ᠣᠨ ᠤ ᠠᠵᠢᠯ ᠤᠨ ᠡᠷᠭᠢᠴᠡᠭᠦᠯᠦᠯ      2019 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂  ᠨᠠᠮ ‍ᠤᠨ‌‍ᠲ᠋ᠥ᠋ᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠣ᠂ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠪᠦᠬᠦ ᠵᠢᠯ ᠳᠤ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠦᠷᠳᠡᠭ 3.4%᠎ ᠪᠠᠷ ᠨᠡᠮᠡᠭᠳᠡᠵᠦ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 4.2%᠎ ᠢᠶᠠᠷ ᠨᠡᠮᠡᠭᠳᠡᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 13.9%᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠬᠦᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ  3.3%᠎ ᠪᠠᠷ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠲᠤᠰ ᠲᠤᠰ 6.5% ᠪᠠ 10.7%᠎ ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠄     ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠣᠷ ᠬᠢᠪᠡ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠎ ᠶᠢᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ ᠶᠡᠭᠡ ᠪᠠᠶᠢᠴᠠᠭᠠᠯᠳᠠ ᠬᠢᠵᠣ ᠨᠠᠷᠢᠨ ᠪᠠᠶᠢᠳᠠᠯ ᠢ ᠣᠶᠢᠯᠠᠭᠠᠬᠤ︾᠂ ︽ ᠶᠡᠭᠡᠪᠡᠷ ᠴᠡᠭᠴᠡᠯᠡᠨ ᠰᠠᠶᠢᠵᠢᠷᠠᠭᠤᠯᠵᠤ ᠶᠡᠭᠡᠪᠡᠷ ᠨᠠᠶᠢᠳᠠᠪᠣᠷᠢᠵᠢᠭᠤᠯᠬᠤ︾᠂ ︽ ᠶᠡᠭᠡᠪᠡᠷ ᠤᠬᠠᠭᠤᠯᠵᠤ ᠶᠡᠭᠡᠪᠡᠷ ᠰᠤᠷᠪᠤᠯᠵᠢᠯᠠᠬᠤ︾ ᠵᠡᠷᠭᠡ ᠠᠵᠢᠯᠯᠠᠭ᠎ᠠ ᠨᠤᠭᠤᠳ ᠢ ᠵᠠᠯᠭ᠎ᠠ ᠪᠠᠷ ᠦᠷᠨᠢᠭᠦᠯᠵᠣ᠂ ᠠᠯᠢ ᠤᠯᠠᠨ ︽ ᠬᠠᠮᠳᠣᠷᠠᠯ ᠤᠨ ᠬᠦᠴᠦᠨ︾᠎ ᠢ ᠪᠣᠢ ᠪᠣᠯᠭᠠᠪᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠶᠢ ᠲᠣᠪᠣᠶᠢᠮ᠎ᠠ ᠰᠠᠶᠢᠲᠤᠷ ᠠᠳᠬᠤᠵᠣ  ᠂ 1712 ᠡᠷᠦᠬᠡ ᠶᠢᠨ 3223 ᠬᠥᠮᠦᠨ ᠢ ᠶᠠᠳᠠᠭᠤ ᠠᠴᠠ ᠠᠩᠬᠢᠵᠢᠷᠠᠭᠤᠯᠵᠣ᠂ ᠲᠠᠶᠢᠹᠣᠰᠧ ᠬᠤᠰᠢᠭᠤ᠂ ᠰᠢᠯᠣᠭᠤᠨ ᠬᠦᠪᠡᠭᠡᠳᠣ ᠴᠠᠭᠠᠨ ᠬᠤᠰᠢᠭᠤ ᠵᠡᠷᠭᠡ ᠤᠯᠤᠰ ᠤᠨ ᠳᠡᠰ ᠤᠨ ᠬᠤᠶᠠᠷ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠠᠴᠠ ᠨᠢ ᠠᠩᠭᠢᠵᠢᠷᠠᠭᠤᠯᠵᠤ᠂ ᠣᠳᠣ 8 ᠶᠠᠳᠠᠭᠤ ᠬᠦᠴᠢᠷᠳᠡᠯᠲᠠᠢ ᠬᠤᠰᠢᠭᠤ ᠰᠢᠶᠠᠨ ᠨᠢ ᠴᠦᠮ ᠶᠠᠳᠠᠭᠤ ᠠᠴᠠ ᠪᠠᠨ ᠠᠩᠭᠢᠵᠢᠷᠠᠵᠣ᠂ 228 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂  ᠶᠠᠳᠠᠭᠤᠷᠠᠬᠤ ᠨᠣᠷᠮ᠎ᠠ ᠶᠢ 0.03% ᠭᠦᠷᠳᠡᠯ᠎ᠡ ᠪᠠᠭᠤᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠳᠣ ᠴᠢᠨᠠᠷᠲᠠᠶ ᠠᠬᠢᠴᠠ ᠲᠠᠢ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠠᠯ᠎ᠠ ᠨᠣᠳᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠠᠢ᠃ ︽10 + 4︾᠎ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠵᠢᠯ ᠳᠤ ᠰᠢᠯᠢ ᠶᠢᠨ ᠬᠤᠳᠠ ᠣᠷᠣᠨ ᠤ ᠴᠡᠪᠡᠷ ᠲᠣᠩᠭᠠᠯᠠᠭ ᠠᠭᠤᠷ ᠠᠮᠢᠰᠬᠤᠯᠳᠣ ᠡᠳᠦᠷ ᠤᠨ ᠲᠣᠭᠠᠨ ᠤ ᠬᠠᠷᠢᠴᠠᠯ ᠢ 98.9%  ᠎ ᠳᠤ ᠬᠦᠷᠭᠡᠵᠣ᠂  ᠤᠯᠤᠰ ᠤᠨ ᠡᠵᠡᠮᠳᠡᠯ ᠤᠨ ᠤᠰᠤᠨ ᠤ ᠴᠢᠨᠠᠷ ᠢ ᠬᠢᠨᠠᠨ ᠰᠢᠯᠭᠠᠬᠤ ᠬᠤᠶᠠᠷ ᠬᠡᠰᠡᠭ ᠢ ᠬᠠᠷᠠᠯᠲᠠ ᠳᠤ ᠬᠦᠷᠭᠡᠵᠣ ᠰᠢᠯᠢᠳᠡᠭ ᠪᠣᠯᠭᠠᠵᠣ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦᠯᠢ ᠴᠣᠭᠴᠠ ᠪᠠᠷ ᠰᠠᠶᠢᠨ ᠪᠣᠯᠵᠠᠢ᠃ ᠰᠢᠯᠢᠳᠡᠭᠵᠢᠭᠦᠯᠦᠨ ᠲᠣᠬᠢᠷᠠᠭᠤᠯᠬᠤ ᠪᠠᠷ ᠳᠠᠮᠵᠢᠭᠤᠯᠤᠨ᠂ ᠠᠶᠢᠮᠠᠭ ᠤᠨ ᠬᠠᠷᠢᠶᠠᠨ ᠎ ᠳᠠᠬᠢ 62.35%᠎ ᠶᠢᠨ ᠲᠠᠯᠠᠪᠠᠢ ᠶᠢ ᠤᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠴᠡᠭ᠂ ᠵᠠᠳᠠᠭᠠᠶ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢ ᠠᠬᠢᠭᠤᠯᠬᠤ ᠲᠦᠯᠦᠪᠵᠢᠭᠦᠯᠭᠡ ᠶᠢ ᠡᠬᠢᠯᠡᠭᠦᠯᠵᠦ᠂ 95 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠪᠡᠶᠡᠯᠡᠭᠦᠯᠵᠦ  ᠂  31.35 ᠬᠠᠪᠳᠠᠭᠠᠢ ᠲᠦᠷᠪᠡᠯᠵᠢᠨ ᠺᠢᠯᠣᠮᠧᠲᠷ ᠠᠭᠤᠷᠬᠠᠢ ᠶᠢᠨ ᠣᠷᠣᠨ ᠢ ᠴᠡᠭᠴᠡᠯᠡᠨ ᠵᠠᠰᠠᠵᠤ᠂ ᠣᠷᠣᠨ ᠤ ᠲᠡᠰ ᠤᠨ 12 ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠪᠡᠯᠴᠢᠭᠡᠷ ᠰᠡᠷᠭᠦᠭᠡᠭᠦ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠪᠠᠶᠢᠭᠠᠯᠢ ᠶᠢᠨ ᠪᠡᠯᠴᠢᠭᠡᠷ ᠤᠨ ᠳᠠᠭᠠᠭᠠᠴᠠ ᠳᠠᠬᠢ ᠮᠠᠯ ᠤᠨ ᠲᠤᠭ᠎ᠠ ᠲᠣᠯᠣᠭᠠᠢ 3 ᠵᠢᠯ ᠳᠠᠷᠠᠭᠠᠯᠠᠨ ᠬᠠᠰᠣᠭᠳᠠᠵᠠᠢ᠃ ᠣᠨᠴᠠ ᠶᠡᠭᠡ ᠠᠶᠤᠯ ᠲᠦᠭᠰᠢᠭᠦᠷᠢ ᠶᠢ ᠢᠳᠡᠪᠬᠢᠲᠠᠢ ᠪᠠᠷ ᠰᠡᠷᠭᠡᠶᠢᠯᠡᠨ ᠠᠷᠢᠯᠭᠠᠪᠠ᠃ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠵᠢᠯ ᠎ ᠤᠨ ᠡᠭᠦᠷᠭᠡ ᠪᠠᠨ 280.7%᠎ ᠪᠠᠷ ᠪᠡᠶᠡᠯᠡᠭᠦᠯᠪᠡ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠣ ᠠᠬᠤᠶᠢᠯᠠᠯ ᠳᠤ ᠥᠷᠢᠲᠦᠭᠰᠡᠨ ᠵᠣᠭᠤᠰ ᠢᠶᠠᠨ ᠪᠦᠬᠦᠨ ᠢ ᠪᠣᠴᠠᠭᠠᠵᠣ᠂ ᠵᠢᠯ ᠤᠨ ᠡᠭᠦᠷᠭᠡ ᠪᠠᠨ 105.5%᠎ ᠪᠠᠷ ᠪᠡᠶᠡᠯᠡᠭᠦᠯᠵᠦ᠂ ᠪᠦᠬᠦ ᠠᠶᠢᠮᠠᠭ ᠤᠨ ᠨᠢᠭᠤᠭᠳᠠᠮᠠᠯ ᠥᠷᠢ ᠦᠭᠴᠡᠭᠡᠨ ᠤ ᠲᠦᠭᠰᠢᠭᠦᠷᠢ ᠶᠢᠨ ᠳᠡᠰ ᠢ ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ᠃ ᠶᠢᠨ ᠮᠠᠨ ᠠᠭᠤᠷᠬᠠᠢ ᠶᠢᠨ ᠦᠢᠯᠡᠰ ᠤᠨ ︽2 · 23︾᠎ ᠤ ᠠᠳᠠᠯ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠦᠷ ᠬᠢᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂  ᠪᠥᠬᠦ ᠵᠢᠯ ᠳᠤ ᠨᠠᠷᠢᠨ ᠲᠠᠩᠰᠠ ᠪᠠᠶᠢᠭᠤᠯᠵᠤ ᠡᠯ᠎ᠡ ᠲᠥᠷᠥᠯ ᠤᠨ ᠳᠠᠯᠳᠠ ᠬᠡᠮ ᠢ 1.1 ᠲᠦᠮᠡᠨ ᠵᠤᠷᠪᠤᠰ ᠴᠡᠭᠴᠡᠯᠡᠨ ᠰᠠᠶᠢᠵᠢᠷᠠᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠦᠴᠦᠲᠡᠶ ᠳᠡᠮᠵᠢᠯᠭᠡ ᠳᠣᠤᠷ᠎ᠠ ᠂ III ᠲᠡᠰ ᠤᠨ ᠪᠠᠴᠢᠮ ᠪᠠᠶᠢᠳᠠᠯ ᠢ ᠠᠷᠭᠠᠴᠠᠬᠤ ᠶᠢ ᠴᠠᠭ ᠳᠠᠷᠤᠶ ᠳᠤᠨᠢ ᠡᠬᠢᠯᠡᠭᠦᠯᠵᠦ᠂ ᠬᠤᠯᠤᠭᠠᠨ᠎ᠠ ᠬᠢᠵᠢᠭ ᠤᠨ ᠪᠠᠶᠢᠳᠠᠯ ᠢ ᠪᠦᠲᠦᠮᠵᠢᠲᠠᠢ ᠡᠵᠡᠮᠳᠡᠪᠡ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠣᠨᠴᠠ ᠶᠡᠭᠡ ᠠᠶᠤᠯ ᠲᠦᠭᠰᠢᠭᠦᠷᠢ ᠶᠢ ᠰᠢᠨᠵᠢᠯᠡᠨ ᠮᠠᠭᠠᠳᠯᠠᠬᠤ ᠪᠠ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠪᠠ᠃   ︵ᠬᠤᠶᠠᠷ︶ ᠲᠥᠪᠯᠡᠷᠡᠭᠦᠯᠦᠨ ᠪᠣᠭᠤᠮᠲᠠ ᠰᠢᠪᠲᠤᠯᠵᠤ ᠠᠰᠠᠭᠤᠳᠠᠯ ᠤᠨ ︽ᠦᠯᠡᠳᠡᠭᠡᠯ︾᠎ ᠢ ᠠᠷᠢᠯᠭᠠᠪᠠ᠃  ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠱᠠᠯᠠᠪᠳᠠᠭᠤᠯᠣᠨ ᠪᠠᠶᠢᠴᠠᠭᠠᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ 729 ᠠᠰᠠᠭᠤᠳᠠᠯ ᠢ ᠥᠪᠡᠰᠦᠪᠡᠨ ᠪᠠᠶᠢᠴᠠᠭᠠᠵᠤ ᠵᠠᠯᠠᠷᠠᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 18 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠎ ᠪᠠᠨ 15᠎ ᠶᠢ ᠨᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠲᠠᠯ᠎ᠠ ᠨᠣᠳᠤᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠠᠰᠠᠭᠤᠳᠠᠯ ᠎ ᠤᠨ ᠲᠤᠰᠬᠠᠶ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 24 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ13᠎ ᠶᠢ ᠨᠢ ᠪᠡᠶᠡᠯᠡᠭᠦᠯᠪᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠭᠠᠷᠠᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ 2016 ᠣᠨ ᠠᠴᠠ 2018 ᠣᠨ ᠳᠤ 288 ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠲᠥᠷᠥᠯ ᠤᠨ ᠠᠰᠠᠭᠤᠳᠠᠯ ᠢ ᠪᠥᠬᠦ ᠣᠷᠣᠨ ᠳᠤ ᠤᠷᠢᠳᠠᠪᠠᠷ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠪᠡ᠃  ᠲᠣᠮᠣ ᠫᠧᠩ ᠪᠦᠷᠬᠦᠪᠴᠢ ᠪᠠ ᠲᠣᠭᠲᠠᠭᠠᠯ ᠢ ᠵᠥᠷᠢᠴᠡᠨ ᠬᠤᠪᠢ ᠎ ᠶᠢᠨ ᠵᠣᠰᠠᠯᠠᠩ ᠰᠠᠭᠤᠴᠠ ᠪᠠᠷᠢᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠣᠮᠣ ᠫᠧᠩ ᠪᠦᠷᠬᠦᠪᠴᠢ 122᠎ ᠢ ᠴᠡᠭᠴᠡᠯᠡᠨ ᠵᠠᠰᠠᠵᠤ ᠳᠠᠭᠤᠰᠬᠠᠨ᠂ 3 ᠰᠠᠭᠤᠷᠢ ᠲᠣᠭᠲᠠᠭᠠᠯ ᠢ ᠵᠥᠷᠢᠴᠡᠨ ᠬᠤᠪᠢ ᠶᠢᠨ ᠵᠣᠰᠠᠯᠠᠩ ᠰᠠᠭᠤᠴᠠ ᠪᠠᠷᠢᠭᠰᠠᠨ‌ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃  ᠮᠠᠨ ᠤ ᠠᠶᠢᠮᠠᠭ ᠢᠶᠠᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠩᠭᠠᠯᠭ᠎ᠠ ᠶᠢ ᠪᠠᠲᠤᠯᠠᠬᠤ ᠲᠦᠷᠦᠯ ᠤᠨ ᠨᠡᠭᠦᠷᠡᠰᠦᠨ ᠠᠭᠤᠷᠬᠠᠢ ᠶᠢᠨ ᠭᠠᠷᠳᠠᠮ ᠢ ᠲᠦᠯᠬᠢᠨ ᠠᠬᠢᠭᠤᠯᠬᠤ ᠲᠤᠷᠰᠢᠯᠲᠠ ᠶᠢᠨ ᠭᠠᠵᠠᠷ ᠣᠷᠣᠨ ᠪᠣᠯᠭᠠᠬᠤ ᠪᠠᠷ ᠬᠦᠴᠦᠯᠡᠨ ᠴᠢᠷᠮᠠᠶᠢᠵᠣ᠂ 5 ᠨᠡᠭᠦᠷᠡᠰᠦᠨ ᠠᠭᠤᠷᠬᠠᠢ ᠶᠢᠨ ᠬᠡᠷᠡᠭᠯᠡᠬᠦ ᠭᠠᠵᠠᠷ ᠪᠠ ᠠᠭᠤᠷᠬᠠᠶ ᠮᠠᠯᠲᠠᠬᠤ ᠭᠠᠷᠳᠠᠮ ᠢ ᠪᠦᠬᠦᠨ ᠢ ᠬᠦᠢᠴᠡᠳᠭᠡᠵᠣ᠂ 4 ᠠᠭᠤᠷᠬᠠᠢ ᠮᠠᠯᠲᠠᠬᠤ  ᠭᠠᠷ ᠭᠦᠢᠴᠡᠳᠬᠡᠯ ᠢ ᠣᠯᠵᠤ᠂ 7 ᠨᠡᠭᠦᠷᠡᠰᠦᠨ ᠠᠭᠤᠷᠬᠠᠶ ᠶᠢ ᠬᠢᠨᠠᠨ ᠵᠦᠪᠰᠢᠶᠡᠷᠡᠭᠦᠯᠪᠡ᠃      ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠦᠨ ᠬᠥᠭᠵᠢᠬᠦ ᠶᠢ ᠠᠬᠢᠭᠤᠯᠵᠣ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠪᠡ᠃ ︽ᠬᠤᠨᠢ ᠶᠢ ᠴᠦᠭᠡᠳᠭᠡᠨ ᠦᠬᠡᠷ ᠢ ᠨᠡᠮᠡᠭᠳᠡᠭᠦᠯᠬᠦ︾ ᠲᠠᠯ᠎ᠠ ᠪᠠᠷ᠂ ᠮᠠᠯᠵᠢᠯ ᠤᠨ ᠣᠨ ᠤ ᠡᠪᠦᠯᠵᠢᠭᠦᠯᠬᠦ ᠮᠠᠯ ᠤᠨ ᠲᠤᠭ᠎ᠠ ᠲᠣᠯᠣᠭᠠᠢ ᠶᠢ 1298 ᠲᠦᠮᠡᠨ ᠲᠣᠯᠣᠭᠠᠢ ᠪᠣᠯᠭᠠᠵᠣ᠂ ᠡᠭᠦᠨ ᠳᠤ ᠬᠤᠨᠢᠨ ᠤ ᠲᠤᠭ᠎ᠠ ᠶᠢ  5.4%᠎ ᠪᠠᠷ ᠪᠠᠭᠤᠷᠠᠭᠤᠯᠵᠣ᠂  ᠦᠭᠡᠷ ᠤᠨ ᠲᠤᠭ᠎ᠠ ᠶᠢ 17.6% ᠪᠣᠯᠭᠠᠨ ᠨᠡᠮᠡᠭᠳᠡᠭᠦᠯᠪᠡ᠃ ᠠᠩᠭᠢᠰ ᠵᠡᠷᠭᠡ ᠳᠡᠭᠡᠳᠣ ᠲᠡᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ ᠪᠠᠶᠢᠷᠢᠯᠠᠪᠠ᠃ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠳᠠᠪᠠᠭᠤᠯᠢᠭ ᠣᠷᠣᠨ ᠤ ᠬᠡᠷᠡᠭᠵᠢᠭᠦᠯᠬᠦ ᠲᠥᠯᠥᠪᠵᠢᠭᠦᠯᠭᠡ︾᠎ ᠶᠢ ᠨᠡᠶᠢᠲᠡᠯᠡᠵᠦ᠂ ︽ᠰᠢᠯᠢ ᠶᠢᠨ ᠭᠤᠤᠯ ᠤᠨ ᠬᠤᠨᠢᠨ ᠮᠢᠬ᠎ᠠ︾᠎ ᠨᠢ ᠪᠥᠬᠦ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠪᠥᠬᠦ ᠣᠷᠣᠨ ᠤ ᠠᠩᠬᠠᠳᠣᠭᠠᠷ ᠪᠦᠯᠦᠭ ᠤᠨ ︽ᠮᠣᠩᠭᠤᠯ ᠲᠡᠮᠳᠡᠭ︾᠎ ᠲᠤ ᠰᠣᠩᠭᠤᠭᠳᠠᠪᠠ᠃  ᠡᠨᠧᠷᠭᠢ ᠶᠢᠨ ᠠᠵᠤ ᠠᠬᠤᠢ ᠶᠢᠨ ᠲᠠᠯ᠎ᠠ ᠪᠠᠷ᠂ ᠵᠢᠩ ᠨᠧᠩ᠂ ᠬᠤᠸᠠ ᠷᠦᠨ ᠵᠡᠷᠭᠡ 4 ᠴᠠᠬᠢᠯᠭᠠᠨ ᠦᠢᠯᠡᠳᠪᠦᠷᠢ ᠠᠰᠢᠭᠯᠠᠯᠲᠠ ᠳᠤ ᠣᠷᠣᠵᠤ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠮᠢᠩᠭᠠᠨ ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠪᠣᠳᠠᠲᠤ ᠶᠠᠪᠣᠳᠠᠯ ᠪᠣᠯᠭᠠᠨ ᠬᠤᠪᠢᠷᠠᠭᠤᠯᠪᠠ᠃ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠳᠠᠭᠤᠰᠬᠠᠵᠤ᠂  ᠶᠡᠷᠦᠩᠬᠡᠶ ᠬᠡᠪᠴᠢᠶ᠎ᠡ ᠨᠢ 596 ᠲᠦᠮᠡᠨ ᠺᠢᠯᠣᠸᠠᠲ ᠤᠨ ᠰᠢᠯᠢ ᠶᠢᠨ ᠭᠤᠤᠯ ᠠᠶᠢᠮᠠᠭ ᠠᠴᠠ ᠵᠢᠶᠠᠩᠰᠦ ᠬᠥᠷᠬᠦ ᠣᠨᠴᠠ ᠥᠨᠳᠥᠷ ᠬᠦᠴᠦᠳᠡᠯᠲᠦ ᠢᠵᠢ ᠪᠥᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ  ᠵᠦᠪᠰᠢᠶᠡᠷᠡᠭᠳᠡᠵᠣ᠂ ᠶᠡᠷᠦᠩᠬᠡᠶ ᠬᠡᠪᠴᠢᠶ᠎ᠡ ᠨᠢ 700 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠦᠷᠭᠡᠬᠦ ᠢᠨᠵᠧᠨᠧᠷᠢᠩ ᠢ ᠪᠦᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠦᠢᠯᠡᠴᠢᠯᠡᠭᠡᠨ ᠤ ᠦᠢᠯᠡᠰ ᠤᠨ ᠲᠠᠯ᠎ᠠ ᠎ ᠪᠠᠷ ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾᠎ ᠶᠢ ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ 70%᠎ ᠳᠤ ᠭᠦᠷᠭᠡᠪᠡ᠃ 25 ᠭᠤᠣᠯᠳᠠᠯᠭ᠎ᠠ ᠲᠠᠢ ᠵᠤᠭᠠᠴᠠᠯ ᠤᠨ ᠲᠥᠷᠦᠯ ᠵᠦᠢᠯ ᠢ ᠬᠡᠷᠡᠭᠵᠢᠭᠦᠯᠵᠦ᠂  ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠰᠢᠯᠢ ᠶᠢᠨ ᠭᠤᠣᠯ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ ᠶᠤᠸᠠᠨ ᠤ ᠳᠡᠭᠡᠳᠣ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠢ ᠡᠬᠢᠯᠡᠨ ᠪᠠᠶᠢᠭᠤᠯᠪᠠ᠃ ᠲᠤᠯᠤᠨ ᠨᠣᠣᠷ ᠰᠢᠶᠠᠨ᠂ ᠲᠠᠶᠢᠹᠣᠰᠧ ᠬᠤᠰᠢᠭᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠵᠢᠠᠠᠰᠠᠭᠠᠭᠳᠠᠵᠣ᠂  ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠪᠣᠷᠣᠯᠠᠭᠤᠯᠣᠭᠰᠠᠨ ᠲᠤᠭ᠎ᠠ 58.8%᠎ ᠪᠠᠷ ᠨᠡᠮᠡᠭᠳᠡᠪᠡ᠃ ᠰᠢᠨ᠎ᠡ ᠠᠵᠤ ᠦᠢᠯᠡᠰ ᠤᠨ ᠲᠠᠯ᠎ᠠ ᠪᠠᠷ᠂  ᠬᠢᠮᠡᠯ ᠠᠯᠮᠠᠰ ᠴᠢᠯᠠᠭᠤ᠂ ᠴᠠᠬᠢᠭᠤᠷ ᠮᠠᠩᠭᠠᠨ ᠤ ᠬᠠᠶᠢᠯᠤᠰᠢ᠂ ᠪᠠᠯ ᠴᠢᠯᠠᠭᠤᠨ ᠴᠠᠬᠢᠯᠭᠠᠨ ᠲᠣᠶᠢᠯ ᠵᠡᠷᠭᠡ ᠨᠢᠭᠡ ᠪᠦᠯᠦᠭ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠰᠢᠨ᠎ᠡ ᠡᠨᠧᠷᠭᠢ ᠶᠢᠨ ᠲᠣᠨᠤᠭ ᠦᠢᠯᠡᠳᠬᠦ ᠠᠵᠤ ᠠᠬᠤᠶᠢᠯᠠᠯ ᠎ ᠤᠨ ᠦᠢᠯᠡᠳᠪᠦᠷᠢᠯᠡᠯ ᠲᠣᠭᠳᠠᠪᠣᠷᠢᠵᠢᠨ ᠦᠷ᠎ᠡ ᠪᠦᠲᠦᠮᠵᠢ ᠣᠯᠵᠤ᠂ ᠤᠰᠤᠲᠥ᠋ᠷᠥᠭᠴᠢᠲᠦ ᠡᠨᠧᠷᠭᠢ᠂ ᠢᠯᠵᠢᠮᠡᠭ ᠬᠦᠴᠢᠯ ᠢ ᠨᠡᠭᠡᠭᠡᠨ ᠠᠰᠢᠭᠯᠠᠬᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠣ᠂ ᠲᠣᠮᠣ ᠳ᠋ᠠᠶᠢᠲ᠋ᠠ ᠶᠢᠨ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠯᠠᠪᠳᠠᠭᠤᠨ ᠪᠠᠲᠣᠳᠠᠢ ᠬᠡᠷᠡᠭᠵᠢᠭᠦᠯᠪᠡ᠃      ︵ᠳᠥᠷᠪᠡ︶  ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ ᠠᠪᠠᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠤᠭᠲᠠᠭᠤᠨ ᠡᠬᠢᠯᠡᠭᠦᠯᠵᠦ᠂ ᠰᠢᠯᠣᠭᠤᠨ ᠬᠥᠬᠡ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠴᠡᠭ ᠤᠨ ᠯᠠᠪᠳᠠᠭᠤᠨ ᠢᠶᠠᠷ ᠲᠦᠯᠬᠢᠨ ᠠᠬᠢᠭᠤᠯᠪᠠ᠃ ᠪᠥᠬᠦ ᠠᠶᠢᠮᠠᠭ ᠤᠨ 7721ᠮᠠᠯᠴᠢᠨ ᠲᠠᠷᠢᠶᠠᠴᠢᠨ ᠡᠷᠦᠬᠡ ᠵᠣᠷᠯᠣᠩ ᠬᠡᠷᠡᠭᠯᠡᠵᠣ᠂ 5.28 ᠲᠦᠮᠡᠨ ᠬᠥᠮᠦᠨ ᠤ ᠣᠣᠭᠤᠬᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠣ᠂ 985 ᠮᠠᠯᠴᠢᠨ ᠲᠠᠷᠢᠶᠠᠴᠢᠨ ᠡᠷᠦᠬᠡ ᠶᠢᠨ ᠨᠣᠷᠠᠮᠠᠷ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠣ᠂ 4G  ᠬᠡᠷᠡᠭᠯᠡᠭᠡ ᠥᠬᠡᠶ 192  ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠥᠷᠥᠯ ᠵᠦᠢᠯ ᠢ ᠪᠦᠷ ᠪᠦᠷᠭᠦᠬᠦᠯᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠨᠣᠷᠮ᠎ᠠ ᠶᠢ 80%᠎ ᠳᠤ ᠬᠦᠷᠦᠭᠦᠯᠪᠡ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠬᠠᠭᠤᠴᠢᠨ ᠲᠣᠭᠤᠷᠢᠭ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠥᠷᠥᠯ ᠵᠦᠢᠯ ᠢ 21 ᠬᠡᠷᠡᠭᠵᠢᠭᠦᠯᠵᠦ᠂ ᠵᠠᠮ ᠱᠤᠭᠤᠮ ᠪᠠ ᠬᠤᠭᠤᠯᠠᠢ ᠲᠣᠣᠷ ᠢ 150 ᠭᠠᠷᠤᠢ ᠺᠢᠯᠦᠮᠧᠲᠷ ᠦᠭᠡᠷᠡᠴᠢᠯᠡᠪᠡ  ᠃ ᠠᠶᠢᠮᠠᠭ ᠬᠤᠲᠠ ᠬᠤᠯᠪᠣᠭᠠᠯᠠᠨ ᠰᠢᠯᠢ ᠶᠢᠨ ᠬᠤᠳᠠ ᠶᠢ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠬᠤ ᠶᠢ ᠠᠬᠢᠭᠤᠯᠪᠠ᠃  8 ᠵᠤᠷᠪᠤᠰ 530᠎ ᠤᠨ ᠺᠢᠯᠣᠮᠧᠲᠷ ᠭᠤᠤᠯᠳᠠᠯᠭ᠎ᠠ ᠲᠠᠢ ᠵᠠᠰᠠᠮᠠᠯ ᠵᠠᠮ ᠢ ᠵᠠᠰᠠᠵᠣ᠂ ︽ ᠲᠦᠷᠪᠡ ᠶᠢ ᠰᠠᠶᠢᠳᠦᠷ ᠬᠢᠬᠦ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ︾ ᠎ ᠢ 1122 ᠺᠢᠯᠣᠮᠧᠲᠷ  ᠵᠠᠰᠠᠵᠣ᠂ ᠭᠦᠪᠡᠭᠡᠳᠣ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠪᠠ᠃    ︵ᠲᠠᠪᠤ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠪᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠡᠭᠦᠯᠡᠨ ᠪᠣᠳᠣᠯᠳᠠ ᠶᠢᠨ ᠰᠢᠯᠢ ᠶᠢᠨ ᠭᠤᠣᠯ︾ ᠬᠢᠭᠡᠳ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠭᠤᠰᠤᠯᠴᠠᠭᠤᠯᠤᠨ ᠵᠣᠯᠭᠠᠭᠤᠯᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠦᠢᠴᠡᠳᠭᠡᠬᠦ ᠬᠠᠷᠢᠴᠠᠯ ᠢ ᠪᠦᠬᠦ ᠣᠷᠣᠨ ᠤ ᠨᠢᠭᠡᠳᠦᠭᠡᠷ ᠲᠡᠰ ᠲᠤ ᠣᠷᠣᠭᠤᠯᠵᠤ᠂ ᠠᠶᠢᠮᠠᠭ ᠤᠨ ᠲᠣᠰ ᠱᠠᠲᠤᠨ ᠤ ᠬᠦᠢᠴᠡᠳᠭᠡᠬᠦ ᠭᠤᠭᠴᠤᠭ᠎ᠠ᠂ ᠬᠢᠨᠠᠨ ᠵᠥᠪᠰᠢᠶᠡᠷᠡᠬᠦ ᠴᠠᠭ ᠤᠨ ᠬᠤᠭᠤᠴᠠᠭ᠎ᠠ ᠶᠢ ᠲᠣᠰ ᠲᠣᠰ 20% ᠪᠠ 35%᠎ ᠪᠠᠷ ᠪᠣᠭᠤᠨᠢᠰᠬᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠵᠤ᠂ ᠠᠵᠤ ᠠᠬᠤᠶᠢᠯᠠᠯ ᠨᠡᠭᠡᠭᠡᠨ ᠡᠷᠬᠢᠯᠡᠬᠦ ᠴᠠᠭ ᠢ 5 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ 36 ᠵᠤᠷᠪᠤᠰ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ 18 ᠵᠤᠷᠪᠤᠰ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠮᠥᠩᠭᠦᠨ ᠬᠦᠢᠯᠭᠡᠭᠡᠨ ᠢᠶᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 8 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ 14 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠪᠠ᠃ ᠣᠯᠠᠨ ᠣᠯᠣᠰ ᠤᠨ ᠠᠷᠠᠯᠵᠢᠶᠠᠨ ᠤ  ︽ᠨᠢᠭᠡ ᠯᠡ ᠴᠣᠩᠬᠤᠪᠴᠢ︾᠎ ᠶᠢ ᠪᠦᠬᠦ ᠲᠠᠯ᠎ᠠ ᠪᠠᠷ ᠭᠡᠷᠡᠭᠵᠢᠭᠦᠯᠵᠣ᠂ ᠪᠦᠬᠦ ᠵᠢᠯ ᠤᠨ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠭᠰᠠᠨ ᠶᠡᠷᠦᠩᠭᠡᠢ ᠬᠡᠮᠵᠢᠶ᠎ᠡ ᠶᠢ 35.1%᠎ ᠪᠠᠷ ᠨᠡᠮᠡᠭᠳᠡᠭᠦᠯᠪᠡ᠃ ᠡᠷᠢᠶᠡᠨ ᠬᠤᠲᠠ ᠶᠢᠨ ᠲᠣᠮᠳᠠᠳᠣ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠭᠠᠳᠠᠨᠠᠬᠢ ᠪᠠᠷᠢᠯᠭ᠎ᠠ ᠶᠢᠨ ᠠᠵᠢᠯ ᠢ ᠲᠠᠭᠤᠰᠬᠠᠵᠣ᠂ ᠭᠤᠤᠯ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠪᠦᠬᠦ ᠲᠠᠯ᠎ᠠ ᠪᠠᠷ ᠠᠵᠢᠯ ᠡᠬᠢᠯᠡᠭᠦᠯᠪᠡ᠃   ︵ᠵᠢᠷᠭᠤᠭ᠎ᠠ︶ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠬᠦᠴᠦᠯᠡᠨ ᠳᠡᠭᠡᠭᠰᠢᠯᠡᠪᠡ᠃  ᠬᠤᠳᠠ ᠬᠦᠳᠡᠭᠡ ᠶᠢᠨ ᠠᠵᠢᠯ ᠣᠯᠭᠤᠯᠲᠠ ᠶᠢ ᠶᠡᠭᠡᠪᠡᠷ ᠠᠬᠢᠭᠤᠯᠵᠤ᠂ ᠬᠤᠲᠠ ᠪᠠᠯᠭᠠᠰᠤᠨ ᠤ 1.6 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠣ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.08%᠎ ᠳᠤ  ᠬᠢᠵᠠᠭᠠᠷᠯᠠᠵᠣ᠂ ᠲᠣᠰ ᠵᠢᠯ ᠳᠤ 2.16 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠡᠯ᠎ᠡ ᠲᠥᠷᠥᠯ ᠤᠨ 685 ᠴᠢᠳᠠᠪᠤᠷᠢᠲᠠᠨ ᠢ ᠣᠷᠢᠨ ᠠᠪᠴᠢᠷᠠᠵᠠᠢ᠃ ᠮᠠᠯᠴᠢᠨ ᠲᠠᠷᠢᠶᠠᠴᠢᠨ ᠤ ᠬᠦᠯᠦᠰᠦᠨ ᠠᠵᠢᠯᠴᠢᠳ ᠤᠨ ᠬᠦᠯᠦᠰᠣ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠣᠯᠭᠤᠪᠠ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 12᠎ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠨᠣᠷᠮ᠎ᠠ 100%᠎ ᠳᠤ ᠬᠦᠷᠪᠡ᠃ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠠᠢ᠃ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂  ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ 11᠎ ᠶᠢ ᠰᠢᠨ᠎ᠡ ᠪᠠᠷ ᠨᠡᠮᠡᠭᠳᠡᠭᠦᠯᠵᠣ᠂  ᠭᠤᠷᠪᠠ᠂ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠨᠢ 60% ᠣᠷᠴᠢᠮ ᠪᠣᠯᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠢᠨᠵᠧᠨᠧᠷᠢᠩ ᠢ ᠭᠦᠨᠵᠡᠭᠡᠶ  ᠬᠡᠷᠡᠭᠵᠢᠭᠦᠯᠵᠠᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ  ᠮᠦᠩᠭᠦᠨ ᠤ ᠲᠤᠰᠬᠠᠶ ᠵᠠᠰᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃ 11 ᠬᠤᠰᠢᠭᠤ ᠰᠢᠶᠠᠨ ᠬᠤᠲᠠ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠵᠣ᠂ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠨᠢ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠵᠣ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠵᠢᠠᠠᠰᠠᠭᠠᠭᠳᠠᠪᠠ᠃  ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 3᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ  2᠂  ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ  6᠎ ᠶᠢ ᠲᠣᠰ ᠲᠣᠰ ᠰᠢᠨ᠎ᠡ ᠪᠠᠷ ᠨᠡᠮᠡᠭᠳᠡᠭᠦᠯᠪᠡ᠃  80%᠎ ᠠᠴᠠ ᠳᠡᠭᠡᠭᠰᠢᠬᠢ ᠰᠠᠭᠤᠭᠠᠯᠢ ᠠᠷᠠᠳ ᠤᠨ ᠲᠠᠸᠠᠷ ᠤᠨ ᠣᠷᠣᠨ ᠰᠠᠭᠤᠴᠠ ᠶᠢᠨ ᠦᠯᠡᠳᠡᠭᠳᠡᠵᠦ ᠢᠷᠡᠭᠰᠡᠨ ᠦᠨᠡᠮᠯᠡᠯ ᠠᠪᠬᠤ ᠠᠰᠠᠭᠤᠳᠠᠯ ᠢ ᠰᠢᠢᠳᠪᠦᠷᠢᠯᠡᠵᠣ᠂  ᠬᠤᠭᠤᠴᠠᠭ᠎ᠠ ᠨᠢ ᠦᠩᠭᠡᠷᠡᠵᠣ ᠰᠢᠨᠡᠳᠭᠡᠬᠡ ᠦᠬᠡᠢ 2181 ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠳᠠᠭᠤᠰᠬᠠᠪᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾᠎ ᠤ ᠮᠥᠰᠥᠨ ᠳᠡᠭᠡᠷᠡᠬᠢ ᠯᠤᠤᠲᠤ ᠣᠩᠭᠤᠴᠠ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠰᠢᠯᠢ ᠶᠢᠨ ᠭᠤᠤᠯ ᠤᠨ ᠨᠠᠭᠠᠳᠤᠮ ᠵᠡᠷᠭᠡ ᠲᠣᠮᠣ ᠬᠡᠯᠪᠡᠷᠢ ᠶᠢᠨ ᠬᠦᠳᠡᠯᠭᠡᠭᠡᠨ ᠢ ᠡᠷᠭᠢᠯᠡᠵᠦ᠂ ᠳᠠᠭᠤᠯᠠᠯᠳᠤ ᠵᠦᠴᠦᠭᠡ ︽ᠮᠢᠨᠦ ᠤᠯᠠᠭᠠᠨᠮᠥ᠋ᠴᠢᠷ︾᠂ ᠺᠢᠨᠣ᠋ ︽ᠵᠧᠤ ᠧᠨ ᠯᠠᠶ ᠬᠢᠭᠡᠳ ᠤᠯᠠᠭᠠᠨᠮᠥ᠋ᠴᠢᠷ︾᠎ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾᠎ ᠤᠨ ᠰᠢᠯᠢᠳᠡᠭ ᠪᠦᠲᠦᠭᠡᠯ ᠤᠨ ᠱᠠᠩᠨᠠᠯ ᠎ ᠤᠨ ᠢᠷᠠᠭᠤ ᠠᠯᠳᠠᠷ  ᠭᠥᠷᠳᠡᠪᠡ᠃  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 3 ᠬᠠᠮᠲᠤ ᠨᠡᠶᠢᠲᠡ᠂ 2 ᠨᠡᠷ᠎ᠡ ᠬᠤᠪᠢ ᠬᠥᠮᠦᠨ ᠲᠣᠰ ᠲᠣᠰ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠬᠠᠮᠲᠤ ᠪᠠ ᠵᠢᠱᠢᠶᠡᠴᠢ ᠶᠢᠨ ᠴᠣᠯᠠ ᠶᠢ ᠬᠦᠷᠳᠡᠵᠦ᠂ ᠰᠢᠯᠢ ᠶᠢᠨ ᠬᠤᠳᠠ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠬᠡᠮᠡᠨ ᠨᠡᠷᠡᠶᠢᠳᠦᠭᠳᠡᠪᠡ  ᠃  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠵᠠᠬᠢᠳᠠᠯ ᠰᠣᠷᠪᠣᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ ᠪᠣᠭᠤᠮᠲᠠ ᠰᠢᠪᠲᠤᠯᠬᠤ ᠠᠵᠢᠯ ᠢ ᠲᠦᠪᠯᠡᠷᠡᠩᠭᠦᠢ ᠦᠷᠨᠢᠭᠦᠯᠵᠣ᠂ ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠤᠮᠠᠷᠠᠲᠤ ᠬᠢᠯᠢ ᠶᠢᠨ ᠠᠮᠤᠷ  ᠲᠣᠭᠲᠠᠭᠤᠨ ᠤ ᠬᠠᠯᠬᠠᠪᠴᠢ ᠶᠢ ᠨᠡᠩ ᠪᠠᠬᠢᠵᠢᠭᠦᠯᠪᠡ᠃      ᠦᠩᠭᠡᠷᠡᠭᠰᠡᠨ ᠨᠢᠭᠡ ᠵᠢᠯ ᠳᠤ᠂ ᠪᠢᠳᠡ  ᠵᠠᠬᠢᠷᠭ᠎ᠠ  ᠎ ᠶᠢᠨ  ᠲᠤᠰ  ᠪᠡᠶ᠎ᠡ  ᠶᠢᠨ  ᠪᠠᠶᠢᠭᠤᠯᠤᠯᠲᠠ  ᠪᠠᠨ  ᠪᠦᠬᠦ  ᠲᠠᠯ᠎ᠠ  ᠎ ᠪᠠᠷ  ᠴᠢᠩᠭᠠᠳᠬᠠᠪᠠ᠃ ᠨᠢᠭᠡ ᠳᠤ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠦᠨᠡᠨᠬᠦ ᠬᠡᠷᠡᠭᠵᠢᠭᠦᠯᠵᠣ᠂ ᠡᠯ᠎ᠡ ᠲᠥᠷᠥᠯ ᠤᠨ135 ᠠᠰᠠᠭᠤᠳᠠᠯ ᠢ ᠰᠢᠨᠵᠢᠯᠡᠨ ᠪᠠᠶᠢᠴᠠᠭᠠᠵᠣ ᠴᠡᠭᠴᠡᠯᠡᠨ ᠰᠢᠢᠳᠪᠦᠷᠢᠯᠡᠪᠡ᠃ ᠬᠤᠶᠠᠷ ᠲᠤ ᠵᠠᠬᠢᠷᠭ᠎ᠠ ᠶᠢᠨ ᠭᠤᠤᠯᠳᠠᠯᠭ᠎ᠠ ᠲᠠᠢ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠠᠶᠢᠳᠠᠪᠣᠷᠢᠵᠢᠭᠤᠯᠣᠯᠳᠠ ᠶᠢ ᠠᠳᠬᠤᠬᠤ ᠪᠠᠷ ᠬᠦᠴᠦᠯᠡᠵᠦ᠂ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠭᠤᠷᠪᠠ ᠳᠤ  ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠣᠨᠴᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠳᠣ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠡᠶᠡᠯᠡᠭᠦᠯᠪᠡ᠃  ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ 9 ᠬᠤᠪᠢ᠂ ᠦᠪᠡᠷᠳᠡᠭᠡᠨ ᠵᠠᠰᠠᠬᠤ ᠣᠷᠣᠨ ᠪᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 127 ᠬᠤᠪᠢ ᠰᠢᠢᠳᠪᠦᠷᠢᠯᠡᠵᠣ᠂ ᠰᠢᠢᠳᠪᠦᠷᠢᠯᠡᠵᠣ ᠳᠠᠭᠤᠰᠬᠠᠭᠰᠠᠨ ᠨᠣᠷᠮ᠎ᠠ ᠨᠢ 100%  ᠎ ᠳᠤ ᠬᠦᠷᠪᠡ᠃ ᠲᠠᠪᠤ ᠳᠤ ︽ᠳᠥᠷᠪᠡᠨ ᠰᠤᠷᠲᠠᠯ︾᠎ ᠢ ᠴᠥᠬᠦᠷᠡᠰᠢ ᠥᠬᠡᠶ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠢᠳᠡᠪᠬᠢᠲᠠᠢ ᠬᠦᠩᠭᠡᠷᠡᠭᠦᠯᠵᠣ᠂ ᠵᠠᠬᠢᠷᠭ᠎ᠠ ᠶᠢᠨ ᠠᠯᠪᠠᠨ ᠪᠢᠴᠢᠭ᠂ ᠬᠤᠷᠠᠯ ᠤᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 55% ᠪᠠ 30%᠎ ᠪᠠᠷ  ᠪᠠᠭᠠᠰᠪᠠ᠃ ᠵᠢᠷᠭᠤᠭ᠎ᠠ ᠳᠤ ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠᠨ ᠠᠯᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠪᠦᠬᠦ ᠠᠶᠢᠮᠠᠭ ᠤᠨ ᠡᠩ ᠤᠨ ᠴᠢᠨᠠᠷᠲᠠᠢ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ 11.8%  ᠎ ᠪᠠᠷ ᠪᠠᠭᠤᠷᠠᠪᠠ᠃     ᠡᠷᠬᠢᠯᠡᠭᠴᠢ ᠨᠠᠷ᠂ ᠭᠡᠰᠢᠭᠦᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠬᠠᠲᠠᠭᠤ ᠪᠡᠷᠬᠡ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠥᠷᠢᠰᠥᠯᠳᠦᠭᠡᠨ ᠢ ᠥᠩᠭᠡᠷᠡᠭᠡᠵᠦ᠂ ᠬᠢᠯᠪᠠᠷ ᠪᠤᠰᠤ  ︽ᠠᠮᠵᠢᠯᠲᠠ ᠪᠦᠲᠦᠮᠵᠢ︾ ᠣᠯᠤᠭᠰᠠᠨ ᠪᠠᠶᠢᠨ᠎ᠠ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠪᠥᠬᠦ ᠠᠶᠢᠮᠠᠭ ᠢᠶᠠᠷ ᠢᠶᠠᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠂  ᠮᠦᠨᠴᠣ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠪᠠ ᠡᠷᠬᠢᠯᠡᠭᠴᠢ ᠨᠠᠷ᠂ ᠭᠡᠰᠢᠭᠦᠳ ᠤᠨ ᠬᠢᠨᠠᠯᠲᠠ᠂ ᠳᠡᠮᠵᠢᠯᠭᠡ ᠶᠢᠨ ᠦᠷ᠎ᠡ ᠳ᠋ᠦᠩ  ᠪᠣᠯᠬᠤ ᠶᠣᠮ᠃ ᠡ᠊ᠨᠳᠡ ᠪᠢ ᠵᠠᠬᠢᠷᠭ᠎ᠠ ᠶᠢᠨ ᠡᠮᠣᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠳ᠋ᠦᠩᠨᠡᠬᠦ ᠶᠢᠨ ᠲᠠᠭᠠᠣ᠂ ᠣᠳᠣᠬᠠᠨ ᠳᠤ ᠮᠠᠨ ᠤ ᠠᠶᠢᠮᠠᠭ ᠨᠢ  ᠪᠠᠰᠠ ᠣᠯᠠᠨ ᠬᠦᠴᠢᠷᠳᠡᠯ ᠪᠠ ᠦᠷᠢᠰᠦᠯᠳᠦᠭᠡᠨ ᠳᠤ ᠲᠤᠯᠭᠠᠷᠠᠵᠤ᠂ ᠠᠵᠤ ᠠᠬᠤᠶ ᠶᠢᠨ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠲᠠᠷᠣᠢ ᠲᠦᠷᠭᠡᠨ ᠲᠦᠷᠭᠡᠳᠬᠡᠬᠦ ᠴᠢᠬᠤᠯᠠᠲᠠᠢ ᠪᠠᠶᠢᠵᠣ᠂ ᠠᠮᠢ ᠠᠬᠤᠢ ᠶᠢᠨ ᠣᠷᠴᠢᠨ ᠲᠣᠭᠤᠷᠢᠨ ᠪᠠ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠣ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠬᠦ ᠴᠢᠬᠤᠯᠠᠲᠠᠶ ᠪᠠᠶᠢᠵᠣ᠂ ᠠᠶᠤᠯᠭᠦᠢ ᠦᠢᠯᠡᠳᠪᠦᠷᠢᠯᠡᠯ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠬᠦᠩᠭᠡᠪᠴᠢᠯᠡᠵᠣ ᠪᠣᠯᠬᠤ ᠥᠬᠡᠶ᠂ ᠰᠠᠭᠤᠷᠢ ᠲᠥᠬᠦᠭᠡᠷᠦᠮᠵᠢ ᠪᠣᠯᠤᠨ ᠠᠷᠠᠳ ᠤᠨ ᠠᠮᠢᠳᠤᠷᠠᠯ ᠤᠨ ᠬᠦᠷᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠬᠠᠷᠠᠯᠲᠠ ᠯᠤᠭ᠎ᠠ ᠪᠠᠰᠠ ᠪᠠᠭ᠎ᠠ ᠪᠤᠰᠤ ᠵᠦᠷᠢᠶ᠎ᠡ ᠣᠷᠣᠰᠢᠵᠣ ᠪᠠᠶᠢᠭ᠎ᠠ ᠶᠢ ᠪᠢᠳᠡ ᠰᠡᠷᠭᠡᠭ ᠢᠶᠠᠷ ᠣᠯᠵᠣ ᠲᠠᠨᠢᠵᠣ ᠪᠠᠶᠢᠨ᠎ᠠ᠃ ᠡᠭᠦᠨ ᠳᠤ ᠪᠢᠳᠡ ᠠᠰᠠᠭᠤᠳᠠᠯ ᠪᠠ ᠥᠷᠢᠰᠥᠯᠳᠦᠭᠡᠨ ᠳᠤ  ᠵᠣᠷᠢᠭᠳᠠᠢ ᠰᠢᠭᠤᠳ ᠬᠠᠨᠳᠤᠵᠤ᠂ ᠵᠣᠷᠢᠭᠲᠠᠢ ᠎ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂  ᠦᠵᠡᠯᠳᠡ ᠪᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃     ᠬᠤᠶᠠᠷ᠂ 2020 ᠣᠨ ᠤ ᠠᠵᠢᠯ ᠤᠨ ᠪᠠᠶᠢᠷᠢᠯᠠᠭᠤᠯᠣᠯᠳᠠ     ᠦᠨᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠬᠦᠳᠦᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠥᠪᠵᠢᠭᠦᠯᠭᠡ ᠎ ᠶᠢ ᠳᠡᠭᠦᠰ ᠠᠮᠵᠢᠯᠳᠠ ᠲᠠᠢ ᠳᠡᠭᠦᠰᠬᠡᠭᠦ ᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢ ᠲᠥᠯᠥᠪᠵᠢᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠡᠬᠢᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠵᠢᠯ ᠤᠨ ᠡᠬᠢᠨ ᠠᠴᠠ ᠨᠠᠰᠢ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠪᠦᠬᠦ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠷᠢᠳ ᠡᠮᠦᠨ᠎ᠡ ᠭᠠᠷᠤᠭ᠎ᠠ ᠦᠭᠡᠶ ᠳᠠᠭᠠᠷᠢᠯᠲᠠ ᠠᠪᠴᠢᠷᠠᠭᠰᠠᠨ ᠪᠣᠯᠬᠤᠷ᠂  ᠪᠢᠳᠡ ᠡᠷᠬᠡᠪᠰᠢ ᠬᠦᠴᠢᠷᠳᠡᠯ᠂ ᠠᠶᠤᠯ ᠲᠦᠭᠰᠢᠭᠦᠷᠢ ᠪᠠ ᠡᠯ᠎ᠡ ᠵᠦᠢᠯ ᠤᠨ ᠲᠣᠭᠲᠠᠪᠤᠷᠢ ᠦᠭᠡᠢ ᠡᠯᠧᠮᠧᠨ᠋ᠲ ᠢ ᠭᠦᠢᠴᠡᠳ ᠵᠢᠱᠢᠨ ᠲᠦᠰᠦᠭᠡᠯᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠵᠤ᠂ ᠴᠠᠭ ᠪᠠ ᠪᠠᠶᠢᠳᠠᠯ ᠳᠤᠨᠢ ᠲᠤᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭᠠᠴᠠᠬᠤ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ᠂ ᠠᠶᠤᠯ ᠲᠦᠭᠰᠢᠭᠦᠷᠢ ᠶᠢᠨ ᠳᠤᠮᠳᠠ ᠠᠴᠠ ᠲᠣᠬᠢᠶᠠᠯ ᠡᠷᠢᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠬᠤ ᠳᠠᠭᠠᠨ ᠴᠢᠳᠠᠮᠠᠭᠠᠢ ᠪᠠᠶᠢᠵᠣ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ︽ᠬᠤᠤᠰ ᠢᠯᠠᠯᠲᠠ︾᠎ ᠶᠢ ᠲᠡᠮᠡᠴᠡᠨ ᠣᠯᠬᠤ ᠪᠠᠷ ᠴᠢᠷᠮᠠᠶᠢᠨ᠎ᠠ᠃    ᠡᠨᠡ ᠵᠢᠯ ᠤᠨ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠥᠷᠥᠯ ᠤᠨ ᠠᠵᠢᠯ ᠢ ᠰᠠᠶᠢᠳᠣᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠳᠣᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠡᠭᠦᠳᠦᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠥᠪᠵᠢᠭᠦᠯᠭᠡ ᠎ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ  ᠪᠠᠳᠣᠯᠠᠨ᠎ᠠ᠃    ᠦᠨᠦ ᠵᠢᠯ ᠤᠨ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5%᠎ ᠠᠴᠠ ᠳᠡᠭᠡᠭᠰᠢ ᠨᠡᠮᠡᠭᠳᠡᠭᠦᠯᠵᠣ᠂  ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 1% ᠣᠷᠴᠢᠮ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9%᠎ ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ  ᠪᠣᠯᠬᠤᠶᠢᠴᠢ ᠣᠷᠣᠯᠭ᠎ᠠ ᠶᠢ ᠲᠣᠰ ᠲᠣᠰ 6% ᠪᠠ 8% ᠣᠷᠴᠢᠮ ᠢᠶᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠪᠣᠯ ᠲᠣᠭᠲᠠᠭᠤᠨ ᠪᠠᠶᠢᠯᠭᠠᠬᠤ ᠪᠠ ᠤᠷᠤᠭᠰᠢᠯᠠᠬᠤ᠂ ᠣᠳᠣᠬᠠᠨ ᠤ ᠪᠠ ᠠᠯᠤᠰ ᠬᠡᠳᠣ ᠶᠢᠨ᠂ ᠪᠣᠳᠠᠲᠤ ᠠᠬᠤᠶ ᠪᠠ ᠪᠣᠯᠤᠯᠴᠠᠭ᠎ᠠ ᠲᠠᠢ ᠪᠠᠶᠢᠬᠤ ᠶᠢ ᠶᠡᠷᠦᠩᠬᠡᠶᠢᠯᠡᠨ ᠪᠣᠳᠣᠯᠬᠢᠯᠠᠵᠤ᠂ ᠬᠡᠳᠦ᠋ᠢᠪᠡᠷ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠣ᠂  ᠬᠠᠷᠠᠯᠳᠠ ᠎ ᠶᠢ ᠪᠡᠶᠡᠯᠡᠬᠦᠯᠬᠦ ᠳᠤ ᠳᠠᠷᠤᠯᠲᠠ ᠪᠠ ᠥᠷᠢᠰᠥᠯᠳᠦᠭᠡᠨ ᠶᠡᠭᠡᠰᠦᠭᠰᠡᠨ ᠪᠣᠯᠪᠠᠴᠤ ᠪᠢᠳᠡ ᠬᠠᠷᠠᠯᠲᠠ ᠪᠠᠨ ᠪᠠᠲᠤ ᠰᠠᠬᠢᠵᠤ᠂ ᠬᠤᠷᠳᠤᠯᠠᠨ  ᠣᠷᠣᠭᠰᠢᠯᠠᠨ᠂ ᠬᠦᠴᠢᠷ ᠢ ᠰᠦᠷᠦᠨ ᠳᠠᠪᠰᠢᠵᠣ᠂  ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃     ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠵᠠᠪᠠᠯ ᠣᠯᠣᠨ᠎ᠠ᠃  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠣᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ  ᠨᠠᠷᠢᠯᠢᠭ ᠣᠨᠣᠪᠴᠢᠲᠠᠶ ᠨᠠᠶᠢᠳᠠᠪᠣᠷᠢᠵᠢᠭᠤᠯᠵᠣ᠂ ᠦᠯᠡᠳᠡᠭᠰᠡᠨ 75 ᠡᠷᠦᠬᠡ ᠶᠢᠨ 141 ᠶᠠᠳᠠᠭᠤ ᠬᠦᠴᠢᠷᠳᠡᠯᠲᠡᠶ ᠭᠦᠮᠦᠨ ᠠᠮᠠ ᠶᠢ ᠪᠦᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ  ᠪᠠᠳᠣᠯᠠᠵᠣ᠂ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠭᠡ᠂ ᠠᠮᠠᠷᠬᠠᠨ ᠶᠠᠳᠠᠭᠤᠷᠠᠬᠤ ᠶᠠᠳᠠᠭᠤ ᠬᠦᠴᠢᠷᠳᠡᠯᠲᠡᠶ ᠡᠷᠦᠬᠡ ᠶᠢ ᠬᠢᠨᠠᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠡ᠃ ᠨᠢᠭᠡᠨᠲᠡ ᠶᠠᠳᠠᠭᠤ ᠠᠴᠠ  ᠠᠩᠭᠢᠵᠢᠷᠠᠭᠰᠠᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ᠂  ᠶᠠᠳᠠᠭᠤ  ᠬᠦᠴᠢᠷᠳᠡᠯᠲᠡᠶ  ᠬᠥᠮᠦᠨ  ᠠᠮᠠ ᠳᠤ ︽ᠲᠦᠷᠪᠡ ᠶᠢ ᠦᠯᠦ ᠠᠪᠬᠤ︾ ᠎ ᠶᠢ ᠰᠠᠶᠢᠲᠤᠷ ᠨᠠᠶᠢᠳᠠᠪᠣᠷᠢᠵᠢᠭᠤᠯᠵᠣ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠨᠢᠭᠡᠴᠡ ᠶᠢᠨ ᠴᠡᠭ ᠲᠣᠭᠲᠠᠭᠠᠨ ᠶᠠᠳᠠᠭᠤ ᠶᠢ ᠲᠡᠳᠬᠦᠬᠦ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠵᠣ ᠦᠨᠳᠦᠰᠦᠨ ᠠᠴᠠ ᠨᠢ ᠵᠠᠰᠠᠬᠤ ᠦᠢᠯᠡᠳᠦᠯ ᠢ ᠳᠣᠪᠤᠶᠢᠯᠭᠠᠨ᠂ ᠶᠠᠳᠠᠭᠤ ᠠᠴᠠ ᠠᠩᠭᠢᠵᠢᠷᠠᠭᠤᠯᠬᠤ ᠶᠢ ᠲᠣᠭᠳᠠᠪᠣᠷᠢᠵᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ  ᠲᠣᠭᠲᠠᠴᠠ ᠎ ᠶᠢ  ᠪᠠᠶᠢᠭᠤᠯᠤᠨ᠎ᠠ᠃ ᠶᠠᠳᠠᠭᠤ  ᠠᠴᠠ  ᠠᠩᠭᠢᠵᠢᠷᠠᠭᠤᠯᠬᠤ  ᠪᠣᠭᠤᠮᠲᠠ  ᠰᠢᠪᠳᠣᠯᠬᠤ  ᠠᠰᠠᠭᠤᠳᠠᠯ  ᠢ  ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠲᠤᠰᠬᠠᠢ ᠴᠠᠭᠳᠠᠨ ᠪᠠᠶᠢᠴᠠᠭᠠᠯᠳᠠ ᠎ ᠶᠢᠨ ︽ᠡᠷᠬᠢᠨ ᠬᠠᠷᠠᠬᠤ︾ ᠪᠠ 2019 ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠠᠷᠢᠭᠤ ᠲᠣᠰᠬᠠᠭᠰᠠᠨ ᠵᠡᠷᠭᠡ ᠡᠯ᠎ᠡ ᠲᠦᠷᠦᠯ ᠤᠨ ᠠᠰᠠᠭᠤᠳᠠᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ  ᠪᠦᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ  ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠨ᠎ᠠ᠃  ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠳᠤᠭᠤᠷᠢᠨ ᠢ ᠡᠷᠡᠰ ᠴᠢᠩᠭ᠎ᠠ ᠰᠠᠶᠢᠳᠣᠷ ᠬᠠᠮᠠᠭᠠᠯᠠᠨ᠎ᠠ᠃ ᠴᠡᠩᠬᠡᠷ ᠤᠭᠳᠠᠷᠭᠤᠢ᠂  ᠳᠤᠩᠭᠠᠯᠠᠭ ᠤᠰᠤ᠂  ᠴᠡᠪᠡᠷ ᠬᠥᠷᠥᠰᠤ ᠶᠢ  ᠬᠠᠮᠠᠭᠠᠯᠠᠬᠤ ᠳᠠᠶᠢᠯᠡᠯᠳᠤᠭᠠᠨ  ᠎ ᠤ ᠢᠯᠡᠯᠳᠡ ᠶᠢ ᠪᠥᠬᠦ ᠬᠥᠴᠥᠨ ᠢᠶᠠᠷ ᠲᠡᠮᠡᠴᠡᠨ ᠤᠯᠵᠤ᠂ ᠡᠯ᠎ᠡ ᠵᠦᠢᠯ ᠤᠨ ᠱᠠᠲᠤ ᠦᠶᠡᠴᠢ ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠ ︽ᠡᠷᠬᠢᠨ ᠬᠠᠷᠠᠬᠤ︾᠎ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠳᠣᠯᠠᠵᠣ᠂ ᠪᠣᠶ ᠪᠥᠬᠦᠶ ᠠᠰᠠᠭᠤᠳᠠᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠰᠢᠢᠳᠪᠤᠷᠢᠯᠠᠵᠤ ᠪᠠᠷᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ  ᠱᠠᠯᠠᠪᠳᠠᠭᠤᠯᠤᠨ ᠪᠠᠶᠢᠴᠠᠭᠠᠯᠳᠠ ᠶᠢ ᠤᠭᠲᠤᠬᠤ ᠠᠵᠢᠯ ᠢ ᠰᠠᠶᠢᠲᠤᠷ ᠬᠢᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠤᠯᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ  ᠵᠣᠭᠰᠣᠭᠠᠬᠤ᠂ ᠪᠡᠯᠴᠢᠭᠡᠷ ᠰᠡᠷᠭᠦᠭᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢ ᠰᠡᠷᠭᠦᠭᠡᠬᠦ ᠭᠤᠤᠯᠳᠠᠯᠭ᠎ᠠ ᠲᠠᠢ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠯᠤᠰ ᠤᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠦᠯᠬᠢᠨ ᠠᠬᠢᠭᠤᠯᠵᠤ᠂  95 ᠲᠦᠮᠡᠨ ᠮᠦ  ᠎ ᠶᠢᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂  80 ᠲᠦᠮᠡᠨ ᠮᠤ᠋ ᠶᠢᠨ ᠲᠠᠴᠢᠷᠰᠢᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠲᠣᠷᠰᠢᠯᠳᠠ ᠶᠢᠨ ᠴᠡᠭ ᠤᠨ ᠠᠵᠢᠯ ᠢ ᠪᠡᠶᠡᠯᠡᠭᠦᠯᠤᠨ᠎ᠡ  ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠢᠯ ᠤᠨ ᠡᠴᠦᠰ ᠲᠤ ᠪᠣᠶ ᠪᠥᠬᠦᠶ ᠵᠠᠳᠠᠭᠠᠶ ᠨᠡᠭᠦᠷᠡᠰᠦᠨ ᠠᠭᠤᠷᠬᠠᠶ ᠶᠢ ᠴᠥᠮ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠡᠨ ᠳᠤ ᠬᠦᠷᠭᠡᠬᠦ ᠶᠢ ᠥᠨᠡᠨᠬᠦ ᠪᠠᠲᠤᠯᠠᠵᠤ᠂ ᠨᠡᠭᠦᠷᠡᠰᠦᠨ ᠤ ᠪᠤᠰᠤ ᠠᠭᠤᠷᠬᠠᠶ ᠶᠢ ᠶᠡᠷᠣᠩᠭᠡᠶᠢᠯᠡᠨ ᠵᠠᠰᠠᠬᠤ ᠶᠢ ᠵᠡᠷᠭᠡᠪᠡᠷ ᠳᠥᠯᠭᠢᠨ ᠠᠬᠢᠭᠤᠯᠤᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠰᠢᠯᠢ ᠶᠢᠨ ᠭᠤᠣᠯ ᠤᠨ ᠪᠦᠬᠦ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ  ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ︽ᠭᠤᠷᠪᠡᠨ ᠳᠤᠭᠤᠷᠢᠭ ᠭᠤᠷᠪᠡᠨ ᠱᠤᠭᠤᠮ︾᠎ ᠢ ᠰᠢᠨᠵᠢᠯᠡᠬᠦ ᠤᠬᠠᠭᠠᠨᠴᠢ ᠪᠠᠷ ᠳᠤᠭᠳᠠᠭᠠᠬᠤ ᠶᠢᠨ ᠬᠠᠮᠳᠤ ᠡᠷᠡᠰ ᠰᠠᠬᠢᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠵᠤ᠂  ᠠᠮᠢ ᠠᠬᠤᠢ ᠶᠢᠨ ᠤᠷᠴᠢᠨ ᠳᠤᠭᠤᠷᠢᠨ ᠤ ᠵᠦᠪᠰᠢᠶᠡᠷᠡᠬᠦ ᠨᠠᠷᠢᠨ ᠬᠠᠭᠤᠳᠠᠰᠤ ᠶᠢ ᠳᠤᠭᠳᠠᠭᠠᠵᠤ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ  ᠬᠢᠵᠠᠭᠠᠷᠯᠠᠵᠤ᠂ ᠠᠮᠢ ᠠᠬᠤᠢ  ᠎ ᠶᠢᠨ  ᠤᠷᠴᠢᠨ ᠳᠤᠭᠤᠷᠢᠨ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠬᠥᠨᠳᠤ ᠠᠶᠤᠯ ᠲᠦᠭᠰᠢᠭᠦᠷᠢ ᠶᠢ ᠡᠷᠡᠰ ᠰᠡᠷᠬᠡᠶᠢᠯᠡᠨ᠎ᠡ᠃ ᠰᠢᠨ᠎ᠡ ᠲᠢᠲᠢᠮᠯᠢᠭ ᠠᠭᠤᠰᠬᠢᠨ ᠥᠷᠪᠢᠰᠥᠯ ᠎ ᠤᠨ ᠬᠢᠵᠢᠭ ᠤᠨ ᠪᠠᠶᠢᠳᠠᠯ ᠢ ᠰᠡᠷᠭᠡᠶᠢᠯᠠᠨ ᠡᠵᠡᠮᠳᠡᠬᠦ ᠪᠠᠨ ᠪᠠᠶᠢᠩᠭᠤᠵᠢᠭᠤᠯᠬᠤ ᠶᠢ ᠴᠢᠩᠭᠠᠳᠬᠠᠵᠤ᠂  ᠬᠢᠯᠢ ᠶᠢᠨ ᠭᠠᠳᠠᠨ᠎ᠠ ᠠᠴᠠ ᠤᠷᠤᠵᠤ ᠢᠷᠡᠬᠦ ᠶᠢ ᠴᠢᠩᠭ᠎ᠠ ᠰᠡᠷᠭᠡᠶᠢᠯᠡᠵᠣ᠂ ᠨᠡᠶᠢᠬᠡᠮ ᠳᠤᠭᠤᠷᠢᠭ ᠤᠨ ᠬᠠᠮᠢᠶᠠᠷᠤᠨ ᠡᠵᠡᠮᠳᠡᠬᠦ ᠶᠢ ᠰᠢᠯᠢᠳᠡᠭᠵᠢᠬᠦᠯᠵᠤ᠂  ᠰᠤᠷᠭᠠᠭᠤᠯᠢ᠂  ᠡᠮᠨᠡᠯᠬᠡ ᠶᠢᠨ ᠬᠤᠷᠢᠶ᠎ᠠ ᠵᠡᠷᠬᠡ ᠭᠤᠤᠯᠳᠠᠯᠭ᠎ᠠ ᠲᠠᠢ ᠭᠠᠵᠠᠷ ᠪᠤᠯᠤᠨ ᠬᠥᠮᠥᠨ ᠤᠯᠡᠨ ᠴᠣᠭᠯᠠᠷᠠᠳᠠᠭ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠷᠭ᠎ᠠ ᠪᠡᠷᠢᠯ ᠢ ᠨᠠᠶᠢᠳᠠᠪᠤᠷᠢᠵᠢᠭᠤᠯᠵᠤ᠂ ᠬᠢᠵᠢᠭ ᠢ ᠡᠷᠳᠡ ᠢᠯᠡᠷᠡᠬᠦᠯᠬᠦ᠂ ᠳᠥᠷᠬᠡᠨ ᠰᠢᠢᠳᠪᠤᠷᠢᠯᠡᠬᠦ᠂  ᠨᠠᠷᠢᠯᠢᠭ ᠤᠨᠤᠪᠴᠢᠳᠡᠢ ᠡᠵᠡᠮᠳᠡᠬᠦ᠂  ᠪᠥᠲᠥᠮᠵᠢᠳᠡᠢ ᠠᠪᠤᠷᠡᠨ ᠡᠮᠨᠠᠵᠤ ᠰᠡᠷᠭᠡᠶᠢᠯᠡᠨ ᠡᠵᠡᠮᠳᠡᠬᠦ ᠳᠤᠭᠳᠡᠴᠠ ᠶᠢ ᠪᠦᠷᠢᠨᠰᠢᠬᠦᠯᠦᠨ᠎ᠡ᠃ ᠬᠤᠯᠤᠭᠠᠨ᠎ᠠ ᠬᠢᠵᠢᠭ ᠵᠡᠷᠭᠡ ᠣᠷᠣᠨ ᠨᠤᠲᠤᠭ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠥᠷᠢᠨᠰᠢᠬᠦᠯᠵᠤ᠂ ᠰᠡᠷᠭᠡᠶᠢᠯᠡᠨ ᠡᠵᠡᠮᠳᠡᠬᠦ ᠳᠤᠰᠬᠠᠢ ᠡᠩᠨᠡᠭᠡ᠂  ᠡᠮᠨᠡᠯᠬᠡ ᠶᠢᠨ ᠬᠤᠷᠢᠶᠠᠨ ᠤ ᠤᠨᠤᠰᠢᠯᠡᠯᠳᠡ᠂ ᠳᠤᠷᠰᠢᠯᠳᠡ ᠶᠢᠨ ᠳᠠᠰᠤᠭ ᠎ ᠤᠨ ᠰᠢᠯᠭᠠᠨ ᠪᠠᠶᠢᠴᠠᠭᠠᠯᠳᠠ ᠪᠤᠯᠤᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ︽ᠳᠥᠷᠪᠡᠨ ᠴᠢᠳᠠᠪᠤᠷᠢ︾᠎ ᠶᠢ ᠳᠡᠭᠡᠭᠰᠢᠯᠡᠬᠦᠯᠵᠤ᠂  ᠬᠥᠮᠤᠨ ᠳᠤ ᠬᠤᠯᠤᠭᠠᠨ᠎ᠠ ᠬᠢᠵᠢᠭ ᠬᠠᠯᠳᠠᠪᠤᠷᠢᠯᠠᠬᠤ ᠠᠴᠠ ᠰᠡᠷᠭᠡᠶᠢᠯᠡᠬᠦ ᠬᠤᠷᠢᠭ᠎ᠠ ᠱᠤᠭᠤᠮ ᠢ ᠪᠠᠳᠤ ᠴᠢᠩᠭ᠎ᠠ ᠰᠠᠬᠢᠨ᠎ᠠ᠃  ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠ ᠎ ᠶᠢ ᠴᠢᠩᠭᠠᠳᠬᠠᠵᠣ᠂ ᠵᠠᠰᠠᠭ ᠤᠨ ᠤᠷᠳᠤᠨ ᠤ ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠵᠢᠯ ᠤᠨ ᠡᠬᠦᠷᠬᠡ ᠎ ᠪᠠᠨ ᠪᠡᠶᠡᠯᠡᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠳᠡᠵᠤ ᠪᠠᠶᠢᠭᠰᠠᠨ ᠮᠠᠷᠭᠤᠯᠳᠤᠭᠠᠨ ᠦᠭᠡᠢ ᠥᠷᠢ ᠶᠢ ᠪᠦᠬᠦᠨ ᠢ ᠪᠣᠴᠠᠭᠠᠨ᠎ᠠ᠃ ᠡᠯ᠎ᠡ ᠵᠥᠢᠯ ᠤᠨ ᠬᠠᠤᠯᠢ ᠪᠤᠰᠤ ᠮᠥᠩᠬᠦᠨ ᠬᠥᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠡ ᠥᠭᠴᠥ᠂ ᠰᠢᠰᠲ᠋ᠧᠮᠳᠣ ᠴᠢᠨᠡᠷᠳᠡᠢ ᠮᠥᠩᠬᠦᠨ ᠬᠥᠢᠯᠬᠡᠬᠡᠨ ᠤ ᠠᠶᠤᠯ ᠲᠥᠭᠰᠢᠬᠦᠷᠢ ᠡᠬᠦᠰᠬᠦ ᠥᠬᠡᠢ ᠪᠠᠶᠢᠬᠤ ᠶᠢ ᠪᠠᠳᠤᠯᠠᠨ᠎ᠠ᠃ ᠠᠶᠤᠯᠬᠦᠢ ᠥᠢᠯᠡᠳᠪᠤᠷᠢᠯᠡᠯ ᠤᠨ ᠳᠤᠰᠬᠠᠢ ᠵᠠᠰᠠᠯᠳᠠ ᠶᠢᠨ ᠭᠤᠷᠪᠡᠨ ᠵᠢᠯ ᠤᠨ ᠠᠵᠢᠯᠯᠠᠭᠠᠨ ᠤ ᠳᠥᠯᠥᠪᠯᠡᠭᠡ ᠶᠢ ᠡᠬᠢᠯᠡᠬᠦᠯᠵᠤ᠂ ᠠᠶᠤᠯ ᠳᠥᠭᠰᠢᠬᠦᠷᠢ ᠎ ᠶᠢᠨ ᠳᠠᠯᠳᠠ ᠬᠡᠮ ᠢ ᠪᠠᠶᠢᠴᠠᠭᠠᠬᠤ ᠪᠠ ᠠᠶᠤᠯᠬᠦᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ ︽ᠣᠶᠤᠨᠴᠢ ᠪᠠᠷ ᠪᠠᠴᠢᠮ ᠪᠠᠶᠢᠳᠠᠯ ᠢ ᠠᠷᠭᠠᠴᠠᠬᠤ ᠪᠠ ᠠᠶᠤᠯᠬᠦᠢ ᠦᠶᠯᠡᠳᠪᠦᠷᠢᠯᠡᠯ︾᠎ ᠤᠨ ᠲᠠᠪᠴᠠᠩ ᠤᠨ ᠪᠠᠶᠢᠭᠤᠯᠤᠯᠲᠠ ᠶᠢ ᠳᠥᠷᠬᠡᠳᠬᠡᠵᠤ᠂ ᠬᠠᠤᠯᠢ ᠪᠠᠷ ᠵᠠᠰᠠᠬᠤ᠂ ᠲᠦᠷᠢᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠠᠶᠤᠯᠬᠦᠢ ᠦᠶᠯᠡᠳᠪᠦᠷᠢᠯᠡᠯ ᠢ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠤᠨ᠎ᠠ᠃      ︵ᠬᠤᠶᠠᠷ︶ ᠠᠵᠤ ᠠᠬᠤᠢ ᠶᠢᠨ ᠠᠵᠢᠯᠯᠠᠯᠳᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠨᠡᠮᠡᠭᠳᠡᠯ ᠢ ᠲᠣᠭᠲᠠᠪᠤᠷᠢᠵᠢᠭᠤᠯᠤᠨ᠎ᠡ᠃ ᠨᠡᠭᠦᠷᠡᠰᠦᠨ ᠤ ᠲᠠᠯ᠎ᠠ ᠪᠠᠷ᠂ ᠮᠠᠨ ᠤ ᠠᠶᠢᠮᠠᠭ ᠢ ᠬᠠᠩᠭᠠᠯᠭ᠎ᠠ ᠶᠢ ᠪᠠᠳᠤᠯᠠᠬᠤ ᠲᠥᠷᠥᠯ ᠤᠨ ᠨᠡᠬᠦᠷᠠᠰᠤᠨ ᠠᠭᠤᠷᠬᠠᠢ ᠶᠢᠨ ᠭᠠᠷᠳᠠᠮ ᠎ ᠤᠨ ᠳᠤᠷᠰᠢᠯᠳᠠ ᠶᠢᠨ ᠴᠡᠭ ᠪᠤᠯᠭᠠᠭᠰᠠᠨ ᠠᠰᠢᠭᠳᠡᠢ ᠳᠤᠬᠢᠶᠠᠯ ᠢ ᠵᠠᠪᠳᠤᠨ᠂ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠭᠠᠷᠳᠠᠮ ᠢ ᠬᠥᠢᠴᠡᠳᠬᠡᠬᠦ ᠶᠢ ᠲᠦᠷᠭᠡᠳᠬᠡᠨ ᠠᠬᠢᠭᠤᠯᠵᠤ᠂ ᠪᠠᠶᠠᠨᠬᠤᠸᠠ ᠭᠤᠷᠪᠠᠳᠤᠭᠠᠷ ᠠᠭᠤᠷᠬᠠᠢ᠂ ᠢᠯᠠᠯᠳᠠ ᠪᠠᠷᠠᠭᠤᠨ ᠨᠢᠭᠡᠳᠦᠭᠡᠷ  ᠠᠭᠤᠷᠬᠠᠢ ᠶᠢᠨ ᠳᠤᠭᠳᠠᠭᠰᠠᠨ ᠨᠡᠮᠡᠭᠳᠡᠯ ᠢ ᠲᠦᠯᠬᠢᠨ ᠠᠬᠢᠭᠤᠯᠵᠤ᠂ ᠵᠢᠷ ᠤᠨ ᠭᠤᠣᠯ ᠬᠤᠶᠠᠳᠤᠭᠠᠷ ᠠᠭᠤᠷᠬᠠᠢ᠂ ᠯᠦ ᠰᠢᠨ ᠨᠡᠭᠦᠷᠡᠰᠦᠨ ᠠᠭᠤᠷᠬᠠᠢ ᠶᠢᠨ ᠠᠵᠢᠯ ᠢᠶᠠᠨ ᠡᠬᠢᠯᠠᠬᠦᠯᠬᠦ ᠶᠢᠨ ᠬᠠᠮᠲᠤ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠵᠤ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.1 ᠳ᠋ᠦᠩᠰᠢᠭᠤᠷ ᠲᠣᠨ ᠠᠴᠠ ᠳᠡᠭᠡᠭᠰᠢ ᠪᠠᠶᠢᠯᠭᠠᠬᠤ ᠶᠢ ᠥᠨᠡᠨᠬᠦ ᠪᠠᠲᠤᠯᠠᠵᠤ᠂ ᠠᠶᠢᠮᠠᠭ ᠤᠨ ᠳᠣᠲᠣᠷᠠᠬᠢ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠦᠨᠡᠨᠬᠦ ᠪᠠᠲᠤᠯᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠨᠡᠭᠦᠷᠡᠰᠦ ᠬᠡᠷᠡᠭᠯᠡᠬᠦ ᠠᠵᠤ ᠠᠬᠤᠶᠢᠯᠠᠯ ᠤᠨ  ᠪᠥᠭᠦ ᠬᠥᠴᠥᠨ ᠢᠶᠠᠷ ᠢᠶᠠᠨ ᠦᠢᠯᠡᠳᠪᠦᠷᠢᠯᠡᠬᠦ  ᠶᠢ ᠦᠨᠡᠨᠬᠦ ᠪᠠᠲᠤᠯᠠᠨ᠎ᠠ᠃ ᠢᠯᠴᠢ ᠎ ᠶᠢᠨ ᠴᠠᠬᠢᠯᠭᠠᠨ ᠤ ᠲᠠᠯ᠎ᠠ ᠪᠠᠷ᠂ ᠳ᠋ᠠ ᠲᠠᠩ᠂ ᠤᠮᠠᠷᠠᠲᠤ ᠶᠢᠨ ᠴᠠᠬᠢᠯᠭᠠᠨ ᠦᠶᠯᠡᠳᠪᠦᠷᠢ ᠶᠢᠨ ︽ᠬᠤᠣᠰ ᠤᠷᠤᠭᠤᠯᠤᠯᠳᠠ︾᠎ ᠶᠢ ᠲᠦᠷᠭᠡᠳᠬᠡᠨ ᠠᠬᠢᠭᠤᠯᠵᠤ᠂ ᠱᠧᠨ ᠬᠤᠸᠠ ᠴᠠᠬᠢᠯᠭᠠᠨ ᠦᠢᠯᠡᠳᠪᠦᠷᠢ᠂ ᠪᠠᠶᠠᠨᠬᠤᠸᠠ ᠥᠪᠡᠷᠲᠡᠭᠡᠨ ᠬᠡᠷᠡᠭᠯᠡᠬᠦ ᠴᠠᠬᠢᠯᠭᠠᠨ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠠᠭᠠᠨᠨᠠᠭᠤᠷ ᠤᠨ ᠴᠠᠬᠢᠯᠭᠠᠨ ᠥᠢᠯᠡᠳᠪᠤᠷᠢ ᠶᠢ ᠦᠨᠡᠨ ᠪᠣᠳᠠᠲᠠᠢ ᠠᠵᠢᠯ ᠡᠬᠢᠯᠡᠭᠦᠯᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠵᠢ ᠪᠥᠷᠢᠳᠥᠭᠰᠡᠨ ᠴᠠᠬᠢᠯᠭᠠᠨ ᠡᠭᠦᠰᠭᠡᠭᠴᠢ ᠶᠢᠨ ᠴᠡᠭ ᠢ 1᠎ ᠠᠴᠠ ᠳᠡᠭᠡᠭᠰᠢ ᠠᠵᠢᠯ ᠡᠬᠢᠯᠡᠭᠦᠯᠵᠦ᠂ ᠪᠦᠬᠦ ᠵᠢᠯ ᠳᠤ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 198 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠲᠠᠯ᠎ᠠ ᠪᠠᠷ᠂ 700 ᠲᠦᠮᠡᠨ ᠺᠢᠯᠣᠸᠠᠲ ᠤᠨ ᠰᠠᠯᠬᠢᠨ ᠬᠥᠴᠥᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠥᠷᠬᠡᠬᠦ ᠢᠨᠵᠧᠨᠧᠷᠢᠩ ᠢ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠵᠤ᠂ ᠱᠠᠩᠳᠤ ᠶᠢᠨ ᠴᠠᠬᠢᠯᠭᠠᠨ ᠦᠶᠯᠡᠳᠪᠦᠷᠢ ᠶᠢᠨ ᠵᠠᠭᠤᠨ ᠲᠦᠮᠡᠨ ᠺᠢᠯᠣᠸᠠᠲ ᠰᠠᠯᠬᠢᠨ ᠤ ᠲᠠᠯᠠᠪᠠᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠪᠠᠷᠠᠭᠤᠨ ᠬᠡᠰᠡᠭ ᠤᠨ ᠴᠦᠯᠯᠡᠷᠭᠡᠭᠵᠢᠭᠰᠡᠨ ᠭᠠᠵᠠᠷ ᠣᠷᠣᠨ ᠤ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠶᠢᠨ ᠰᠡᠷᠬᠦᠬᠡᠨ ᠠᠭᠤᠰᠣᠯᠴᠠᠬᠤ ᠬᠥᠭᠵᠢᠯᠳᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠰᠢᠨ᠎ᠡ ᠡᠨᠧᠷᠭᠢ ᠶᠢᠨ ᠶᠡᠷᠦᠩᠭᠡᠢ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ  ᠎ ᠠᠴᠠ ᠳᠠᠪᠠᠭᠤᠯᠬᠤ ᠪᠠᠷ ᠴᠢᠷᠮᠠᠶᠢᠨ᠎ᠡ᠃ ᠠᠭᠤᠷᠬᠠᠢ ᠶᠢᠨ ᠭᠠᠷᠤᠯᠲᠠ ᠲᠡᠮᠦᠷᠯᠢᠭ ᠪᠣᠯᠪᠠᠰᠤᠷᠠᠭᠤᠯᠬᠤ ᠲᠠᠯ᠎ᠠ ᠪᠠᠷ᠂ ᠨᠠᠷᠢᠯᠢᠭ ᠬᠥᠩᠭᠡᠨ ᠴᠠᠭᠠᠨ ᠬᠠᠪᠲᠠᠰᠤ᠂ ᠬᠢᠮᠡᠯ ᠠᠯᠮᠠᠰ ᠴᠢᠯᠠᠭᠤ᠂ ᠪᠠᠯ ᠴᠢᠯᠠᠭᠤᠨ ᠴᠠᠬᠢᠯᠭᠠᠨ ᠲᠥᠢᠯ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ  ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂  ᠲᠠᠶᠢᠹᠤᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠡᠯ᠂ ᠰᠢᠯᠤᠭᠤᠨ ᠬᠦᠪᠡᠭᠡᠳᠣ ᠴᠠᠭᠠᠨ ᠬᠤᠰᠢᠭᠤᠨ ᠤ ᠰᠢᠨ᠎ᠡ ᠮᠠᠲ᠋ᠧᠷᠢᠶᠠᠯ᠂  ᠰᠥᠨᠢᠳ ᠪᠠᠷᠠᠭᠤᠨ ᠬᠤᠰᠢᠭᠤᠨ ᠤ ᠬᠠᠶᠢᠯᠤᠰᠢᠨ ᠮᠠᠲ᠋ᠧᠷᠢᠶᠡᠯ᠂ ᠪᠠᠶᠠᠨᠬᠤᠸᠠ ᠬᠥᠩᠭᠡᠨ ᠴᠠᠭᠠᠨ ᠪᠣᠯᠪᠠᠰᠤᠷᠠᠭᠤᠯᠬᠤ ᠵᠡᠷᠭᠡ 4 ᠵᠠᠭᠤᠨ ᠳ᠋ᠦᠩᠰᠢᠭᠤᠷ ᠲᠥᠭᠦᠷᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠰᠠᠶᠢᠲᠤᠷ ᠪᠠᠶᠢᠭᠤᠯᠤᠨ᠎ᠠ᠃ ᠲᠣᠨᠣᠭᠯᠠᠯ ᠦᠢᠯᠡᠳᠬᠦ ᠲᠠᠯ᠎ᠠ ᠪᠠᠷ ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠰᠢᠨ᠎ᠡ ᠡᠨᠧᠷᠭᠢ ᠶᠢᠨ ᠲᠦᠷᠦᠯ ᠵᠦᠢᠯ ᠤᠨ ᠳᠥᠪᠯᠡᠷᠡᠭᠰᠡᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠯᠠᠨ ᠲᠠᠯ᠎ᠠ ᠶᠢᠨ ᠬᠢᠨ ᠤ ᠵᠠᠬᠢᠶᠠᠯᠠᠭ᠎ᠠ ᠎ ᠶᠢ ᠤᠯᠬᠤ ᠪᠠᠷ ᠬᠥᠴᠥᠯᠡᠨ ᠴᠢᠷᠮᠡᠶᠢᠵᠤ ᠂ ᠦᠢᠯᠡᠳᠭᠦᠨ ᠤ ᠳᠥᠯᠥᠪᠯᠡᠭᠡ ᠶᠢ ᠵᠤᠬᠢᠴᠠᠭᠤᠯᠤᠨ ᠨᠡᠶᠢᠳᠡᠪᠤᠷᠢᠵᠢᠭᠤᠯᠵᠤ᠂ ᠪᠥᠬᠦ ᠬᠥᠴᠥᠨ ᠢᠶᠠᠷ ᠢᠶᠠᠨ ᠥᠢᠯᠡᠳᠪᠤᠷᠢᠯᠡᠨ᠎ᠡ᠃ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠠᠯ᠎ᠠ ᠪᠠᠷ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠢ ᠪᠠᠳᠤᠯᠠᠬᠤ ᠪᠠᠷᠢᠮᠵᠢᠶ᠎ᠠ ᠶᠢ  ᠴᠢᠩᠭᠠᠯᠠᠵᠤ᠂ ᠳᠣᠤᠷ᠎ᠠ ᠲᠡᠰ ᠤᠨ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ ᠰᠢᠬᠠᠨ ᠭᠠᠷᠭᠠᠵᠤ᠂  ᠳᠠᠪᠠᠭᠤᠯᠢᠭ ᠦᠢᠯᠡᠳᠪᠦᠷᠢᠯᠡᠯ ᠤᠨ ᠴᠢᠳᠠᠪᠤᠷᠢ ᠶᠢ  ᠪᠣᠵᠠᠭᠠᠶᠢᠷᠠᠭᠤᠯᠣᠨ ᠬᠥᠴᠥᠷᠭᠡᠭᠵᠢᠬᠦᠯᠥᠨ᠂ ᠵᠢᠯ ᠤᠨ ᠳᠣᠲᠣᠷ᠎ᠠ ᠲᠠᠷᠢᠶᠠᠯᠠᠩ ᠎ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 65% ᠡᠴᠠ‌‍ᠲ᠋ᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠲᠥᠷᠥᠯ ᠵᠥᠢᠯ ᠢ ᠲᠥᠯᠬᠢᠨ ᠠᠬᠢᠭᠤᠯᠵᠤ ᠪᠠᠯᠠ ᠣᠷᠣᠭᠤᠯᠤᠯᠳᠡ ᠶᠢ ᠲᠣᠭᠲᠠᠭᠤᠨ ᠪᠠᠶᠢᠯᠭᠠᠨ᠎ᠠ᠃  ᠬᠢᠵᠢᠭ ᠤᠨ ᠪᠠᠶᠢᠳᠠᠯ ᠤᠨ ᠨᠥᠯᠥᠬᠡ ᠶᠢ ᠨᠠᠮᠳᠠᠭᠤᠯᠬᠤ᠂ ᠪᠥᠲᠥᠮᠵᠢᠳᠡᠢ ᠪᠡᠯᠡ ᠤᠷᠤᠭᠤᠯᠤᠯᠳᠠ ᠶᠢ ᠥᠷᠬᠡᠳᠬᠡᠬᠦ  ᠣᠯᠣᠰ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂  ︽ᠠᠷᠪᠠᠨ ᠳᠥᠷᠪᠡᠳᠥᠬᠡᠷ ᠳᠠᠪᠤᠨ ᠵᠢᠯ︾᠎ ᠤᠨ ᠳᠥᠯᠥᠪᠵᠢᠬᠦᠯᠬᠡ ᠶᠢ ᠨᠠᠶᠢᠷᠠᠭᠤᠯᠬᠤ ᠠᠵᠢᠯ ᠲᠠᠢ ᠤᠶᠠᠯᠳᠤᠭᠤᠯᠵᠤ᠂ ᠠᠵᠤ ᠥᠢᠯᠡᠰ ᠤᠨ ᠬᠡᠯᠪᠡᠷᠢ ᠪᠠᠨ ᠬᠤᠪᠢᠷᠠᠭᠤᠯᠬᠤ ᠂  ᠰᠠᠭᠤᠷᠢ ᠳᠥᠬᠦᠬᠡᠷᠥᠮᠵᠢ᠂  ᠤᠯᠠᠨ ᠨᠡᠶᠢᠳᠡ ᠶᠢᠨ  ᠦᠢᠯᠡᠴᠢᠯᠡᠭᠡ᠂  ᠠᠮᠢ ᠠᠬᠤᠢ ᠶᠢᠨ ᠬᠠᠮᠠᠭᠠᠯᠠᠯᠳᠠ᠂  ᠰᠢᠨᠵᠢᠯᠡᠬᠦ ᠮᠡᠷᠬᠡᠵᠢᠯ ᠢᠶᠠᠷ ᠰᠢᠨ᠎ᠡ ᠶᠢ ᠡᠬᠦᠳᠬᠦ᠂ ᠠᠷᠠᠳ ᠤᠨ ᠠᠮᠢᠳᠤᠷᠠᠯ ᠎ ᠢ ᠰᠠᠶᠢᠵᠢᠷᠠᠭᠤᠯᠬᠤ ᠵᠡᠷᠬᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠱᠠᠯᠠᠪᠳᠠᠨ ᠨᠥᠬᠡᠴᠡᠯᠡᠨ ᠰᠦᠪᠡᠭᠴᠢᠯᠡᠵᠤ᠂ ᠨᠡᠩ ᠤᠯᠠᠨ‌‍ᠲ᠋ᠥ᠋ᠷᠥᠯ ᠵᠥᠢᠯ ᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠥᠯᠥᠪᠵᠢᠬᠦᠯᠬᠡ ᠶᠢᠨ ︽ᠶᠡᠭᠡ ᠲᠠᠯ᠎ᠠ︾᠎ ᠳᠤ ᠣᠷᠣᠭᠤᠯᠬᠤ ᠪᠠᠷ ᠴᠢᠷᠮᠠᠶᠢᠨ᠎ᠠ᠃ ᠬᠢᠵᠢᠭ ᠢ ᠰᠡᠷᠭᠡᠶᠢᠯᠡᠬᠦ  ᠤᠯᠤᠰ ᠤᠨ ᠣᠨᠴᠠᠭᠠᠶ ᠵᠢᠭᠡᠯᠡᠯᠭᠡ ᠶᠢᠨ ᠳᠡᠮᠳᠡᠭᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠬᠡᠯᠡᠯᠬᠡ ᠶᠢᠨ ᠲᠡᠮᠳᠡᠭᠲᠦ ᠶᠢᠨ ᠳᠡᠮᠵᠢᠯᠭᠡ ᠶᠢᠨ ᠬᠡᠪᠴᠢᠶ᠎ᠡ᠂ ᠭᠤᠤᠯᠳᠠᠯᠭ᠎ᠠ  ᠲᠠᠢ  ᠪᠡᠯᠡ  ᠣᠷᠣᠭᠤᠯᠤᠯᠲᠠ  ᠪᠣᠯᠤᠨ  ᠲᠥᠷᠥ ᠎ ᠶᠢᠨ  ᠪᠣᠳᠣᠯᠭ᠎ᠠ ᠎ ᠶᠢᠨ  ᠱᠠᠭᠠᠷᠳᠠᠯᠭ᠎ᠠ  ᠶᠢ  ᠣᠨᠣᠪᠴᠢᠲᠠᠶ  ᠡᠵᠡᠮᠳᠡᠵᠦ᠂ ᠨᠢᠭᠡ ᠪᠦᠯᠦᠭ ︽ᠪᠠᠶᠢᠳᠠᠯ ᠳᠤ ᠨᠡᠶᠢᠴᠡᠭᠰᠡᠨ︾ ᠭᠤᠤᠯᠳᠠᠯᠭ᠎ᠠ ᠲᠠᠢ ᠲᠥᠷᠥᠯ ᠵᠥᠢᠯ ᠢ ᠱᠠᠯᠠᠪᠳᠠᠨ ᠮᠡᠳᠡᠭᠦᠯᠵᠦ᠂ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠷ ᠪᠡᠯᠡ  ᠮᠦᠩᠭᠦᠨ ᠤ ᠳᠡᠮᠵᠢᠯᠭᠡ ᠶᠢ ᠬᠥᠴᠥᠯᠡᠨ  ᠤᠯᠤᠨ᠎ᠠ᠃  ᠠᠶᠢᠮᠠᠭ  ᠎ ᠤᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠲᠥᠷᠥᠯ  ᠵᠥᠢᠯ ᠢ ᠳᠠᠭᠠᠭᠠᠨ ᠬᠠᠷᠢᠯᠴᠠᠬᠤ ᠲᠥᠷᠢᠮ ᠢ ᠦᠷᠭᠦᠯᠵᠢᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠶᠢᠩᠭᠤᠵᠢᠭᠰᠠᠨ ᠬᠠᠮᠵᠢᠯᠴᠠᠨ ᠬᠥᠳᠡᠯᠥᠯᠴᠡᠬᠦ ᠳᠤᠭᠳᠠᠴᠠ ᠶᠢ ᠪᠠᠶᠢᠭᠤᠯᠵᠤ᠂ ᠲᠥᠷᠥᠯ ᠵᠥᠢᠯ ᠤᠨ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠥᠬᠦ ᠳᠡᠯ᠎ᠠ ᠪᠠᠷ ᠳᠥᠯᠬᠢᠨ ᠠᠬᠢᠭᠤᠯᠵᠤ  ᠂  ᠵᠢᠯ ᠤᠨ ᠳᠤᠳᠤᠷ᠎ᠠ ᠠᠶᠢᠮᠠᠭ ᠤᠨ ᠱᠠᠲᠤᠨ ᠤ 130 ᠭᠤᠣᠯᠳᠠᠯᠭ᠎ᠠ ᠲᠠᠢ ᠲᠥᠷᠥᠯ ᠵᠦᠢᠯ  ᠎ ᠳᠤ 280 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃ ᠣᠨᠣᠪᠴᠢᠲᠠᠢ ᠪᠠᠷ ᠬᠤᠳᠠᠯᠳᠣᠭᠠᠴᠢᠨ ᠣᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠳᠣ ᠦᠶ᠎ᠡ ᠶᠢᠨ ᠡᠨᠧᠷᠬᠢ ᠶᠢᠨ ᠰᠣᠷᠪᠣᠯᠵᠢ᠂ ᠲᠣᠨᠣᠭᠯᠠᠯ ᠦᠢᠯᠡᠳᠬᠦ᠂ ᠮᠠᠯ ᠲᠠᠷᠢᠶᠠᠯᠠᠩ ᠤᠨ ᠦᠢᠯᠡᠳᠭᠦᠨ ᠢ ᠡᠳ᠋ᠰᠢᠯᠡᠭᠦᠯᠬᠦ᠂ ᠰᠣᠶᠣᠯ ᠵᠣᠭᠠᠴᠠᠯ ᠵᠡᠷᠭᠡ ᠲᠠᠯ᠎ᠠ ᠪᠠᠷ ᠬᠦᠴᠦᠯᠡᠵᠣ ᠪᠠᠶᠢᠭᠠᠳ᠂ ᠬᠡᠯᠬᠢᠶᠡᠰᠤ ᠨᠥᠬᠦᠪᠥᠷᠢᠯᠡᠬᠦ᠂ ᠬᠡᠯᠬᠢᠶᠡᠰᠤ ᠤᠷᠲᠤᠳᠬᠠᠬᠤ᠂ ᠬᠡᠯᠬᠢᠶᠡᠰᠤ ᠴᠢᠩᠭᠠᠷᠠᠭᠤᠯᠬᠤ ᠨᠢᠭᠡ ᠪᠦᠯᠦᠭ ᠲᠥᠷᠥᠯ ᠵᠥᠢᠯ ᠢ  ᠪᠤᠳᠠᠳᠠᠢ ᠣᠷᠣᠭᠤᠯᠤᠨ ᠠᠪᠴᠢᠷᠠᠨ᠎ᠡ  ᠃ ᠦᠢᠯᠡᠴᠢᠯᠡᠭᠡᠨ ᠤ ᠦᠢᠯᠡᠰ ᠢ ᠰᠠᠶᠢᠲᠤᠷ ᠠᠳᠬᠤᠵᠤ ᠬᠡᠷᠡᠭᠯᠡᠬᠦᠨ ᠢ ᠲᠣᠭᠲᠠᠪᠤᠷᠢᠵᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂  ᠤᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠬᠡᠷᠡᠭᠯᠡᠬᠦᠨ ᠳᠤ ᠰᠡᠳᠡᠯᠲᠡ  ᠥᠭᠴᠥ᠂  ᠤᠯᠠᠨ ᠡᠰᠢᠵᠢᠭᠰᠡᠡ ᠪᠠ ᠥᠪᠡᠷᠮᠢᠴᠡ ᠱᠠᠭᠠᠷᠳᠠᠯᠭ᠎ᠠ  ᠎ ᠶᠢ ᠬᠠᠩᠭᠠᠨ᠎ᠠ  ︔ ᠰᠤᠷᠭᠠᠨ ᠬᠥᠮᠦᠵᠢᠯ  ᠎ ᠤᠨ ᠪᠣᠯᠪᠠᠰᠤᠷᠠᠭᠤᠯᠤᠯ᠂ ᠡᠮ ᠡᠮᠨᠡᠯᠭᠡ ᠡᠷᠡᠭᠦᠯ ᠮᠡᠨᠳᠦ᠂ ᠰᠣᠶᠣᠯ ᠲᠠᠮᠢᠷ᠂ ᠨᠠᠰᠤᠵᠢᠯ ᠤᠨ ᠠᠰᠠᠷᠠᠮᠵᠢ ᠪᠠ ᠨᠢᠯᠬᠠᠰ ᠢ ᠪᠤᠶᠢᠵᠢᠭᠤᠯᠬᠤ ᠵᠡᠷᠭᠡ ᠲᠠᠯ᠎ᠠ ᠪᠠᠷ ᠣᠯᠠᠨ ᠨᠡᠶᠢᠲᠡ ᠶᠢᠨ ᠬᠡᠷᠡᠭᠯᠡᠬᠦᠨ ᠤ ᠨᠡᠮᠡᠭᠳᠡᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ  ᠃ ᠬᠦᠴᠦᠨ ᠢᠶᠠᠨ ᠲᠥᠪᠯᠡᠷᠡᠭᠦᠯᠦᠨ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠢ ᠪᠠᠶᠢᠭᠤᠯᠵᠣ᠂ ᠶᠤᠸᠠᠨ ᠤ ᠳᠡᠭᠡᠳᠤ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠭᠴᠢᠳ ᠤᠨ ᠲᠥᠪ ᠵᠡᠷᠭᠡ ᠭᠤᠤᠯᠳᠠᠯᠭ᠎ᠠ ᠲᠠᠢ ᠲᠥᠷᠥᠯ  ᠵᠥᠢᠯ ᠢ ᠪᠦᠲᠦᠭᠡᠨ ᠪᠠᠶᠢᠭᠤᠯᠤᠨ ᠠᠰᠢᠭᠯᠠᠯᠳᠠ ᠎ ᠳᠤ ᠤᠷᠤᠭᠤᠯᠵᠤ᠂ ᠬᠤᠪᠢᠰᠬᠠᠯ ᠤᠨ ᠰᠣᠳᠣᠯᠭᠠᠨ᠂ ᠲᠠᠯ᠎ᠠ ᠨᠤᠲᠤᠭ ᠤᠨ ᠰᠣᠶᠣᠯ ᠪᠠ ᠠᠮᠢ ᠠᠬᠤᠶ ᠶᠢᠨ ᠪᠡᠶᠡᠴᠢ ᠣᠶᠢᠯᠠᠭᠠᠯᠳᠠ  ᠵᠡᠷᠬᠡ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠵᠢᠭᠤᠯᠴᠢᠯᠡᠯ ᠤᠨ ᠬᠡᠷᠡᠭᠯᠡᠬᠦᠨ ᠤ ᠨᠡᠮᠡᠭᠳᠡᠯ ᠢ ᠳᠡᠶᠢᠴᠢᠯᠡᠨ᠎ᠡ᠃ ᠢᠳᠡᠵᠦ ᠤᠤᠭᠤᠬᠤ ᠬᠤᠨᠣᠵᠤ ᠬᠡᠪᠲᠡᠬᠦ  ᠵᠤᠭᠠᠴᠠᠨ ᠨᠠᠭᠠᠳᠬᠤ ᠵᠡᠷᠭᠡ ᠤᠯᠠᠮᠵᠢᠯᠠᠯᠲᠤ ᠦᠶᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠶᠡᠬᠡᠪᠡᠷ ᠠᠬᠢᠭᠤᠯᠵᠤ᠂ ᠎ ᠲᠠᠢ ᠽᠢ ᠬᠤᠳᠠ— ᠰᠢᠯᠢ ᠶᠢᠨ ᠬᠤᠳᠠ ᠬᠦᠷᠬᠦ ᠲᠦᠷᠭᠡᠨ ᠬᠤᠷᠳᠣᠴᠠᠳᠣ ᠲᠡᠮᠦᠷ ᠵᠠᠮ᠂  ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠰᠠᠭᠤᠷᠢ  ᠲᠥᠬᠦᠬᠡᠷᠥᠮᠵᠢ ᠶᠢᠨ ᠲᠥᠷᠥᠯ  ᠵᠥᠢᠯ ᠢ ᠲᠦᠷᠭᠡᠬᠡᠨ ᠬᠡᠷᠡᠭᠵᠢᠭᠦᠯᠵᠦ᠂ 5 G᠎ ᠶᠢᠨ ᠰᠠᠭᠤᠷᠢ ᠥᠷᠲᠡᠭᠡ ᠪᠠ ᠲᠣᠮᠣ ᠳ᠋ᠠᠶᠢᠲ᠋ᠠ  ᠵᠡᠷᠭᠡ ︽ᠰᠢᠨ᠎ᠡ ᠬᠡᠯᠪᠡᠷᠢ  ᠎ ᠶᠢᠨ ᠰᠠᠭᠤᠷᠢ  ᠲᠥᠬᠦᠬᠡᠷᠥᠮᠵᠢ ᠶᠢᠨ ᠪᠦᠲᠦᠭᠡᠨ ᠪᠠᠶᠢᠭᠤᠯᠤᠯᠲᠠ︾᠎ ᠶᠢ ᠲᠦᠷᠭᠡᠳᠬᠡᠨ ᠠᠬᠢᠭᠤᠯᠵᠤ  ᠂  ᠬᠡᠷᠡᠭᠯᠡᠬᠦᠨ ᠤ ᠤᠷᠴᠢᠨ ᠳᠤᠭᠤᠷᠢᠨ ᠢ ᠤᠯᠠᠮ ᠨᠢᠬᠡ ᠠᠯᠬᠤᠮ ᠰᠢᠯᠢᠳᠡᠭᠵᠢᠬᠦᠯᠥᠨ᠎ᠡ᠃      ︵ᠭᠤᠷᠪᠠ︶ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠴᠥᠳᠡᠢ ᠠᠬᠢᠭᠤᠯᠤᠨ᠎ᠠ᠃ ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2020 — 2021᠎  ᠤᠨ︶︾᠎ ᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠤᠷᠤᠨ ᠨᠢᠭᠡ ᠪᠦᠰᠡ︾᠎ ᠶᠢᠨ ᠪᠥᠲᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ︽ᠨᠢᠭᠡ ᠣᠷᠣᠨ︾ ᠭᠡᠳᠡᠭ ᠨᠢ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ  ︽ᠰᠢᠯᠢ ᠶᠢᠨ ᠭᠤᠤᠯ ᠬᠤᠨᠢᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾᠎ ᠢ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃ ᠨᠢᠭᠡ ᠳᠤ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠪᠠ ᠦᠷ᠎ᠡ ᠶᠢᠨ ᠮᠠᠯ ᠢ ᠬᠠᠮᠠᠭᠠᠯᠠᠨ ᠦᠷᠡᠵᠢᠬᠦᠯᠬᠦ ᠶᠢ ᠴᠢᠩᠭᠠᠳᠬᠠᠵᠣ᠂ ᠵᠢᠯ ᠤᠨ ᠳᠣᠲᠣᠷ᠎ᠠ ᠥᠷ᠎ᠡ ᠎ ᠶᠢᠨ ᠮᠠᠯ ᠤᠨ ᠲᠠᠯᠠᠪᠠᠢ 11 ᠪᠠᠶᠢᠭᠤᠯᠵᠤ᠂ ᠥᠷᠡᠵᠢᠬᠦᠯᠥᠨ ᠪᠤᠶᠢᠵᠢᠭᠤᠯᠬᠤ ᠲᠠᠯᠠᠪᠠᠢ 75 ᠪᠠᠶᠢᠭᠤᠯᠵᠤ᠂  ᠭᠤᠤᠯ ᠰᠥᠷᠥᠭ ᠢ1050 ᠰᠦᠷᠦᠭ ᠲᠤ  ᠬᠥᠷᠬᠡᠵᠤ᠂ ᠰᠠᠭᠤᠷᠢ ᠡᠬᠡ ᠮᠠᠯ ᠤᠨ ᠬᠠᠷᠢᠴᠠᠯ ᠢ 85%᠎ ᠳᠤ ᠬᠦᠷᠭᠡᠵᠦ᠂ ᠦᠵᠦᠮᠦᠴᠢᠨ ᠬᠤᠨᠢᠨ ᠤ ᠤᠯᠤᠰ ᠤᠨ ᠠᠯᠠᠰᠢᠨ ᠬᠤᠨᠢᠨ ᠤ ᠭᠤᠣᠯᠳᠠᠯᠭ᠎ᠠ ᠲᠠᠢ ᠡᠭᠦᠯᠳᠡᠷ ᠪᠤᠶᠢᠵᠢᠭᠤᠯᠬᠤ ᠲᠠᠯᠠᠪᠠᠢ ᠶᠢ ᠪᠠᠶᠢᠭᠤᠯᠤᠨ᠎ᠠ᠃ ᠬᠤᠶᠡᠷ ᠲᠤ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠪᠠᠷ ᠭᠤᠤᠯ ᠪᠣᠯᠭᠠᠨ᠂ ᠬᠤᠪᠢ ᠶᠢᠨ ᠥᠢᠯᠡᠳᠪᠤᠷᠢ ᠬᠤᠳᠠᠯᠳᠤᠭᠠᠨ ᠤ ᠠᠵᠤ ᠠᠬᠤᠶᠢᠯᠠᠯ᠂ ᠮᠠᠯᠴᠢᠨ ᠲᠠᠷᠢᠶᠡᠴᠢᠳ ᠤᠨ ᠬᠤᠷᠰᠢᠶᠡᠵᠢᠯ ᠨᠢ ᠠᠯᠠᠰᠢᠨ ᠬᠤᠨᠢ ᠶᠢ  ᠡᠷᠯᠢᠰᠡᠵᠢᠬᠦᠯᠦᠨ ᠪᠣᠷᠳᠣᠵᠤ ᠲᠠᠷᠭᠤᠯᠠᠭᠤᠯᠬᠤ ᠶᠢ ᠵᠣᠷᠢᠭᠵᠢᠭᠤᠯᠵᠤ  ᠂ ᠲᠡᠵᠢᠭᠡᠨ ᠦᠷᠡᠵᠢᠭᠦᠯᠬᠦ ᠡᠷᠦᠬᠡ ᠶᠢᠨ ᠡᠪᠦᠯ ᠤᠨ ᠲᠥᠯ᠂ ᠬᠠᠪᠤᠷ ᠤᠨ ᠡᠷᠲᠡ ᠶᠢᠨ ᠲᠥᠯ  ᠳᠤᠰᠴᠥ᠂ ᠲᠡᠵᠢᠬᠡᠨ ᠪᠤᠷᠳᠤᠵᠤ ᠡᠷᠳᠠ ᠵᠠᠷᠣᠴᠠᠭᠤᠯᠬᠤ ᠶᠢ ᠠᠬᠢᠭᠤᠯᠵᠣ᠂ ᠪᠣᠳᠠᠭᠠᠯᠢ ᠪᠡᠶ᠎ᠡ ᠶᠢᠨ ᠦᠢᠯᠡᠳᠬᠦᠨ ᠤ ᠦᠷᠳᠡᠭ ᠪᠣᠯᠣᠨ ᠳᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠬᠦᠯᠦᠨ᠎ᠡ᠃ ᠭᠤᠷᠪᠠ ᠳᠤ ᠰᠢᠯᠢ ᠶᠢᠨ ᠭᠤᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠨᠡᠷᠡᠲᠦ ᠲᠡᠮᠳᠡᠭᠳᠤ ᠶᠢᠨ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠢᠯᠢ ᠶᠢᠨ ᠭᠤᠤᠯ ᠎ ᠤᠨ ᠬᠤᠨᠢᠨ ᠤ  ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠡ᠃ ︽ᠨᠢᠭᠡ ᠪᠦᠰᠡ︾ ᠭᠡᠳᠡᠭ ᠨᠢ ᠡᠮᠦᠨᠡᠲᠦ ᠬᠡᠰᠡᠭ ᠤᠨ ᠣᠷᠣᠨ ᠪᠦᠰᠡ ᠪᠠᠷ ᠭᠤᠤᠯᠳᠠᠯᠭ᠎ᠠ ᠪᠣᠯᠭᠠᠭᠰᠠᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠤᠨ ᠠᠵᠤ ᠦᠶᠯᠡᠰ ᠤᠨ ᠪᠦᠰᠡ ᠶᠢ ᠪᠠᠶᠢᠭᠤᠯᠤᠨ᠎ᠠ᠃ ᠨᠢᠭᠡ ᠳᠤ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 1.5 ᠲᠦᠮᠡᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠣᠷᠣᠭᠤᠯᠵᠤ᠂ 82 ᠲᠦᠮᠡᠨ ᠦᠬᠡᠷ ᠤᠨ ᠡᠭᠦᠯᠳᠡᠷ ᠢ ᠰᠠᠶᠢᠵᠢᠷᠠᠭᠤᠯᠤᠨ᠎ᠡ︔ ᠵᠢᠯ ᠤᠨ ᠡᠴᠦᠰ ᠲᠤ ᠲᠣᠭᠤᠯᠯᠠᠬᠤ ᠦᠨᠢᠶ᠎ᠡ ᠶᠢ 2.5 ᠲᠦᠮᠡ ᠳᠤ ᠬᠦᠷᠭᠡᠵᠦ᠂ ᠵᠢᠯ ᠳᠤ 5000 ᠬᠢᠷᠢ ᠲᠡᠩᠴᠡᠭᠰᠡᠨ ᠪᠤᠬ᠎ᠠ᠂ 1 ᠲᠦᠮᠡᠨ ᠬᠤᠶᠠᠳᠤᠭᠠᠷ ᠡᠭᠦᠯᠳᠡᠷ ᠠᠴᠠ ᠳᠡᠭᠡᠭᠰᠢ ᠦᠨᠢᠶ᠎ᠡ ᠥᠰᠬᠡᠨ᠎ᠡ᠃ ᠬᠤᠶᠠᠷ ᠎ ᠲᠤ  ᠪᠤᠶᠢᠵᠢᠭᠤᠯᠤᠭᠰᠠᠨ ᠦᠬᠡᠷ  ᠤᠨ ᠬᠠᠮᠠᠭᠠᠯᠠᠯᠲᠠ ᠶᠢ ᠰᠠᠶᠢᠲᠤᠷ ᠠᠳᠬᠤᠵᠣ᠂ ᠲᠡᠵᠢᠭᠡᠨ ᠦᠷᠡᠵᠢᠭᠦᠯᠬᠦ ᠲᠣᠮᠣ ᠡᠷᠦᠬᠡ᠂ ᠡᠷᠦᠬᠡ ᠬᠤᠯᠪᠣᠭᠠᠯᠠᠭᠰᠠᠨ ᠡᠷᠦᠬᠡ᠂  ᠬᠤᠷᠰᠢᠶᠡᠵᠢᠯ ᠢ ᠵᠢᠯᠤᠭᠤᠳᠴᠤ ᠪᠠᠶᠢᠭᠠᠳ ᠨᠥᠭᠡᠴᠡ ᠦᠨᠢᠶ᠎ᠡ᠂ ᠪᠤᠬ᠎ᠠ ᠪᠤᠶᠢᠵᠢᠭᠤᠯᠬᠤ ᠠᠵᠢᠯ ᠢ ᠥᠷᠨᠢᠭᠦᠯᠵᠦ᠂ ᠨᠥᠬᠦᠴᠡᠯ ᠲᠠᠢ ᠭᠠᠵᠠᠷ ᠤᠷᠤᠨ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠶᠢ ᠵᠣᠷᠢᠭᠵᠢᠭᠤᠯᠵᠤ᠂  ᠰᠢᠯᠢᠳᠡᠭ ᠡᠭᠦᠯᠳᠡᠷ ᠤᠨ ᠲᠤᠭᠤᠯ ᠢᠶᠠᠨ ᠭᠠᠳᠠᠭᠰᠢ ᠭᠠᠷᠭᠠᠬᠤ ᠦᠭᠡᠢ ᠪᠠᠶᠢᠯᠭᠠᠨ᠎ᠠ᠃ ᠭᠤᠷᠪᠠ ᠳᠤ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠳᠤᠲᠠᠭᠤᠳᠠᠯ ᠢ ᠨᠥᠬᠦᠪᠥᠷᠢᠯᠡᠵᠤ᠂ ᠡᠮᠦᠨ᠎ᠡ ᠬᠡᠰᠡᠭ ᠤᠨ ᠬᠤᠰᠢᠭᠤ ᠰᠢᠶᠠᠨ ᠪᠣᠯᠤᠨ ᠠᠪᠠᠭ᠎ᠠ ᠬᠤᠰᠢᠭᠤ ᠪᠠᠷ ᠭᠤᠤᠯᠳᠠᠯᠭ᠎ᠠ ᠪᠣᠯᠭᠠᠨ᠂ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠨ᠂ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠵᠤ ᠦᠶᠯᠡᠰ ᠢ ᠶᠡᠬᠡᠪᠡᠷ ᠬᠥᠭᠵᠢᠭᠦᠯᠦᠨ᠂ ᠠᠯᠠᠰᠢᠨ ᠦᠬᠡᠷ ᠤᠨ ᠳᠡᠰ ᠬᠤᠪᠢᠶᠠᠨ ᠪᠣᠷᠳᠣᠵᠤ ᠲᠠᠷᠭᠤᠯᠠᠭᠤᠯᠬᠤ  ᠰᠢᠰᠲ᠋ᠧᠮ ᠢ ᠪᠠᠶᠢᠭᠤᠯᠵᠤ᠂ ᠵᠢᠯ ᠤᠨ ᠪᠣᠷᠳᠣᠵᠤ ᠲᠠᠷᠭᠤᠯᠠᠭᠤᠯᠵᠤ ᠡᠳ᠋ᠰᠢᠬᠦᠯᠬᠦ ᠬᠡᠮᠵᠢᠶ᠎ᠡ ᠶᠢ 6 ᠲᠦᠮᠡ ᠠᠴᠠ ᠳᠡᠭᠡᠭᠰᠢ ᠳᠤ ᠬᠦᠷᠦᠭᠦᠯᠦᠨ᠎ᠡ᠃ ᠳᠥᠷᠪᠡ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠬᠤ ᠣᠷᠣᠨ ᠳᠤ ᠪᠥᠬᠦᠨ ᠢ ᠬᠠᠰᠢᠶᠠᠯᠠᠨ ᠲᠡᠵᠢᠭᠡᠬᠦ᠂ ᠡᠮᠦᠨᠡᠲᠦ ᠬᠡᠰᠡᠭ ᠤᠨ ᠮᠠᠯᠵᠢᠬᠤ ᠣᠷᠣᠨ ᠳᠤ ᠬᠠᠭᠠᠰ ᠬᠠᠰᠢᠶᠠᠯᠠᠨ ᠲᠡᠵᠢᠬᠡᠵᠤ ᠬᠠᠭᠠᠰ ᠪᠡᠯᠴᠢᠬᠡᠷᠯᠡᠬᠦᠯᠬᠦ᠂ ᠬᠤᠶᠢᠲᠤ ᠬᠡᠰᠡᠭ ᠤᠨ ᠮᠠᠯᠵᠢᠬᠤ ᠣᠷᠣᠨ ᠳᠤ ᠪᠡᠯᠴᠢᠭᠡᠷᠯᠡᠭᠦᠯᠦᠨ ᠮᠠᠯᠵᠢᠬᠤ ᠪᠠ ᠪᠤᠷᠳᠤᠵᠤ ᠲᠡᠵᠢᠭᠡᠨ ᠠᠷᠠᠴᠢᠯᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠯ ᠤᠨ ᠳᠣᠲᠣᠷ᠎ᠠ ᠠᠯᠠᠰᠢᠨ ᠦᠬᠡᠷ ᠥᠷᠡᠵᠢᠬᠦᠯᠬᠦ ᠨᠣᠷᠮ᠎ᠠ ᠶᠢ ᠡᠮᠦᠨᠡᠲᠦ ᠬᠡᠰᠡᠭ ᠤᠨ ᠭᠠᠵᠠᠷ ᠣᠷᠣᠨ 82%᠎ ᠲᠤ ᠬᠦᠷᠦᠭᠦᠯᠵᠦ᠂ ᠬᠤᠶᠢᠲᠤ ᠬᠡᠰᠡᠭ ᠤᠨ ᠭᠠᠵᠠᠷ ᠣᠷᠣᠨ ᠳᠤ 78%᠎ ᠳᠤ ᠬᠦᠷᠦᠭᠦᠯᠦᠨ᠎ᠡ᠃ ᠲᠠᠪᠤ ᠳᠤ ᠰᠢᠯᠢ ᠶᠢᠨ ᠭᠤᠤᠯ ᠤᠨ ᠠᠯᠠᠰᠢᠨ ᠦᠬᠡᠷ ᠤᠨ ᠰᠢᠨ᠎ᠡ ᠲᠥᠷᠥᠯ ᠲᠡᠮᠳᠡᠭ ᠢ ᠪᠤᠶᠢᠵᠢᠭᠤᠯᠬᠤ ᠠᠵᠢᠯ ᠢ ᠡᠬᠢᠯᠡᠬᠦᠯᠵᠤ᠂  ᠰᠢᠯᠢ ᠶᠢᠨ ᠭᠤᠤᠯ ᠤᠨ ᠦᠬᠡᠷ ᠤᠨ ᠮᠢᠬᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ︽ᠮᠤᠩᠭᠤᠯ ᠲᠡᠮᠳᠡᠭ︾᠎ ᠤᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠎ᠠ᠃ ᠡᠭᠦᠨ ᠤ ᠬᠠᠮᠲᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠳᠤᠭᠤ᠂ ᠲᠡᠮᠡᠭᠡ ᠪᠣᠯᠤᠨ ᠤᠯᠠᠮᠵᠢᠯᠠᠯᠲᠤ ᠴᠠᠭᠠᠨ ᠢᠳᠡᠭᠡ᠂ ᠮᠣᠩᠭᠤᠯ ᠭᠡᠷ ᠦᠢᠯᠡᠳᠬᠦ ᠵᠡᠷᠭᠡ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃       ︵ᠳᠥᠷᠪᠡ︶ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠥᠨᠵᠡᠭᠡᠢ  ᠨᠡᠶᠢᠳᠡᠪᠤᠷᠢᠵᠢᠭᠤᠯᠤᠨ᠎ᠠ᠃ ᠤᠳᠤ ᠥᠶ᠎ᠡ ᠶᠢᠨ ᠮᠠᠯ ᠠᠵᠤ ᠠᠬᠤᠢ ᠲᠡᠷᠢᠶᠡᠯᠡᠩ ᠢ ᠬᠥᠭᠵᠢᠬᠦᠯᠬᠦ ᠪᠠᠷ ᠵᠢᠯᠣᠭᠤᠳᠣᠯᠭ᠎ᠠ ᠪᠤᠯᠭᠠᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠤᠰᠬᠠᠶ ᠬᠤᠷᠰᠢᠶᠠᠵᠢᠯ᠂ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂  ᠬᠠᠮᠳᠤ ᠶᠢᠨ ᠠᠵᠤ ᠠᠬᠤᠢ ᠶᠢ ᠬᠥᠭᠵᠢᠬᠦᠯᠥᠨ ᠪᠤᠵᠠᠭᠠᠶᠢᠷᠠᠭᠤᠯᠵᠤ᠂ ᠵᠢᠯ ᠤᠨ ᠳᠣᠲᠣᠷ᠎ᠠ 70%᠎ ᠠᠴᠠ ᠳᠡᠭᠡᠭᠰᠢ ᠮᠠᠯᠴᠢᠨ ᠲᠠᠷᠢᠶᠡᠴᠢᠨ ᠢ ᠠᠰᠢᠭ ᠲᠤᠰᠠ ᠶᠢᠨ ᠬᠤᠯᠪᠤᠭᠠᠳᠤ ᠲᠣᠭᠲᠠᠴᠠ ᠪᠠᠷ ᠪᠥᠷᠬᠦᠬᠦᠯᠤᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ ᠥᠷᠭᠡᠳᠬᠡᠵᠦ᠂  ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠶᠢ ᠥᠷᠭᠡᠳᠬᠡᠵᠦ᠂ ᠠᠮᠤ  ᠪᠣᠳᠠᠭᠠᠨ ᠤ ᠣᠨᠠᠯᠳᠠ ᠶᠢ ᠲᠣᠭᠲᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤ ᠴᠠᠬᠢᠯᠭᠠᠨ ᠵᠠᠮ ᠮᠡᠳᠡᠭᠡ ᠵᠡᠷᠭᠡ ᠰᠠᠭᠤᠷᠢ ᠲᠥᠬᠦᠬᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ 6.19 ᠲᠦᠮᠡᠨ ᠬᠥᠮᠥᠨ᠂ 145 ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠪᠠᠬᠢᠵᠢᠬᠦᠯᠥᠨ ᠳᠡᠭᠡᠭᠰᠢᠯᠡᠬᠦᠯᠬᠦ ᠠᠰᠠᠭᠤᠳᠠᠯ ᠢ ᠰᠢᠶᠳᠪᠦᠷᠢᠯᠡᠵᠤ᠂  192 ᠮᠡᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠶᠳᠪᠦᠷᠢᠯᠡᠨ᠂ 430 ᠺᠢᠯᠣᠮᠸᠲᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠦᠯᠡᠳᠡᠭᠰᠡᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ 4G ᠰᠦᠯᠵᠢᠶ᠎ᠡ ᠨᠡᠪᠲᠡᠷᠡᠭᠦᠯᠬᠦ ᠠᠰᠠᠭᠤᠳᠠᠯ ᠢ ᠰᠢᠶᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ  ᠎ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃  ᠵᠢᠯ ᠤᠨ ᠳᠤᠳᠤᠷ᠎ᠠ ᠪᠦᠬᠦ ᠠᠶᠢᠮᠠᠭ ᠤᠨ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 78%᠎ ᠳᠤ ᠬᠦᠷᠭᠡᠨ᠎ᠡ᠃  ᠠᠪᠠᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠳᠤᠷᠰᠢᠯᠳᠡ ᠶᠢᠨ ᠴᠡᠭ ᠪᠣᠯᠤᠨ ᠵᠡᠭᠦᠨ ᠦᠵᠦᠮᠦᠴᠢᠨ ᠬᠤᠰᠢᠭᠤᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠎ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠥᠷᠬᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠮᠠᠨᠳᠣᠯ ᠳᠤ ᠲᠤᠷᠰᠢᠯᠭ᠎ᠠ ᠰᠦᠪᠡᠭᠴᠢᠯᠡᠨ  ᠬᠠᠩᠭᠠᠨ᠎ᠠ᠃     ︵ᠲᠠᠪᠤ︶ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠨ᠎ᠡ᠃ ᠭᠤᠤᠯᠳᠠᠯᠭ᠎ᠠ ᠎ ᠲᠠᠢ  ᠬᠦᠷᠢᠶᠡᠨ ᠳᠠᠬᠢ ᠥᠬᠡᠷᠡᠴᠢᠯᠡᠯᠳᠡ ᠶᠢ ᠬᠥᠨᠵᠡᠬᠡᠶᠢᠷᠡᠬᠦᠯᠵᠤ᠂  ᠤᠯᠠᠨ ᠨᠡᠶᠢᠳᠡ ᠶᠢᠨ ᠥᠨᠳᠥᠰᠥᠨ ᠥᠢᠯᠡᠴᠢᠯᠡᠬᠡᠨ ᠤ  ᠬᠦᠷᠢᠶᠡᠨ ᠳᠠᠬᠢ ᠠᠶᠢᠮᠠᠭ  ᠎ ᠤᠨ ᠳᠤᠰ  ᠱᠠᠳᠤᠨ ᠤ  ᠪᠠ ᠬᠤᠰᠢᠭᠤ ᠰᠢᠶᠡᠨ ᠬᠤᠳᠠ ︵ᠤᠷᠤᠨ︶᠎ ᠤ ᠬᠠᠮᠳᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠬᠡᠷᠡᠴᠢᠯᠡᠯᠳᠡ ᠶᠢ ᠳᠥᠯᠬᠢᠨ ᠠᠬᠢᠭᠤᠯᠵᠤ᠂  ᠤᠯᠤᠰ ᠤᠨ ᠥᠮᠴᠢᠯᠡᠯᠳᠤ ᠡᠳ᠋ ᠬᠥᠷᠥᠩᠬᠡ ᠶᠢᠨ ᠪᠡᠯᠡ ᠤᠷᠤᠭᠤᠯᠤᠯᠳᠠ ᠶᠢ ᠳᠥᠷᠢᠮᠵᠢᠬᠦᠯᠵᠤ᠂  ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠬᠡᠷᠡᠴᠢᠯᠡᠯᠳᠡ  ᠲᠠᠴᠢᠷᠰᠢᠭᠰᠠᠨ ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠬᠦ ᠵᠡᠷᠬᠡ ᠤᠯᠤᠰ ᠤᠨ ᠳᠡᠰ ᠤᠨ  ᠳᠤᠷᠰᠢᠯᠳᠡ ᠎ ᠶᠢᠨ ᠴᠡᠭ ᠪᠤᠯᠤᠨ ᠡᠯᠧᠺᠲ᠋ᠧᠷᠤᠨ  ᠵᠠᠰᠠᠭ ᠤᠨ ᠶᠠᠪᠤᠳᠠᠯ᠂ ᠮᠡᠳᠡᠭᠡ ᠵᠠᠩᠬᠢᠴᠢᠯᠠᠯᠳᠠ ᠵᠡᠷᠬᠡ ᠥᠪᠡᠷᠳᠡᠬᠡᠨ ᠵᠠᠰᠠᠬᠤ ᠤᠷᠤᠨ ᠤ  ᠳᠤᠷᠰᠢᠯᠳᠡ ᠶᠢᠨ ᠴᠡᠭ ᠤᠨ ᠥᠬᠡᠷᠡᠴᠢᠯᠡᠯᠳᠡ ᠶᠢᠨ ᠡᠬᠦᠷᠬᠡ ᠶᠢ ᠰᠠᠶᠢᠳᠤᠷ ᠬᠡᠷᠡᠭᠵᠢᠬᠦᠯᠤᠨ᠎ᠡ᠃ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ  ᠰᠢᠯᠢᠳᠡᠭᠵᠢᠭᠦᠯᠵᠣ᠂ ᠳᠥᠪᠯᠡᠷᠡᠬᠦᠯᠥᠨ ᠬᠢᠨᠡᠨ ᠵᠥᠪᠰᠢᠶᠡᠷᠡᠬᠦ ᠰᠠᠷ᠎ᠠ ᠎ ᠶᠢᠨ ᠥᠷ᠎ᠡ ᠪᠥᠲᠥᠮᠵᠢ ᠶᠢ ᠪᠠᠬᠢᠵᠢᠬᠦᠯᠵᠤ᠂  ᠪᠠᠶᠢᠩᠭᠤ ᠶᠢᠨ ᠤᠷᠳᠤ ᠬᠤᠭᠤᠴᠠᠭᠠᠨ ᠤ ᠥᠷ᠎ᠡ ᠪᠥᠲᠥᠮᠵᠢᠳᠤ ᠳᠤᠭᠳᠡᠴᠡ ᠶᠢ  ᠪᠠᠶᠢᠭᠤᠯᠤᠨ᠎ᠠ᠃  ︽ᠡᠭᠦᠯᠡᠨ ᠪᠣᠳᠣᠯᠳᠠ ᠶᠢᠨ ᠰᠢᠯᠢ ᠶᠢᠨ ᠭᠤᠣᠯ︾᠎ ᠎ ᠢ ᠰᠢᠯᠢᠳᠡᠭᠵᠢᠭᠦᠯᠵᠦ᠂ ᠪᠦᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠬᠡᠷᠡᠭᠯᠡᠯᠳᠡ ᠶᠢ ᠲᠦᠷᠭᠡᠳᠬᠡᠵᠤ᠂ ᠵᠢᠯ ᠤᠨ ᠳᠣᠲᠣᠷ᠎ᠠ ᠬᠤᠰᠢᠭᠤ ᠰᠢᠶᠠᠨ ᠬᠤᠲᠠ ᠤᠷᠤᠨ ᠤ 70%᠎ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠤᠩᠬᠤᠪᠴᠢ︾᠎ ᠎ ᠪᠠᠷ ᠲᠥᠷᠥᠯ ᠬᠤᠪᠢᠶᠠᠨ ᠬᠦᠯᠢᠶᠡᠨ ᠠᠪᠴᠤ  ᠬᠥᠢᠴᠡᠳᠬᠡᠭᠦ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ ᠪᠥᠬᠦ ᠤᠷᠤᠨ ᠤ ᠵᠠᠭᠤᠨ ᠬᠥᠴᠥᠷᠭᠡᠭ ᠪᠠᠶᠢᠬᠤ ᠥᠬᠡᠢ ᠪᠠᠶᠢᠳᠠᠯ ᠢ ᠡᠴᠥᠰᠯᠠᠬᠦᠯᠬᠦ ᠪᠠᠷ ᠴᠢᠷᠮᠠᠶᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠵᠣ ᠠᠬᠤᠶᠢᠯᠠᠯ ᠎ ᠢ ᠲᠣᠰᠠᠯᠠᠵᠣ ᠲᠣᠭᠳᠠᠪᠣᠷᠢᠵᠢᠭᠤᠯᠬᠤ ᠲᠥᠷᠥ ᠶᠢᠨ ᠪᠣᠳᠣᠯᠭ᠎ᠠ ᠎ ᠨᠤᠭᠤᠳ ᠢ ᠨᠠᠷᠢᠨ ᠨᠢᠭᠳᠠ ᠳᠤᠭᠤᠰᠢᠯᠠᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠢᠯᠠᠩᠭᠤᠶ᠎ᠠ ᠳᠤᠮᠳᠠ  ᠵᠢᠵᠢᠭ  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ᠂ ᠭᠠᠷᠤᠯᠳᠠ ᠶᠢ ᠨᠢ ᠲᠣᠭᠲᠠᠪᠤᠷᠢᠵᠢᠭᠤᠯᠤᠨ ᠦᠷ᠎ᠡ ᠠᠰᠢᠭ ᠢ ᠨᠢ ᠨᠡᠮᠡᠭᠳᠡᠭᠦᠯᠤᠨ᠎ᠡ ᠭᠤᠤᠯᠳᠠᠯᠭ᠎ᠠ ᠲᠠᠢ ᠨᠡᠬᠡᠬᠡᠯᠳᠡ ᠬᠢᠵᠣ ᠴᠢᠯᠦᠭᠡᠲᠠᠢ ᠶᠠᠪᠣᠯᠴᠠᠬᠤ ᠳᠤᠷᠰᠢᠯᠳᠡ ᠶᠢᠨ ᠤᠷᠤᠨ ᠤ ᠪᠥᠲᠥᠬᠡᠨ ᠪᠠᠶᠢᠭᠤᠯᠤᠯᠳᠡ ᠶᠢ ᠳᠥᠷᠬᠡᠳᠬᠡᠵᠤ᠂  ᠡᠷᠢᠶᠡᠨ ᠬᠤᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠪᠠ ᠠᠭᠠᠷ ᠤᠨ ᠠᠶᠠᠯᠠᠯ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ᠂ ᠵᠡᠭᠦᠨ ᠬᠠᠲᠠᠪᠴᠢ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠦᠯ ᠵᠦᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠵᠢᠯ ᠤᠨ ᠪᠣᠭᠤᠮᠲᠠ ᠪᠠᠷ ᠪᠠᠷᠠᠭ᠎ᠠ ᠲᠠᠸᠠᠷ ᠥᠩᠬᠡᠷᠡᠬᠦ ᠬᠡᠮᠵᠢᠶ᠎ᠡ ᠶᠢ 2000 ᠲᠦᠮᠡᠨ ᠲᠣᠨ ᠳᠠᠪᠠᠭᠤᠯᠬᠤ ᠪᠠᠷ ᠴᠢᠷᠮᠠᠶᠢᠵᠤ᠂  ᠭᠠᠳᠠᠭᠠᠳᠤ ᠠᠴᠠ ᠤᠷᠤᠭᠤᠯᠬᠤ ᠶᠡᠭᠡ ᠬᠡᠮᠵᠢᠶᠡᠨ ᠤ  ᠪᠥᠲᠥᠭᠡᠭᠳᠡᠬᠦᠨ ᠢ ᠳᠤᠬᠠᠢ ᠶᠢᠨ ᠭᠠᠵᠠᠷ ᠪᠠᠭᠤᠯᠭᠠᠨ ᠪᠤᠯᠪᠠᠰᠤᠷᠠᠭᠤᠯᠬᠤ ᠶᠢ ᠠᠬᠢᠭᠤᠯᠵᠤ᠂  ᠵᠠᠮ ᠥᠩᠬᠡᠷᠡᠬᠦ  ᠲᠦᠭᠦᠬᠡᠢ ᠮᠠᠲ᠋ᠧᠷᠢᠶᠠᠯ ᠢ ᠳᠤᠬᠠᠢ ᠶᠢᠨ ᠭᠠᠵᠠᠷ ᠤᠨ ᠠᠵᠤ ᠠᠬᠤᠢ ᠪᠤᠯᠭᠠᠨ ᠬᠤᠪᠢᠷᠠᠭᠤᠯᠣᠨ᠎ᠠ᠃    ︵ᠵᠢᠷᠭᠤᠭ᠎ᠠ︶ ᠠᠷᠠᠳ ᠤᠨ ᠠᠮᠢᠳᠤᠷᠠᠯ  ᠪᠤᠯᠤᠨ ᠨᠡᠶᠢᠬᠡᠮ ᠤᠨ ᠦᠢᠯᠡᠰ ᠤᠨ ᠲᠤᠲᠠᠭᠤᠳᠡᠯ ᠢ ᠬᠦᠴᠦᠯᠡᠨ ᠨᠥᠬᠦᠪᠥᠷᠢᠯᠡᠨ᠎ᠡ᠃  ᠨᠢᠭᠡ ᠳᠤ ᠠᠵᠢᠯ ᠣᠯᠭᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ ᠠᠶᠢᠮᠠᠭ ᠤᠨ ᠲᠡᠰ ᠤᠨ ᠠᠵᠢᠯ  ᠤᠯᠭᠤᠨ ᠦᠢᠯᠡᠰ ᠪᠤᠰᠬᠠᠬᠤ  ᠶᠢ ᠠᠬᠢᠭᠤᠯᠬᠤ ᠬᠦᠭᠵᠢᠯᠲᠠ ᠶᠢᠨ ᠪᠡᠯᠡ ᠮᠥᠩᠭᠦ ᠶᠢ ᠪᠠᠶᠢᠭᠤᠯᠵᠤ᠂ ᠭᠤᠤᠯ ᠴᠤᠭᠴᠠ ᠪᠠ ᠠᠵᠢᠯ ᠣᠯᠬᠤ ᠳᠤ ᠬᠦᠴᠢᠷᠲᠡᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ ᠂ ᠦᠢᠯᠡᠰ ᠪᠣᠰᠬᠠᠬᠤ ᠶᠢ ᠳᠡᠮᠵᠢᠬᠦ᠂ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠬᠦ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ ᠪᠠᠯᠭᠠᠰᠤᠨ ᠤ 1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠨ᠎ᠠ᠃  ᠬᠦᠯᠤᠰᠤᠨ ᠲᠠᠷᠢᠶᠠᠴᠢᠨ ᠮᠠᠯᠴᠢᠨ ᠎ ᠤ  ᠬᠦᠯᠤᠰᠤ ᠶᠢ ᠴᠠᠭ ᠲᠤᠬᠠᠶ ᠳᠤᠨᠢ  ᠪᠦᠷᠢᠨ ᠬᠦᠢᠴᠡᠳ ᠥᠭᠬᠦ ᠶᠢ ᠪᠠᠲᠤᠯᠠᠨ᠎ᠠ᠃ ᠬᠤᠶᠠᠷ ᠲᠤ ᠰᠤᠷᠭᠠᠨ ᠬᠥᠮᠦᠵᠢᠯ ᠤᠨ ᠦᠢᠯᠡᠰ ᠢ ᠨᠢᠬᠡᠳᠥᠯᠳᠡᠢ ᠲᠥᠯᠥᠪᠵᠢᠭᠦᠯᠦᠨ ᠠᠬᠢᠭᠤᠯᠤᠨ᠎ᠠ᠃ ᠵᠢᠯ ᠤᠨ ᠳᠣᠲᠣᠷ᠎ᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 7 ᠪᠠᠶᠢᠭᠤᠯᠵᠤ᠂ ᠬᠤᠲᠠ ᠪᠠᠯᠭᠠᠰᠤᠨ ᠤ 21 ᠲᠤᠭᠤᠷᠢᠭ ᠲᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠢ ᠦᠭᠡᠷᠡᠴᠢᠯᠡᠨ ᠪᠡᠶᠢᠭᠤᠯᠬᠤ ᠶᠢ ᠪᠡᠶᠡᠯᠡᠭᠦᠯᠤᠨ᠂ 77 ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠲᠡᠭᠡᠭᠰᠢᠯᠡᠭᠦᠯᠭᠦ ᠲᠥᠷᠥᠯ  ᠵᠤᠶᠢᠯ ᠢ ᠰᠠᠶᠢᠲᠤᠷ ᠬᠡᠷᠡᠭᠵᠢᠭᠦᠯᠵᠦ᠂ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠤᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢ ︽ᠰᠤᠷᠭᠠᠭᠤᠯᠢ ᠠᠴᠠ ᠬᠠᠮᠢᠶᠡᠷᠴᠤ ᠬᠤᠰᠢᠭᠤ ᠰᠢᠶᠠᠨ ᠠᠴᠠ ᠤᠷᠢᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢᠨ ᠬᠠᠮᠢᠶᠠᠷᠤᠯᠲᠠ᠂ ᠮᠡᠷᠭᠡᠵᠢᠯ ᠤᠨ ᠴᠣᠯᠠ ᠲᠤᠭᠲᠠᠭᠠᠨ ᠤᠷᠢᠬᠤ ᠪᠠ ᠴᠡᠴᠡᠷᠯᠢᠭ ᠤᠨ ᠪᠠᠭᠰᠢ ᠳᠤᠲᠠᠭᠳᠠᠬᠤ  ᠂ ︽ᠠᠳᠠᠯᠢ ᠠᠵᠢᠯ ᠲᠦᠷᠤᠯ ᠳᠤ ᠠᠳᠠᠯᠢ ᠪᠤᠰᠤ ᠬᠥᠯᠥᠰᠥ ᠤᠯᠭᠤᠮᠵᠢ ᠣᠯᠭᠤᠬᠤ︾ ᠵᠡᠷᠭᠡ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠠᠨ᠎ᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢ ᠬᠡᠷᠡᠭᠯᠡᠭᠡᠨ ᠤ ᠬᠡᠯᠪᠠᠷᠢ ᠶᠢᠨ ᠵᠢᠩᠬᠢᠨᠢ ᠠᠩᠭᠢ ᠶᠢᠨ ᠲᠡᠭᠡᠳᠤ ᠰᠤᠷᠭᠠᠭᠤᠯᠢ ᠪᠤᠯᠭᠠᠬᠤ ᠶᠢ ᠲᠡᠮᠵᠢᠨ᠎ᠠ᠃ ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠨᠥᠬᠦᠴᠡᠯ ᠢ ᠪᠠᠬᠢᠵᠢᠭᠦᠯᠦᠨ᠎ᠡ᠃ ᠬᠤᠲᠠ ᠶᠢᠨ ᠡᠮᠴᠢᠯᠡᠭᠡᠨ ᠤ ᠪᠦᠯᠦᠭᠯᠡᠯ ᠪᠣᠯᠤᠨ ᠬᠤᠰᠢᠭᠤ ᠰᠢᠶᠡᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠡᠵᠡᠭᠡᠶᠢᠷᠡᠭᠦᠯᠵᠤ᠂ ᠵᠢᠯ ᠤᠨ ᠳᠣᠲᠣᠷ᠎ᠠ ᠠᠶᠢᠮᠠᠭ ᠤᠨ ᠲᠦᠪ ᠡᠮᠨᠡᠯᠭᠡ ᠶᠢᠨ ᠬᠤᠷᠢᠶᠠᠨ ᠤ ᠪᠠᠴᠢᠮ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ  ᠎ ᠶᠢ ᠪᠡᠶᠡᠯᠡᠭᠦᠯᠵᠦ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠵᠤ᠂ ᠰᠦᠨᠢᠳ ᠵᠡᠭᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠦᠪᠡᠭᠡᠲᠤ ᠴᠠᠭᠠᠨ ᠬᠤᠰᠢᠭᠤ ᠵᠡᠷᠭᠡ 4 ᠮᠣᠩᠭᠤᠯ ᠡᠮᠨᠡᠯᠭᠡ ᠶᠢᠨ ᠬᠤᠷᠢᠶ᠎ᠠ ᠎ ᠶᠢ ᠠᠰᠢᠭᠯᠠᠯᠲᠠ ᠳᠤ ᠣᠷᠣᠭᠤᠯᠤᠨ᠎ᠠ᠃ ᠲᠦᠷᠪᠡ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠨᠣᠮ ᠤᠨ ᠰᠠᠩ᠂ ᠰᠣᠶᠣᠯ ᠤᠨ ᠣᠷᠳᠣᠨ ᠤ ᠳᠡᠰ ᠳᠡᠪᠰᠢᠬᠦ ᠪᠠ ᠰᠤᠮᠤ ᠰᠢᠶᠠᠩ ᠪᠠᠯᠭᠠᠰᠣᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠲᠥᠪ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠶᠢᠮᠠᠭ ᠤᠨ ᠷᠠᠳᠢᠣ᠋ ᠲᠧᠯᠸᠢᠰ ᠬᠤᠷᠢᠶ᠎ᠠ ᠶᠢᠨ ᠲᠧᠯᠸᠢᠰ ᠤᠨ ᠦᠨᠳᠦᠷ ᠪᠠᠷᠢᠮᠵᠢᠶ᠎ᠠ ᠪᠠᠷ ᠰᠢᠨᠠᠳᠬᠡᠭᠦ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ︽ᠣᠶᠤᠨᠴᠢ ᠷᠠᠳᠢᠣ᠋ ᠲᠧᠯᠸᠢᠰ︾᠎ ᠎ ᠢᠶᠠᠷ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠰᠠᠶᠢᠲᠤᠷ ᠠᠳᠬᠤᠨ᠎ᠠ᠃ ᠲᠠᠪᠤ ᠳᠤ ᠨᠡᠶᠢᠭᠡᠮ ᠤᠨ ᠪᠠᠲᠤᠯᠠᠭ᠎ᠠ ᠶᠢᠨ ᠲᠣᠤᠷ ᠢ ᠪᠠᠬᠢᠵᠢᠭᠦᠯᠤᠨ᠎ᠠ᠃ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠤᠡᠴᠡᠯᠠᠨ ᠬᠠᠯᠡᠮᠵᠢᠯᠠᠵᠤ ᠲᠥᠪᠬᠢᠨᠡᠭᠦᠯᠬᠦ ᠵᠡᠷᠭᠡ ᠲᠦᠷᠢᠮ ᠲᠤᠭᠲᠠᠯᠴᠠᠭ᠎ᠠ ᠶᠢ ᠵᠦᠶ ᠵᠣᠬᠢᠰᠲᠠᠶ ᠲᠡᠭᠦᠯᠳᠡᠷᠵᠢᠭᠦᠯᠦᠨ᠎ᠡ᠃ ᠲᠡᠶᠢᠹᠦᠰᠧ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠤᠯᠳᠡᠢ ᠲᠥᠯᠥᠪᠵᠢᠭᠦᠯᠬᠦ ᠶᠢ ᠯᠠᠪᠳᠠᠭᠤᠨ ᠠᠬᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠨᠠᠰᠤᠵᠢᠯ ᠤᠨ ᠦᠡᠳᠤᠰᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠲᠡᠰ ᠤᠨ ᠨᠢᠭᠡᠳᠦᠯᠲᠡᠶ ᠲᠥᠯᠥᠪᠯᠡᠬᠦ ᠶᠢ ᠲᠦᠯᠬᠢᠨ ᠠᠬᠢᠭᠤᠯᠤᠨ᠎ᠠ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ  ᠮᠦᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠯᠲᠠ ᠎ ᠶᠢᠨ ᠠᠮᠤᠷ ᠲᠦᠪᠰᠢᠨ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠨᠠᠰᠤᠵᠢᠯ ᠤᠨ ᠠᠰᠡᠷᠡᠮᠵᠢ ᠶᠢᠨ ᠥᠢᠯᠡᠴᠢᠯᠡᠬᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠭᠤᠯᠵᠤ᠂ 7 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠢᠷᠭᠤᠭ᠎ᠠ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 90 ᠬᠠᠭᠤᠴᠢᠨ ᠰᠠᠭᠤᠭᠠᠯᠢ ᠲᠣᠭᠤᠷᠢᠭ᠂ 60 ᠺᠢᠯᠣᠮᠧᠲᠷ ᠤᠷᠲᠤ ᠬᠠᠭᠤᠴᠢᠨ ᠬᠤᠭᠤᠯᠠᠶ ᠲᠣᠤᠷ ᠢ  ᠦᠭᠡᠷᠡᠴᠢᠯᠡᠨ᠂ 6 ᠵᠤᠷᠪᠤᠰ ︽ᠲᠠᠰᠤᠷᠬᠠᠢ ᠵᠠᠮ︾᠎ ᠢ ᠨᠡᠪᠲᠡᠷᠡᠭᠦᠯᠦᠨ᠎ᠡ᠃  ᠵᠢᠯ ᠤᠨ ᠳᠤᠳᠤᠷ᠎ᠠ ᠭᠡᠷ ᠪᠠᠶᠢᠰᠢᠩ ᠤᠨ ᠦᠯᠦ ᠬᠦᠳᠡᠯᠬᠦ ᠬᠥᠷᠥᠩᠭᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠦᠨᠳᠣᠰᠦᠨ ᠳᠡᠭᠡᠨ  ᠰᠢᠢᠳᠪᠦᠷᠢᠯᠠᠵᠤ᠂ ᠨᠤᠷᠡᠮᠠᠷ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠤᠨ ᠬᠤᠭᠤᠴᠠᠭ᠎ᠠ ᠨᠢ ᠦᠩᠭᠡᠷᠡᠵᠤ ᠲᠥᠪᠬᠢᠨᠡᠭᠦᠯᠦᠭᠡᠳᠦᠢ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠠᠭᠦ ᠶᠢ ᠪᠠᠲᠤᠯᠠᠨ᠎ᠠ᠃ ᠳᠣᠯᠤᠭ᠎ᠠ ᠳᠤ ᠨᠡᠶᠢᠭᠡᠮ ᠤᠨ ᠲᠣᠭᠲᠠᠭᠤᠨ  ᠪᠠᠶᠢᠳᠠᠯ ᠢ  ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠬᠠᠷ᠎ᠠ ᠪᠦᠯᠦᠭᠲᠡᠨ ᠬᠠᠷᠭᠢᠰ ᠬᠦᠴᠦᠨ︾᠎ ᠢ ᠠᠷᠢᠯᠭᠠᠬᠤ ᠲᠤᠰᠬᠠᠢ ᠲᠡᠮᠡᠴᠡᠯ ᠤᠨ ᠡᠴᠤᠰ ᠤᠨ ᠲᠡᠶᠢᠯᠡᠯᠳᠤᠭᠠᠨ ᠢ ᠰᠠᠶᠢᠲᠤᠷ ᠬᠢᠵᠦ᠂ ᠨᠡᠶᠢᠬᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠵᠠᠬᠢᠳᠠᠯ ᠰᠤᠷᠪᠦᠯᠵᠢᠯᠠᠭ᠎ᠠ ᠶᠢᠨ ᠠᠰᠠᠭᠤᠳᠠᠯ ᠢ  ᠰᠢᠢᠳᠪᠦᠷᠢᠯᠠᠵᠤ᠂ ᠤᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠮᠠᠭᠠᠯᠠᠨ᠎ᠠ᠃ ᠢᠳᠠᠭᠡᠨ ᠤᠮᠳᠠᠭᠠᠨ ᠡᠮ ᠡᠮᠨᠠᠯᠭᠡ᠂ ᠭᠠᠯ ᠰᠡᠷᠭᠡᠶᠢᠯᠡᠬᠦ ᠵᠡᠷᠭᠡ ᠬᠦᠷᠢᠶᠡᠨ ᠳᠠᠬᠢ ᠠᠮᠤᠷ ᠲᠦᠪᠰᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ  ᠲᠡᠭᠦᠯᠳᠡᠷᠵᠢᠭᠦᠯᠤᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠡᠶᠢᠭᠤᠯᠬᠤ ᠠᠵᠢᠯ ᠢ  ᠡᠬᠢᠯᠡᠭᠦᠯᠤᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠢ ᠪᠠᠲᠤᠯᠠᠨ᠎ᠠ᠃     ︵ᠳᠣᠯᠤᠭ᠎ᠠ︶  ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ  ᠳᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠡᠯᠪᠢᠨ᠎ᠠ᠃  ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ  ᠦᠶ᠎ᠡ ᠎ ᠶᠢᠨ  ᠲᠤᠮᠳᠠᠲᠤ  ᠤᠯᠤᠰ  ᠤᠨ  ᠣᠨᠴᠠᠯᠢᠭ  ᠲᠠᠢ  ᠨᠡᠶᠢᠭᠡᠮ  ᠵᠢᠷᠤᠮ  ᠤᠨ  ᠦᠵᠡᠯ  ᠰᠠᠨᠠᠭ᠎ᠠ  ᠶᠢ  ᠭᠦᠨᠵᠡᠭᠡᠶ  ᠰᠤᠷᠤᠯᠴᠠᠨ  ᠨᠠᠷᠢᠨ ᠤᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠨ᠂  ︽ᠬᠤᠶᠠᠷ ᠢ ᠬᠠᠮᠠᠭᠠᠯᠠᠬᠤ︾᠎ ᠶᠢ ᠵᠠᠬᠢᠷᠭ᠎ᠠ ᠶᠢᠨ ᠠᠵᠢᠯ ᠤᠨ ᠡᠯ᠎ᠡ ᠬᠦᠷᠢᠶᠡᠨ ᠳᠠᠬᠢ ᠪᠥᠬᠦ ᠶᠠᠪᠤᠴᠠ ᠳᠤ ᠨᠠᠶᠢᠳᠠᠪᠦᠷᠢᠵᠢᠭᠤᠯᠵᠤ᠂ ᠵᠠᠰᠠᠭ ᠤᠨ ᠵᠠᠷᠯᠢᠭ ᠰᠠᠭᠠᠳ ᠥᠬᠡᠶ᠂ ᠵᠠᠷᠯᠢᠭ ᠴᠠᠭᠠᠵᠠ ᠶᠢ ᠡᠷᠡᠰ ᠵᠢᠷᠣᠮᠯᠠᠬᠤ ᠪᠠᠨ ᠪᠠᠲᠤᠯᠠᠨ᠎ᠠ᠃ ᠬᠤᠶᠠᠷ ᠲᠤ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠵᠥᠷᠢᠴᠡᠨ ᠬᠠᠤᠯᠢ ᠵᠥᠷᠢᠴᠡᠭᠰᠡᠨ ᠠᠰᠠᠭᠤᠳᠡᠯ ᠢ ᠲᠤᠰᠬᠠᠶ ᠵᠡᠰᠠᠨ  ᠴᠡᠭᠴᠡᠯᠡᠭᠦ ᠠᠵᠢᠯ ᠢ ᠪᠦᠬᠦ ᠬᠦᠴᠦᠨ ᠎ ᠢᠶᠠᠷ ᠰᠠᠶᠢᠲᠤᠷ ᠬᠢᠵᠦ᠂ ᠶᠡᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ︽ᠦᠴᠤᠬᠡᠨ ᠢᠯᠵᠠᠷᠠᠯ︾᠎ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠲᠦᠷᠢᠮ ᠤᠨ ︽ᠰᠢᠩᠭᠡᠯᠢᠭ︾᠎ ᠢ  ᠴᠢᠩᠭᠠᠯᠠᠨ᠎ᠠ᠃ ᠭᠤᠷᠪᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ  ᠬᠦᠡᠵᠡᠭᠡᠶᠢᠷᠡᠭᠦᠯᠤᠨ᠎ᠠ  ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠡᠮᠬᠢ ᠵᠢᠷᠤᠮ ᠢ ᠴᠢᠩᠭ᠎ᠠ  ᠵᠢᠷᠤᠮᠯᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠤᠰᠤᠭᠠᠷ ᠰᠢᠢᠳᠪᠦᠷᠢᠲᠤ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ᠶᠢᠨ ᠡᠯ᠎ᠡ  ᠵᠤᠶᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠵᠦ᠂  ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃ ᠲᠦᠷᠪᠡ ᠳᠤ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃ ︽ᠳᠣᠬᠢᠶᠠᠨ ᠳ᠋ᠧᠩ︾᠎ ᠤᠨ ᠦᠵᠡᠯ ᠤᠬᠠᠮᠰᠠᠷ ᠢ ᠴᠢᠩᠭᠠᠷᠠᠭᠤᠯᠵᠤ᠂ ︽ᠬᠢᠷᠢ ᠪᠦᠲᠦᠮᠵᠢ ᠶᠢᠨ ᠬᠠᠭᠤᠳᠠᠰᠤ︾᠎ ᠶᠢᠨ ᠬᠠᠮᠢᠶᠠᠷᠤᠯᠲᠠ ᠶᠢ ᠴᠢᠩᠭᠠᠳᠬᠠᠵᠤ᠂  ︽ ᠴᠠᠭ  ᠲᠡᠷᠤᠢ  ᠎ ᠳᠤᠨᠢ  ᠭᠦᠢᠴᠡᠳᠭᠡᠬᠦ  ︾ ᠵᠣᠷᠢᠭ  ᠰᠠᠨᠠᠭ᠎ᠠ ᠎ ᠶᠢ ᠪᠠᠳᠠᠷᠠᠭᠤᠯᠤᠨ᠂ ︽ᠠᠵᠢᠯ ᠢᠶᠠᠨ ᠲᠡᠭᠦᠰᠬᠡᠬᠦ︾ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠳᠤ ᠪᠣᠯᠤᠨ ᠡᠯ᠎ᠡ ᠱᠠᠲᠤᠨ ᠤ  ᠺᠠᠳ᠋ᠷᠴᠣᠳ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠨᠡᠩ ᠠᠷᠪᠢᠨ ᠴᠠᠭ ᠴᠢᠯᠤᠭᠡ ᠲᠠᠢ ᠪᠠᠶᠢᠬᠤ ᠪᠠ ᠤᠶᠤᠨ ᠴᠢᠳᠠᠯ ᠲᠠᠢ ᠪᠠᠶᠢᠯᠭᠠᠨ᠎ᠠ ᠃ ᠵᠠᠰᠠᠭ ᠵᠠᠬᠢᠷᠭᠠᠨ ᠤ ᠦᠪᠡᠷ ᠤᠨ ᠥᠷᠲᠡᠭ ᠢ ᠦᠷᠭᠦᠯᠵᠢᠯᠡᠨ ᠪᠠᠭᠠᠰᠬᠠᠵᠤ᠂ ᠠᠶᠢᠮᠠᠭ ᠤᠨ ᠲᠣᠰ ᠱᠠᠲᠤᠨ ᠤ ᠡᠩ ᠤᠨ ᠵᠠᠷᠤᠯᠭ᠎ᠠ ᠶᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ᠂ ᠬᠢᠵᠠᠭᠠᠷ ᠲᠠᠢ ᠡᠳ᠋ ᠤᠨ ᠵᠠᠰᠠᠭ ᠤᠨ ᠤᠷᠦᠯᠭ᠎ᠠ ᠶᠢ ︽ᠵᠢᠷᠭᠤᠭᠠᠨ ᠪᠠᠲᠦᠯᠠᠭ᠎ᠠ︾  ᠎ ᠳᠤ ᠢᠯᠡᠭᠦᠦ ᠬᠡᠷᠡᠭᠯᠡᠨ᠎ᠡ᠃     ᠡᠷᠬᠢᠯᠡᠭᠴᠢ ᠨᠠᠷ᠂  ᠭᠡᠰᠢᠭᠦᠤᠨ ᠠ᠋᠂ ᠴᠠᠭ ᠦᠶ᠎ᠡ ᠪᠣᠯ ᠰᠢᠯᠭᠠᠯᠲᠠ ᠭᠠᠷᠭᠠᠭᠴᠢ  ᠂ ᠪᠢᠳᠡ ᠪᠣᠯ ᠰᠢᠯᠭᠠᠯᠲᠠ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠭᠦᠮᠳᠡᠵᠡᠭᠡᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠠᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ  ᠬᠤᠷᠢᠶᠡᠨ  ᠎ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠤᠶᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠲᠠᠰᠤᠷᠠᠯᠳᠠ ᠦᠭᠡᠢ ᠴᠢᠷᠮᠠᠶᠢᠨ ᠲᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠢᠭᠤᠯᠬᠤ ᠰᠢᠢᠳᠪᠦᠷᠢᠲᠤ ᠢᠯᠠᠯᠲᠠ ᠶᠢ ᠤᠯᠬᠤ ᠴᠠᠭ ᠦᠶ᠎ᠡ ᠶᠢᠨ ᠶᠡᠭᠡ ᠰᠢᠯᠭᠠᠯᠲᠠ ᠳᠤ ᠨᠠᠮ ᠪᠣᠯᠤᠨ ᠠᠷᠠᠳ ᠲᠦᠮᠡᠨ ᠳᠡᠭᠡᠨ ᠲᠡᠭᠦᠰ ᠠᠮᠵᠢᠯᠲᠠ ᠲᠠᠢ ᠰᠢᠯᠭᠠᠯᠲᠠ ᠶᠢᠨ ᠬᠠᠭᠤᠳᠠᠰᠤ ᠲᠣᠰᠢᠶᠠᠵᠠᠭᠠᠶ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号