ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠳᠡ | | —— 2020 ᠣᠨ ᠤ 5 ᠳ᠋ᠣᠭᠠᠷ ᠰᠠᠷ᠎ᠠ ᠶᠢᠨ | 8 ᠤ ᠡᠳᠦᠷ ᠤᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ | ᠤᠨ ᠵᠦᠪᠯᠡᠯ ᠤᠨ ᠠᠷᠪᠠᠨ ᠭᠤᠷᠪᠠᠳᠣᠭᠠᠷ ᠬᠤᠭᠤᠴᠠᠭᠠᠨ ᠤ ᠶᠢᠰᠦᠳᠦᠭᠡᠷ ᠬᠤᠷᠠᠯᠳᠣᠭᠠᠨᠲ᠋ᠡᠭᠡᠷᠠ | | ᠰᠢᠯᠢ ᠶᠢᠨ ᠭᠤᠤᠯ ᠠᠶᠢᠮᠠᠭ ᠤᠨ ᠳᠠᠷᠤᠭ᠎ᠠ ᠾᠥᠸᠧ ᠵᠣᠣ ᠯᠢᠶᠠᠩ | | ᠡᠷᠬᠢᠯᠡᠭᠴᠢ ᠨᠡᠷ᠂ ᠭᠡᠰᠢᠭᠦᠳ ᠡ᠄ | ᠤᠳᠤ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠮᠡᠳᠡᠭᠦᠯᠦᠯᠳᠡ ᠬᠢᠶ᠎ᠡ᠂ ᠡᠷᠬᠢᠯᠡᠭᠴᠢ ᠨᠡᠷ᠂ ᠭᠡᠰᠢᠭᠦᠳ | ᠪᠣᠯᠣᠨ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨᠲ᠋ᠥ᠋ᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠬᠦᠨᠵᠡᠭᠡᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠣ᠂ ᠴᠢᠨᠠᠷ ᠰᠠᠶᠢᠲᠠᠶ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ | ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ | ᠬᠢᠵᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠪᠦᠬᠦ ᠵᠢᠯ ᠳᠤ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 3.4% ᠪᠠᠷ ᠨᠡᠮᠡᠭᠳᠡᠵᠦ᠂ ᠣᠯᠠᠨ ᠨᠡᠶᠢᠲᠡ ᠶᠢᠨ | ᠡᠩ ᠤᠨ ᠲᠥᠰᠦᠪ ᠤᠨ ᠣᠷᠣᠯᠭ᠎ᠠ 4.2% ᠢᠶᠠᠷ ᠨᠡᠮᠡᠭᠳᠡᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ | ᠪᠡᠯᠡ ᠣᠷᠣᠭᠤᠯᠤᠯᠲᠠ 13.9% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠬᠦᠨ ᠤ ᠵᠦᠢᠯ ᠤᠨ ᠵᠢᠵᠢᠭᠯᠡᠨ | ᠪᠣᠷᠣᠯᠠᠭᠤᠯᠬᠤ ᠶᠡᠷᠦᠩᠬᠡᠶ ᠬᠡᠮᠵᠢᠶ᠎ᠡ 3.3% ᠪᠠᠷ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠲᠤᠰ ᠲᠤᠰ 6.5% ᠪᠠ | 10.7% ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠄ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ | ᠰᠠᠶᠢᠳᠣᠷ ᠬᠢᠪᠡ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢᠨ ᠲᠣᠭᠤᠷᠢᠨ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ ᠶᠡᠭᠡ ᠪᠠᠶᠢᠴᠠᠭᠠᠯᠳᠠ ᠬᠢᠵᠣ ᠨᠠᠷᠢᠨ ᠪᠠᠶᠢᠳᠠᠯ ᠢ | ᠣᠶᠢᠯᠠᠭᠠᠬᠤ︾᠂ ︽ ᠶᠡᠭᠡᠪᠡᠷ ᠴᠡᠭᠴᠡᠯᠡᠨ ᠰᠠᠶᠢᠵᠢᠷᠠᠭᠤᠯᠵᠤ ᠶᠡᠭᠡᠪᠡᠷ ᠨᠠᠶᠢᠳᠠᠪᠣᠷᠢᠵᠢᠭᠤᠯᠬᠤ︾᠂ ︽ ᠶᠡᠭᠡᠪᠡᠷ | ᠤᠬᠠᠭᠤᠯᠵᠤ ᠶᠡᠭᠡᠪᠡᠷ ᠰᠤᠷᠪᠤᠯᠵᠢᠯᠠᠬᠤ︾ ᠵᠡᠷᠭᠡ ᠠᠵᠢᠯᠯᠠᠭ᠎ᠠ ᠨᠤᠭᠤᠳ ᠢ ᠵᠠᠯᠭ᠎ᠠ ᠪᠠᠷ ᠦᠷᠨᠢᠭᠦᠯᠵᠣ᠂ ᠠᠯᠢ ᠤᠯᠠᠨ | ︽ ᠬᠠᠮᠳᠣᠷᠠᠯ ᠤᠨ ᠬᠦᠴᠦᠨ︾ ᠢ ᠪᠣᠢ ᠪᠣᠯᠭᠠᠪᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ ᠶᠢ ᠲᠣᠪᠣᠶᠢᠮ᠎ᠠ ᠰᠠᠶᠢᠲᠤᠷ ᠠᠳᠬᠤᠵᠣ ᠂ 1712 ᠡᠷᠦᠬᠡ ᠶᠢᠨ 3223 ᠬᠥᠮᠦᠨ ᠢ | ᠶᠠᠳᠠᠭᠤ ᠠᠴᠠ ᠠᠩᠬᠢᠵᠢᠷᠠᠭᠤᠯᠵᠣ᠂ ᠲᠠᠶᠢᠹᠣᠰᠧ ᠬᠤᠰᠢᠭᠤ᠂ ᠰᠢᠯᠣᠭᠤᠨ ᠬᠦᠪᠡᠭᠡᠳᠣ ᠴᠠᠭᠠᠨ ᠬᠤᠰᠢᠭᠤ ᠵᠡᠷᠭᠡ | ᠤᠯᠤᠰ ᠤᠨ ᠳᠡᠰ ᠤᠨ ᠬᠤᠶᠠᠷ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠠᠴᠠ ᠨᠢ ᠠᠩᠭᠢᠵᠢᠷᠠᠭᠤᠯᠵᠤ᠂ | ᠣᠳᠣ 8 ᠶᠠᠳᠠᠭᠤ ᠬᠦᠴᠢᠷᠳᠡᠯᠲᠠᠢ ᠬᠤᠰᠢᠭᠤ ᠰᠢᠶᠠᠨ ᠨᠢ ᠴᠦᠮ ᠶᠠᠳᠠᠭᠤ ᠠᠴᠠ ᠪᠠᠨ ᠠᠩᠭᠢᠵᠢᠷᠠᠵᠣ᠂ 228 | ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠬᠤ | ᠨᠣᠷᠮ᠎ᠠ ᠶᠢ 0.03% ᠭᠦᠷᠳᠡᠯ᠎ᠡ ᠪᠠᠭᠤᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠰᠢᠢᠳᠪᠦᠷᠢᠳᠣ ᠴᠢᠨᠠᠷᠲᠠᠶ ᠠᠬᠢᠴᠠ ᠲᠠᠢ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠠᠯ᠎ᠠ | ᠨᠣᠳᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠠᠢ᠃ ︽10 + 4︾ ᠶᠢᠨ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠵᠢᠯ ᠳᠤ ᠰᠢᠯᠢ ᠶᠢᠨ | ᠬᠤᠳᠠ ᠣᠷᠣᠨ ᠤ ᠴᠡᠪᠡᠷ ᠲᠣᠩᠭᠠᠯᠠᠭ ᠠᠭᠤᠷ ᠠᠮᠢᠰᠬᠤᠯᠳᠣ ᠡᠳᠦᠷ ᠤᠨ ᠲᠣᠭᠠᠨ ᠤ ᠬᠠᠷᠢᠴᠠᠯ ᠢ 98.9% ᠳᠤ | ᠬᠦᠷᠭᠡᠵᠣ᠂ ᠤᠯᠤᠰ ᠤᠨ ᠡᠵᠡᠮᠳᠡᠯ ᠤᠨ ᠤᠰᠤᠨ ᠤ ᠴᠢᠨᠠᠷ ᠢ ᠬᠢᠨᠠᠨ ᠰᠢᠯᠭᠠᠬᠤ ᠬᠤᠶᠠᠷ ᠬᠡᠰᠡᠭ ᠢ ᠬᠠᠷᠠᠯᠲᠠ ᠳᠤ | ᠬᠦᠷᠭᠡᠵᠣ ᠰᠢᠯᠢᠳᠡᠭ ᠪᠣᠯᠭᠠᠵᠣ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦᠯᠢ | ᠴᠣᠭᠴᠠ ᠪᠠᠷ ᠰᠠᠶᠢᠨ ᠪᠣᠯᠵᠠᠢ᠃ ᠰᠢᠯᠢᠳᠡᠭᠵᠢᠭᠦᠯᠦᠨ ᠲᠣᠬᠢᠷᠠᠭᠤᠯᠬᠤ ᠪᠠᠷ ᠳᠠᠮᠵᠢᠭᠤᠯᠤᠨ᠂ ᠠᠶᠢᠮᠠᠭ ᠤᠨ ᠬᠠᠷᠢᠶᠠᠨ | ᠳᠠᠬᠢ 62.35% ᠶᠢᠨ ᠲᠠᠯᠠᠪᠠᠢ ᠶᠢ ᠤᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠪᠠ᠃ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ | ᠴᠡᠭ᠂ ᠵᠠᠳᠠᠭᠠᠶ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢ | ᠠᠬᠢᠭᠤᠯᠬᠤ ᠲᠦᠯᠦᠪᠵᠢᠭᠦᠯᠭᠡ ᠶᠢ ᠡᠬᠢᠯᠡᠭᠦᠯᠵᠦ᠂ 95 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ | ᠢᠨᠵᠧᠨᠧᠷᠢᠩ ᠢ ᠪᠡᠶᠡᠯᠡᠭᠦᠯᠵᠦ ᠂ 31.35 ᠬᠠᠪᠳᠠᠭᠠᠢ ᠲᠦᠷᠪᠡᠯᠵᠢᠨ ᠺᠢᠯᠣᠮᠧᠲᠷ ᠠᠭᠤᠷᠬᠠᠢ ᠶᠢᠨ ᠣᠷᠣᠨ ᠢ | ᠴᠡᠭᠴᠡᠯᠡᠨ ᠵᠠᠰᠠᠵᠤ᠂ ᠣᠷᠣᠨ ᠤ ᠲᠡᠰ ᠤᠨ 12 ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠵᠤ᠂ | ᠪᠡᠯᠴᠢᠭᠡᠷᠯᠡᠭᠦᠯᠬᠦ ᠶᠢ ᠵᠣᠭᠰᠣᠭᠠᠬᠤ᠂ ᠪᠡᠯᠴᠢᠭᠡᠷ ᠰᠡᠷᠭᠦᠭᠡᠭᠦ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠪᠠᠶᠢᠭᠠᠯᠢ ᠶᠢᠨ ᠪᠡᠯᠴᠢᠭᠡᠷ ᠤᠨ | ᠳᠠᠭᠠᠭᠠᠴᠠ ᠳᠠᠬᠢ ᠮᠠᠯ ᠤᠨ ᠲᠤᠭ᠎ᠠ ᠲᠣᠯᠣᠭᠠᠢ 3 ᠵᠢᠯ ᠳᠠᠷᠠᠭᠠᠯᠠᠨ ᠬᠠᠰᠣᠭᠳᠠᠵᠠᠢ᠃ ᠣᠨᠴᠠ ᠶᠡᠭᠡ ᠠᠶᠤᠯ | ᠲᠦᠭᠰᠢᠭᠦᠷᠢ ᠶᠢ ᠢᠳᠡᠪᠬᠢᠲᠠᠢ ᠪᠠᠷ ᠰᠡᠷᠭᠡᠶᠢᠯᠡᠨ ᠠᠷᠢᠯᠭᠠᠪᠠ᠃ ᠵᠠᠰᠠᠭ ᠤᠨ ᠣᠷᠳᠣᠨ ᠤ ᠥᠷᠢ ᠥᠭᠴᠡᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠵᠢᠯ | ᠤᠨ ᠡᠭᠦᠷᠭᠡ ᠪᠠᠨ 280.7% ᠪᠠᠷ ᠪᠡᠶᠡᠯᠡᠭᠦᠯᠪᠡ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠳᠤᠮᠳᠠ ᠵᠢᠵᠢᠭ ᠠᠵᠣ ᠠᠬᠤᠶᠢᠯᠠᠯ ᠳᠤ ᠥᠷᠢᠲᠦᠭᠰᠡᠨ ᠵᠣᠭᠤᠰ ᠢᠶᠠᠨ ᠪᠦᠬᠦᠨ ᠢ ᠪᠣᠴᠠᠭᠠᠵᠣ᠂ ᠵᠢᠯ ᠤᠨ ᠡᠭᠦᠷᠭᠡ ᠪᠠᠨ | 105.5% ᠪᠠᠷ ᠪᠡᠶᠡᠯᠡᠭᠦᠯᠵᠦ᠂ ᠪᠦᠬᠦ ᠠᠶᠢᠮᠠᠭ ᠤᠨ ᠨᠢᠭᠤᠭᠳᠠᠮᠠᠯ ᠥᠷᠢ ᠦᠭᠴᠡᠭᠡᠨ ᠤ ᠲᠦᠭᠰᠢᠭᠦᠷᠢ ᠶᠢᠨ ᠳᠡᠰ ᠢ | ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ᠃ ᠶᠢᠨ ᠮᠠᠨ ᠠᠭᠤᠷᠬᠠᠢ ᠶᠢᠨ ᠦᠢᠯᠡᠰ ᠤᠨ ︽ | 2 · 23︾ ᠤ ᠠᠳᠠᠯ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ | ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠰᠠᠶᠢᠳᠦᠷ ᠬᠢᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠴᠡᠭᠴᠡᠯᠡᠨ | ᠰᠠᠶᠢᠵᠢᠷᠠᠭᠤᠯᠵᠤ᠂ ᠪᠥᠬᠦ ᠵᠢᠯ ᠳᠤ ᠨᠠᠷᠢᠨ ᠲᠠᠩᠰᠠ ᠪᠠᠶᠢᠭᠤᠯᠵᠤ ᠡᠯ᠎ᠡ ᠲᠥᠷᠥᠯ ᠤᠨ ᠳᠠᠯᠳᠠ ᠬᠡᠮ ᠢ 1.1 ᠲᠦᠮᠡᠨ | ᠵᠤᠷᠪᠤᠰ ᠴᠡᠭᠴᠡᠯᠡᠨ ᠰᠠᠶᠢᠵᠢᠷᠠᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠦᠴᠦᠲᠡᠶ ᠳᠡᠮᠵᠢᠯᠭᠡ ᠳᠣᠤᠷ᠎ᠠ | ᠂ III ᠲᠡᠰ ᠤᠨ ᠪᠠᠴᠢᠮ ᠪᠠᠶᠢᠳᠠᠯ ᠢ ᠠᠷᠭᠠᠴᠠᠬᠤ ᠶᠢ ᠴᠠᠭ ᠳᠠᠷᠤᠶ ᠳᠤᠨᠢ ᠡᠬᠢᠯᠡᠭᠦᠯᠵᠦ᠂ ᠬᠤᠯᠤᠭᠠᠨ᠎ᠠ ᠬᠢᠵᠢᠭ ᠤᠨ | ᠪᠠᠶᠢᠳᠠᠯ ᠢ ᠪᠦᠲᠦᠮᠵᠢᠲᠠᠢ ᠡᠵᠡᠮᠳᠡᠪᠡ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠣᠨᠴᠠ ᠶᠡᠭᠡ ᠠᠶᠤᠯ | ᠲᠦᠭᠰᠢᠭᠦᠷᠢ ᠶᠢ ᠰᠢᠨᠵᠢᠯᠡᠨ ᠮᠠᠭᠠᠳᠯᠠᠬᠤ ᠪᠠ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ | ᠬᠦᠷᠢᠶᠡᠨ ᠤ ᠠᠶᠤᠯ ᠲᠦᠭᠰᠢᠭᠦᠷᠢ ᠶᠢ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠪᠠ᠃ | ︵ᠬᠤᠶᠠᠷ︶ ᠲᠥᠪᠯᠡᠷᠡᠭᠦᠯᠦᠨ ᠪᠣᠭᠤᠮᠲᠠ ᠰᠢᠪᠲᠤᠯᠵᠤ ᠠᠰᠠᠭᠤᠳᠠᠯ ᠤᠨ ︽ᠦᠯᠡᠳᠡᠭᠡᠯ︾ ᠢ ᠠᠷᠢᠯᠭᠠᠪᠠ᠃ | ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ | ᠱᠠᠯᠠᠪᠳᠠᠭᠤᠯᠣᠨ ᠪᠠᠶᠢᠴᠠᠭᠠᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ | ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ | 729 ᠠᠰᠠᠭᠤᠳᠠᠯ ᠢ ᠥᠪᠡᠰᠦᠪᠡᠨ ᠪᠠᠶᠢᠴᠠᠭᠠᠵᠤ ᠵᠠᠯᠠᠷᠠᠭᠤᠯᠪᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 18 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ 15 ᠶᠢ ᠨᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠲᠠᠯ᠎ᠠ ᠨᠣᠳᠤᠭ ᠤᠨ ᠠᠮᠢ | ᠠᠬᠤᠶ ᠶᠢᠨ ᠣᠷᠴᠢᠨ ᠨᠥᠬᠦᠴᠡᠯ ᠤᠨ ᠠᠰᠠᠭᠤᠳᠠᠯ ᠤᠨ ᠲᠤᠰᠬᠠᠶ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ | ᠲᠤᠰᠬᠠᠭᠰᠠᠨ 24 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ13 ᠶᠢ ᠨᠢ ᠪᠡᠶᠡᠯᠡᠭᠦᠯᠪᠡ᠃ ᠤᠯᠤᠰ ᠤᠨ | ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠭᠠᠷᠠᠭ ᠤᠨ | ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ 2016 ᠣᠨ ᠠᠴᠠ 2018 ᠣᠨ ᠳᠤ 288 | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠲᠥᠷᠥᠯ ᠤᠨ ᠠᠰᠠᠭᠤᠳᠠᠯ ᠢ ᠪᠥᠬᠦ ᠣᠷᠣᠨ ᠳᠤ ᠤᠷᠢᠳᠠᠪᠠᠷ | ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠪᠡ᠃ ᠲᠣᠮᠣ ᠫᠧᠩ ᠪᠦᠷᠬᠦᠪᠴᠢ ᠪᠠ ᠲᠣᠭᠲᠠᠭᠠᠯ ᠢ ᠵᠥᠷᠢᠴᠡᠨ ᠬᠤᠪᠢ | ᠶᠢᠨ ᠵᠣᠰᠠᠯᠠᠩ ᠰᠠᠭᠤᠴᠠ ᠪᠠᠷᠢᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠣᠮᠣ ᠫᠧᠩ | ᠪᠦᠷᠬᠦᠪᠴᠢ 122 ᠢ ᠴᠡᠭᠴᠡᠯᠡᠨ ᠵᠠᠰᠠᠵᠤ ᠳᠠᠭᠤᠰᠬᠠᠨ᠂ 3 ᠰᠠᠭᠤᠷᠢ ᠲᠣᠭᠲᠠᠭᠠᠯ ᠢ ᠵᠥᠷᠢᠴᠡᠨ ᠬᠤᠪᠢ ᠶᠢᠨ | ᠵᠣᠰᠠᠯᠠᠩ ᠰᠠᠭᠤᠴᠠ ᠪᠠᠷᠢᠭᠰᠠᠨᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠮᠠᠨ ᠤ ᠠᠶᠢᠮᠠᠭ ᠢᠶᠠᠨ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠩᠭᠠᠯᠭ᠎ᠠ ᠶᠢ ᠪᠠᠲᠤᠯᠠᠬᠤ ᠲᠦᠷᠦᠯ ᠤᠨ ᠨᠡᠭᠦᠷᠡᠰᠦᠨ ᠠᠭᠤᠷᠬᠠᠢ ᠶᠢᠨ | ᠭᠠᠷᠳᠠᠮ ᠢ ᠲᠦᠯᠬᠢᠨ ᠠᠬᠢᠭᠤᠯᠬᠤ ᠲᠤᠷᠰᠢᠯᠲᠠ ᠶᠢᠨ ᠭᠠᠵᠠᠷ ᠣᠷᠣᠨ ᠪᠣᠯᠭᠠᠬᠤ ᠪᠠᠷ ᠬᠦᠴᠦᠯᠡᠨ ᠴᠢᠷᠮᠠᠶᠢᠵᠣ᠂ 5 | ᠨᠡᠭᠦᠷᠡᠰᠦᠨ ᠠᠭᠤᠷᠬᠠᠢ ᠶᠢᠨ ᠬᠡᠷᠡᠭᠯᠡᠬᠦ ᠭᠠᠵᠠᠷ ᠪᠠ ᠠᠭᠤᠷᠬᠠᠶ ᠮᠠᠯᠲᠠᠬᠤ ᠭᠠᠷᠳᠠᠮ ᠢ ᠪᠦᠬᠦᠨ ᠢ ᠬᠦᠢᠴᠡᠳᠭᠡᠵᠣ᠂ 4 | ᠠᠭᠤᠷᠬᠠᠢ ᠮᠠᠯᠲᠠᠬᠤ ᠭᠠᠷ ᠭᠦᠢᠴᠡᠳᠬᠡᠯ ᠢ ᠣᠯᠵᠤ᠂ 7 ᠨᠡᠭᠦᠷᠡᠰᠦᠨ ᠠᠭᠤᠷᠬᠠᠶ ᠶᠢ ᠬᠢᠨᠠᠨ ᠵᠦᠪᠰᠢᠶᠡᠷᠡᠭᠦᠯᠪᠡ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠦᠨ ᠬᠥᠭᠵᠢᠬᠦ ᠶᠢ | ᠠᠬᠢᠭᠤᠯᠵᠣ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠪᠡ᠃ ︽ᠬᠤᠨᠢ ᠶᠢ | ᠴᠦᠭᠡᠳᠭᠡᠨ ᠦᠬᠡᠷ ᠢ ᠨᠡᠮᠡᠭᠳᠡᠭᠦᠯᠬᠦ︾ ᠲᠠᠯ᠎ᠠ ᠪᠠᠷ᠂ ᠮᠠᠯᠵᠢᠯ ᠤᠨ ᠣᠨ ᠤ ᠡᠪᠦᠯᠵᠢᠭᠦᠯᠬᠦ ᠮᠠᠯ ᠤᠨ ᠲᠤᠭ᠎ᠠ | ᠲᠣᠯᠣᠭᠠᠢ ᠶᠢ 1298 ᠲᠦᠮᠡᠨ ᠲᠣᠯᠣᠭᠠᠢ ᠪᠣᠯᠭᠠᠵᠣ᠂ ᠡᠭᠦᠨ ᠳᠤ ᠬᠤᠨᠢᠨ ᠤ ᠲᠤᠭ᠎ᠠ ᠶᠢ 5.4% ᠪᠠᠷ | ᠪᠠᠭᠤᠷᠠᠭᠤᠯᠵᠣ᠂ ᠦᠭᠡᠷ ᠤᠨ ᠲᠤᠭ᠎ᠠ ᠶᠢ 17.6% ᠪᠣᠯᠭᠠᠨ ᠨᠡᠮᠡᠭᠳᠡᠭᠦᠯᠪᠡ᠃ ᠠᠩᠭᠢᠰ ᠵᠡᠷᠭᠡ ᠳᠡᠭᠡᠳᠣ ᠲᠡᠰ ᠤᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ ᠪᠠᠶᠢᠷᠢᠯᠠᠪᠠ᠃ ︽ᠰᠢᠯᠢ ᠶᠢᠨ | ᠭᠤᠣᠯ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠳᠠᠪᠠᠭᠤᠯᠢᠭ ᠣᠷᠣᠨ ᠤ ᠬᠡᠷᠡᠭᠵᠢᠭᠦᠯᠬᠦ ᠲᠥᠯᠥᠪᠵᠢᠭᠦᠯᠭᠡ︾ ᠶᠢ ᠨᠡᠶᠢᠲᠡᠯᠡᠵᠦ᠂ | ︽ᠰᠢᠯᠢ ᠶᠢᠨ ᠭᠤᠤᠯ ᠤᠨ ᠬᠤᠨᠢᠨ ᠮᠢᠬ᠎ᠠ︾ ᠨᠢ ᠪᠥᠬᠦ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠪᠥᠬᠦ ᠣᠷᠣᠨ ᠤ ᠠᠩᠬᠠᠳᠣᠭᠠᠷ ᠪᠦᠯᠦᠭ ᠤᠨ | ︽ᠮᠣᠩᠭᠤᠯ ᠲᠡᠮᠳᠡᠭ︾ ᠲᠤ ᠰᠣᠩᠭᠤᠭᠳᠠᠪᠠ᠃ ᠡᠨᠧᠷᠭᠢ ᠶᠢᠨ ᠠᠵᠤ ᠠᠬᠤᠢ ᠶᠢᠨ ᠲᠠᠯ᠎ᠠ ᠪᠠᠷ᠂ ᠵᠢᠩ ᠨᠧᠩ᠂ | ᠬᠤᠸᠠ ᠷᠦᠨ ᠵᠡᠷᠭᠡ 4 ᠴᠠᠬᠢᠯᠭᠠᠨ ᠦᠢᠯᠡᠳᠪᠦᠷᠢ ᠠᠰᠢᠭᠯᠠᠯᠲᠠ ᠳᠤ ᠣᠷᠣᠵᠤ᠂ ᠪᠦᠬᠦ ᠠᠶᠢᠮᠠᠭ ᠤᠨ ᠢᠯᠴᠢ ᠶᠢᠨ | ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠮᠢᠩᠭᠠᠨ ᠲᠦᠮᠡᠨ | ᠺᠢᠯᠣᠸᠠᠲ ᠤᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠪᠣᠳᠠᠲᠤ ᠶᠠᠪᠣᠳᠠᠯ ᠪᠣᠯᠭᠠᠨ | ᠬᠤᠪᠢᠷᠠᠭᠤᠯᠪᠠ᠃ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ | ᠳᠠᠭᠤᠰᠬᠠᠵᠤ᠂ ᠶᠡᠷᠦᠩᠬᠡᠶ ᠬᠡᠪᠴᠢᠶ᠎ᠡ ᠨᠢ 596 ᠲᠦᠮᠡᠨ ᠺᠢᠯᠣᠸᠠᠲ ᠤᠨ ᠰᠢᠯᠢ ᠶᠢᠨ ᠭᠤᠤᠯ ᠠᠶᠢᠮᠠᠭ ᠠᠴᠠ | ᠵᠢᠶᠠᠩᠰᠦ ᠬᠥᠷᠬᠦ ᠣᠨᠴᠠ ᠥᠨᠳᠥᠷ ᠬᠦᠴᠦᠳᠡᠯᠲᠦ ᠢᠵᠢ ᠪᠥᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠦᠪᠰᠢᠶᠡᠷᠡᠭᠳᠡᠵᠣ᠂ ᠶᠡᠷᠦᠩᠬᠡᠶ ᠬᠡᠪᠴᠢᠶ᠎ᠡ ᠨᠢ 700 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠦᠷᠭᠡᠬᠦ ᠢᠨᠵᠧᠨᠧᠷᠢᠩ ᠢ ᠪᠦᠷ | ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ ᠂ ︽ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ | ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ | ᠨᠣᠷᠮ᠎ᠠ ᠶᠢ 70% ᠳᠤ ᠭᠦᠷᠭᠡᠪᠡ᠃ 25 ᠭᠤᠣᠯᠳᠠᠯᠭ᠎ᠠ ᠲᠠᠢ ᠵᠤᠭᠠᠴᠠᠯ ᠤᠨ ᠲᠥᠷᠦᠯ ᠵᠦᠢᠯ ᠢ ᠬᠡᠷᠡᠭᠵᠢᠭᠦᠯᠵᠦ᠂ | ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠢ ᠦᠨᠳᠦᠰᠦᠨ ᠳᠡᠭᠡᠨ ᠪᠠᠶᠢᠭᠤᠯᠤᠨ | ᠳᠠᠭᠤᠰᠬᠠᠵᠤ᠂ ᠰᠢᠯᠢ ᠶᠢᠨ ᠭᠤᠣᠯ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠣᠨ ᠠᠰᠢᠭᠯᠠᠯᠲᠠ ᠳᠤ | ᠣᠷᠣᠭᠤᠯᠵᠣ᠂ ᠶᠤᠸᠠᠨ ᠤ ᠳᠡᠭᠡᠳᠣ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠦᠪ ᠢ | ᠡᠬᠢᠯᠡᠨ ᠪᠠᠶᠢᠭᠤᠯᠪᠠ᠃ ᠲᠤᠯᠤᠨ ᠨᠣᠣᠷ ᠰᠢᠶᠠᠨ᠂ ᠲᠠᠶᠢᠹᠣᠰᠧ ᠬᠤᠰᠢᠭᠤ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ | ᠰᠢᠶᠠᠨ ᠳᠤ ᠵᠢᠠᠠᠰᠠᠭᠠᠭᠳᠠᠵᠣ᠂ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ | ᠪᠣᠷᠣᠯᠠᠭᠤᠯᠣᠭᠰᠠᠨ ᠲᠤᠭ᠎ᠠ 58.8% ᠪᠠᠷ ᠨᠡᠮᠡᠭᠳᠡᠪᠡ᠃ ᠰᠢᠨ᠎ᠡ ᠠᠵᠤ ᠦᠢᠯᠡᠰ ᠤᠨ ᠲᠠᠯ᠎ᠠ ᠪᠠᠷ᠂ ᠬᠢᠮᠡᠯ ᠠᠯᠮᠠᠰ | ᠴᠢᠯᠠᠭᠤ᠂ ᠴᠠᠬᠢᠭᠤᠷ ᠮᠠᠩᠭᠠᠨ ᠤ ᠬᠠᠶᠢᠯᠤᠰᠢ᠂ ᠪᠠᠯ ᠴᠢᠯᠠᠭᠤᠨ ᠴᠠᠬᠢᠯᠭᠠᠨ ᠲᠣᠶᠢᠯ ᠵᠡᠷᠭᠡ ᠨᠢᠭᠡ ᠪᠦᠯᠦᠭ ᠲᠥᠷᠥᠯ | ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠰᠢᠨ᠎ᠡ ᠡᠨᠧᠷᠭᠢ ᠶᠢᠨ ᠲᠣᠨᠤᠭ ᠦᠢᠯᠡᠳᠬᠦ ᠠᠵᠤ ᠠᠬᠤᠶᠢᠯᠠᠯ | ᠤᠨ ᠦᠢᠯᠡᠳᠪᠦᠷᠢᠯᠡᠯ ᠲᠣᠭᠳᠠᠪᠣᠷᠢᠵᠢᠨ ᠦᠷ᠎ᠡ ᠪᠦᠲᠦᠮᠵᠢ ᠣᠯᠵᠤ᠂ ᠤᠰᠤᠲᠥ᠋ᠷᠥᠭᠴᠢᠲᠦ ᠡᠨᠧᠷᠭᠢ᠂ ᠢᠯᠵᠢᠮᠡᠭ | ᠬᠦᠴᠢᠯ ᠢ ᠨᠡᠭᠡᠭᠡᠨ ᠠᠰᠢᠭᠯᠠᠬᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠣ᠂ ᠲᠣᠮᠣ ᠳ᠋ᠠᠶᠢᠲ᠋ᠠ ᠶᠢᠨ | ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠯᠠᠪᠳᠠᠭᠤᠨ ᠪᠠᠲᠣᠳᠠᠢ ᠬᠡᠷᠡᠭᠵᠢᠭᠦᠯᠪᠡ᠃ | ︵ᠳᠥᠷᠪᠡ︶ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ | ᠠᠪᠠᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢ ᠲᠤᠭᠲᠠᠭᠤᠨ ᠡᠬᠢᠯᠡᠭᠦᠯᠵᠦ᠂ ᠰᠢᠯᠣᠭᠤᠨ ᠬᠥᠬᠡ ᠬᠤᠰᠢᠭᠤᠨ ᠤ ᠥᠪᠡᠷᠲᠡᠭᠡᠨ | ᠵᠠᠰᠠᠬᠤ ᠣᠷᠣᠨ ᠤ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠴᠡᠭ ᠤᠨ ᠯᠠᠪᠳᠠᠭᠤᠨ ᠢᠶᠠᠷ | ᠲᠦᠯᠬᠢᠨ ᠠᠬᠢᠭᠤᠯᠪᠠ᠃ ᠪᠥᠬᠦ ᠠᠶᠢᠮᠠᠭ ᠤᠨ 7721ᠮᠠᠯᠴᠢᠨ ᠲᠠᠷᠢᠶᠠᠴᠢᠨ ᠡᠷᠦᠬᠡ ᠵᠣᠷᠯᠣᠩ ᠬᠡᠷᠡᠭᠯᠡᠵᠣ᠂ 5.28 | ᠲᠦᠮᠡᠨ ᠬᠥᠮᠦᠨ ᠤ ᠣᠣᠭᠤᠬᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠣ᠂ 985 | ᠮᠠᠯᠴᠢᠨ ᠲᠠᠷᠢᠶᠠᠴᠢᠨ ᠡᠷᠦᠬᠡ ᠶᠢᠨ ᠨᠣᠷᠠᠮᠠᠷ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠣ᠂ 4G ᠬᠡᠷᠡᠭᠯᠡᠭᠡ ᠥᠬᠡᠶ | 192 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ | ᠲᠥᠷᠥᠯ ᠵᠦᠢᠯ ᠢ ᠪᠦᠷ ᠪᠦᠷᠭᠦᠬᠦᠯᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠴᠡᠪᠡᠷᠯᠡᠬᠦ ᠨᠣᠷᠮ᠎ᠠ ᠶᠢ 80% ᠳᠤ ᠬᠦᠷᠦᠭᠦᠯᠪᠡ᠃ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠬᠠᠭᠤᠴᠢᠨ ᠲᠣᠭᠤᠷᠢᠭ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠲᠥᠷᠥᠯ ᠵᠦᠢᠯ ᠢ 21 ᠬᠡᠷᠡᠭᠵᠢᠭᠦᠯᠵᠦ᠂ ᠵᠠᠮ ᠱᠤᠭᠤᠮ ᠪᠠ ᠬᠤᠭᠤᠯᠠᠢ | ᠲᠣᠣᠷ ᠢ 150 ᠭᠠᠷᠤᠢ ᠺᠢᠯᠦᠮᠧᠲᠷ ᠦᠭᠡᠷᠡᠴᠢᠯᠡᠪᠡ ᠃ ᠠᠶᠢᠮᠠᠭ ᠬᠤᠲᠠ ᠬᠤᠯᠪᠣᠭᠠᠯᠠᠨ ᠰᠢᠯᠢ ᠶᠢᠨ ᠬᠤᠳᠠ ᠶᠢ | ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠬᠤ ᠶᠢ ᠠᠬᠢᠭᠤᠯᠪᠠ᠃ 8 ᠵᠤᠷᠪᠤᠰ 530 ᠤᠨ | ᠺᠢᠯᠣᠮᠧᠲᠷ ᠭᠤᠤᠯᠳᠠᠯᠭ᠎ᠠ ᠲᠠᠢ ᠵᠠᠰᠠᠮᠠᠯ ᠵᠠᠮ ᠢ ᠵᠠᠰᠠᠵᠣ᠂ ︽ ᠲᠦᠷᠪᠡ ᠶᠢ ᠰᠠᠶᠢᠳᠦᠷ ᠬᠢᠬᠦ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ︾ ᠢ 1122 ᠺᠢᠯᠣᠮᠧᠲᠷ ᠵᠠᠰᠠᠵᠣ᠂ ᠭᠦᠪᠡᠭᠡᠳᠣ ᠰᠢᠷ᠎ᠠ ᠬᠤᠰᠢᠭᠤᠨ ᠤ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠪᠠ᠃ | ︵ᠲᠠᠪᠤ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠪᠡ᠃ ︽ᠳᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠡᠭᠦᠯᠡᠨ ᠪᠣᠳᠣᠯᠳᠠ ᠶᠢᠨ ᠰᠢᠯᠢ ᠶᠢᠨ ᠭᠤᠣᠯ︾ | ᠬᠢᠭᠡᠳ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠠᠭᠤᠰᠤᠯᠴᠠᠭᠤᠯᠤᠨ ᠵᠣᠯᠭᠠᠭᠤᠯᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠦᠢᠴᠡᠳᠭᠡᠬᠦ ᠬᠠᠷᠢᠴᠠᠯ ᠢ ᠪᠦᠬᠦ | ᠣᠷᠣᠨ ᠤ ᠨᠢᠭᠡᠳᠦᠭᠡᠷ ᠲᠡᠰ ᠲᠤ ᠣᠷᠣᠭᠤᠯᠵᠤ᠂ ᠠᠶᠢᠮᠠᠭ ᠤᠨ ᠲᠣᠰ ᠱᠠᠲᠤᠨ ᠤ ᠬᠦᠢᠴᠡᠳᠭᠡᠬᠦ ᠭᠤᠭᠴᠤᠭ᠎ᠠ᠂ | ᠬᠢᠨᠠᠨ ᠵᠥᠪᠰᠢᠶᠡᠷᠡᠬᠦ ᠴᠠᠭ ᠤᠨ ᠬᠤᠭᠤᠴᠠᠭ᠎ᠠ ᠶᠢ ᠲᠣᠰ ᠲᠣᠰ 20% ᠪᠠ 35% ᠪᠠᠷ ᠪᠣᠭᠤᠨᠢᠰᠬᠠᠪᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ | 100 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠵᠤ᠂ ᠠᠵᠤ ᠠᠬᠤᠶᠢᠯᠠᠯ ᠨᠡᠭᠡᠭᠡᠨ ᠡᠷᠬᠢᠯᠡᠬᠦ ᠴᠠᠭ ᠢ 5 | ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ 36 ᠵᠤᠷᠪᠤᠰ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ 18 ᠵᠤᠷᠪᠤᠰ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠ ᠮᠥᠩᠭᠦᠨ ᠬᠦᠢᠯᠭᠡᠭᠡᠨ ᠢᠶᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ 8 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ | 14 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠪᠠ᠃ ᠣᠯᠠᠨ ᠣᠯᠣᠰ ᠤᠨ | ᠠᠷᠠᠯᠵᠢᠶᠠᠨ ᠤ ︽ᠨᠢᠭᠡ ᠯᠡ ᠴᠣᠩᠬᠤᠪᠴᠢ︾ ᠶᠢ ᠪᠦᠬᠦ ᠲᠠᠯ᠎ᠠ ᠪᠠᠷ ᠭᠡᠷᠡᠭᠵᠢᠭᠦᠯᠵᠣ᠂ ᠪᠦᠬᠦ ᠵᠢᠯ ᠤᠨ ᠡᠳ᠋ | ᠪᠠᠷᠠᠭᠠᠨ ᠤ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠭᠰᠠᠨ ᠶᠡᠷᠦᠩᠭᠡᠢ ᠬᠡᠮᠵᠢᠶ᠎ᠡ ᠶᠢ 35.1% ᠪᠠᠷ | ᠨᠡᠮᠡᠭᠳᠡᠭᠦᠯᠪᠡ᠃ ᠡᠷᠢᠶᠡᠨ ᠬᠤᠲᠠ ᠶᠢᠨ ᠲᠣᠮᠳᠠᠳᠣ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ | ᠭᠠᠳᠠᠨᠠᠬᠢ ᠪᠠᠷᠢᠯᠭ᠎ᠠ ᠶᠢᠨ ᠠᠵᠢᠯ ᠢ ᠲᠠᠭᠤᠰᠬᠠᠵᠣ᠂ ᠭᠤᠤᠯ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠪᠦᠬᠦ | ᠲᠠᠯ᠎ᠠ ᠪᠠᠷ ᠠᠵᠢᠯ ᠡᠬᠢᠯᠡᠭᠦᠯᠪᠡ᠃ | ︵ᠵᠢᠷᠭᠤᠭ᠎ᠠ︶ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ | ᠲᠦᠪᠰᠢᠨ ᠤ ᠲᠥᠷᠥᠭᠳᠡᠯ ᠢ ᠬᠦᠴᠦᠯᠡᠨ ᠳᠡᠭᠡᠭᠰᠢᠯᠡᠪᠡ᠃ ᠬᠤᠳᠠ ᠬᠦᠳᠡᠭᠡ ᠶᠢᠨ ᠠᠵᠢᠯ ᠣᠯᠭᠤᠯᠲᠠ ᠶᠢ ᠶᠡᠭᠡᠪᠡᠷ | ᠠᠬᠢᠭᠤᠯᠵᠤ᠂ ᠬᠤᠲᠠ ᠪᠠᠯᠭᠠᠰᠤᠨ ᠤ 1.6 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠣ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.08% ᠳᠤ ᠬᠢᠵᠠᠭᠠᠷᠯᠠᠵᠣ᠂ ᠲᠣᠰ | ᠵᠢᠯ ᠳᠤ 2.16 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠡᠯ᠎ᠡ ᠲᠥᠷᠥᠯ ᠤᠨ 685 | ᠴᠢᠳᠠᠪᠤᠷᠢᠲᠠᠨ ᠢ ᠣᠷᠢᠨ ᠠᠪᠴᠢᠷᠠᠵᠠᠢ᠃ ᠮᠠᠯᠴᠢᠨ ᠲᠠᠷᠢᠶᠠᠴᠢᠨ ᠤ ᠬᠦᠯᠦᠰᠦᠨ ᠠᠵᠢᠯᠴᠢᠳ ᠤᠨ ᠬᠦᠯᠦᠰᠣ ᠶᠢ ᠴᠠᠭ | ᠲᠤᠬᠠᠶ ᠳᠤᠨᠢ ᠲᠤᠭ᠎ᠠ ᠶᠣᠰᠣᠭᠠᠷ ᠨᠢ ᠣᠯᠭᠤᠪᠠ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ 12 ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠨᠣᠷᠮ᠎ᠠ 100% ᠳᠤ ᠬᠦᠷᠪᠡ᠃ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ | ᠵᠣᠬᠢᠶᠠᠨ ᠪᠠᠶᠢᠭᠤᠯᠵᠠᠢ᠃ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ 11 ᠶᠢ | ᠰᠢᠨ᠎ᠡ ᠪᠠᠷ ᠨᠡᠮᠡᠭᠳᠡᠭᠦᠯᠵᠣ᠂ ᠭᠤᠷᠪᠠ᠂ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠨᠢ 60% | ᠣᠷᠴᠢᠮ ᠪᠣᠯᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠠᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠤᠰᠬᠠᠶ ᠵᠠᠰᠠᠯᠲᠠ ᠶᠢ ᠵᠣᠬᠢᠶᠠᠨ | ᠪᠠᠶᠢᠭᠤᠯᠤᠨ ᠦᠷᠨᠢᠭᠦᠯᠪᠡ᠃ 11 ᠬᠤᠰᠢᠭᠤ ᠰᠢᠶᠠᠨ ᠬᠤᠲᠠ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠵᠣ᠂ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ | ᠵᠠᠭᠪᠤᠷ ᠨᠢ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ | ᠨᠡᠶᠢᠲᠡᠯᠢᠭ ᠵᠢᠱᠢᠶ᠎ᠡ ᠪᠠᠷ ᠰᠣᠩᠭᠤᠭᠳᠠᠵᠣ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠪᠦᠬᠦ ᠣᠷᠣᠨ ᠤ | ᠡᠮᠦᠨ᠎ᠡ ᠡᠩᠨᠡᠭᠡᠨ ᠳᠤ ᠵᠢᠠᠠᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 3᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 2᠂ | ᠳᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ 6 ᠶᠢ ᠲᠣᠰ ᠲᠣᠰ ᠰᠢᠨ᠎ᠡ ᠪᠠᠷ ᠨᠡᠮᠡᠭᠳᠡᠭᠦᠯᠪᠡ᠃ | 80% ᠠᠴᠠ ᠳᠡᠭᠡᠭᠰᠢᠬᠢ ᠰᠠᠭᠤᠭᠠᠯᠢ ᠠᠷᠠᠳ ᠤᠨ ᠲᠠᠸᠠᠷ ᠤᠨ ᠣᠷᠣᠨ ᠰᠠᠭᠤᠴᠠ ᠶᠢᠨ ᠦᠯᠡᠳᠡᠭᠳᠡᠵᠦ ᠢᠷᠡᠭᠰᠡᠨ | ᠦᠨᠡᠮᠯᠡᠯ ᠠᠪᠬᠤ ᠠᠰᠠᠭᠤᠳᠠᠯ ᠢ ᠰᠢᠢᠳᠪᠦᠷᠢᠯᠡᠵᠣ᠂ ᠬᠤᠭᠤᠴᠠᠭ᠎ᠠ ᠨᠢ ᠦᠩᠭᠡᠷᠡᠵᠣ ᠰᠢᠨᠡᠳᠭᠡᠬᠡ ᠦᠬᠡᠢ 2181 | ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠳᠠᠭᠤᠰᠬᠠᠪᠠ᠃ ︽ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠮᠥᠰᠥᠨ | ᠳᠡᠭᠡᠷᠡᠬᠢ ᠯᠤᠤᠲᠤ ᠣᠩᠭᠤᠴᠠ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ | ᠨᠠᠶᠢᠷ᠂ ᠰᠢᠯᠢ ᠶᠢᠨ ᠭᠤᠤᠯ ᠤᠨ ᠨᠠᠭᠠᠳᠤᠮ ᠵᠡᠷᠭᠡ ᠲᠣᠮᠣ ᠬᠡᠯᠪᠡᠷᠢ ᠶᠢᠨ ᠬᠦᠳᠡᠯᠭᠡᠭᠡᠨ ᠢ ᠡᠷᠭᠢᠯᠡᠵᠦ᠂ ᠳᠠᠭᠤᠯᠠᠯᠳᠤ | ᠵᠦᠴᠦᠭᠡ ︽ᠮᠢᠨᠦ ᠤᠯᠠᠭᠠᠨᠮᠥ᠋ᠴᠢᠷ︾᠂ ᠺᠢᠨᠣ᠋ ︽ᠵᠧᠤ ᠧᠨ ᠯᠠᠶ ᠬᠢᠭᠡᠳ ᠤᠯᠠᠭᠠᠨᠮᠥ᠋ᠴᠢᠷ︾ ᠨᠢ ᠥᠪᠡᠷᠲᠡᠭᠡᠨ | ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ ᠤᠨ ᠢᠷᠠᠭᠤ | ᠠᠯᠳᠠᠷ ᠭᠥᠷᠳᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ 3 ᠬᠠᠮᠲᠤ ᠨᠡᠶᠢᠲᠡ᠂ 2 ᠨᠡᠷ᠎ᠡ ᠬᠤᠪᠢ ᠬᠥᠮᠦᠨ ᠲᠣᠰ ᠲᠣᠰ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠬᠠᠮᠲᠤ ᠪᠠ ᠵᠢᠱᠢᠶᠡᠴᠢ ᠶᠢᠨ ᠴᠣᠯᠠ ᠶᠢ ᠬᠦᠷᠳᠡᠵᠦ᠂ | ᠰᠢᠯᠢ ᠶᠢᠨ ᠬᠤᠳᠠ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠣᠷᠣᠨ ᠬᠡᠮᠡᠨ ᠨᠡᠷᠡᠶᠢᠳᠦᠭᠳᠡᠪᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠭᠦᠨᠵᠡᠭᠡᠶᠢᠷᠡᠭᠦᠯᠦᠨ ᠠᠬᠢᠭᠤᠯᠵᠤ᠂ ᠵᠠᠬᠢᠳᠠᠯ ᠰᠣᠷᠪᠣᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ ᠪᠣᠭᠤᠮᠲᠠ ᠰᠢᠪᠲᠤᠯᠬᠤ | ᠠᠵᠢᠯ ᠢ ᠲᠦᠪᠯᠡᠷᠡᠩᠭᠦᠢ ᠦᠷᠨᠢᠭᠦᠯᠵᠣ᠂ ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠣ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠨᠡᠩ | ᠪᠠᠬᠢᠵᠢᠭᠦᠯᠪᠡ᠃ | ᠦᠩᠭᠡᠷᠡᠭᠰᠡᠨ ᠨᠢᠭᠡ ᠵᠢᠯ ᠳᠤ᠂ ᠪᠢᠳᠡ ᠵᠠᠬᠢᠷᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ | ᠲᠠᠯ᠎ᠠ ᠪᠠᠷ ᠴᠢᠩᠭᠠᠳᠬᠠᠪᠠ᠃ ᠨᠢᠭᠡ ᠳᠤ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠦᠨᠡᠨᠬᠦ ᠬᠡᠷᠡᠭᠵᠢᠭᠦᠯᠵᠣ᠂ ᠡᠯ᠎ᠡ ᠲᠥᠷᠥᠯ ᠤᠨ135 ᠠᠰᠠᠭᠤᠳᠠᠯ ᠢ ᠰᠢᠨᠵᠢᠯᠡᠨ ᠪᠠᠶᠢᠴᠠᠭᠠᠵᠣ ᠴᠡᠭᠴᠡᠯᠡᠨ | ᠰᠢᠢᠳᠪᠦᠷᠢᠯᠡᠪᠡ᠃ ᠬᠤᠶᠠᠷ ᠲᠤ ᠵᠠᠬᠢᠷᠭ᠎ᠠ ᠶᠢᠨ ᠭᠤᠤᠯᠳᠠᠯᠭ᠎ᠠ ᠲᠠᠢ ᠠᠵᠢᠯ ᠡᠭᠦᠷᠭᠡ ᠶᠢᠨ ᠨᠠᠷᠢᠨ ᠬᠠᠭᠤᠳᠠᠰᠤ ᠶᠢ | ᠲᠣᠭᠲᠠᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠨᠠᠶᠢᠳᠠᠪᠣᠷᠢᠵᠢᠭᠤᠯᠣᠯᠳᠠ ᠶᠢ ᠠᠳᠬᠤᠬᠤ ᠪᠠᠷ ᠬᠦᠴᠦᠯᠡᠵᠦ᠂ ᠵᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠪᠡ᠃ ᠭᠤᠷᠪᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ︽ᠣᠨᠴᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠵᠢᠷᠤᠮ ᠤᠨ ᠲᠦᠷ | ᠬᠡᠷᠡᠭᠵᠢᠭᠦᠯᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠳᠣ ᠪᠤᠳᠤᠯᠭ᠎ᠠ ᠲᠣᠭᠲᠠᠭᠠᠬᠤ᠂ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠡᠶᠡᠯᠡᠭᠦᠯᠪᠡ᠃ ᠳᠥᠷᠪᠡ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ 9 ᠬᠤᠪᠢ᠂ | ᠦᠪᠡᠷᠳᠡᠭᠡᠨ ᠵᠠᠰᠠᠬᠤ ᠣᠷᠣᠨ ᠪᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ 127 ᠬᠤᠪᠢ ᠰᠢᠢᠳᠪᠦᠷᠢᠯᠡᠵᠣ᠂ ᠰᠢᠢᠳᠪᠦᠷᠢᠯᠡᠵᠣ ᠳᠠᠭᠤᠰᠬᠠᠭᠰᠠᠨ ᠨᠣᠷᠮ᠎ᠠ ᠨᠢ 100% ᠳᠤ | ᠬᠦᠷᠪᠡ᠃ ᠲᠠᠪᠤ ᠳᠤ ︽ᠳᠥᠷᠪᠡᠨ ᠰᠤᠷᠲᠠᠯ︾ ᠢ ᠴᠥᠬᠦᠷᠡᠰᠢ ᠥᠬᠡᠶ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ | ᠳᠠᠷᠤᠭᠠᠰᠤ ᠶᠢ ᠢᠳᠡᠪᠬᠢᠲᠠᠢ ᠬᠦᠩᠭᠡᠷᠡᠭᠦᠯᠵᠣ᠂ ᠵᠠᠬᠢᠷᠭ᠎ᠠ ᠶᠢᠨ ᠠᠯᠪᠠᠨ ᠪᠢᠴᠢᠭ᠂ ᠬᠤᠷᠠᠯ ᠤᠨ ᠲᠤᠭ᠎ᠠ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ ᠲᠣᠰ ᠲᠣᠰ 55% ᠪᠠ 30% ᠪᠠᠷ ᠪᠠᠭᠠᠰᠪᠠ᠃ ᠵᠢᠷᠭᠤᠭ᠎ᠠ ᠳᠤ ︽ | ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠᠨ ᠠᠯᠪᠠᠨ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠪᠦᠬᠦ ᠠᠶᠢᠮᠠᠭ ᠤᠨ ᠡᠩ ᠤᠨ ᠴᠢᠨᠠᠷᠲᠠᠢ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ | 11.8% ᠪᠠᠷ ᠪᠠᠭᠤᠷᠠᠪᠠ᠃ | ᠡᠷᠬᠢᠯᠡᠭᠴᠢ ᠨᠠᠷ᠂ ᠭᠡᠰᠢᠭᠦᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠬᠠᠲᠠᠭᠤ ᠪᠡᠷᠬᠡ ᠬᠦᠴᠢᠷ | ᠪᠡᠷᠬᠡᠰᠢᠶᠡᠯ ᠪᠠ ᠠᠶᠤᠯ ᠲᠦᠭᠰᠢᠭᠦᠷᠢ ᠥᠷᠢᠰᠥᠯᠳᠦᠭᠡᠨ ᠢ ᠥᠩᠭᠡᠷᠡᠭᠡᠵᠦ᠂ ᠬᠢᠯᠪᠠᠷ ᠪᠤᠰᠤ ︽ᠠᠮᠵᠢᠯᠲᠠ ᠪᠦᠲᠦᠮᠵᠢ︾ | ᠣᠯᠤᠭᠰᠠᠨ ᠪᠠᠶᠢᠨ᠎ᠠ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ | ᠳ᠋ᠦᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ | ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠪᠥᠬᠦ ᠠᠶᠢᠮᠠᠭ ᠢᠶᠠᠷ ᠢᠶᠠᠨ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠂ ᠮᠦᠨᠴᠣ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪᠯᠡᠯ ᠪᠠ ᠡᠷᠬᠢᠯᠡᠭᠴᠢ ᠨᠠᠷ᠂ ᠭᠡᠰᠢᠭᠦᠳ ᠤᠨ ᠬᠢᠨᠠᠯᠲᠠ᠂ ᠳᠡᠮᠵᠢᠯᠭᠡ ᠶᠢᠨ ᠦᠷ᠎ᠡ | ᠳ᠋ᠦᠩ ᠪᠣᠯᠬᠤ ᠶᠣᠮ᠃ ᠡ᠊ᠨᠳᠡ ᠪᠢ ᠵᠠᠬᠢᠷᠭ᠎ᠠ ᠶᠢᠨ ᠡᠮᠣᠨ᠎ᠡ ᠠᠴᠠ ᠲᠠ ᠪᠦᠬᠦᠨ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠲᠠᠭᠠᠣ᠂ ᠣᠳᠣᠬᠠᠨ ᠳᠤ ᠮᠠᠨ ᠤ ᠠᠶᠢᠮᠠᠭ ᠨᠢ ᠪᠠᠰᠠ ᠣᠯᠠᠨ ᠬᠦᠴᠢᠷᠳᠡᠯ | ᠪᠠ ᠦᠷᠢᠰᠦᠯᠳᠦᠭᠡᠨ ᠳᠤ ᠲᠤᠯᠭᠠᠷᠠᠵᠤ᠂ ᠠᠵᠤ ᠠᠬᠤᠶ ᠶᠢᠨ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠲᠠᠷᠣᠢ ᠲᠦᠷᠭᠡᠨ ᠲᠦᠷᠭᠡᠳᠬᠡᠬᠦ ᠴᠢᠬᠤᠯᠠᠲᠠᠢ ᠪᠠᠶᠢᠵᠣ᠂ ᠠᠮᠢ | ᠠᠬᠤᠢ ᠶᠢᠨ ᠣᠷᠴᠢᠨ ᠲᠣᠭᠤᠷᠢᠨ ᠪᠠ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠣ ᠪᠠᠶᠢᠵᠤ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠤᠯᠠᠮ ᠰᠢᠯᠢᠳᠡᠭᠵᠢᠭᠦᠯᠬᠦ ᠴᠢᠬᠤᠯᠠᠲᠠᠶ ᠪᠠᠶᠢᠵᠣ᠂ ᠠᠶᠤᠯᠭᠦᠢ ᠦᠢᠯᠡᠳᠪᠦᠷᠢᠯᠡᠯ | ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ | ᠬᠦᠩᠭᠡᠪᠴᠢᠯᠡᠵᠣ ᠪᠣᠯᠬᠤ ᠥᠬᠡᠶ᠂ ᠰᠠᠭᠤᠷᠢ ᠲᠥᠬᠦᠭᠡᠷᠦᠮᠵᠢ ᠪᠣᠯᠤᠨ ᠠᠷᠠᠳ ᠤᠨ ᠠᠮᠢᠳᠤᠷᠠᠯ ᠤᠨ ᠬᠦᠷᠢᠶᠡᠨ ᠳᠤ | ᠴᠥᠭᠡᠨ ᠪᠤᠰᠤ ᠳᠤᠲᠠᠭᠤᠳᠠᠯ ᠣᠷᠣᠰᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ | ᠬᠠᠷᠠᠯᠲᠠ ᠯᠤᠭ᠎ᠠ ᠪᠠᠰᠠ ᠪᠠᠭ᠎ᠠ ᠪᠤᠰᠤ ᠵᠦᠷᠢᠶ᠎ᠡ ᠣᠷᠣᠰᠢᠵᠣ ᠪᠠᠶᠢᠭ᠎ᠠ ᠶᠢ ᠪᠢᠳᠡ ᠰᠡᠷᠭᠡᠭ ᠢᠶᠠᠷ ᠣᠯᠵᠣ ᠲᠠᠨᠢᠵᠣ | ᠪᠠᠶᠢᠨ᠎ᠠ᠃ ᠡᠭᠦᠨ ᠳᠤ ᠪᠢᠳᠡ ᠠᠰᠠᠭᠤᠳᠠᠯ ᠪᠠ ᠥᠷᠢᠰᠥᠯᠳᠦᠭᠡᠨ ᠳᠤ ᠵᠣᠷᠢᠭᠳᠠᠢ ᠰᠢᠭᠤᠳ ᠬᠠᠨᠳᠤᠵᠤ᠂ ᠵᠣᠷᠢᠭᠲᠠᠢ | ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠵᠡᠯᠳᠡ ᠪᠠᠨ ᠨᠢᠭᠡᠳᠬᠡᠨ | ᠬᠦᠴᠦᠨ ᠢᠶᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠴᠢᠬᠤᠯᠠᠲᠠᠢ ᠶᠣᠮ᠃ | ᠬᠤᠶᠠᠷ᠂ 2020 ᠣᠨ ᠤ ᠠᠵᠢᠯ ᠤᠨ ᠪᠠᠶᠢᠷᠢᠯᠠᠭᠤᠯᠣᠯᠳᠠ | ᠦᠨᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠬᠦᠳᠦᠨ ᠪᠠᠶᠢᠭᠤᠯᠬᠤ ᠪᠠ ︽ᠠᠷᠪᠠᠨ ᠭᠤᠷᠪᠠᠳᠤᠭᠠᠷ | ᠲᠠᠪᠤᠨ︾ ᠵᠢᠯ ᠤᠨ ᠲᠥᠯᠥᠪᠵᠢᠭᠦᠯᠭᠡ ᠶᠢ ᠳᠡᠭᠦᠰ ᠠᠮᠵᠢᠯᠳᠠ ᠲᠠᠢ ᠳᠡᠭᠦᠰᠬᠡᠭᠦ ᠵᠢᠯ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠡᠮᠡᠴᠡᠨ ᠤᠯᠬᠤ ᠵᠢᠯ | ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢ ᠲᠥᠯᠥᠪᠵᠢᠭᠦᠯᠬᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠡᠬᠢᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠵᠢᠯ ᠤᠨ | ᠡᠬᠢᠨ ᠠᠴᠠ ᠨᠠᠰᠢ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ | ᠪᠦᠬᠦ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠷᠢᠳ ᠡᠮᠦᠨ᠎ᠡ ᠭᠠᠷᠤᠭ᠎ᠠ ᠦᠭᠡᠶ ᠳᠠᠭᠠᠷᠢᠯᠲᠠ | ᠠᠪᠴᠢᠷᠠᠭᠰᠠᠨ ᠪᠣᠯᠬᠤᠷ᠂ ᠪᠢᠳᠡ ᠡᠷᠬᠡᠪᠰᠢ ᠬᠦᠴᠢᠷᠳᠡᠯ᠂ ᠠᠶᠤᠯ ᠲᠦᠭᠰᠢᠭᠦᠷᠢ ᠪᠠ ᠡᠯ᠎ᠡ ᠵᠦᠢᠯ ᠤᠨ ᠲᠣᠭᠲᠠᠪᠤᠷᠢ | ᠦᠭᠡᠢ ᠡᠯᠧᠮᠧᠨ᠋ᠲ ᠢ ᠭᠦᠢᠴᠡᠳ ᠵᠢᠱᠢᠨ ᠲᠦᠰᠦᠭᠡᠯᠡᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠵᠤ᠂ ᠴᠠᠭ ᠪᠠ ᠪᠠᠶᠢᠳᠠᠯ ᠳᠤᠨᠢ | ᠲᠤᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭᠠᠴᠠᠬᠤ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ | ᠬᠢᠵᠦ᠂ ᠠᠶᠤᠯ ᠲᠦᠭᠰᠢᠭᠦᠷᠢ ᠶᠢᠨ ᠳᠤᠮᠳᠠ ᠠᠴᠠ ᠲᠣᠬᠢᠶᠠᠯ ᠡᠷᠢᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ | ᠪᠣᠯᠭᠠᠬᠤ ᠳᠠᠭᠠᠨ ᠴᠢᠳᠠᠮᠠᠭᠠᠢ ᠪᠠᠶᠢᠵᠣ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ | ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ︽ᠬᠤᠤᠰ ᠢᠯᠠᠯᠲᠠ︾ ᠶᠢ ᠲᠡᠮᠡᠴᠡᠨ ᠣᠯᠬᠤ ᠪᠠᠷ ᠴᠢᠷᠮᠠᠶᠢᠨ᠎ᠠ᠃ | ᠡᠨᠡ ᠵᠢᠯ ᠤᠨ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠥᠷᠥᠯ ᠤᠨ ᠠᠵᠢᠯ ᠢ | ᠰᠠᠶᠢᠳᠣᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠦᠨ | ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠵᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ | ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠳᠣᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠡᠭᠦᠳᠦᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠳᠣᠯᠠᠨ᠎ᠠ᠃ | ᠦᠨᠦ ᠵᠢᠯ ᠤᠨ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠠᠴᠠ ᠳᠡᠭᠡᠭᠰᠢ ᠨᠡᠮᠡᠭᠳᠡᠭᠦᠯᠵᠣ᠂ ᠣᠯᠠᠨ | ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 1% ᠣᠷᠴᠢᠮ ᠨᠡᠮᠡᠭᠳᠡᠭᠦᠯᠵᠦ᠂ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ | ᠲᠣᠰ 6% ᠪᠠ 8% ᠣᠷᠴᠢᠮ ᠢᠶᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠪᠣᠯ ᠲᠣᠭᠲᠠᠭᠤᠨ | ᠪᠠᠶᠢᠯᠭᠠᠬᠤ ᠪᠠ ᠤᠷᠤᠭᠰᠢᠯᠠᠬᠤ᠂ ᠣᠳᠣᠬᠠᠨ ᠤ ᠪᠠ ᠠᠯᠤᠰ ᠬᠡᠳᠣ ᠶᠢᠨ᠂ ᠪᠣᠳᠠᠲᠤ ᠠᠬᠤᠶ ᠪᠠ ᠪᠣᠯᠤᠯᠴᠠᠭ᠎ᠠ ᠲᠠᠢ | ᠪᠠᠶᠢᠬᠤ ᠶᠢ ᠶᠡᠷᠦᠩᠬᠡᠶᠢᠯᠡᠨ ᠪᠣᠳᠣᠯᠬᠢᠯᠠᠵᠤ᠂ ᠬᠡᠳᠦ᠋ᠢᠪᠡᠷ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠣ᠂ ᠬᠠᠷᠠᠯᠳᠠ | ᠶᠢ ᠪᠡᠶᠡᠯᠡᠬᠦᠯᠬᠦ ᠳᠤ ᠳᠠᠷᠤᠯᠲᠠ ᠪᠠ ᠥᠷᠢᠰᠥᠯᠳᠦᠭᠡᠨ ᠶᠡᠭᠡᠰᠦᠭᠰᠡᠨ ᠪᠣᠯᠪᠠᠴᠤ ᠪᠢᠳᠡ ᠬᠠᠷᠠᠯᠲᠠ ᠪᠠᠨ ᠪᠠᠲᠤ ᠰᠠᠬᠢᠵᠤ᠂ | ᠬᠤᠷᠳᠤᠯᠠᠨ ᠣᠷᠣᠭᠰᠢᠯᠠᠨ᠂ ᠬᠦᠴᠢᠷ ᠢ ᠰᠦᠷᠦᠨ ᠳᠠᠪᠰᠢᠵᠣ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠵᠠᠪᠠᠯ | ᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠲᠠ ᠶᠢ ᠡᠷᠡᠰ ᠲᠡᠮᠡᠴᠡᠨ ᠣᠯᠣᠨ᠎ᠠ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ | ᠨᠠᠶᠢᠳᠠᠪᠣᠷᠢᠵᠢᠭᠤᠯᠵᠣ᠂ ᠦᠯᠡᠳᠡᠭᠰᠡᠨ 75 ᠡᠷᠦᠬᠡ ᠶᠢᠨ 141 ᠶᠠᠳᠠᠭᠤ ᠬᠦᠴᠢᠷᠳᠡᠯᠲᠡᠶ ᠭᠦᠮᠦᠨ ᠠᠮᠠ ᠶᠢ ᠪᠦᠷ | ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠳᠣᠯᠠᠵᠣ᠂ ᠡᠭᠦᠨ ᠤ ᠬᠠᠮᠲᠤ ᠶᠠᠳᠠᠭᠤ ᠠᠴᠠ ᠠᠩᠭᠢᠵᠢᠷᠠᠭᠰᠠᠨ | ᠲᠣᠭᠲᠠᠭᠤᠨ ᠪᠤᠰᠤ ᠡᠷᠦᠭᠡ᠂ ᠠᠮᠠᠷᠬᠠᠨ ᠶᠠᠳᠠᠭᠤᠷᠠᠬᠤ ᠶᠠᠳᠠᠭᠤ ᠬᠦᠴᠢᠷᠳᠡᠯᠲᠡᠶ ᠡᠷᠦᠬᠡ ᠶᠢ ᠬᠢᠨᠠᠨ ᠪᠠᠶᠢᠴᠠᠭᠠᠬᠤ ᠪᠠ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠡ᠃ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ | ᠬᠦᠴᠢᠷᠳᠡᠯᠲᠡᠶ ᠬᠤᠰᠢᠭᠤ ᠰᠢᠶᠠᠨ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ᠂ ᠶᠠᠳᠠᠭᠤ ᠬᠦᠴᠢᠷᠳᠡᠯᠲᠡᠶ | ᠬᠥᠮᠦᠨ ᠠᠮᠠ ᠳᠤ ︽ᠲᠦᠷᠪᠡ ᠶᠢ ᠦᠯᠦ ᠠᠪᠬᠤ︾ ᠶᠢ ᠰᠠᠶᠢᠲᠤᠷ ᠨᠠᠶᠢᠳᠠᠪᠣᠷᠢᠵᠢᠭᠤᠯᠵᠣ᠂ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠨᠢᠭᠡᠴᠡ ᠶᠢᠨ ᠴᠡᠭ ᠲᠣᠭᠲᠠᠭᠠᠨ | ᠶᠠᠳᠠᠭᠤ ᠶᠢ ᠲᠡᠳᠬᠦᠬᠦ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠵᠣ ᠦᠨᠳᠦᠰᠦᠨ ᠠᠴᠠ ᠨᠢ | ᠵᠠᠰᠠᠬᠤ ᠦᠢᠯᠡᠳᠦᠯ ᠢ ᠳᠣᠪᠤᠶᠢᠯᠭᠠᠨ᠂ ᠶᠠᠳᠠᠭᠤ ᠠᠴᠠ ᠠᠩᠭᠢᠵᠢᠷᠠᠭᠤᠯᠬᠤ ᠶᠢ ᠲᠣᠭᠳᠠᠪᠣᠷᠢᠵᠢᠭᠤᠯᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠣᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠣᠭᠤᠮᠲᠠ | ᠰᠢᠪᠲᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠲᠤᠰᠬᠠᠢ ᠴᠠᠭᠳᠠᠨ ᠪᠠᠶᠢᠴᠠᠭᠠᠯᠳᠠ | ᠶᠢᠨ ︽ᠡᠷᠬᠢᠨ ᠬᠠᠷᠠᠬᠤ︾ ᠪᠠ 2019 ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠠᠷᠢᠭᠤ | ᠲᠣᠰᠬᠠᠭᠰᠠᠨ ᠵᠡᠷᠭᠡ ᠡᠯ᠎ᠡ ᠲᠦᠷᠦᠯ ᠤᠨ ᠠᠰᠠᠭᠤᠳᠠᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠷ ᠴᠡᠭᠴᠡᠯᠡᠨ | ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠨᠡᠶᠢᠳᠡᠮ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠨ᠎ᠠ᠃ ᠳᠠᠯ᠎ᠠ ᠨᠤᠳᠤᠭ ᠤᠨ ᠠᠮᠢ ᠠᠬᠤᠢ ᠶᠢᠨ | ᠤᠷᠴᠢᠨ ᠳᠤᠭᠤᠷᠢᠨ ᠢ ᠡᠷᠡᠰ ᠴᠢᠩᠭ᠎ᠠ ᠰᠠᠶᠢᠳᠣᠷ ᠬᠠᠮᠠᠭᠠᠯᠠᠨ᠎ᠠ᠃ ᠴᠡᠩᠬᠡᠷ ᠤᠭᠳᠠᠷᠭᠤᠢ᠂ ᠳᠤᠩᠭᠠᠯᠠᠭ ᠤᠰᠤ᠂ | ᠴᠡᠪᠡᠷ ᠬᠥᠷᠥᠰᠤ ᠶᠢ ᠬᠠᠮᠠᠭᠠᠯᠠᠬᠤ ᠳᠠᠶᠢᠯᠡᠯᠳᠤᠭᠠᠨ ᠤ ᠢᠯᠡᠯᠳᠡ ᠶᠢ ᠪᠥᠬᠦ ᠬᠥᠴᠥᠨ ᠢᠶᠠᠷ ᠲᠡᠮᠡᠴᠡᠨ ᠤᠯᠵᠤ᠂ | ᠡᠯ᠎ᠡ ᠵᠦᠢᠯ ᠤᠨ ᠱᠠᠲᠤ ᠦᠶᠡᠴᠢ ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠ ︽ᠡᠷᠬᠢᠨ ᠬᠠᠷᠠᠬᠤ︾ ᠳᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠳᠣᠯᠠᠵᠣ᠂ ᠪᠣᠶ ᠪᠥᠬᠦᠶ ᠠᠰᠠᠭᠤᠳᠠᠯ ᠢ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠰᠢᠢᠳᠪᠤᠷᠢᠯᠠᠵᠤ ᠪᠠᠷᠠᠭᠠᠨ᠎ᠠ᠃ ᠲᠥᠪ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ | ᠱᠠᠯᠠᠪᠳᠠᠭᠤᠯᠤᠨ ᠪᠠᠶᠢᠴᠠᠭᠠᠯᠳᠠ ᠶᠢ ᠤᠭᠲᠤᠬᠤ ᠠᠵᠢᠯ ᠢ ᠰᠠᠶᠢᠲᠤᠷ ᠬᠢᠨ᠎ᠠ᠃ ᠨᠤᠲᠤᠭ ᠪᠡᠯᠴᠢᠭᠡᠷ ᠤᠨ ᠠᠮᠢ | ᠠᠬᠤᠢ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠤᠯᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ | ᠪᠡᠯᠴᠢᠭᠡᠷᠯᠡᠭᠦᠯᠬᠦ ᠶᠢ ᠵᠣᠭᠰᠣᠭᠠᠬᠤ᠂ ᠪᠡᠯᠴᠢᠭᠡᠷ ᠰᠡᠷᠭᠦᠭᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠠᠮᠢ | ᠠᠬᠤᠢ ᠶᠢ ᠰᠡᠷᠭᠦᠭᠡᠬᠦ ᠭᠤᠤᠯᠳᠠᠯᠭ᠎ᠠ ᠲᠠᠢ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠯᠤᠰ ᠤᠨ | ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠦᠯᠬᠢᠨ ᠠᠬᠢᠭᠤᠯᠵᠤ᠂ 95 ᠲᠦᠮᠡᠨ ᠮᠦ | ᠶᠢᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂ 80 ᠲᠦᠮᠡᠨ ᠮᠤ᠋ ᠶᠢᠨ ᠲᠠᠴᠢᠷᠰᠢᠭᠰᠠᠨ ᠨᠤᠲᠤᠭ | ᠪᠡᠯᠴᠢᠭᠡᠷ ᠢ ᠰᠡᠷᠭᠦᠭᠡᠨ ᠵᠠᠰᠠᠬᠤ ᠲᠣᠷᠰᠢᠯᠳᠠ ᠶᠢᠨ ᠴᠡᠭ ᠤᠨ ᠠᠵᠢᠯ ᠢ ᠪᠡᠶᠡᠯᠡᠭᠦᠯᠤᠨ᠎ᠡ ᠃ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠢᠯ ᠤᠨ ᠡᠴᠦᠰ ᠲᠤ ᠪᠣᠶ ᠪᠥᠬᠦᠶ | ᠵᠠᠳᠠᠭᠠᠶ ᠨᠡᠭᠦᠷᠡᠰᠦᠨ ᠠᠭᠤᠷᠬᠠᠶ ᠶᠢ ᠴᠥᠮ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶᠡᠨ ᠳᠤ ᠬᠦᠷᠭᠡᠬᠦ ᠶᠢ ᠥᠨᠡᠨᠬᠦ ᠪᠠᠲᠤᠯᠠᠵᠤ᠂ ᠨᠡᠭᠦᠷᠡᠰᠦᠨ ᠤ ᠪᠤᠰᠤ ᠠᠭᠤᠷᠬᠠᠶ ᠶᠢ | ᠶᠡᠷᠣᠩᠭᠡᠶᠢᠯᠡᠨ ᠵᠠᠰᠠᠬᠤ ᠶᠢ ᠵᠡᠷᠭᠡᠪᠡᠷ ᠳᠥᠯᠭᠢᠨ ᠠᠬᠢᠭᠤᠯᠤᠨ᠎ᠡ᠃ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠰᠢᠯᠢ ᠶᠢᠨ ᠭᠤᠣᠯ ᠤᠨ ᠪᠦᠬᠦ ᠰᠠᠪᠠ ᠭᠠᠵᠠᠷ ᠤᠨ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ | ︽ᠭᠤᠷᠪᠡᠨ ᠳᠤᠭᠤᠷᠢᠭ ᠭᠤᠷᠪᠡᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠳᠤᠭᠳᠠᠭᠠᠬᠤ ᠶᠢᠨ ᠬᠠᠮᠳᠤ ᠡᠷᠡᠰ | ᠰᠠᠬᠢᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ | ᠨᠠᠶᠢᠷᠠᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠤ ᠵᠦᠪᠰᠢᠶᠡᠷᠡᠬᠦ ᠨᠠᠷᠢᠨ ᠬᠠᠭᠤᠳᠠᠰᠤ ᠶᠢ ᠳᠤᠭᠳᠠᠭᠠᠵᠤ᠂ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠠᠮᠢ ᠠᠬᠤᠢ | ᠶᠢᠨ ᠤᠷᠴᠢᠨ ᠳᠤᠭᠤᠷᠢᠨ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ | ᠬᠥᠨᠳᠤ ᠠᠶᠤᠯ ᠲᠦᠭᠰᠢᠭᠦᠷᠢ ᠶᠢ ᠡᠷᠡᠰ ᠰᠡᠷᠬᠡᠶᠢᠯᠡᠨ᠎ᠡ᠃ ᠰᠢᠨ᠎ᠡ ᠲᠢᠲᠢᠮᠯᠢᠭ ᠠᠭᠤᠰᠬᠢᠨ ᠥᠷᠪᠢᠰᠥᠯ | ᠤᠨ ᠬᠢᠵᠢᠭ ᠤᠨ ᠪᠠᠶᠢᠳᠠᠯ ᠢ ᠰᠡᠷᠭᠡᠶᠢᠯᠠᠨ ᠡᠵᠡᠮᠳᠡᠬᠦ ᠪᠠᠨ ᠪᠠᠶᠢᠩᠭᠤᠵᠢᠭᠤᠯᠬᠤ ᠶᠢ ᠴᠢᠩᠭᠠᠳᠬᠠᠵᠤ᠂ ᠬᠢᠯᠢ ᠶᠢᠨ | ᠭᠠᠳᠠᠨ᠎ᠠ ᠠᠴᠠ ᠤᠷᠤᠵᠤ ᠢᠷᠡᠬᠦ ᠶᠢ ᠴᠢᠩᠭ᠎ᠠ ᠰᠡᠷᠭᠡᠶᠢᠯᠡᠵᠣ᠂ ᠨᠡᠶᠢᠬᠡᠮ ᠳᠤᠭᠤᠷᠢᠭ ᠤᠨ ᠬᠠᠮᠢᠶᠠᠷᠤᠨ ᠡᠵᠡᠮᠳᠡᠬᠦ ᠶᠢ | ᠰᠢᠯᠢᠳᠡᠭᠵᠢᠬᠦᠯᠵᠤ᠂ ᠰᠤᠷᠭᠠᠭᠤᠯᠢ᠂ ᠡᠮᠨᠡᠯᠬᠡ ᠶᠢᠨ ᠬᠤᠷᠢᠶ᠎ᠠ ᠵᠡᠷᠬᠡ ᠭᠤᠤᠯᠳᠠᠯᠭ᠎ᠠ ᠲᠠᠢ ᠭᠠᠵᠠᠷ ᠪᠤᠯᠤᠨ ᠬᠥᠮᠥᠨ | ᠤᠯᠡᠨ ᠴᠣᠭᠯᠠᠷᠠᠳᠠᠭ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠷᠭ᠎ᠠ ᠪᠡᠷᠢᠯ ᠢ ᠨᠠᠶᠢᠳᠠᠪᠤᠷᠢᠵᠢᠭᠤᠯᠵᠤ᠂ ᠬᠢᠵᠢᠭ ᠢ | ᠡᠷᠳᠡ ᠢᠯᠡᠷᠡᠬᠦᠯᠬᠦ᠂ ᠳᠥᠷᠬᠡᠨ ᠰᠢᠢᠳᠪᠤᠷᠢᠯᠡᠬᠦ᠂ ᠨᠠᠷᠢᠯᠢᠭ ᠤᠨᠤᠪᠴᠢᠳᠡᠢ ᠡᠵᠡᠮᠳᠡᠬᠦ᠂ ᠪᠥᠲᠥᠮᠵᠢᠳᠡᠢ ᠠᠪᠤᠷᠡᠨ | ᠡᠮᠨᠠᠵᠤ ᠰᠡᠷᠭᠡᠶᠢᠯᠡᠨ ᠡᠵᠡᠮᠳᠡᠬᠦ ᠳᠤᠭᠳᠡᠴᠠ ᠶᠢ ᠪᠦᠷᠢᠨᠰᠢᠬᠦᠯᠦᠨ᠎ᠡ᠃ ᠬᠤᠯᠤᠭᠠᠨ᠎ᠠ ᠬᠢᠵᠢᠭ ᠵᠡᠷᠭᠡ ᠣᠷᠣᠨ | ᠨᠤᠲᠤᠭ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠥᠷᠢᠨᠰᠢᠬᠦᠯᠵᠤ᠂ | ᠰᠡᠷᠭᠡᠶᠢᠯᠡᠨ ᠡᠵᠡᠮᠳᠡᠬᠦ ᠳᠤᠰᠬᠠᠢ ᠡᠩᠨᠡᠭᠡ᠂ ᠡᠮᠨᠡᠯᠬᠡ ᠶᠢᠨ ᠬᠤᠷᠢᠶᠠᠨ ᠤ ᠤᠨᠤᠰᠢᠯᠡᠯᠳᠡ᠂ ᠳᠤᠷᠰᠢᠯᠳᠡ ᠶᠢᠨ ᠳᠠᠰᠤᠭ | ᠤᠨ ᠰᠢᠯᠭᠠᠨ ᠪᠠᠶᠢᠴᠠᠭᠠᠯᠳᠠ ᠪᠤᠯᠤᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ︽ᠳᠥᠷᠪᠡᠨ | ᠴᠢᠳᠠᠪᠤᠷᠢ︾ ᠶᠢ ᠳᠡᠭᠡᠭᠰᠢᠯᠡᠬᠦᠯᠵᠤ᠂ ᠬᠥᠮᠤᠨ ᠳᠤ ᠬᠤᠯᠤᠭᠠᠨ᠎ᠠ ᠬᠢᠵᠢᠭ ᠬᠠᠯᠳᠠᠪᠤᠷᠢᠯᠠᠬᠤ ᠠᠴᠠ ᠰᠡᠷᠭᠡᠶᠢᠯᠡᠬᠦ | ᠬᠤᠷᠢᠭ᠎ᠠ ᠱᠤᠭᠤᠮ ᠢ ᠪᠠᠳᠤ ᠴᠢᠩᠭ᠎ᠠ ᠰᠠᠬᠢᠨ᠎ᠠ᠃ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠ | ᠶᠢ ᠴᠢᠩᠭᠠᠳᠬᠠᠵᠣ᠂ ᠵᠠᠰᠠᠭ ᠤᠨ ᠤᠷᠳᠤᠨ ᠤ ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠵᠢᠯ ᠤᠨ ᠡᠬᠦᠷᠬᠡ | ᠪᠠᠨ ᠪᠡᠶᠡᠯᠡᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ | ᠥᠷᠢᠳᠡᠵᠤ ᠪᠠᠶᠢᠭᠰᠠᠨ ᠮᠠᠷᠭᠤᠯᠳᠤᠭᠠᠨ ᠦᠭᠡᠢ ᠥᠷᠢ ᠶᠢ ᠪᠦᠬᠦᠨ ᠢ ᠪᠣᠴᠠᠭᠠᠨ᠎ᠠ᠃ ᠡᠯ᠎ᠡ ᠵᠥᠢᠯ ᠤᠨ ᠬᠠᠤᠯᠢ ᠪᠤᠰᠤ | ᠮᠥᠩᠬᠦᠨ ᠬᠥᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠡ ᠥᠭᠴᠥ᠂ ᠰᠢᠰᠲ᠋ᠧᠮᠳᠣ ᠴᠢᠨᠡᠷᠳᠡᠢ ᠮᠥᠩᠬᠦᠨ | ᠬᠥᠢᠯᠬᠡᠬᠡᠨ ᠤ ᠠᠶᠤᠯ ᠲᠥᠭᠰᠢᠬᠦᠷᠢ ᠡᠬᠦᠰᠬᠦ ᠥᠬᠡᠢ ᠪᠠᠶᠢᠬᠤ ᠶᠢ ᠪᠠᠳᠤᠯᠠᠨ᠎ᠠ᠃ ᠠᠶᠤᠯᠬᠦᠢ ᠥᠢᠯᠡᠳᠪᠤᠷᠢᠯᠡᠯ ᠤᠨ | ᠳᠤᠰᠬᠠᠢ ᠵᠠᠰᠠᠯᠳᠠ ᠶᠢᠨ ᠭᠤᠷᠪᠡᠨ ᠵᠢᠯ ᠤᠨ ᠠᠵᠢᠯᠯᠠᠭᠠᠨ ᠤ ᠳᠥᠯᠥᠪᠯᠡᠭᠡ ᠶᠢ ᠡᠬᠢᠯᠡᠬᠦᠯᠵᠤ᠂ ᠠᠶᠤᠯ ᠳᠥᠭᠰᠢᠬᠦᠷᠢ | ᠶᠢᠨ ᠳᠠᠯᠳᠠ ᠬᠡᠮ ᠢ ᠪᠠᠶᠢᠴᠠᠭᠠᠬᠤ ᠪᠠ ᠠᠶᠤᠯᠬᠦᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠬᠦᠯᠳᠡᠷᠵᠢᠬᠦᠯᠵᠤ᠂ | ︽ᠣᠶᠤᠨᠴᠢ ᠪᠠᠷ ᠪᠠᠴᠢᠮ ᠪᠠᠶᠢᠳᠠᠯ ᠢ ᠠᠷᠭᠠᠴᠠᠬᠤ ᠪᠠ ᠠᠶᠤᠯᠬᠦᠢ ᠦᠶᠯᠡᠳᠪᠦᠷᠢᠯᠡᠯ︾ ᠤᠨ ᠲᠠᠪᠴᠠᠩ ᠤᠨ | ᠪᠠᠶᠢᠭᠤᠯᠤᠯᠲᠠ ᠶᠢ ᠳᠥᠷᠬᠡᠳᠬᠡᠵᠤ᠂ ᠬᠠᠤᠯᠢ ᠪᠠᠷ ᠵᠠᠰᠠᠬᠤ᠂ ᠲᠦᠷᠢᠮ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠠᠷᠭ᠎ᠠ ᠪᠠᠷᠢᠯ ᠢ ᠬᠡᠷᠡᠭᠯᠡᠨ᠂ ᠠᠶᠤᠯᠬᠦᠢ ᠦᠶᠯᠡᠳᠪᠦᠷᠢᠯᠡᠯ ᠢ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ | ︵ᠬᠤᠶᠠᠷ︶ ᠠᠵᠤ ᠠᠬᠤᠢ ᠶᠢᠨ ᠠᠵᠢᠯᠯᠠᠯᠳᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠤᠨ᠎ᠠ᠃ | ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠨᠡᠮᠡᠭᠳᠡᠯ ᠢ ᠲᠣᠭᠲᠠᠪᠤᠷᠢᠵᠢᠭᠤᠯᠤᠨ᠎ᠡ᠃ ᠨᠡᠭᠦᠷᠡᠰᠦᠨ ᠤ | ᠲᠠᠯ᠎ᠠ ᠪᠠᠷ᠂ ᠮᠠᠨ ᠤ ᠠᠶᠢᠮᠠᠭ ᠢ ᠬᠠᠩᠭᠠᠯᠭ᠎ᠠ ᠶᠢ ᠪᠠᠳᠤᠯᠠᠬᠤ ᠲᠥᠷᠥᠯ ᠤᠨ ᠨᠡᠬᠦᠷᠠᠰᠤᠨ ᠠᠭᠤᠷᠬᠠᠢ ᠶᠢᠨ ᠭᠠᠷᠳᠠᠮ | ᠤᠨ ᠳᠤᠷᠰᠢᠯᠳᠠ ᠶᠢᠨ ᠴᠡᠭ ᠪᠤᠯᠭᠠᠭᠰᠠᠨ ᠠᠰᠢᠭᠳᠡᠢ ᠳᠤᠬᠢᠶᠠᠯ ᠢ ᠵᠠᠪᠳᠤᠨ᠂ ᠭᠤᠣᠯᠳᠠᠯᠭ᠎ᠠ ᠲᠠᠢ ᠨᠡᠭᠦᠷᠡᠰᠦᠨ | ᠠᠭᠤᠷᠬᠠᠢ ᠶᠢᠨ ᠭᠠᠵᠠᠷ ᠬᠡᠷᠡᠭᠯᠡᠬᠦ ᠭᠠᠷᠳᠠᠮ ᠢ ᠬᠥᠢᠴᠡᠳᠬᠡᠬᠦ ᠶᠢ ᠲᠦᠷᠭᠡᠳᠬᠡᠨ ᠠᠬᠢᠭᠤᠯᠵᠤ᠂ ᠪᠠᠶᠠᠨᠬᠤᠸᠠ | ᠭᠤᠷᠪᠠᠳᠤᠭᠠᠷ ᠠᠭᠤᠷᠬᠠᠢ᠂ ᠢᠯᠠᠯᠳᠠ ᠪᠠᠷᠠᠭᠤᠨ ᠨᠢᠭᠡᠳᠦᠭᠡᠷ ᠠᠭᠤᠷᠬᠠᠢ ᠶᠢᠨ ᠳᠤᠭᠳᠠᠭᠰᠠᠨ ᠨᠡᠮᠡᠭᠳᠡᠯ ᠢ ᠲᠦᠯᠬᠢᠨ | ᠠᠬᠢᠭᠤᠯᠵᠤ᠂ ᠵᠢᠷ ᠤᠨ ᠭᠤᠣᠯ ᠬᠤᠶᠠᠳᠤᠭᠠᠷ ᠠᠭᠤᠷᠬᠠᠢ᠂ ᠯᠦ ᠰᠢᠨ ᠨᠡᠭᠦᠷᠡᠰᠦᠨ ᠠᠭᠤᠷᠬᠠᠢ ᠶᠢᠨ ᠠᠵᠢᠯ ᠢᠶᠠᠨ | ᠡᠬᠢᠯᠠᠬᠦᠯᠬᠦ ᠶᠢᠨ ᠬᠠᠮᠲᠤ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠵᠤ᠂ ᠪᠦᠬᠦ ᠵᠢᠯ ᠤᠨ ᠨᠡᠭᠦᠷᠡᠰᠦᠨ ᠤ | ᠭᠠᠷᠤᠯᠲᠠ ᠶᠢ 1.1 ᠳ᠋ᠦᠩᠰᠢᠭᠤᠷ ᠲᠣᠨ ᠠᠴᠠ ᠳᠡᠭᠡᠭᠰᠢ ᠪᠠᠶᠢᠯᠭᠠᠬᠤ ᠶᠢ ᠥᠨᠡᠨᠬᠦ ᠪᠠᠲᠤᠯᠠᠵᠤ᠂ ᠠᠶᠢᠮᠠᠭ ᠤᠨ | ᠳᠣᠲᠣᠷᠠᠬᠢ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠨᠡᠭᠦᠷᠡᠰᠦ | ᠬᠡᠷᠡᠭᠯᠡᠬᠦ ᠬᠡᠷᠡᠭᠴᠡᠭᠡ ᠶᠢ ᠦᠨᠡᠨᠬᠦ ᠪᠠᠲᠤᠯᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠨᠡᠭᠦᠷᠡᠰᠦ | ᠬᠡᠷᠡᠭᠯᠡᠬᠦ ᠠᠵᠤ ᠠᠬᠤᠶᠢᠯᠠᠯ ᠤᠨ ᠪᠥᠭᠦ ᠬᠥᠴᠥᠨ ᠢᠶᠠᠷ ᠢᠶᠠᠨ ᠦᠢᠯᠡᠳᠪᠦᠷᠢᠯᠡᠬᠦ ᠶᠢ ᠦᠨᠡᠨᠬᠦ ᠪᠠᠲᠤᠯᠠᠨ᠎ᠠ᠃ ᠢᠯᠴᠢ | ᠶᠢᠨ ᠴᠠᠬᠢᠯᠭᠠᠨ ᠤ ᠲᠠᠯ᠎ᠠ ᠪᠠᠷ᠂ ᠳ᠋ᠠ ᠲᠠᠩ᠂ ᠤᠮᠠᠷᠠᠲᠤ ᠶᠢᠨ ᠴᠠᠬᠢᠯᠭᠠᠨ ᠦᠶᠯᠡᠳᠪᠦᠷᠢ ᠶᠢᠨ ︽ᠬᠤᠣᠰ | ᠤᠷᠤᠭᠤᠯᠤᠯᠳᠠ︾ ᠶᠢ ᠲᠦᠷᠭᠡᠳᠬᠡᠨ ᠠᠬᠢᠭᠤᠯᠵᠤ᠂ ᠱᠧᠨ ᠬᠤᠸᠠ ᠴᠠᠬᠢᠯᠭᠠᠨ ᠦᠢᠯᠡᠳᠪᠦᠷᠢ᠂ ᠪᠠᠶᠠᠨᠬᠤᠸᠠ | ᠥᠪᠡᠷᠲᠡᠭᠡᠨ ᠬᠡᠷᠡᠭᠯᠡᠬᠦ ᠴᠠᠬᠢᠯᠭᠠᠨ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠠᠭᠠᠨᠨᠠᠭᠤᠷ ᠤᠨ | ᠴᠠᠬᠢᠯᠭᠠᠨ ᠥᠢᠯᠡᠳᠪᠤᠷᠢ ᠶᠢ ᠦᠨᠡᠨ ᠪᠣᠳᠠᠲᠠᠢ ᠠᠵᠢᠯ ᠡᠬᠢᠯᠡᠭᠦᠯᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠦ | ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠵᠢ ᠪᠥᠷᠢᠳᠥᠭᠰᠡᠨ ᠴᠠᠬᠢᠯᠭᠠᠨ | ᠡᠭᠦᠰᠭᠡᠭᠴᠢ ᠶᠢᠨ ᠴᠡᠭ ᠢ 1 ᠠᠴᠠ ᠳᠡᠭᠡᠭᠰᠢ ᠠᠵᠢᠯ ᠡᠬᠢᠯᠡᠭᠦᠯᠵᠦ᠂ ᠪᠦᠬᠦ ᠵᠢᠯ ᠳᠤ ᠢᠯᠴᠢ ᠶᠢᠨ ᠴᠠᠬᠢᠯᠭᠠᠨ ᠤ | ᠮᠠᠰᠢᠨ ᠴᠣᠭᠴᠠᠯᠠᠪᠤᠷᠢ ᠶᠢ 198 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ | ᠲᠠᠯ᠎ᠠ ᠪᠠᠷ᠂ 700 ᠲᠦᠮᠡᠨ ᠺᠢᠯᠣᠸᠠᠲ ᠤᠨ ᠰᠠᠯᠬᠢᠨ ᠬᠥᠴᠥᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ | ᠬᠥᠷᠬᠡᠬᠦ ᠢᠨᠵᠧᠨᠧᠷᠢᠩ ᠢ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠵᠤ᠂ ᠱᠠᠩᠳᠤ ᠶᠢᠨ ᠴᠠᠬᠢᠯᠭᠠᠨ | ᠦᠶᠯᠡᠳᠪᠦᠷᠢ ᠶᠢᠨ ᠵᠠᠭᠤᠨ ᠲᠦᠮᠡᠨ ᠺᠢᠯᠣᠸᠠᠲ ᠰᠠᠯᠬᠢᠨ ᠤ ᠲᠠᠯᠠᠪᠠᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠪᠠᠷᠠᠭᠤᠨ ᠬᠡᠰᠡᠭ ᠤᠨ ᠴᠦᠯᠯᠡᠷᠭᠡᠭᠵᠢᠭᠰᠡᠨ ᠭᠠᠵᠠᠷ ᠣᠷᠣᠨ ᠤ ᠮᠢᠩᠭᠠᠨ | ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠶᠢᠨ | ᠰᠡᠷᠬᠦᠬᠡᠨ ᠠᠭᠤᠰᠣᠯᠴᠠᠬᠤ ᠬᠥᠭᠵᠢᠯᠳᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ | ᠠᠵᠢᠯ ᠢ ᠲᠦᠷᠭᠡᠳᠬᠡᠵᠦ᠂ ᠰᠢᠨ᠎ᠡ ᠡᠨᠧᠷᠭᠢ ᠶᠢᠨ ᠶᠡᠷᠦᠩᠭᠡᠢ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ | ᠠᠴᠠ ᠳᠠᠪᠠᠭᠤᠯᠬᠤ ᠪᠠᠷ ᠴᠢᠷᠮᠠᠶᠢᠨ᠎ᠡ᠃ ᠠᠭᠤᠷᠬᠠᠢ ᠶᠢᠨ ᠭᠠᠷᠤᠯᠲᠠ ᠲᠡᠮᠦᠷᠯᠢᠭ ᠪᠣᠯᠪᠠᠰᠤᠷᠠᠭᠤᠯᠬᠤ ᠲᠠᠯ᠎ᠠ ᠪᠠᠷ᠂ | ᠨᠠᠷᠢᠯᠢᠭ ᠬᠥᠩᠭᠡᠨ ᠴᠠᠭᠠᠨ ᠬᠠᠪᠲᠠᠰᠤ᠂ ᠬᠢᠮᠡᠯ ᠠᠯᠮᠠᠰ ᠴᠢᠯᠠᠭᠤ᠂ ᠪᠠᠯ ᠴᠢᠯᠠᠭᠤᠨ ᠴᠠᠬᠢᠯᠭᠠᠨ | ᠲᠥᠢᠯ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠲᠠᠶᠢᠹᠤᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠡᠯ᠂ ᠰᠢᠯᠤᠭᠤᠨ ᠬᠦᠪᠡᠭᠡᠳᠣ ᠴᠠᠭᠠᠨ | ᠬᠤᠰᠢᠭᠤᠨ ᠤ ᠰᠢᠨ᠎ᠡ ᠮᠠᠲ᠋ᠧᠷᠢᠶᠠᠯ᠂ ᠰᠥᠨᠢᠳ ᠪᠠᠷᠠᠭᠤᠨ ᠬᠤᠰᠢᠭᠤᠨ ᠤ ᠬᠠᠶᠢᠯᠤᠰᠢᠨ ᠮᠠᠲ᠋ᠧᠷᠢᠶᠡᠯ᠂ ᠪᠠᠶᠠᠨᠬᠤᠸᠠ | ᠬᠥᠩᠭᠡᠨ ᠴᠠᠭᠠᠨ ᠪᠣᠯᠪᠠᠰᠤᠷᠠᠭᠤᠯᠬᠤ ᠵᠡᠷᠭᠡ 4 ᠵᠠᠭᠤᠨ ᠳ᠋ᠦᠩᠰᠢᠭᠤᠷ ᠲᠥᠭᠦᠷᠢᠭ ᠤᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠢ ᠰᠠᠶᠢᠲᠤᠷ ᠪᠠᠶᠢᠭᠤᠯᠤᠨ᠎ᠠ᠃ ᠲᠣᠨᠣᠭᠯᠠᠯ ᠦᠢᠯᠡᠳᠬᠦ ᠲᠠᠯ᠎ᠠ ᠪᠠᠷ ᠂ ᠠᠵᠤ ᠠᠬᠤᠶᠢᠯᠠᠯ ᠢ ᠵᠢᠯᠣᠭᠤᠳᠴᠤ | ᠪᠠᠶᠢᠭᠠᠳ ᠰᠢᠨ᠎ᠡ ᠡᠨᠧᠷᠭᠢ ᠶᠢᠨ ᠲᠦᠷᠦᠯ ᠵᠦᠢᠯ ᠤᠨ ᠳᠥᠪᠯᠡᠷᠡᠭᠰᠡᠨ ᠪᠦᠲᠦᠭᠡᠨ ᠪᠠᠶᠢᠭᠤᠯᠤᠯᠲᠠ ᠶᠢᠨ ᠠᠵᠠ | ᠲᠣᠬᠢᠶᠠᠯ ᠢ ᠴᠢᠩᠭ᠎ᠠ ᠠᠳᠬᠤᠵᠤ᠂ ᠤᠯᠠᠨ ᠲᠠᠯ᠎ᠠ ᠶᠢᠨ ᠬᠢᠨ ᠤ ᠵᠠᠬᠢᠶᠠᠯᠠᠭ᠎ᠠ ᠶᠢ ᠤᠯᠬᠤ ᠪᠠᠷ ᠬᠥᠴᠥᠯᠡᠨ ᠴᠢᠷᠮᠡᠶᠢᠵᠤ | ᠂ ᠦᠢᠯᠡᠳᠭᠦᠨ ᠤ ᠳᠥᠯᠥᠪᠯᠡᠭᠡ ᠶᠢ ᠵᠤᠬᠢᠴᠠᠭᠤᠯᠤᠨ ᠨᠡᠶᠢᠳᠡᠪᠤᠷᠢᠵᠢᠭᠤᠯᠵᠤ᠂ ᠪᠥᠬᠦ ᠬᠥᠴᠥᠨ ᠢᠶᠠᠷ ᠢᠶᠠᠨ | ᠥᠢᠯᠡᠳᠪᠤᠷᠢᠯᠡᠨᠡ᠃ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠲᠠᠯ᠎ᠠ ᠪᠠᠷ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠢ ᠪᠠᠳᠤᠯᠠᠬᠤ ᠪᠠᠷᠢᠮᠵᠢᠶ᠎ᠠ ᠶᠢ ᠴᠢᠩᠭᠠᠯᠠᠵᠤ᠂ | ᠳᠣᠤᠷ᠎ᠠ ᠲᠡᠰ ᠤᠨ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ ᠰᠢᠬᠠᠨ ᠭᠠᠷᠭᠠᠵᠤ᠂ ᠳᠠᠪᠠᠭᠤᠯᠢᠭ | ᠦᠢᠯᠡᠳᠪᠦᠷᠢᠯᠡᠯ ᠤᠨ ᠴᠢᠳᠠᠪᠤᠷᠢ ᠶᠢ ᠪᠣᠵᠠᠭᠠᠶᠢᠷᠠᠭᠤᠯᠣᠨ ᠬᠥᠴᠥᠷᠭᠡᠭᠵᠢᠬᠦᠯᠥᠨ᠂ ᠵᠢᠯ ᠤᠨ ᠳᠣᠲᠣᠷ᠎ᠠ ᠲᠠᠷᠢᠶᠠᠯᠠᠩ | ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 65% ᠡᠴᠠᠲ᠋ᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠲᠥᠷᠥᠯ ᠵᠥᠢᠯ ᠢ ᠲᠥᠯᠬᠢᠨ | ᠠᠬᠢᠭᠤᠯᠵᠤ ᠪᠠᠯᠠ ᠣᠷᠣᠭᠤᠯᠤᠯᠳᠡ ᠶᠢ ᠲᠣᠭᠲᠠᠭᠤᠨ ᠪᠠᠶᠢᠯᠭᠠᠨ᠎ᠠ᠃ ᠬᠢᠵᠢᠭ ᠤᠨ ᠪᠠᠶᠢᠳᠠᠯ ᠤᠨ ᠨᠥᠯᠥᠬᠡ ᠶᠢ | ᠨᠠᠮᠳᠠᠭᠤᠯᠬᠤ᠂ ᠪᠥᠲᠥᠮᠵᠢᠳᠡᠢ ᠪᠡᠯᠡ ᠤᠷᠤᠭᠤᠯᠤᠯᠳᠠ ᠶᠢ ᠥᠷᠬᠡᠳᠬᠡᠬᠦ ᠣᠯᠣᠰ ᠤᠨ ᠲᠥᠷᠥ ᠶᠢᠨ ᠪᠣᠳᠣᠯᠭ᠎ᠠ ᠶᠢ | ᠨᠠᠷᠢᠨ ᠬᠢᠨᠠᠮᠠᠭᠠᠢ ᠰᠤᠳᠤᠯᠵᠤ᠂ ︽ᠠᠷᠪᠠᠨ ᠳᠥᠷᠪᠡᠳᠥᠬᠡᠷ ᠳᠠᠪᠤᠨ ᠵᠢᠯ︾ ᠤᠨ ᠳᠥᠯᠥᠪᠵᠢᠬᠦᠯᠬᠡ ᠶᠢ | ᠨᠠᠶᠢᠷᠠᠭᠤᠯᠬᠤ ᠠᠵᠢᠯ ᠲᠠᠢ ᠤᠶᠠᠯᠳᠤᠭᠤᠯᠵᠤ᠂ ᠠᠵᠤ ᠥᠢᠯᠡᠰ ᠤᠨ ᠬᠡᠯᠪᠡᠷᠢ ᠪᠠᠨ ᠬᠤᠪᠢᠷᠠᠭᠤᠯᠬᠤ ᠂ ᠰᠠᠭᠤᠷᠢ | ᠳᠥᠬᠦᠬᠡᠷᠥᠮᠵᠢ᠂ ᠤᠯᠠᠨ ᠨᠡᠶᠢᠳᠡ ᠶᠢᠨ ᠦᠢᠯᠡᠴᠢᠯᠡᠭᠡ᠂ ᠠᠮᠢ ᠠᠬᠤᠢ ᠶᠢᠨ ᠬᠠᠮᠠᠭᠠᠯᠠᠯᠳᠠ᠂ ᠰᠢᠨᠵᠢᠯᠡᠬᠦ | ᠮᠡᠷᠬᠡᠵᠢᠯ ᠢᠶᠠᠷ ᠰᠢᠨ᠎ᠡ ᠶᠢ ᠡᠬᠦᠳᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠨᠢᠭᠡ ᠪᠦᠯᠦᠭ | ᠭᠤᠣᠯᠳᠠᠯᠭ᠎ᠠ ᠲᠠᠢ ᠲᠥᠷᠥᠯ ᠵᠦᠢᠯ ᠢ ᠱᠠᠯᠠᠪᠳᠠᠨ ᠨᠥᠬᠡᠴᠡᠯᠡᠨ ᠰᠦᠪᠡᠭᠴᠢᠯᠡᠵᠤ᠂ ᠨᠡᠩ ᠤᠯᠠᠨᠲ᠋ᠥ᠋ᠷᠥᠯ ᠵᠥᠢᠯ ᠢ | ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠥᠯᠥᠪᠵᠢᠬᠦᠯᠬᠡ ᠶᠢᠨ ︽ᠶᠡᠭᠡ ᠲᠠᠯ᠎ᠠ︾ ᠳᠤ | ᠣᠷᠣᠭᠤᠯᠬᠤ ᠪᠠᠷ ᠴᠢᠷᠮᠠᠶᠢᠨ᠎ᠠ᠃ ᠬᠢᠵᠢᠭ ᠢ ᠰᠡᠷᠭᠡᠶᠢᠯᠡᠬᠦ ᠤᠯᠤᠰ ᠤᠨ ᠣᠨᠴᠠᠭᠠᠶ ᠵᠢᠭᠡᠯᠡᠯᠭᠡ ᠶᠢᠨ ᠳᠡᠮᠳᠡᠭᠳᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠬᠡᠯᠡᠯᠬᠡ ᠶᠢᠨ ᠲᠡᠮᠳᠡᠭᠲᠦ ᠶᠢᠨ ᠳᠡᠮᠵᠢᠯᠭᠡ ᠶᠢᠨ ᠬᠡᠪᠴᠢᠶ᠎ᠡ᠂ | ᠭᠤᠤᠯᠳᠠᠯᠭ᠎ᠠ ᠲᠠᠢ ᠪᠡᠯᠡ ᠣᠷᠣᠭᠤᠯᠤᠯᠲᠠ ᠪᠣᠯᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠣᠨᠣᠪᠴᠢᠲᠠᠶ ᠡᠵᠡᠮᠳᠡᠵᠦ᠂ ᠨᠢᠭᠡ ᠪᠦᠯᠦᠭ ︽ᠪᠠᠶᠢᠳᠠᠯ ᠳᠤ ᠨᠡᠶᠢᠴᠡᠭᠰᠡᠨ︾ ᠭᠤᠤᠯᠳᠠᠯᠭ᠎ᠠ ᠲᠠᠢ ᠲᠥᠷᠥᠯ ᠵᠥᠢᠯ ᠢ | ᠱᠠᠯᠠᠪᠳᠠᠨ ᠮᠡᠳᠡᠭᠦᠯᠵᠦ᠂ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠷ ᠪᠡᠯᠡ ᠮᠦᠩᠭᠦᠨ ᠤ ᠳᠡᠮᠵᠢᠯᠭᠡ ᠶᠢ | ᠬᠥᠴᠥᠯᠡᠨ ᠤᠯᠤᠨ᠎ᠠ᠃ ᠠᠶᠢᠮᠠᠭ ᠤᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠲᠥᠷᠥᠯ ᠵᠥᠢᠯ ᠢ | ᠳᠠᠭᠠᠭᠠᠨ ᠬᠠᠷᠢᠯᠴᠠᠬᠤ ᠲᠥᠷᠢᠮ ᠢ ᠦᠷᠭᠦᠯᠵᠢᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠᠶᠢᠩᠭᠤᠵᠢᠭᠰᠠᠨ ᠬᠠᠮᠵᠢᠯᠴᠠᠨ ᠬᠥᠳᠡᠯᠥᠯᠴᠡᠬᠦ ᠳᠤᠭᠳᠠᠴᠠ ᠶᠢ ᠪᠠᠶᠢᠭᠤᠯᠵᠤ᠂ ᠲᠥᠷᠥᠯ ᠵᠥᠢᠯ ᠤᠨ | ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠥᠬᠦ ᠳᠡᠯ᠎ᠠ ᠪᠠᠷ ᠳᠥᠯᠬᠢᠨ ᠠᠬᠢᠭᠤᠯᠵᠤ ᠂ ᠵᠢᠯ ᠤᠨ ᠳᠤᠳᠤᠷ᠎ᠠ | ᠠᠶᠢᠮᠠᠭ ᠤᠨ ᠱᠠᠲᠤᠨ ᠤ 130 ᠭᠤᠣᠯᠳᠠᠯᠭ᠎ᠠ ᠲᠠᠢ ᠲᠥᠷᠥᠯ ᠵᠦᠢᠯ ᠳᠤ 280 ᠳ᠋ᠥᠩᠰᠢᠭᠤᠷ ᠲᠥᠭᠦᠷᠢᠭ ᠤᠨ | ᠪᠡᠯᠡ ᠤᠷᠤᠭᠤᠯᠤᠨ᠎ᠠ᠃ ᠣᠨᠣᠪᠴᠢᠲᠠᠢ ᠪᠠᠷ ᠬᠤᠳᠠᠯᠳᠣᠭᠠᠴᠢᠨ ᠣᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠳᠣ ᠦᠶ᠎ᠡ ᠶᠢᠨ ᠡᠨᠧᠷᠬᠢ ᠶᠢᠨ ᠰᠣᠷᠪᠣᠯᠵᠢ᠂ ᠲᠣᠨᠣᠭᠯᠠᠯ | ᠦᠢᠯᠡᠳᠬᠦ᠂ ᠮᠠᠯ ᠲᠠᠷᠢᠶᠠᠯᠠᠩ ᠤᠨ ᠦᠢᠯᠡᠳᠭᠦᠨ ᠢ ᠡᠳ᠋ᠰᠢᠯᠡᠭᠦᠯᠬᠦ᠂ ᠰᠣᠶᠣᠯ ᠵᠣᠭᠠᠴᠠᠯ ᠵᠡᠷᠭᠡ ᠲᠠᠯ᠎ᠠ ᠪᠠᠷ | ᠬᠦᠴᠦᠯᠡᠵᠣ ᠪᠠᠶᠢᠭᠠᠳ᠂ ᠬᠡᠯᠬᠢᠶᠡᠰᠤ ᠨᠥᠬᠦᠪᠥᠷᠢᠯᠡᠬᠦ᠂ ᠬᠡᠯᠬᠢᠶᠡᠰᠤ ᠤᠷᠲᠤᠳᠬᠠᠬᠤ᠂ ᠬᠡᠯᠬᠢᠶᠡᠰᠤ ᠴᠢᠩᠭᠠᠷᠠᠭᠤᠯᠬᠤ | ᠨᠢᠭᠡ ᠪᠦᠯᠦᠭ ᠲᠥᠷᠥᠯ ᠵᠥᠢᠯ ᠢ ᠪᠤᠳᠠᠳᠠᠢ ᠣᠷᠣᠭᠤᠯᠤᠨ ᠠᠪᠴᠢᠷᠠᠨᠡ ᠃ ᠦᠢᠯᠡᠴᠢᠯᠡᠭᠡᠨ ᠤ ᠦᠢᠯᠡᠰ ᠢ ᠰᠠᠶᠢᠲᠤᠷ | ᠠᠳᠬᠤᠵᠤ ᠬᠡᠷᠡᠭᠯᠡᠬᠦᠨ ᠢ ᠲᠣᠭᠲᠠᠪᠤᠷᠢᠵᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠤᠳᠤᠯᠭ᠎ᠠ ᠶᠢ ᠡᠷᠡᠰ ᠬᠡᠷᠡᠭᠵᠢᠭᠦᠯᠵᠦ᠂ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ | ᠰᠠᠭᠤᠭᠠᠯᠢ ᠠᠷᠠᠳ ᠤᠨ ᠬᠡᠷᠡᠭᠯᠡᠬᠦᠨ ᠳᠤ ᠰᠡᠳᠡᠯᠲᠡ ᠥᠭᠴᠥ᠂ ᠤᠯᠠᠨ ᠡᠰᠢᠵᠢᠭᠰᠡᠡ ᠪᠠ ᠥᠪᠡᠷᠮᠢᠴᠡ | ᠱᠠᠭᠠᠷᠳᠠᠯᠭ᠎ᠠ ᠶᠢ ᠬᠠᠩᠭᠠᠨ᠎ᠠ ︔ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠡᠮ ᠡᠮᠨᠡᠯᠭᠡ ᠡᠷᠡᠭᠦᠯ ᠮᠡᠨᠳᠦ᠂ | ᠰᠣᠶᠣᠯ ᠲᠠᠮᠢᠷ᠂ ᠨᠠᠰᠤᠵᠢᠯ ᠤᠨ ᠠᠰᠠᠷᠠᠮᠵᠢ ᠪᠠ ᠨᠢᠯᠬᠠᠰ ᠢ ᠪᠤᠶᠢᠵᠢᠭᠤᠯᠬᠤ ᠵᠡᠷᠭᠡ ᠲᠠᠯ᠎ᠠ ᠪᠠᠷ ᠣᠯᠠᠨ ᠨᠡᠶᠢᠲᠡ ᠶᠢᠨ | ᠬᠡᠷᠡᠭᠯᠡᠬᠦᠨ ᠤ ᠨᠡᠮᠡᠭᠳᠡᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ | ᠳᠤᠲᠠᠭᠤᠳᠠᠯ ᠢ ᠨᠥᠬᠦᠪᠥᠷᠢᠯᠡᠨ᠎ᠡ ᠃ ᠬᠦᠴᠦᠨ ᠢᠶᠠᠨ ᠲᠥᠪᠯᠡᠷᠡᠭᠦᠯᠦᠨ ᠰᠢᠯᠢ ᠶᠢᠨ ᠭᠤᠤᠯ ᠤᠨ ᠮᠢᠩᠭᠠᠨ ᠭᠠᠵᠠᠷ ᠤᠨ | ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠢ ᠪᠠᠶᠢᠭᠤᠯᠵᠣ᠂ ᠶᠤᠸᠠᠨ ᠤ ᠳᠡᠭᠡᠳᠤ ᠨᠡᠶᠢᠰᠯᠡᠯ ᠤᠨ ᠪᠠᠭᠤᠷᠢ ᠶᠢᠨ | ᠵᠢᠭᠤᠯᠴᠢᠯᠠᠭᠴᠢᠳ ᠤᠨ ᠲᠥᠪ ᠵᠡᠷᠭᠡ ᠭᠤᠤᠯᠳᠠᠯᠭ᠎ᠠ ᠲᠠᠢ ᠲᠥᠷᠥᠯ ᠵᠥᠢᠯ ᠢ ᠪᠦᠲᠦᠭᠡᠨ ᠪᠠᠶᠢᠭᠤᠯᠤᠨ ᠠᠰᠢᠭᠯᠠᠯᠳᠠ | ᠳᠤ ᠤᠷᠤᠭᠤᠯᠵᠤ᠂ ᠬᠤᠪᠢᠰᠬᠠᠯ ᠤᠨ ᠰᠣᠳᠣᠯᠭᠠᠨ᠂ ᠲᠠᠯ᠎ᠠ ᠨᠤᠲᠤᠭ ᠤᠨ ᠰᠣᠶᠣᠯ ᠪᠠ ᠠᠮᠢ ᠠᠬᠤᠶ ᠶᠢᠨ ᠪᠡᠶᠡᠴᠢ | ᠣᠶᠢᠯᠠᠭᠠᠯᠳᠠ ᠵᠡᠷᠬᠡ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠵᠢᠭᠤᠯᠴᠢᠯᠡᠯ ᠤᠨ ᠬᠡᠷᠡᠭᠯᠡᠬᠦᠨ ᠤ | ᠨᠡᠮᠡᠭᠳᠡᠯ ᠢ ᠳᠡᠶᠢᠴᠢᠯᠡᠨᠡ᠃ ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠨ ᠨᠠᠭᠠᠳᠬᠤ ᠵᠡᠷᠭᠡ ᠤᠯᠠᠮᠵᠢᠯᠠᠯᠲᠤ | ᠦᠶᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠶᠡᠬᠡᠪᠡᠷ ᠠᠬᠢᠭᠤᠯᠵᠤ᠂ ᠲᠠᠢ ᠽᠢ ᠬᠤᠳᠠ— ᠰᠢᠯᠢ ᠶᠢᠨ | ᠬᠤᠳᠠ ᠬᠦᠷᠬᠦ ᠲᠦᠷᠭᠡᠨ ᠬᠤᠷᠳᠣᠴᠠᠳᠣ ᠲᠡᠮᠦᠷ ᠵᠠᠮ᠂ ᠰᠢᠯᠢ ᠶᠢᠨ ᠬᠤᠳᠠ ᠶᠢᠨ ᠨᠢᠰᠬᠡᠯ ᠤᠨ ᠪᠠᠭᠤᠳᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠰᠠᠭᠤᠷᠢ ᠲᠥᠬᠦᠬᠡᠷᠥᠮᠵᠢ ᠶᠢᠨ ᠲᠥᠷᠥᠯ ᠵᠥᠢᠯ ᠢ ᠲᠦᠷᠭᠡᠬᠡᠨ | ᠬᠡᠷᠡᠭᠵᠢᠭᠦᠯᠵᠦ᠂ 5 G ᠶᠢᠨ ᠰᠠᠭᠤᠷᠢ ᠥᠷᠲᠡᠭᠡ ᠪᠠ ᠲᠣᠮᠣ ᠳ᠋ᠠᠶᠢᠲ᠋ᠠ ᠵᠡᠷᠭᠡ ︽ᠰᠢᠨ᠎ᠡ ᠬᠡᠯᠪᠡᠷᠢ ᠶᠢᠨ ᠰᠠᠭᠤᠷᠢ | ᠲᠥᠬᠦᠬᠡᠷᠥᠮᠵᠢ ᠶᠢᠨ ᠪᠦᠲᠦᠭᠡᠨ ᠪᠠᠶᠢᠭᠤᠯᠤᠯᠲᠠ︾ ᠶᠢ ᠲᠦᠷᠭᠡᠳᠬᠡᠨ ᠠᠬᠢᠭᠤᠯᠵᠤ ᠂ ᠬᠡᠷᠡᠭᠯᠡᠬᠦᠨ ᠤ ᠤᠷᠴᠢᠨ | ᠳᠤᠭᠤᠷᠢᠨ ᠢ ᠤᠯᠠᠮ ᠨᠢᠬᠡ ᠠᠯᠬᠤᠮ ᠰᠢᠯᠢᠳᠡᠭᠵᠢᠬᠦᠯᠥᠨᠡ᠃ | ︵ᠭᠤᠷᠪᠠ︶ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠴᠥᠳᠡᠢ ᠠᠬᠢᠭᠤᠯᠤᠨ᠎ᠠ᠃ ︽ | ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠥᠯ | ︵2020 — 2021 ᠤᠨ︶︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠤᠷᠤᠨ ᠨᠢᠭᠡ | ᠪᠦᠰᠡ︾ ᠶᠢᠨ ᠪᠥᠲᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ︽ᠨᠢᠭᠡ ᠣᠷᠣᠨ︾ | ᠭᠡᠳᠡᠭ ᠨᠢ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ ᠭᠤᠤᠯ | ᠬᠤᠨᠢᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾ | ᠢ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃ ᠨᠢᠭᠡ ᠳᠤ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠣᠩᠭᠤᠨ | ᠪᠤᠶᠢᠵᠢᠭᠤᠯᠬᠤ ᠪᠠ ᠦᠷ᠎ᠡ ᠶᠢᠨ ᠮᠠᠯ ᠢ ᠬᠠᠮᠠᠭᠠᠯᠠᠨ ᠦᠷᠡᠵᠢᠬᠦᠯᠬᠦ ᠶᠢ ᠴᠢᠩᠭᠠᠳᠬᠠᠵᠣ᠂ ᠵᠢᠯ ᠤᠨ ᠳᠣᠲᠣᠷ᠎ᠠ ᠥᠷ᠎ᠡ | ᠶᠢᠨ ᠮᠠᠯ ᠤᠨ ᠲᠠᠯᠠᠪᠠᠢ 11 ᠪᠠᠶᠢᠭᠤᠯᠵᠤ᠂ ᠥᠷᠡᠵᠢᠬᠦᠯᠥᠨ ᠪᠤᠶᠢᠵᠢᠭᠤᠯᠬᠤ ᠲᠠᠯᠠᠪᠠᠢ 75 ᠪᠠᠶᠢᠭᠤᠯᠵᠤ᠂ ᠭᠤᠤᠯ | ᠰᠥᠷᠥᠭ ᠢ1050 ᠰᠦᠷᠦᠭ ᠲᠤ ᠬᠥᠷᠬᠡᠵᠤ᠂ ᠰᠠᠭᠤᠷᠢ ᠡᠬᠡ ᠮᠠᠯ ᠤᠨ ᠬᠠᠷᠢᠴᠠᠯ ᠢ 85% ᠳᠤ ᠬᠦᠷᠭᠡᠵᠦ᠂ | ᠦᠵᠦᠮᠦᠴᠢᠨ ᠬᠤᠨᠢᠨ ᠤ ᠤᠯᠤᠰ ᠤᠨ ᠠᠯᠠᠰᠢᠨ ᠬᠤᠨᠢᠨ ᠤ ᠭᠤᠣᠯᠳᠠᠯᠭ᠎ᠠ ᠲᠠᠢ ᠡᠭᠦᠯᠳᠡᠷ ᠪᠤᠶᠢᠵᠢᠭᠤᠯᠬᠤ | ᠲᠠᠯᠠᠪᠠᠢ ᠶᠢ ᠪᠠᠶᠢᠭᠤᠯᠤᠨ᠎ᠠ᠃ ᠬᠤᠶᠡᠷ ᠲᠤ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠪᠠᠷ ᠭᠤᠤᠯ ᠪᠣᠯᠭᠠᠨ᠂ | ᠬᠤᠪᠢ ᠶᠢᠨ ᠥᠢᠯᠡᠳᠪᠤᠷᠢ ᠬᠤᠳᠠᠯᠳᠤᠭᠠᠨ ᠤ ᠠᠵᠤ ᠠᠬᠤᠶᠢᠯᠠᠯ᠂ ᠮᠠᠯᠴᠢᠨ ᠲᠠᠷᠢᠶᠡᠴᠢᠳ ᠤᠨ ᠬᠤᠷᠰᠢᠶᠡᠵᠢᠯ ᠨᠢ | ᠠᠯᠠᠰᠢᠨ ᠬᠤᠨᠢ ᠶᠢ ᠡᠷᠯᠢᠰᠡᠵᠢᠬᠦᠯᠦᠨ ᠪᠣᠷᠳᠣᠵᠤ ᠲᠠᠷᠭᠤᠯᠠᠭᠤᠯᠬᠤ ᠶᠢ ᠵᠣᠷᠢᠭᠵᠢᠭᠤᠯᠵᠤ ᠂ ᠲᠡᠵᠢᠭᠡᠨ ᠦᠷᠡᠵᠢᠭᠦᠯᠬᠦ | ᠡᠷᠦᠬᠡ ᠶᠢᠨ ᠡᠪᠦᠯ ᠤᠨ ᠲᠥᠯ᠂ ᠬᠠᠪᠤᠷ ᠤᠨ ᠡᠷᠲᠡ ᠶᠢᠨ ᠲᠥᠯ ᠳᠤᠰᠴᠥ᠂ ᠲᠡᠵᠢᠬᠡᠨ ᠪᠤᠷᠳᠤᠵᠤ ᠡᠷᠳᠠ | ᠵᠠᠷᠣᠴᠠᠭᠤᠯᠬᠤ ᠶᠢ ᠠᠬᠢᠭᠤᠯᠵᠣ᠂ ᠪᠣᠳᠠᠭᠠᠯᠢ ᠪᠡᠶ᠎ᠡ ᠶᠢᠨ ᠦᠢᠯᠡᠳᠬᠦᠨ ᠤ ᠦᠷᠳᠡᠭ ᠪᠣᠯᠣᠨ ᠳᠡᠵᠢᠭᠡᠨ ᠦᠷᠡᠵᠢᠭᠦᠯᠬᠦ | ᠦᠷ᠎ᠡ ᠠᠰᠢᠭ ᠢ ᠳᠡᠭᠡᠭᠰᠢᠯᠡᠬᠦᠯᠦᠨ᠎ᠡ᠃ ᠭᠤᠷᠪᠠ ᠳᠤ ᠰᠢᠯᠢ ᠶᠢᠨ ᠭᠤᠤᠯ ᠤᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ | ᠨᠡᠷᠡᠲᠦ ᠲᠡᠮᠳᠡᠭᠳᠤ ᠶᠢᠨ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠢᠯᠢ ᠶᠢᠨ ᠭᠤᠤᠯ | ᠤᠨ ᠬᠤᠨᠢᠨ ᠤ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠡ᠃ ︽ᠨᠢᠭᠡ ᠪᠦᠰᠡ︾ | ᠭᠡᠳᠡᠭ ᠨᠢ ᠡᠮᠦᠨᠡᠲᠦ ᠬᠡᠰᠡᠭ ᠤᠨ ᠣᠷᠣᠨ ᠪᠦᠰᠡ ᠪᠠᠷ ᠭᠤᠤᠯᠳᠠᠯᠭ᠎ᠠ ᠪᠣᠯᠭᠠᠭᠰᠠᠨ ᠰᠢᠯᠢᠳᠡᠭ ᠡᠭᠦᠯᠳᠡᠷ ᠤᠨ | ᠠᠯᠠᠰᠢᠨ ᠤ ᠦᠬᠡᠷ ᠤᠨ ᠠᠵᠤ ᠦᠶᠯᠡᠰ ᠤᠨ ᠪᠦᠰᠡ ᠶᠢ ᠪᠠᠶᠢᠭᠤᠯᠤᠨ᠎ᠠ᠃ ᠨᠢᠭᠡ ᠳᠤ ᠰᠢᠯᠢᠳᠡᠭ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ | ᠳᠣᠲᠣᠷ᠎ᠠ 1.5 ᠲᠦᠮᠡᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠣᠷᠣᠭᠤᠯᠵᠤ᠂ 82 ᠲᠦᠮᠡᠨ ᠦᠬᠡᠷ ᠤᠨ | ᠡᠭᠦᠯᠳᠡᠷ ᠢ ᠰᠠᠶᠢᠵᠢᠷᠠᠭᠤᠯᠤᠨ᠎ᠡ︔ ᠵᠢᠯ ᠤᠨ ᠡᠴᠦᠰ ᠲᠤ ᠲᠣᠭᠤᠯᠯᠠᠬᠤ ᠦᠨᠢᠶ᠎ᠡ ᠶᠢ 2.5 ᠲᠦᠮᠡ ᠳᠤ ᠬᠦᠷᠭᠡᠵᠦ᠂ | ᠵᠢᠯ ᠳᠤ 5000 ᠬᠢᠷᠢ ᠲᠡᠩᠴᠡᠭᠰᠡᠨ ᠪᠤᠬ᠎ᠠ᠂ 1 ᠲᠦᠮᠡᠨ ᠬᠤᠶᠠᠳᠤᠭᠠᠷ ᠡᠭᠦᠯᠳᠡᠷ ᠠᠴᠠ ᠳᠡᠭᠡᠭᠰᠢ ᠦᠨᠢᠶ᠎ᠡ | ᠥᠰᠬᠡᠨ᠎ᠡ᠃ ᠬᠤᠶᠠᠷ ᠲᠤ ᠪᠤᠶᠢᠵᠢᠭᠤᠯᠤᠭᠰᠠᠨ ᠦᠬᠡᠷ ᠤᠨ ᠬᠠᠮᠠᠭᠠᠯᠠᠯᠲᠠ ᠶᠢ ᠰᠠᠶᠢᠲᠤᠷ ᠠᠳᠬᠤᠵᠣ᠂ ᠲᠡᠵᠢᠭᠡᠨ | ᠦᠷᠡᠵᠢᠭᠦᠯᠬᠦ ᠲᠣᠮᠣ ᠡᠷᠦᠬᠡ᠂ ᠡᠷᠦᠬᠡ ᠬᠤᠯᠪᠣᠭᠠᠯᠠᠭᠰᠠᠨ ᠡᠷᠦᠬᠡ᠂ ᠬᠤᠷᠰᠢᠶᠡᠵᠢᠯ ᠢ ᠵᠢᠯᠤᠭᠤᠳᠴᠤ ᠪᠠᠶᠢᠭᠠᠳ | ᠨᠥᠭᠡᠴᠡ ᠦᠨᠢᠶ᠎ᠡ᠂ ᠪᠤᠬ᠎ᠠ ᠪᠤᠶᠢᠵᠢᠭᠤᠯᠬᠤ ᠠᠵᠢᠯ ᠢ ᠥᠷᠨᠢᠭᠦᠯᠵᠦ᠂ ᠨᠥᠬᠦᠴᠡᠯ ᠲᠠᠢ ᠭᠠᠵᠠᠷ ᠤᠷᠤᠨ ᠳᠤ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠶᠢ ᠵᠣᠷᠢᠭᠵᠢᠭᠤᠯᠵᠤ᠂ ᠰᠢᠯᠢᠳᠡᠭ | ᠡᠭᠦᠯᠳᠡᠷ ᠤᠨ ᠲᠤᠭᠤᠯ ᠢᠶᠠᠨ ᠭᠠᠳᠠᠭᠰᠢ ᠭᠠᠷᠭᠠᠬᠤ ᠦᠭᠡᠢ ᠪᠠᠶᠢᠯᠭᠠᠨ᠎ᠠ᠃ ᠭᠤᠷᠪᠠ ᠳᠤ ᠠᠯᠠᠰᠢᠨ ᠦᠬᠡᠷ ᠪᠣᠷᠳᠣᠵᠤ | ᠲᠠᠷᠭᠤᠯᠠᠭᠤᠯᠬᠤ ᠳᠤᠲᠠᠭᠤᠳᠠᠯ ᠢ ᠨᠥᠬᠦᠪᠥᠷᠢᠯᠡᠵᠤ᠂ ᠡᠮᠦᠨ᠎ᠡ ᠬᠡᠰᠡᠭ ᠤᠨ ᠬᠤᠰᠢᠭᠤ ᠰᠢᠶᠠᠨ ᠪᠣᠯᠤᠨ ᠠᠪᠠᠭ᠎ᠠ | ᠬᠤᠰᠢᠭᠤ ᠪᠠᠷ ᠭᠤᠤᠯᠳᠠᠯᠭ᠎ᠠ ᠪᠣᠯᠭᠠᠨ᠂ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ | ᠳᠠᠶᠢᠴᠢᠯᠠᠬᠤ ᠪᠠᠷ ᠳᠠᠮᠵᠢᠨ᠂ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠵᠤ ᠦᠶᠯᠡᠰ ᠢ ᠶᠡᠬᠡᠪᠡᠷ | ᠬᠥᠭᠵᠢᠭᠦᠯᠦᠨ᠂ ᠠᠯᠠᠰᠢᠨ ᠦᠬᠡᠷ ᠤᠨ ᠳᠡᠰ ᠬᠤᠪᠢᠶᠠᠨ ᠪᠣᠷᠳᠣᠵᠤ ᠲᠠᠷᠭᠤᠯᠠᠭᠤᠯᠬᠤ ᠰᠢᠰᠲ᠋ᠧᠮ ᠢ ᠪᠠᠶᠢᠭᠤᠯᠵᠤ᠂ | ᠵᠢᠯ ᠤᠨ ᠪᠣᠷᠳᠣᠵᠤ ᠲᠠᠷᠭᠤᠯᠠᠭᠤᠯᠵᠤ ᠡᠳ᠋ᠰᠢᠬᠦᠯᠬᠦ ᠬᠡᠮᠵᠢᠶ᠎ᠡ ᠶᠢ 6 ᠲᠦᠮᠡ ᠠᠴᠠ ᠳᠡᠭᠡᠭᠰᠢ ᠳᠤ ᠬᠦᠷᠦᠭᠦᠯᠦᠨ᠎ᠡ᠃ | ᠳᠥᠷᠪᠡ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠲᠠᠷᠢᠶᠠᠯᠠᠬᠤ ᠣᠷᠣᠨ ᠳᠤ ᠪᠥᠬᠦᠨ ᠢ ᠬᠠᠰᠢᠶᠠᠯᠠᠨ ᠲᠡᠵᠢᠭᠡᠬᠦ᠂ ᠡᠮᠦᠨᠡᠲᠦ ᠬᠡᠰᠡᠭ ᠤᠨ ᠮᠠᠯᠵᠢᠬᠤ ᠣᠷᠣᠨ ᠳᠤ ᠬᠠᠭᠠᠰ | ᠬᠠᠰᠢᠶᠠᠯᠠᠨ ᠲᠡᠵᠢᠬᠡᠵᠤ ᠬᠠᠭᠠᠰ ᠪᠡᠯᠴᠢᠬᠡᠷᠯᠡᠬᠦᠯᠬᠦ᠂ ᠬᠤᠶᠢᠲᠤ ᠬᠡᠰᠡᠭ ᠤᠨ ᠮᠠᠯᠵᠢᠬᠤ ᠣᠷᠣᠨ ᠳᠤ ᠪᠡᠯᠴᠢᠭᠡᠷᠯᠡᠭᠦᠯᠦᠨ | ᠮᠠᠯᠵᠢᠬᠤ ᠪᠠ ᠪᠤᠷᠳᠤᠵᠤ ᠲᠡᠵᠢᠭᠡᠨ ᠠᠷᠠᠴᠢᠯᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠯ ᠤᠨ ᠳᠣᠲᠣᠷ᠎ᠠ ᠠᠯᠠᠰᠢᠨ | ᠦᠬᠡᠷ ᠥᠷᠡᠵᠢᠬᠦᠯᠬᠦ ᠨᠣᠷᠮ᠎ᠠ ᠶᠢ ᠡᠮᠦᠨᠡᠲᠦ ᠬᠡᠰᠡᠭ ᠤᠨ ᠭᠠᠵᠠᠷ ᠣᠷᠣᠨ 82% ᠲᠤ ᠬᠦᠷᠦᠭᠦᠯᠵᠦ᠂ ᠬᠤᠶᠢᠲᠤ | ᠬᠡᠰᠡᠭ ᠤᠨ ᠭᠠᠵᠠᠷ ᠣᠷᠣᠨ ᠳᠤ 78% ᠳᠤ ᠬᠦᠷᠦᠭᠦᠯᠦᠨ᠎ᠡ᠃ ᠲᠠᠪᠤ ᠳᠤ ᠰᠢᠯᠢ ᠶᠢᠨ ᠭᠤᠤᠯ ᠤᠨ ᠠᠯᠠᠰᠢᠨ | ᠦᠬᠡᠷ ᠤᠨ ᠰᠢᠨ᠎ᠡ ᠲᠥᠷᠥᠯ ᠲᠡᠮᠳᠡᠭ ᠢ ᠪᠤᠶᠢᠵᠢᠭᠤᠯᠬᠤ ᠠᠵᠢᠯ ᠢ ᠡᠬᠢᠯᠡᠬᠦᠯᠵᠤ᠂ ᠰᠢᠯᠢ ᠶᠢᠨ ᠭᠤᠤᠯ ᠤᠨ | ᠦᠬᠡᠷ ᠤᠨ ᠮᠢᠬᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ︽ᠮᠤᠩᠭᠤᠯ | ᠲᠡᠮᠳᠡᠭ︾ ᠤᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠎ᠠ᠃ ᠡᠭᠦᠨ ᠤ ᠬᠠᠮᠲᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠠᠳᠤᠭᠤ᠂ ᠲᠡᠮᠡᠭᠡ ᠪᠣᠯᠤᠨ ᠤᠯᠠᠮᠵᠢᠯᠠᠯᠲᠤ ᠴᠠᠭᠠᠨ ᠢᠳᠡᠭᠡ᠂ ᠮᠣᠩᠭᠤᠯ ᠭᠡᠷ | ᠦᠢᠯᠡᠳᠬᠦ ᠵᠡᠷᠭᠡ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ | ︵ᠳᠥᠷᠪᠡ︶ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠥᠨᠵᠡᠭᠡᠢ ᠨᠡᠶᠢᠳᠡᠪᠤᠷᠢᠵᠢᠭᠤᠯᠤᠨ᠎ᠠ᠃ ᠤᠳᠤ ᠥᠶ᠎ᠡ ᠶᠢᠨ ᠮᠠᠯ ᠠᠵᠤ ᠠᠬᠤᠢ ᠲᠡᠷᠢᠶᠡᠯᠡᠩ ᠢ | ᠬᠥᠭᠵᠢᠬᠦᠯᠬᠦ ᠪᠠᠷ ᠵᠢᠯᠣᠭᠤᠳᠣᠯᠭ᠎ᠠ ᠪᠤᠯᠭᠠᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ | ᠲᠣᠮᠣ ᠡᠷᠦᠬᠡ᠂ ᠲᠤᠰᠬᠠᠶ ᠬᠤᠷᠰᠢᠶᠠᠵᠢᠯ᠂ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠳᠡ ᠶᠢᠨ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂ ᠬᠠᠮᠳᠤ ᠶᠢᠨ ᠠᠵᠤ ᠠᠬᠤᠢ ᠶᠢ ᠬᠥᠭᠵᠢᠬᠦᠯᠥᠨ | ᠪᠤᠵᠠᠭᠠᠶᠢᠷᠠᠭᠤᠯᠵᠤ᠂ ᠵᠢᠯ ᠤᠨ ᠳᠣᠲᠣᠷ᠎ᠠ 70% ᠠᠴᠠ ᠳᠡᠭᠡᠭᠰᠢ ᠮᠠᠯᠴᠢᠨ ᠲᠠᠷᠢᠶᠡᠴᠢᠨ ᠢ ᠠᠰᠢᠭ ᠲᠤᠰᠠ ᠶᠢᠨ | ᠬᠤᠯᠪᠤᠭᠠᠳᠤ ᠲᠣᠭᠲᠠᠴᠠ ᠪᠠᠷ ᠪᠥᠷᠬᠦᠬᠦᠯᠤᠨᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯᠠᠪᠠᠢ ᠶᠢ ᠥᠷᠭᠡᠳᠬᠡᠵᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠴᠢᠨᠠᠷ | ᠰᠠᠶᠢᠲᠠᠶ ᠲᠡᠵᠢᠭᠡᠯ ᠡᠪᠡᠰᠦ ᠲᠠᠷᠢᠬᠤ ᠶᠢ ᠥᠷᠭᠡᠳᠬᠡᠵᠦ᠂ ᠠᠮᠤ ᠪᠣᠳᠠᠭᠠᠨ ᠤ ᠣᠨᠠᠯᠳᠠ ᠶᠢ ᠲᠣᠭᠲᠠᠪᠤᠷᠢᠵᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠤᠰᠤ ᠴᠠᠬᠢᠯᠭᠠᠨ ᠵᠠᠮ ᠮᠡᠳᠡᠭᠡ ᠵᠡᠷᠭᠡ ᠰᠠᠭᠤᠷᠢ ᠲᠥᠬᠦᠬᠡᠷᠥᠮᠵᠢ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ 6.19 ᠲᠦᠮᠡᠨ ᠬᠥᠮᠥᠨ᠂ 145 | ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠪᠠᠬᠢᠵᠢᠬᠦᠯᠥᠨ ᠳᠡᠭᠡᠭᠰᠢᠯᠡᠬᠦᠯᠬᠦ ᠠᠰᠠᠭᠤᠳᠠᠯ ᠢ | ᠰᠢᠶᠳᠪᠦᠷᠢᠯᠡᠵᠤ᠂ 192 ᠮᠡᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠶᠳᠪᠦᠷᠢᠯᠡᠨ᠂ 430 | ᠺᠢᠯᠣᠮᠸᠲᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠵᠦ᠂ ᠦᠯᠡᠳᠡᠭᠰᠡᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ 4G ᠰᠦᠯᠵᠢᠶ᠎ᠡ ᠨᠡᠪᠲᠡᠷᠡᠭᠦᠯᠬᠦ | ᠠᠰᠠᠭᠤᠳᠠᠯ ᠢ ᠰᠢᠶᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠵᠢᠯ ᠤᠨ ᠳᠤᠳᠤᠷ᠎ᠠ ᠪᠦᠬᠦ ᠠᠶᠢᠮᠠᠭ ᠤᠨ | ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 78% ᠳᠤ ᠬᠦᠷᠭᠡᠨ᠎ᠡ᠃ ᠠᠪᠠᠭ᠎ᠠ | ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠳᠤᠷᠰᠢᠯᠳᠡ ᠶᠢᠨ ᠴᠡᠭ | ᠪᠣᠯᠤᠨ ᠵᠡᠭᠦᠨ ᠦᠵᠦᠮᠦᠴᠢᠨ ᠬᠤᠰᠢᠭᠤᠨ ᠤ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ | ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠥᠷᠬᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠮᠠᠨᠳᠣᠯ ᠳᠤ ᠲᠤᠷᠰᠢᠯᠭ᠎ᠠ ᠰᠦᠪᠡᠭᠴᠢᠯᠡᠨ ᠬᠠᠩᠭᠠᠨ᠎ᠠ᠃ | ︵ᠲᠠᠪᠤ︶ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠨ᠎ᠡ᠃ ᠭᠤᠤᠯᠳᠠᠯᠭ᠎ᠠ | ᠲᠠᠢ ᠬᠦᠷᠢᠶᠡᠨ ᠳᠠᠬᠢ ᠥᠬᠡᠷᠡᠴᠢᠯᠡᠯᠳᠡ ᠶᠢ ᠬᠥᠨᠵᠡᠬᠡᠶᠢᠷᠡᠬᠦᠯᠵᠤ᠂ ᠤᠯᠠᠨ ᠨᠡᠶᠢᠳᠡ ᠶᠢᠨ ᠥᠨᠳᠥᠰᠥᠨ | ᠥᠢᠯᠡᠴᠢᠯᠡᠬᠡᠨ ᠤ ᠬᠦᠷᠢᠶᠡᠨ ᠳᠠᠬᠢ ᠠᠶᠢᠮᠠᠭ ᠤᠨ ᠳᠤᠰ ᠱᠠᠳᠤᠨ ᠤ ᠪᠠ ᠬᠤᠰᠢᠭᠤ ᠰᠢᠶᠡᠨ ᠬᠤᠳᠠ ︵ᠤᠷᠤᠨ︶ | ᠤ ᠬᠠᠮᠳᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠬᠡᠷᠡᠴᠢᠯᠡᠯᠳᠡ ᠶᠢ ᠳᠥᠯᠬᠢᠨ ᠠᠬᠢᠭᠤᠯᠵᠤ᠂ ᠤᠯᠤᠰ ᠤᠨ ᠥᠮᠴᠢᠯᠡᠯᠳᠤ ᠡᠳ᠋ ᠬᠥᠷᠥᠩᠬᠡ ᠶᠢᠨ | ᠪᠡᠯᠡ ᠤᠷᠤᠭᠤᠯᠤᠯᠳᠠ ᠶᠢ ᠳᠥᠷᠢᠮᠵᠢᠬᠦᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠬᠡᠷᠡᠴᠢᠯᠡᠯᠳᠡ | ᠲᠠᠴᠢᠷᠰᠢᠭᠰᠠᠨ ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠬᠦ ᠵᠡᠷᠬᠡ ᠤᠯᠤᠰ ᠤᠨ ᠳᠡᠰ ᠤᠨ ᠳᠤᠷᠰᠢᠯᠳᠡ | ᠶᠢᠨ ᠴᠡᠭ ᠪᠤᠯᠤᠨ ᠡᠯᠧᠺᠲ᠋ᠧᠷᠤᠨ ᠵᠠᠰᠠᠭ ᠤᠨ ᠶᠠᠪᠤᠳᠠᠯ᠂ ᠮᠡᠳᠡᠭᠡ ᠵᠠᠩᠬᠢᠴᠢᠯᠠᠯᠳᠠ ᠵᠡᠷᠬᠡ ᠥᠪᠡᠷᠳᠡᠬᠡᠨ ᠵᠠᠰᠠᠬᠤ | ᠤᠷᠤᠨ ᠤ ᠳᠤᠷᠰᠢᠯᠳᠡ ᠶᠢᠨ ᠴᠡᠭ ᠤᠨ ᠥᠬᠡᠷᠡᠴᠢᠯᠡᠯᠳᠡ ᠶᠢᠨ ᠡᠬᠦᠷᠬᠡ ᠶᠢ ᠰᠠᠶᠢᠳᠤᠷ ᠬᠡᠷᠡᠭᠵᠢᠬᠦᠯᠤᠨ᠎ᠡ᠃ | ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠵᠣ᠂ ᠳᠥᠪᠯᠡᠷᠡᠬᠦᠯᠥᠨ ᠬᠢᠨᠡᠨ ᠵᠥᠪᠰᠢᠶᠡᠷᠡᠬᠦ ᠰᠠᠷ᠎ᠠ | ᠶᠢᠨ ᠥᠷ᠎ᠡ ᠪᠥᠲᠥᠮᠵᠢ ᠶᠢ ᠪᠠᠬᠢᠵᠢᠬᠦᠯᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠥᠷ᠎ᠡ ᠪᠥᠲᠥᠮᠵᠢᠳᠤ | ᠳᠤᠭᠳᠡᠴᠡ ᠶᠢ ᠪᠠᠶᠢᠭᠤᠯᠤᠨ᠎ᠠ᠃ ︽ᠡᠭᠦᠯᠡᠨ ᠪᠣᠳᠣᠯᠳᠠ ᠶᠢᠨ ᠰᠢᠯᠢ ᠶᠢᠨ ᠭᠤᠣᠯ︾ ᠢ ᠰᠢᠯᠢᠳᠡᠭᠵᠢᠭᠦᠯᠵᠦ᠂ | ᠪᠦᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠬᠡᠷᠡᠭᠯᠡᠯᠳᠡ ᠶᠢ ᠲᠦᠷᠭᠡᠳᠬᠡᠵᠤ᠂ ᠵᠢᠯ ᠤᠨ ᠳᠣᠲᠣᠷ᠎ᠠ ᠬᠤᠰᠢᠭᠤ ᠰᠢᠶᠠᠨ ᠬᠤᠲᠠ ᠤᠷᠤᠨ ᠤ | 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠤᠩᠬᠤᠪᠴᠢ︾ ᠪᠠᠷ | ᠲᠥᠷᠥᠯ ᠬᠤᠪᠢᠶᠠᠨ ᠬᠦᠯᠢᠶᠡᠨ ᠠᠪᠴᠤ ᠬᠥᠢᠴᠡᠳᠬᠡᠭᠦ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠵᠠᠭᠤᠨ | ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ ᠪᠥᠬᠦ ᠤᠷᠤᠨ ᠤ ᠵᠠᠭᠤᠨ ᠬᠥᠴᠥᠷᠭᠡᠭ ᠪᠠᠶᠢᠬᠤ | ᠥᠬᠡᠢ ᠪᠠᠶᠢᠳᠠᠯ ᠢ ᠡᠴᠥᠰᠯᠠᠬᠦᠯᠬᠦ ᠪᠠᠷ ᠴᠢᠷᠮᠠᠶᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠵᠣ ᠠᠬᠤᠶᠢᠯᠠᠯ | ᠢ ᠲᠣᠰᠠᠯᠠᠵᠣ ᠲᠣᠭᠳᠠᠪᠣᠷᠢᠵᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠨᠠᠷᠢᠨ ᠨᠢᠭᠳᠠ ᠳᠤᠭᠤᠰᠢᠯᠠᠭᠤᠯᠵᠤ᠂ | ᠡᠯ᠎ᠡ ᠲᠥᠷᠥᠯ ᠤᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠶᠳᠪᠦᠷᠢᠯᠡᠵᠦ᠂ ᠭᠠᠷᠤᠯᠳᠠ ᠶᠢ ᠨᠢ ᠲᠣᠭᠲᠠᠪᠤᠷᠢᠵᠢᠭᠤᠯᠤᠨ ᠦᠷ᠎ᠡ ᠠᠰᠢᠭ ᠢ ᠨᠢ ᠨᠡᠮᠡᠭᠳᠡᠭᠦᠯᠤᠨ᠎ᠡ | ᠃ ᠭᠤᠤᠯᠳᠠᠯᠭ᠎ᠠ ᠲᠠᠢ ᠨᠡᠬᠡᠬᠡᠯᠳᠡ ᠬᠢᠵᠣ ᠴᠢᠯᠦᠭᠡᠲᠠᠢ ᠶᠠᠪᠣᠯᠴᠠᠬᠤ ᠳᠤᠷᠰᠢᠯᠳᠡ ᠶᠢᠨ ᠤᠷᠤᠨ ᠤ ᠪᠥᠲᠥᠬᠡᠨ | ᠪᠠᠶᠢᠭᠤᠯᠤᠯᠳᠡ ᠶᠢ ᠳᠥᠷᠬᠡᠳᠬᠡᠵᠤ᠂ ᠡᠷᠢᠶᠡᠨ ᠬᠤᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ | ᠳᠤᠮᠳᠠᠳᠤ ᠶᠢᠨ ᠲᠠᠯ᠎ᠠ ᠶᠢᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠪᠠ ᠠᠭᠠᠷ ᠤᠨ ᠠᠶᠠᠯᠠᠯ ᠤᠨ | ᠪᠣᠭᠤᠮᠲᠠ ᠶᠢᠨ ᠭᠠᠳᠠᠭᠠᠳᠤ ᠨᠡᠭᠡᠭᠡᠯᠲᠡ᠂ ᠵᠡᠭᠦᠨ ᠬᠠᠲᠠᠪᠴᠢ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ | ᠲᠦᠷᠦᠯ ᠵᠦᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠵᠢᠯ ᠤᠨ ᠪᠣᠭᠤᠮᠲᠠ ᠪᠠᠷ ᠪᠠᠷᠠᠭ᠎ᠠ ᠲᠠᠸᠠᠷ | ᠥᠩᠬᠡᠷᠡᠬᠦ ᠬᠡᠮᠵᠢᠶ᠎ᠡ ᠶᠢ 2000 ᠲᠦᠮᠡᠨ ᠲᠣᠨ ᠳᠠᠪᠠᠭᠤᠯᠬᠤ ᠪᠠᠷ ᠴᠢᠷᠮᠠᠶᠢᠵᠤ᠂ ᠭᠠᠳᠠᠭᠠᠳᠤ ᠠᠴᠠ ᠤᠷᠤᠭᠤᠯᠬᠤ | ᠶᠡᠭᠡ ᠬᠡᠮᠵᠢᠶᠡᠨ ᠤ ᠪᠥᠲᠥᠭᠡᠭᠳᠡᠬᠦᠨ ᠢ ᠳᠤᠬᠠᠢ ᠶᠢᠨ ᠭᠠᠵᠠᠷ ᠪᠠᠭᠤᠯᠭᠠᠨ ᠪᠤᠯᠪᠠᠰᠤᠷᠠᠭᠤᠯᠬᠤ ᠶᠢ ᠠᠬᠢᠭᠤᠯᠵᠤ᠂ | ᠵᠠᠮ ᠥᠩᠬᠡᠷᠡᠬᠦ ᠲᠦᠭᠦᠬᠡᠢ ᠮᠠᠲ᠋ᠧᠷᠢᠶᠠᠯ ᠢ ᠳᠤᠬᠠᠢ ᠶᠢᠨ ᠭᠠᠵᠠᠷ ᠤᠨ ᠠᠵᠤ ᠠᠬᠤᠢ ᠪᠤᠯᠭᠠᠨ ᠬᠤᠪᠢᠷᠠᠭᠤᠯᠣᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠪᠤᠯᠤᠨ ᠨᠡᠶᠢᠬᠡᠮ ᠤᠨ ᠦᠢᠯᠡᠰ ᠤᠨ ᠲᠤᠲᠠᠭᠤᠳᠡᠯ ᠢ ᠬᠦᠴᠦᠯᠡᠨ | ᠨᠥᠬᠦᠪᠥᠷᠢᠯᠡᠨ᠎ᠡ᠃ ᠨᠢᠭᠡ ᠳᠤ ᠠᠵᠢᠯ ᠣᠯᠭᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ | ᠠᠶᠢᠮᠠᠭ ᠤᠨ ᠲᠡᠰ ᠤᠨ ᠠᠵᠢᠯ ᠤᠯᠭᠤᠨ ᠦᠢᠯᠡᠰ ᠪᠤᠰᠬᠠᠬᠤ ᠶᠢ ᠠᠬᠢᠭᠤᠯᠬᠤ ᠬᠦᠭᠵᠢᠯᠲᠠ ᠶᠢᠨ ᠪᠡᠯᠡ ᠮᠥᠩᠭᠦ ᠶᠢ | ᠪᠠᠶᠢᠭᠤᠯᠵᠤ᠂ ᠭᠤᠤᠯ ᠴᠤᠭᠴᠠ ᠪᠠ ᠠᠵᠢᠯ ᠣᠯᠬᠤ ᠳᠤ ᠬᠦᠴᠢᠷᠲᠡᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ | ᠂ ᠦᠢᠯᠡᠰ ᠪᠣᠰᠬᠠᠬᠤ ᠶᠢ ᠳᠡᠮᠵᠢᠬᠦ᠂ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠥᠷᠭᠡᠳᠬᠡᠬᠦ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ | ᠪᠠᠯᠭᠠᠰᠤᠨ ᠤ 1 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠬᠦᠯᠤᠰᠤᠨ ᠲᠠᠷᠢᠶᠠᠴᠢᠨ ᠮᠠᠯᠴᠢᠨ | ᠤ ᠬᠦᠯᠤᠰᠤ ᠶᠢ ᠴᠠᠭ ᠲᠤᠬᠠᠶ ᠳᠤᠨᠢ ᠪᠦᠷᠢᠨ ᠬᠦᠢᠴᠡᠳ ᠥᠭᠬᠦ ᠶᠢ ᠪᠠᠲᠤᠯᠠᠨ᠎ᠠ᠃ ᠬᠤᠶᠠᠷ ᠲᠤ ᠰᠤᠷᠭᠠᠨ | ᠬᠥᠮᠦᠵᠢᠯ ᠤᠨ ᠦᠢᠯᠡᠰ ᠢ ᠨᠢᠬᠡᠳᠥᠯᠳᠡᠢ ᠲᠥᠯᠥᠪᠵᠢᠭᠦᠯᠦᠨ ᠠᠬᠢᠭᠤᠯᠤᠨ᠎ᠠ᠃ ᠵᠢᠯ ᠤᠨ ᠳᠣᠲᠣᠷ᠎ᠠ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠢ 7 ᠪᠠᠶᠢᠭᠤᠯᠵᠤ᠂ ᠬᠤᠲᠠ ᠪᠠᠯᠭᠠᠰᠤᠨ ᠤ 21 ᠲᠤᠭᠤᠷᠢᠭ ᠲᠤ ᠢᠵᠢ | ᠪᠦᠷᠢᠳᠦᠭᠰᠡᠨ ᠬᠡᠦᠬᠡᠳ ᠤᠨ ᠴᠡᠴᠡᠷᠯᠢᠭ ᠢ ᠦᠭᠡᠷᠡᠴᠢᠯᠡᠨ ᠪᠡᠶᠢᠭᠤᠯᠬᠤ ᠶᠢ ᠪᠡᠶᠡᠯᠡᠭᠦᠯᠤᠨ᠂ 77 ᠰᠤᠷᠭᠠᠭᠤᠯᠢ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠲᠡᠭᠡᠭᠰᠢᠯᠡᠭᠦᠯᠭᠦ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠵᠦ᠂ ᠠᠶᠢᠮᠠᠭ ᠤᠨ ᠮᠣᠩᠭᠤᠯ ᠳᠤᠮᠳᠠᠳᠤ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠠᠷᠢᠯᠭ᠎ᠠ ᠶᠢᠨ ᠭᠤᠤᠯ ᠴᠣᠭᠴᠠ ᠶᠢᠨ ᠪᠦᠲᠤᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢ ︽ | ᠰᠤᠷᠭᠠᠭᠤᠯᠢ ᠠᠴᠠ ᠬᠠᠮᠢᠶᠡᠷᠴᠤ ᠬᠤᠰᠢᠭᠤ ᠰᠢᠶᠠᠨ ᠠᠴᠠ ᠤᠷᠢᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢᠨ ᠬᠠᠮᠢᠶᠠᠷᠤᠯᠲᠠ᠂ ᠮᠡᠷᠭᠡᠵᠢᠯ ᠤᠨ ᠴᠣᠯᠠ ᠲᠤᠭᠲᠠᠭᠠᠨ | ᠤᠷᠢᠬᠤ ᠪᠠ ᠴᠡᠴᠡᠷᠯᠢᠭ ᠤᠨ ᠪᠠᠭᠰᠢ ᠳᠤᠲᠠᠭᠳᠠᠬᠤ ᠂ ︽ᠠᠳᠠᠯᠢ ᠠᠵᠢᠯ ᠲᠦᠷᠤᠯ ᠳᠤ ᠠᠳᠠᠯᠢ ᠪᠤᠰᠤ ᠬᠥᠯᠥᠰᠥ | ᠤᠯᠭᠤᠮᠵᠢ ᠣᠯᠭᠤᠬᠤ︾ ᠵᠡᠷᠭᠡ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠠᠨ᠎ᠠ᠃ ᠰᠢᠯᠢ ᠶᠢᠨ ᠭᠤᠤᠯ | ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢ ᠬᠡᠷᠡᠭᠯᠡᠭᠡᠨ ᠤ ᠬᠡᠯᠪᠠᠷᠢ ᠶᠢᠨ ᠵᠢᠩᠬᠢᠨᠢ ᠠᠩᠭᠢ ᠶᠢᠨ ᠲᠡᠭᠡᠳᠤ | ᠰᠤᠷᠭᠠᠭᠤᠯᠢ ᠪᠤᠯᠭᠠᠬᠤ ᠶᠢ ᠲᠡᠮᠵᠢᠨ᠎ᠠ᠃ ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠨᠥᠬᠦᠴᠡᠯ ᠢ | ᠪᠠᠬᠢᠵᠢᠭᠦᠯᠦᠨ᠎ᠡ᠃ ᠬᠤᠲᠠ ᠶᠢᠨ ᠡᠮᠴᠢᠯᠡᠭᠡᠨ ᠤ ᠪᠦᠯᠦᠭᠯᠡᠯ ᠪᠣᠯᠤᠨ ᠬᠤᠰᠢᠭᠤ ᠰᠢᠶᠡᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠡᠵᠡᠭᠡᠶᠢᠷᠡᠭᠦᠯᠵᠤ᠂ ᠵᠢᠯ ᠤᠨ ᠳᠣᠲᠣᠷ᠎ᠠ | ᠠᠶᠢᠮᠠᠭ ᠤᠨ ᠲᠦᠪ ᠡᠮᠨᠡᠯᠭᠡ ᠶᠢᠨ ᠬᠤᠷᠢᠶᠠᠨ ᠤ ᠪᠠᠴᠢᠮ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ | ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠵᠦ᠂ | ᠠᠶᠢᠮᠠᠭ ᠤᠨ ᠬᠠᠯᠳᠠᠪᠤᠷᠢᠲᠤ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ ᠶᠢ ᠡᠬᠢᠯᠡᠭᠦᠯᠦᠨ ᠪᠦᠲᠦᠭᠡᠨ | ᠪᠠᠶᠢᠭᠤᠯᠵᠤ᠂ ᠰᠦᠨᠢᠳ ᠵᠡᠭᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ | ᠰᠢᠯᠤᠭᠤᠨ ᠬᠦᠪᠡᠭᠡᠲᠤ ᠴᠠᠭᠠᠨ ᠬᠤᠰᠢᠭᠤ ᠵᠡᠷᠭᠡ 4 ᠮᠣᠩᠭᠤᠯ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ | ᠣᠷᠣᠭᠤᠯᠤᠨ᠎ᠠ᠃ ᠲᠦᠷᠪᠡ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠨᠣᠮ ᠤᠨ ᠰᠠᠩ᠂ ᠰᠣᠶᠣᠯ ᠤᠨ ᠣᠷᠳᠣᠨ ᠤ ᠳᠡᠰ | ᠳᠡᠪᠰᠢᠬᠦ ᠪᠠ ᠰᠤᠮᠤ ᠰᠢᠶᠠᠩ ᠪᠠᠯᠭᠠᠰᠣᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ | ᠲᠥᠪ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠶᠢᠮᠠᠭ ᠤᠨ ᠷᠠᠳᠢᠣ᠋ | ᠲᠧᠯᠸᠢᠰ ᠬᠤᠷᠢᠶ᠎ᠠ ᠶᠢᠨ ᠲᠧᠯᠸᠢᠰ ᠤᠨ ᠦᠨᠳᠦᠷ ᠪᠠᠷᠢᠮᠵᠢᠶ᠎ᠠ ᠪᠠᠷ ᠰᠢᠨᠠᠳᠬᠡᠭᠦ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ︽ᠣᠶᠤᠨᠴᠢ ᠷᠠᠳᠢᠣ᠋ ᠲᠧᠯᠸᠢᠰ︾ ᠢᠶᠠᠷ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠰᠠᠶᠢᠲᠤᠷ | ᠠᠳᠬᠤᠨ᠎ᠠ᠃ ᠲᠠᠪᠤ ᠳᠤ ᠨᠡᠶᠢᠭᠡᠮ ᠤᠨ ᠪᠠᠲᠤᠯᠠᠭ᠎ᠠ ᠶᠢᠨ ᠲᠣᠤᠷ ᠢ ᠪᠠᠬᠢᠵᠢᠭᠦᠯᠤᠨ᠎ᠠ᠃ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠤᠡᠴᠡᠯᠠᠨ ᠬᠠᠯᠡᠮᠵᠢᠯᠠᠵᠤ ᠲᠥᠪᠬᠢᠨᠡᠭᠦᠯᠬᠦ ᠵᠡᠷᠭᠡ | ᠲᠦᠷᠢᠮ ᠲᠤᠭᠲᠠᠯᠴᠠᠭ᠎ᠠ ᠶᠢ ᠵᠦᠶ ᠵᠣᠬᠢᠰᠲᠠᠶ ᠲᠡᠭᠦᠯᠳᠡᠷᠵᠢᠭᠦᠯᠦᠨ᠎ᠡ᠃ ᠲᠡᠶᠢᠹᠦᠰᠧ ᠬᠤᠰᠢᠭᠤᠨ ᠤ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠤᠯᠳᠡᠢ ᠲᠥᠯᠥᠪᠵᠢᠭᠦᠯᠬᠦ ᠶᠢ ᠯᠠᠪᠳᠠᠭᠤᠨ | ᠠᠬᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠨᠠᠰᠤᠵᠢᠯ ᠤᠨ ᠦᠡᠳᠤᠰᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠲᠡᠰ ᠤᠨ | ᠨᠢᠭᠡᠳᠦᠯᠲᠡᠶ ᠲᠥᠯᠥᠪᠯᠡᠬᠦ ᠶᠢ ᠲᠦᠯᠬᠢᠨ ᠠᠬᠢᠭᠤᠯᠤᠨ᠎ᠠ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠯᠲᠠ | ᠶᠢᠨ ᠠᠮᠤᠷ ᠲᠦᠪᠰᠢᠨ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠦᠴᠦᠨ ᠢ ᠬᠥᠲᠥᠯᠥᠨ | ᠵᠢᠯᠣᠭᠤᠳᠴᠤ ᠨᠠᠰᠤᠵᠢᠯ ᠤᠨ ᠠᠰᠡᠷᠡᠮᠵᠢ ᠶᠢᠨ ᠥᠢᠯᠡᠴᠢᠯᠡᠬᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ | ᠡᠵᠡᠩᠨᠡᠯᠲᠡ ᠳᠤ ᠣᠷᠣᠯᠴᠠᠭᠤᠯᠵᠤ᠂ 7 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠢᠷᠭᠤᠭ᠎ᠠ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ | ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 90 | ᠬᠠᠭᠤᠴᠢᠨ ᠰᠠᠭᠤᠭᠠᠯᠢ ᠲᠣᠭᠤᠷᠢᠭ᠂ 60 ᠺᠢᠯᠣᠮᠧᠲᠷ ᠤᠷᠲᠤ ᠬᠠᠭᠤᠴᠢᠨ ᠬᠤᠭᠤᠯᠠᠶ ᠲᠣᠤᠷ ᠢ ᠦᠭᠡᠷᠡᠴᠢᠯᠡᠨ᠂ | 6 ᠵᠤᠷᠪᠤᠰ ︽ᠲᠠᠰᠤᠷᠬᠠᠢ ᠵᠠᠮ︾ ᠢ ᠨᠡᠪᠲᠡᠷᠡᠭᠦᠯᠦᠨ᠎ᠡ᠃ ᠵᠢᠯ ᠤᠨ ᠳᠤᠳᠤᠷ᠎ᠠ ᠭᠡᠷ ᠪᠠᠶᠢᠰᠢᠩ ᠤᠨ ᠦᠯᠦ ᠬᠦᠳᠡᠯᠬᠦ | ᠬᠥᠷᠥᠩᠭᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠦᠨᠳᠣᠰᠦᠨ ᠳᠡᠭᠡᠨ ᠰᠢᠢᠳᠪᠦᠷᠢᠯᠠᠵᠤ᠂ ᠨᠤᠷᠡᠮᠠᠷ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠤᠨ ᠬᠤᠭᠤᠴᠠᠭ᠎ᠠ ᠨᠢ ᠦᠩᠭᠡᠷᠡᠵᠤ ᠲᠥᠪᠬᠢᠨᠡᠭᠦᠯᠦᠭᠡᠳᠦᠢ | ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠠᠭᠦ ᠶᠢ ᠪᠠᠲᠤᠯᠠᠨ᠎ᠠ᠃ ᠳᠣᠯᠤᠭ᠎ᠠ ᠳᠤ ᠨᠡᠶᠢᠭᠡᠮ ᠤᠨ ᠲᠣᠭᠲᠠᠭᠤᠨ | ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠬᠠᠷ᠎ᠠ ᠪᠦᠯᠦᠭᠲᠡᠨ ᠬᠠᠷᠭᠢᠰ ᠬᠦᠴᠦᠨ︾ ᠢ ᠠᠷᠢᠯᠭᠠᠬᠤ | ᠲᠤᠰᠬᠠᠢ ᠲᠡᠮᠡᠴᠡᠯ ᠤᠨ ᠡᠴᠤᠰ ᠤᠨ ᠲᠡᠶᠢᠯᠡᠯᠳᠤᠭᠠᠨ ᠢ ᠰᠠᠶᠢᠲᠤᠷ ᠬᠢᠵᠦ᠂ ᠨᠡᠶᠢᠬᠡᠮ ᠤᠨ ᠠᠮᠤᠷ ᠲᠦᠪᠰᠢᠨ ᠢ | ᠶᠡᠷᠤᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ | ᠵᠠᠬᠢᠳᠠᠯ ᠰᠤᠷᠪᠦᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠠᠵᠤ᠂ ᠤᠯᠠᠨ ᠲᠦᠮᠡᠨ ᠤ ᠵᠦᠶ ᠵᠣᠬᠢᠰᠲᠠᠶ ᠬᠦᠰᠡᠯ | ᠱᠠᠭᠠᠷᠳᠠᠯᠭ᠎ᠠ ᠶᠢ ᠬᠠᠮᠠᠭᠠᠯᠠᠨ᠎ᠠ᠃ ᠢᠳᠠᠭᠡᠨ ᠤᠮᠳᠠᠭᠠᠨ ᠡᠮ ᠡᠮᠨᠠᠯᠭᠡ᠂ ᠭᠠᠯ ᠰᠡᠷᠭᠡᠶᠢᠯᠡᠬᠦ ᠵᠡᠷᠭᠡ ᠬᠦᠷᠢᠶᠡᠨ ᠳᠠᠬᠢ | ᠠᠮᠤᠷ ᠲᠦᠪᠰᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠡᠶᠢᠭᠤᠯᠬᠤ ᠠᠵᠢᠯ ᠢ ᠡᠬᠢᠯᠡᠭᠦᠯᠤᠨ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠤ ᠪᠦᠯᠬᠦᠮᠳᠡᠯ ᠪᠠ ᠬᠢᠯᠢ | ᠬᠢᠵᠠᠭᠠᠷ ᠤᠨ ᠲᠣᠭᠲᠠᠭᠤᠨ ᠢ ᠪᠠᠲᠤᠯᠠᠨ᠎ᠠ᠃ | ︵ᠳᠣᠯᠤᠭ᠎ᠠ︶ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠳᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠡᠯᠪᠢᠨ᠎ᠠ᠃ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠤᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠵᠠᠬᠢᠷᠭ᠎ᠠ ᠶᠢᠨ | ᠠᠵᠢᠯ ᠤᠨ ᠡᠯ᠎ᠡ ᠬᠦᠷᠢᠶᠡᠨ ᠳᠠᠬᠢ ᠪᠥᠬᠦ ᠶᠠᠪᠤᠴᠠ ᠳᠤ ᠨᠠᠶᠢᠳᠠᠪᠦᠷᠢᠵᠢᠭᠤᠯᠵᠤ᠂ ᠵᠠᠰᠠᠭ ᠤᠨ ᠵᠠᠷᠯᠢᠭ ᠰᠠᠭᠠᠳ ᠥᠬᠡᠶ᠂ | ᠵᠠᠷᠯᠢᠭ ᠴᠠᠭᠠᠵᠠ ᠶᠢ ᠡᠷᠡᠰ ᠵᠢᠷᠣᠮᠯᠠᠬᠤ ᠪᠠᠨ ᠪᠠᠲᠤᠯᠠᠨ᠎ᠠ᠃ ᠬᠤᠶᠠᠷ ᠲᠤ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠵᠥᠷᠢᠴᠡᠨ ᠬᠠᠤᠯᠢ ᠵᠥᠷᠢᠴᠡᠭᠰᠡᠨ ᠠᠰᠠᠭᠤᠳᠡᠯ ᠢ ᠲᠤᠰᠬᠠᠶ ᠵᠡᠰᠠᠨ | ᠴᠡᠭᠴᠡᠯᠡᠭᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠶᠡᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ | ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠦᠨᠳᠦᠰᠦᠨ | ᠱᠠᠲᠤᠨ ᠤ ︽ᠦᠴᠤᠬᠡᠨ ᠢᠯᠵᠠᠷᠠᠯ︾ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ | ᠲᠦᠷᠢᠮ ᠤᠨ ︽ᠰᠢᠩᠭᠡᠯᠢᠭ︾ ᠢ ᠴᠢᠩᠭᠠᠯᠠᠨ᠎ᠠ᠃ ᠭᠤᠷᠪᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠬᠦᠡᠵᠡᠭᠡᠶᠢᠷᠡᠭᠦᠯᠤᠨᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ ᠤᠨ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠨᠡᠶᠢᠭᠡᠮ ᠤᠨ | ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠡᠮᠬᠢ ᠵᠢᠷᠤᠮ ᠢ ᠴᠢᠩᠭ᠎ᠠ | ᠵᠢᠷᠤᠮᠯᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠤᠰᠤᠭᠠᠷ ᠰᠢᠢᠳᠪᠦᠷᠢᠲᠤ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ᠶᠢᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠵᠦ᠂ ︽ᠳᠣᠯᠣᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃ ᠲᠦᠷᠪᠡ ᠳᠤ ᠠᠵᠢᠯ ᠤᠨ ᠰᠤᠷᠲᠠᠯ ᠢᠶᠠᠨ | ᠦᠷᠭᠦᠯᠵᠢᠯᠡᠨ ᠰᠠᠶᠢᠵᠢᠷᠠᠭᠤᠯᠤᠨ᠎ᠠ᠃ ︽ᠳᠣᠬᠢᠶᠠᠨ ᠳ᠋ᠧᠩ︾ ᠤᠨ ᠦᠵᠡᠯ ᠤᠬᠠᠮᠰᠠᠷ ᠢ ᠴᠢᠩᠭᠠᠷᠠᠭᠤᠯᠵᠤ᠂ ︽ᠬᠢᠷᠢ | ᠪᠦᠲᠦᠮᠵᠢ ᠶᠢᠨ ᠬᠠᠭᠤᠳᠠᠰᠤ︾ ᠶᠢᠨ ᠬᠠᠮᠢᠶᠠᠷᠤᠯᠲᠠ ᠶᠢ ᠴᠢᠩᠭᠠᠳᠬᠠᠵᠤ᠂ ︽ ᠴᠠᠭ ᠲᠡᠷᠤᠢ ᠳᠤᠨᠢ | ᠭᠦᠢᠴᠡᠳᠭᠡᠬᠦ ︾ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠠᠵᠢᠯ ᠢᠶᠠᠨ ᠲᠡᠭᠦᠰᠬᠡᠬᠦ︾ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ | ᠱᠠᠳᠤ ᠪᠣᠯᠤᠨ ᠡᠯ᠎ᠡ ᠱᠠᠲᠤᠨ ᠤ ᠺᠠᠳ᠋ᠷᠴᠣᠳ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠨᠡᠩ ᠠᠷᠪᠢᠨ ᠴᠠᠭ | ᠴᠢᠯᠤᠭᠡ ᠲᠠᠢ ᠪᠠᠶᠢᠬᠤ ᠪᠠ ᠤᠶᠤᠨ ᠴᠢᠳᠠᠯ ᠲᠠᠢ ᠪᠠᠶᠢᠯᠭᠠᠨ᠎ᠠ ᠃ ᠵᠠᠰᠠᠭ ᠵᠠᠬᠢᠷᠭᠠᠨ ᠤ ᠦᠪᠡᠷ ᠤᠨ ᠥᠷᠲᠡᠭ ᠢ | ᠦᠷᠭᠦᠯᠵᠢᠯᠡᠨ ᠪᠠᠭᠠᠰᠬᠠᠵᠤ᠂ ᠠᠶᠢᠮᠠᠭ ᠤᠨ ᠲᠣᠰ ᠱᠠᠲᠤᠨ ᠤ ᠡᠩ ᠤᠨ ᠵᠠᠷᠤᠯᠭ᠎ᠠ ᠶᠢ ᠬᠠᠰᠤᠬᠤ ᠠᠴᠠ ᠪᠢᠰᠢ | ᠨᠡᠮᠡᠭᠳᠡᠭᠦᠯᠬᠦ ᠦᠭᠡᠢ᠂ ᠬᠢᠵᠠᠭᠠᠷ ᠲᠠᠢ ᠡᠳ᠋ ᠤᠨ ᠵᠠᠰᠠᠭ ᠤᠨ ᠤᠷᠦᠯᠭ᠎ᠠ ᠶᠢ ︽ᠵᠢᠷᠭᠤᠭᠠᠨ ᠪᠠᠲᠦᠯᠠᠭ᠎ᠠ︾ ᠳᠤ | ᠢᠯᠡᠭᠦᠦ ᠬᠡᠷᠡᠭᠯᠡᠨ᠎ᠡ᠃ | ᠡᠷᠬᠢᠯᠡᠭᠴᠢ ᠨᠠᠷ᠂ ᠭᠡᠰᠢᠭᠦᠤᠨ ᠠ᠋᠂ ᠴᠠᠭ ᠦᠶ᠎ᠡ ᠪᠣᠯ ᠰᠢᠯᠭᠠᠯᠲᠠ ᠭᠠᠷᠭᠠᠭᠴᠢ ᠂ ᠪᠢᠳᠡ ᠪᠣᠯ ᠰᠢᠯᠭᠠᠯᠲᠠ | ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠭᠦᠮᠳᠡᠵᠡᠭᠡᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠠᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠡᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠡᠷᠡᠮᠡᠬᠡᠶᠢᠯᠡᠨ | ᠤᠷᠤᠭᠰᠢᠯᠠᠵᠤ᠂ ᠡᠯ᠎ᠡ ᠵᠤᠶᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠲᠠᠰᠤᠷᠠᠯᠳᠠ ᠦᠭᠡᠢ ᠴᠢᠷᠮᠠᠶᠢᠨ | ᠲᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠤ ᠳᠠᠶᠢᠯᠠᠯᠳᠤᠭᠠᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠢᠭᠤᠯᠬᠤ ᠰᠢᠢᠳᠪᠦᠷᠢᠲᠤ ᠢᠯᠠᠯᠲᠠ ᠶᠢ ᠤᠯᠬᠤ ᠴᠠᠭ ᠦᠶ᠎ᠡ ᠶᠢᠨ ᠶᠡᠭᠡ | ᠰᠢᠯᠭᠠᠯᠲᠠ ᠳᠤ ᠨᠠᠮ ᠪᠣᠯᠤᠨ ᠠᠷᠠᠳ ᠲᠦᠮᠡᠨ ᠳᠡᠭᠡᠨ ᠲᠡᠭᠦᠰ ᠠᠮᠵᠢᠯᠲᠠ ᠲᠠᠢ ᠰᠢᠯᠭᠠᠯᠲᠠ ᠶᠢᠨ ᠬᠠᠭᠤᠳᠠᠰᠤ | ᠲᠣᠰᠢᠶᠠᠵᠠᠭᠠᠶᠠ᠃ |