2020 ᠣᠨ ᠤ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠪᠠᠶᠢᠳᠠᠯ ᠤᠨ ᠲᠤᠬᠠᠶ ᠢᠯᠡᠳᠭᠡᠯ
ᠨᠡᠶᠢᠲᠡᠯᠡᠭᠰᠡᠨ ᠴᠠᠭ᠄
2020/5/9
                    ᠪᠦᠬᠦ ᠠᠶᠢᠮᠠᠭ  ᠤᠨ  ᠠᠵᠤ  ᠠᠬᠤᠶ  ᠨᠡᠶᠢᠭᠡᠮ  ᠤᠨ                     ᠭᠦᠭᠵᠢᠭᠦᠯᠦᠯᠳᠡ ᠶᠢᠨ ᠪᠠᠶᠢᠳᠠᠯ ᠤᠨ ᠲᠤᠬᠠᠶ ᠢᠯᠡᠳᠭᠡᠯ                                                                                 ᠰᠢᠯᠢ ᠶᠢᠨ ᠭᠤᠣᠯ ᠠᠶᠢᠮᠠᠭ ᠤᠨ ᠵᠠᠬᠢᠷᠭ᠎ᠠ                             ︵ 2020 ᠣᠨ ᠤ 5 ᠳ᠋ᠣᠭᠠᠷ ᠰᠠᠷ᠎ᠠ ᠶᠢᠨ 7 ᠤ ᠡᠳᠦᠷ  ︶ᠲᠡᠷᠢᠭᠦᠯᠡᠭᠴᠢ ᠨᠠᠷ᠂ ᠭᠡᠰᠢᠭᠦᠳ ᠡ᠄     ᠳᠣᠣᠷ᠎ᠠ ᠪᠢ ᠵᠠᠬᠢᠷᠭ᠎ᠠ ᠶᠢᠨ ᠡᠮᠣᠨ᠎ᠡ ᠠᠴᠠ 2019 ᠣᠨ ᠤ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠭᠦᠭᠵᠢᠭᠦᠯᠦᠯᠳᠡ ᠶᠢᠨ ᠪᠠᠶᠢᠳᠠᠯ ᠪᠣᠯᠤᠨ 2020 ᠣᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠣᠯᠳᠠ ᠶᠢᠨ ᠲᠤᠬᠠᠢ ᠢᠯᠡᠳᠭᠡᠯ ᠬᠢᠶ᠎ᠡ᠂ ᠲᠡᠷᠢᠭᠦᠯᠡᠭᠴᠢ ᠨᠠᠷ᠂ ᠭᠡᠰᠢᠭᠦᠳ ᠰᠠᠨᠠᠯ ᠵᠦᠪᠯᠡᠯᠭᠡ ᠳᠤᠷᠠᠳᠬᠤ ᠪᠣᠯᠪᠠᠤ᠃     ᠨᠢᠭᠡ᠂ 2019 ᠣᠨ ᠤ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ  ᠪᠠᠶᠢᠳᠠᠯ     ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠠᠬᠢᠴᠠ ᠪᠠ ᠦᠷ᠎ᠡ ᠪᠦᠲᠦᠮᠵᠢ ᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 3.4% ᠪᠠᠷ ᠨᠡᠮᠡᠭᠳᠡᠵᠦ᠂  ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ 4.2% ᠢᠶᠠᠷ ᠨᠡᠮᠡᠭᠳᠡᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ   ᠶᠢᠨ ᠪᠡᠯᠡ ᠣᠷᠣᠭᠤᠯᠤᠯᠲᠠ 13.9% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠬᠦᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ 3.3% ᠪᠠᠷ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠲᠤᠰ ᠲᠤᠰ 6.5% ᠪᠠ 10.7% ᠪᠠᠷ ᠨᠡᠮᠡᠭᠳᠡᠪᠡ᠃      ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠄     ︵ᠨᠢᠭᠡ︶ ᠬᠦᠴᠦᠨ ᠢᠶᠠᠨ ᠲᠥᠪᠯᠡᠷᠡᠭᠦᠯᠦᠨ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠪᠡ᠃ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠣᠷ ᠬᠢᠪᠡ᠃  ᠪᠦᠬᠦ ᠵᠢᠯ ᠳᠤ 9.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1712 ᠡᠷᠦᠬᠡ ᠶᠢᠨ 3223 ᠬᠥᠮᠦᠨ ᠢ ᠶᠠᠳᠠᠭᠤ ᠠᠴᠠ ᠠᠩᠬᠢᠵᠢᠷᠠᠭᠤᠯᠵᠣ᠂ ᠲᠠᠶᠢᠹᠣᠰᠧ ᠬᠤᠰᠢᠭᠤ᠂ ᠰᠢᠯᠣᠭᠤᠨ ᠬᠦᠪᠡᠭᠡᠳᠣ ᠴᠠᠭᠠᠨ ᠬᠤᠰᠢᠭᠤ ᠨᠢ ᠶᠠᠳᠠᠭᠤ ᠠᠴᠠ ᠪᠠᠨ ᠠᠩᠬᠢᠵᠢᠷᠠᠵᠣ᠂ ᠣᠳᠣ 8 ᠶᠠᠳᠠᠭᠤ ᠬᠦᠴᠢᠷᠳᠡᠯᠲᠠᠢ ᠬᠤᠰᠢᠭᠤ ᠰᠢᠶᠠᠨ ᠨᠢ ᠴᠦᠮ  ᠶᠠᠳᠠᠭᠤ ᠠᠴᠠ ᠪᠠᠨ ᠠᠩᠭᠢᠵᠢᠷᠠᠵᠣ᠂ 228 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂  ᠶᠠᠳᠠᠭᠤᠷᠠᠬᠤ ᠨᠣᠷᠮ᠎ᠠ ᠶᠢ 0.03% ᠭᠦᠷᠳᠡᠯ᠎ᠡ ᠪᠠᠭᠤᠷᠠᠭᠤᠯᠪᠠ᠃ ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠦᠴᠦᠯᠡᠨ ᠰᠠᠶᠢᠲᠤᠷ ᠠᠳᠬᠤᠵᠠᠢ᠃ ᠪᠥᠬᠦ ᠵᠢᠯ ᠳᠤ ᠰᠢᠯᠢ ᠶᠢᠨ ᠬᠤᠳᠠ ᠣᠷᠣᠨ ᠤ ᠴᠡᠪᠡᠷ ᠲᠣᠩᠭᠠᠯᠠᠭ ᠠᠭᠤᠷ ᠠᠮᠢᠰᠬᠤᠯᠳᠣ ᠡᠳᠦᠷ ᠤᠨ ᠲᠣᠭᠠᠨ ᠤ ᠬᠠᠷᠢᠴᠠᠯ ᠢ 98.9%   ᠳᠤ ᠬᠦᠷᠭᠡᠵᠣ᠂ ᠯᠤᠸᠠᠨ ᠾᠧ ᠭᠤᠤᠯ ᠤᠨ ᠳ᠋ᠠ ᠾᠧ ᠺᠸᠦ᠂ ᠰᠢᠯᠢ ᠶᠢᠨ ᠭᠤᠤᠯ ᠤᠨ ᠤᠰᠤᠨ ᠤ ᠴᠢᠨᠠᠷ ᠢ ᠬᠢᠨᠠᠨ ᠰᠢᠯᠭᠠᠬᠤ ᠬᠡᠰᠡᠭ ᠢ ᠬᠠᠷᠠᠯᠲᠠ ᠳᠤ ᠬᠦᠷᠭᠡᠵᠣ ᠰᠢᠯᠢᠳᠡᠭ ᠪᠣᠯᠭᠠᠵᠠᠶ᠃ 62.35% ᠶᠢᠨ ᠠᠶᠢᠮᠠᠭ ᠤᠨ ᠬᠠᠷᠢᠶᠠᠨ ᠳᠠᠬᠢ ᠲᠠᠯᠠᠪᠠᠢ ᠶᠢ ᠤᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠵᠤ᠂ ᠪᠠᠶᠢᠭᠠᠯᠢ ᠶᠢᠨ ᠪᠡᠯᠴᠢᠭᠡᠷ ᠤᠨ ᠳᠠᠭᠠᠭᠠᠴᠠ ᠳᠠᠬᠢ ᠮᠠᠯ ᠤᠨ ᠲᠤᠭ᠎ᠠ ᠲᠣᠯᠣᠭᠠᠢ 3 ᠵᠢᠯ ᠳᠠᠷᠠᠭᠠᠯᠠᠨ  ᠬᠠᠰᠣᠭᠳᠠᠵᠠᠢ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠴᠢᠭ᠂ ᠵᠠᠳᠠᠭᠠᠶ ᠠᠭᠤᠷᠬᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠲᠠᠪᠤᠨ ᠵᠢᠯ ᠤᠨ ᠠᠬᠢᠭᠤᠯᠬᠤ ᠲᠦᠯᠦᠪᠵᠢᠭᠦᠯᠭᠡ ᠶᠢ ᠡᠬᠢᠯᠡᠭᠦᠯᠵᠦ᠂ ᠪᠦᠬᠦ ᠵᠢᠯ ᠳᠤ 95 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠪᠡᠶᠡᠯᠡᠭᠦᠯᠵᠦ  ᠂  ᠵᠠᠰᠠᠬᠤ ᠬᠤᠭᠤᠴᠠᠭᠠᠨ   ᠳᠠᠬᠢ ᠠᠭᠤᠷᠬᠠᠢ ᠶᠢ 31.35 ᠬᠠᠪᠳᠠᠭᠠᠢ ᠲᠦᠷᠪᠡᠯᠵᠢᠨ ᠺᠢᠯᠣᠮᠧᠲᠷ ᠴᠡᠭᠴᠡᠯᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ 12 ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠵᠤ᠂ ᠠᠮᠢ ᠠᠬᠤᠢ ᠶᠢᠨ ᠬᠦᠷᠢᠶᠡᠨ ᠤ ︽ᠤᠯᠤᠰ ᠤᠨ ᠳᠡᠰ︾ ᠤᠨ ᠨᠡᠷᠡᠶᠢᠳᠦᠯ   ᠢ 10 ᠳᠤ ᠭᠦᠷᠭᠡᠪᠡ᠃ ᠭᠤᠷᠪᠠ ᠳᠤ ᠵᠢᠯ ᠤᠨ ᠲᠣᠳᠣᠷ᠎ᠠ ᠥᠷᠢ ᠦᠭᠴᠡᠭᠡ ᠶᠢ ᠠᠷᠢᠯᠭᠠᠵᠣ ᠲᠦᠯᠦᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠵᠠᠰᠠᠭ ᠤᠨ ᠣᠷᠳᠣᠨ ᠤ ᠨᠢᠭᠤᠭᠳᠠᠮᠠᠯ ᠦᠷᠢ ᠥᠭᠴᠡᠭᠡᠨ ᠤ ᠲᠦᠭᠰᠢᠭᠦᠷᠢ ᠶᠢ ᠪᠠᠭᠠᠰᠬᠠᠬᠤ ᠠᠵᠢᠯ ᠤᠨ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠤᠶᠢᠰᠢᠯᠠᠭᠤᠯᠬᠤ ᠪᠠ ᠪᠠᠭᠠᠰᠬᠠᠬᠤ 134 ᠲᠥᠷᠥᠯ  ᠵᠦᠢᠯ ᠢ  ᠵᠣᠭᠰᠣᠭᠠᠵᠣ᠂ ᠰᠢᠯᠢ ᠶᠢᠨ ᠬᠤᠳᠠ ᠤᠯᠤᠰ ᠤᠨ ᠪᠠᠶᠢᠭᠤᠯᠤᠮᠵᠢ ᠶᠢᠨ ᠰᠢᠶᠠᠨ ᠤ ᠨᠢᠭᠤᠭᠳᠠᠮᠠᠯ ᠦᠷᠢ ᠥᠭᠴᠡᠭᠡ ᠶᠢ ᠠᠷᠢᠯᠭᠠᠬᠤ ᠲᠣᠷᠰᠢᠯᠳᠠ ᠶᠢᠨ ᠴᠢᠭ ᠲᠤ  ᠵᠢᠠᠠᠰᠠᠭᠠᠭᠳᠠᠵᠣ 32.34 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ  ᠬᠦᠴᠦᠯᠡᠨ ᠣᠯᠪᠠ᠃ ᠪᠦᠬᠦ ᠵᠢᠯ ᠳᠤ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ 95 ᠳ᠋ᠦᠩᠰᠢᠭᠤᠷ ᠲᠥᠭᠦᠷᠢᠭ ᠠᠷᠢᠯᠭᠠᠵᠣ᠂ ᠡᠭᠦᠷᠭᠡ ᠪᠠᠨ 280.7% ᠪᠠᠷ ᠪᠡᠶᠡᠯᠡᠭᠦᠯᠪᠡ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠣ ᠠᠬᠤᠶᠢᠯᠠᠯ ᠳᠤ ᠥᠷᠢᠲᠦᠭᠰᠡᠨ 36.2 ᠳ᠋ᠦᠩᠰᠢᠭᠤᠷ ᠲᠥᠭᠦᠷᠢᠭ ᠢ ᠪᠣᠴᠠᠭᠠᠵᠣ᠂ ᠡᠭᠦᠷᠭᠡ ᠪᠠᠨ 105.5% ᠪᠠᠷ ᠪᠡᠶᠡᠯᠡᠭᠦᠯᠵᠦ᠂ ᠪᠦᠬᠦ ᠠᠶᠢᠮᠠᠭ ᠤᠨ ᠨᠢᠭᠤᠭᠳᠠᠮᠠᠯ ᠥᠷᠢ ᠦᠭᠴᠡᠭᠡᠨ ᠤ ᠲᠦᠭᠰᠢᠭᠦᠷᠢ ᠶᠢᠨ ᠳᠡᠰ ᠢ ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ᠃     ︵ᠬᠤᠶᠠᠷ︶ ᠲᠥᠪᠯᠡᠷᠡᠭᠦᠯᠦᠨ ᠪᠣᠭᠤᠮᠲᠠ ᠰᠢᠪᠲᠤᠯᠵᠤ ᠠᠰᠠᠭᠤᠳᠠᠯ ᠤᠨ ︽ᠦᠯᠡᠳᠡᠭᠡᠯ︾ ᠢ ᠠᠷᠢᠯᠭᠠᠪᠠ᠃ ᠨᠢᠭᠡ  ᠳᠤ  ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠱᠠᠯᠠᠪᠳᠠᠭᠤᠯᠣᠨ ᠪᠠᠶᠢᠴᠠᠭᠠᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ᠠᠷᠪᠠᠨ ᠵᠦᠢᠯ ᠢ ᠪᠦᠬᠦᠨ ᠢ ᠴᠡᠪᠡᠷᠯᠡᠨ ᠪᠠᠷᠢᠮᠵᠢᠶᠠᠨ ᠳᠤ ᠬᠦᠷᠭᠡᠬᠦ︾ ᠠᠵᠢᠯᠯᠠᠭ᠎ᠠ ᠶᠢ ᠪᠡᠶᠡᠯᠡᠭᠦᠯᠪᠡ᠃ ᠬᠤᠶᠠᠷ ᠲᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 18 ᠵᠦᠢᠯ  ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠣᠲᠣ ᠨᠢᠭᠡᠨᠲᠡ 15 ᠶᠢ ᠨᠢ ᠪᠡᠶᠡᠯᠡᠭᠦᠯᠵᠦ᠂ ᠲᠥᠪ ‍ᠤᠨ‌ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠠᠰᠠᠭᠤᠳᠠᠯ ᠤᠨ ᠲᠤᠰᠬᠠᠶ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 24  ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ 13 ᠶᠢ ᠨᠢ ᠪᠡᠶᠡᠯᠡᠭᠦᠯᠵᠦ᠂ ᠪᠤᠰᠤᠳ‌ᠡᠭᠦᠷᠭᠡ ᠶᠢ ᠡᠨᠡ ᠵᠢᠯ ᠤᠨ 6 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ  ᠪᠡᠶᠡᠯᠡᠭᠦᠯᠵᠣ ᠪᠠᠷᠠᠭᠠᠨ᠎ᠠ᠃  ᠭᠤᠷᠪᠠ ᠳᠤ 2016 — 2018 ᠣᠨ ᠳᠤ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠣᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 288 ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠲᠥᠷᠥᠯ ᠤᠨ ᠠᠰᠠᠭᠤᠳᠠᠯ ᠢ ᠪᠥᠬᠦ ᠣᠷᠣᠨ ᠳᠤ ᠤᠷᠢᠳᠠᠪᠠᠷ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠪᠡ᠃ ᠳᠥᠷᠪᠡ ᠳᠤ ᠮᠠᠨ ᠤ ᠠᠶᠢᠮᠠᠭ ᠢᠶᠠᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠤ  ᠬᠠᠩᠭᠠᠯᠭ᠎ᠠ ᠶᠢ ᠪᠠᠲᠤᠯᠠᠬᠤ ᠲᠦᠷᠦᠯ ᠤᠨ ᠨᠡᠭᠦᠷᠡᠰᠦᠨ ᠠᠭᠤᠷᠬᠠᠢ ᠶᠢᠨ ᠭᠠᠷᠳᠠᠮ ᠢ ᠲᠦᠯᠬᠢᠨ ᠠᠬᠢᠭᠤᠯᠬᠤ ᠲᠤᠷᠰᠢᠯᠲᠠ ᠶᠢᠨ ᠭᠠᠵᠠᠷ ᠣᠷᠣᠨ ᠪᠣᠯᠭᠠᠬᠤ ᠪᠠᠷ ᠬᠦᠴᠦᠯᠡᠨ ᠴᠢᠷᠮᠠᠶᠢᠵᠣ᠂ 5 ᠨᠡᠭᠦᠷᠡᠰᠦᠨ ᠠᠭᠤᠷᠬᠠᠢ ᠶᠢᠨ ᠬᠡᠷᠡᠭᠯᠡᠬᠦ ᠭᠠᠵᠠᠷ ᠪᠠ ᠠᠭᠤᠷᠬᠠᠶ ᠮᠠᠯᠲᠠᠬᠤ ᠭᠠᠷᠳᠠᠮ ᠢ ᠪᠦᠬᠦᠨ ᠢ ᠬᠦᠢᠴᠡᠳᠭᠡᠵᠣ᠂ 7 ᠨᠡᠭᠦᠷᠡᠰᠦᠨ ᠠᠭᠤᠷᠬᠠᠶ ᠶᠢ ᠬᠢᠨᠠᠨ ᠵᠥᠪᠰᠢᠶᠡᠷᠡᠭᠦᠯᠵᠦ᠂ ᠨᠡᠭᠦᠷᠡᠰᠦᠨ ᠠᠭᠤᠷᠬᠠᠶ ᠶᠢ ︽ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ︾ ᠬᠢᠨᠠᠨ ᠵᠦᠪᠰᠢᠶᠡᠷᠡᠯ ᠤᠨ ᠠᠰᠠᠭᠤᠳᠠᠯ ᠢ ᠦᠨᠳᠣᠰᠣᠨ ᠳᠡᠭᠡᠨ ᠰᠢᠢᠳᠪᠦᠷᠢᠯᠡᠪᠡ᠃    ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠲᠣᠭᠤᠷᠢᠨ ᠳᠤ ᠠᠵᠤ ᠠᠬᠤᠶ ᠶᠢᠨ ︽ᠨᠡᠮᠡᠭᠳᠡᠯ ᠤᠨ ᠬᠡᠮᠵᠢᠶ᠎ᠡ︾ ᠶᠢ ᠰᠢᠯᠢᠳᠡᠭᠵᠢᠭᠦᠯᠪᠡ᠃ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠨᠢᠭᠡ ᠳᠤ ︽ᠬᠤᠨᠢ ᠶᠢ ᠴᠦᠭᠡᠳᠭᠡᠨ ᠦᠬᠡᠷ ᠢ ᠨᠡᠮᠡᠭᠳᠡᠭᠦᠯᠬᠦ︾ ᠶᠢ ᠦᠷᠭᠦᠯᠵᠢᠯᠡᠨ ᠰᠠᠶᠢᠲᠤᠷ ᠠᠳᠬᠤᠪᠠ᠃ ᠵᠢᠯ ᠤᠨ ᠳᠣᠲᠣᠷ᠎ᠠ 2.18 ᠲᠦᠮᠡᠨ ᠰᠢᠯᠢᠳᠡᠭ ᠡᠭᠦᠯᠳᠡᠷ ᠤᠨ ᠠᠯᠠᠰᠢᠨ ᠦᠬᠡᠷ ᠣᠷᠣᠭᠤᠯᠵᠤ᠂ 9 ᠦᠷ᠎ᠡ ᠶᠢᠨ ᠮᠠᠯ ᠤᠨ ᠲᠠᠯᠠᠪᠠᠢ᠂ 42 ᠭᠤᠣᠯ ᠰᠦᠷᠦᠭ ᠢ ᠰᠢᠨ᠎ᠡ ᠪᠠᠷ ᠪᠠᠶᠢᠭᠤᠯᠵᠤ᠂ 1.2 ᠲᠦᠮᠡᠨ ᠲᠣᠯᠣᠭᠠᠢ ᠠᠯᠠᠰᠢᠨ ᠦᠬᠡᠷ ᠬᠠᠩᠭᠠᠬᠤ ᠴᠢᠳᠠᠪᠣᠷᠢ ᠶᠢ ᠨᠡᠮᠡᠭᠳᠡᠭᠦᠯᠵᠦ᠂ ᠠᠩᠭᠢᠰ ᠵᠡᠷᠭᠡ ᠳᠡᠭᠡᠳᠣ ᠲᠡᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ ᠪᠠᠶᠢᠷᠢᠯᠠᠪᠠ᠃ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠳᠠᠪᠠᠭᠤᠯᠢᠭ ᠣᠷᠣᠨ ᠤ ᠬᠡᠷᠡᠭᠵᠢᠭᠦᠯᠬᠦ ᠲᠥᠯᠥᠪᠵᠢᠭᠦᠯᠭᠡ︾ ᠶᠢ ᠨᠡᠶᠢᠲᠡᠯᠡᠵᠦ᠂ ᠰᠢᠯᠢᠳᠡᠭ ᠡᠭᠦᠯᠳᠡᠷ ᠤᠨ ᠰᠦᠨᠢᠳ ᠬᠤᠨᠢᠨ ᠤ ᠲᠠᠯᠠᠪᠠᠢ ᠶᠢ ᠤᠯᠤᠰ ‍ᠤᠨ‌ᠠᠯᠠᠰᠢᠨ ᠬᠤᠨᠢᠨ ᠤ ᠭᠤᠤᠯ ᠮᠠᠯᠵᠢᠯ ᠤᠨ ᠲᠠᠯᠠᠪᠠᠢ ᠪᠠᠷ ᠵᠦᠪᠰᠢᠶᠡᠷᠡᠭᠦᠯᠪᠡ  ᠃ 2019 ᠣᠨ ᠤ ᠮᠠᠯᠵᠢᠯ ᠤᠨ ᠣᠨ ᠤ ᠡᠪᠦᠯᠵᠢᠭᠦᠯᠬᠦ ᠮᠠᠯ ᠤᠨ ᠲᠤᠭ᠎ᠠ ᠲᠣᠯᠣᠭᠠᠢ ᠶᠢ 1298 ᠲᠦᠮᠡᠨ ᠲᠣᠯᠣᠭᠠᠢ ᠪᠣᠯᠭᠠᠵᠣ᠂  ᠡᠭᠦᠨ ᠳᠤ ᠪᠣᠭ ᠮᠠᠯ ᠤᠨ ᠲᠤᠭ᠎ᠠ ᠶᠢ 1109 ᠲᠦᠮᠡᠨ ᠲᠣᠯᠣᠭᠠᠢ ᠪᠣᠯᠭᠠᠨ ᠪᠠᠭᠠᠰᠬᠠᠵᠣ᠂ ᠪᠣᠳᠠ ᠮᠠᠯ ᠤᠨ ᠲᠤᠭ᠎ᠠ ᠶᠢ 160 ᠲᠦᠮᠡᠨ ᠲᠣᠯᠣᠭᠠᠢ ᠪᠣᠯᠭᠠᠨ ᠨᠡᠮᠡᠭᠳᠡᠭᠦᠯᠪᠡ᠃  ᠬᠤᠶᠠᠷ ᠲᠤ ᠳᠠᠭᠠᠭᠤᠯᠣᠨ ᠳᠠᠶᠢᠴᠢᠯᠠᠬᠤ ᠶᠢ ᠰᠠᠶᠢᠲᠤᠷ ᠠᠳᠬᠤᠪᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠢᠯ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 33 ︽ᠪᠠᠷᠢᠮᠵᠢᠶᠠᠨ ᠳᠤ ᠬᠦᠷᠭᠦ ᠦᠭᠡᠢ ᠵᠢᠵᠢᠭ︾ ᠠᠵᠤ ᠠᠬᠤᠶᠢᠯᠠᠯ ᠢ  ᠴᠡᠭᠴᠡᠯᠡᠨ ᠰᠢᠭᠰᠢᠭᠳᠡᠭᠦᠯᠵᠣ᠂ ᠱᠦᠨ ᠰᠢᠨ ᠰᠢᠨ ᠶᠤᠸᠠᠨ᠂ ᠦ᠋ ᠹᠧᠩ ᠣᠳᠣ ᠦᠶ᠎ᠡ ᠵᠡᠷᠭᠡ ᠨᠢᠭᠡ ᠪᠦᠯᠦᠭ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠤᠶᠤ ᠠᠰᠢᠭᠯᠠᠯᠲᠠ ᠳᠤ ᠣᠷᠣᠭᠤᠯᠪᠠ᠃ ᠭᠤᠷᠪᠠ  ᠳᠤ  ᠨᠡᠷ᠎ᠡ ᠲᠡᠮᠳᠡᠭᠲᠦ  ᠶᠢᠨ ᠪᠠᠶᠢᠭᠤᠯᠤᠯᠲᠠ  ᠶᠢ ᠴᠢᠩᠭᠠᠳᠬᠠᠪᠠ᠃ ︽ᠰᠢᠯᠢ ᠶᠢᠨ ᠭᠤᠤᠯ ᠤᠨ ᠬᠤᠨᠢᠨ ᠮᠢᠬ᠎ᠠ︾ ᠨᠢ 2019 ᠣᠨ ᠤ ᠪᠥᠬᠦ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠪᠥᠬᠦ ᠣᠷᠣᠨ ᠤ ᠠᠩᠬᠠᠳᠣᠭᠠᠷ ᠪᠦᠯᠦᠭ ᠤᠨ ︽ᠮᠣᠩᠭᠤᠯ ᠲᠡᠮᠳᠡᠭ︾ ᠲᠤ ᠰᠣᠩᠭᠤᠭᠳᠠᠨ᠂ ︽ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠲᠣᠭᠳᠠᠭᠠᠬᠤ ᠠᠵᠢᠯ ᠢ ᠡᠬᠢᠯᠡᠭᠦᠯᠪᠡ᠃ ᠡᠨᠧᠷᠭᠢ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ᠂ ᠵᠢᠩ ᠨᠧᠩ᠂ ᠬᠤᠸᠠ ᠷᠦᠨ ᠵᠡᠷᠭᠡ 4 ᠴᠠᠬᠢᠯᠭᠠᠨ ᠦᠢᠯᠡᠳᠪᠦᠷᠢ ᠠᠰᠢᠭᠯᠠᠯᠲᠠ ᠳᠤ ᠣᠷᠣᠵᠤ᠂ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠳᠠᠭᠤᠰᠬᠠᠵᠤ᠂ ᠪᠦᠬᠦ ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ 299 ᠲᠦᠮᠡᠨ ᠺᠢᠯᠣᠸᠠᠲ ᠲᠤ ᠬᠦᠷᠴᠦ᠂ ᠢᠯᠴᠢ ᠶᠢᠨ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠶᠡᠷᠦᠩᠬᠡᠶ ᠬᠡᠪᠴᠢᠶ᠎ᠡ ᠨᠢ 596 ᠲᠦᠮᠡᠨ ᠺᠢᠯᠣᠸᠠᠲ ᠤᠨ ᠰᠢᠯᠢ ᠶᠢᠨ ᠭᠤᠤᠯ ᠠᠶᠢᠮᠠᠭ ᠠᠴᠠ ᠵᠢᠶᠠᠩᠰᠦ ᠬᠥᠷᠬᠦ ᠣᠨᠴᠠ ᠥᠨᠳᠥᠷ ᠬᠦᠴᠦᠳᠡᠯᠲᠦ ᠢᠵᠢ ᠪᠥᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠥᠪᠰᠢᠶᠡᠷᠡᠭᠳᠡᠪᠡ︔ ᠶᠡᠷᠦᠩᠬᠡᠶ ᠬᠡᠪᠴᠢᠶ᠎ᠡ ᠨᠢ 700 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠦᠷᠭᠡᠬᠦ ᠢᠨᠵᠧᠨᠧᠷᠢᠩ ᠢ ᠪᠦᠬᠦᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠲᠦᠷ ᠴᠠᠭ ᠤᠨ ᠴᠠᠬᠢᠯᠭᠠᠨ ᠤ ᠦᠨ᠎ᠡ ᠶᠢ ᠭᠷᠠᠳᠦ᠋ᠰ ᠪᠦᠷᠢ ᠳᠡᠭᠡᠨ 0.25 ᠲᠥᠭᠦᠷᠢᠭ ᠪᠠᠶᠢᠭᠰᠠᠨ ᠠᠴᠠ 0.287 ᠲᠥᠭᠦᠷᠢᠭ ᠪᠣᠯᠭᠠᠨ ᠳᠡᠭᠡᠭᠰᠢᠯᠡᠭᠦᠯᠪᠡ᠃ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠬᠦ ᠲᠠᠯ᠎ᠠ ᠪᠠᠷ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠨᠡᠶᠢᠲᠡᠯᠡᠵᠦ᠂  ᠠᠶᠢᠮᠠᠭ ᠤᠨ ᠲᠣᠰ ᠱᠠᠲᠤᠨ ᠳᠤ 3000 ᠲᠦᠮᠡᠨ ᠲᠥᠭᠦᠷᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠣᠳᠣᠷᠢᠳᠣᠨ ᠳᠠᠭᠠᠭᠤᠯᠬᠤ ᠪᠠᠯᠠ ᠮᠥᠩᠭᠦ ᠪᠠᠶᠢᠭᠤᠯᠵᠤ᠂ ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ 70% ᠳᠤ ᠭᠦᠷᠭᠡᠪᠡ᠃ ᠭᠤᠣᠯᠳᠠᠯᠭ᠎ᠠ ᠲᠠᠢ ᠵᠤᠭᠠᠴᠠᠯ ᠤᠨ ᠲᠥᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠬᠡᠵᠦ᠂ 11.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 25 ᠲᠥᠷᠦᠯ ᠵᠦᠢᠯ ᠢ ᠬᠡᠷᠡᠭᠵᠢᠭᠦᠯᠵᠦ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠲᠠᠷᠳᠠᠩ ᠵᠠᠮ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠰᠢᠯᠢ ᠶᠢᠨ ᠭᠤᠣᠯ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠣᠨ ᠠᠰᠢᠭᠯᠠᠯᠲᠠ ᠳᠤ ᠣᠷᠣᠭᠤᠯᠵᠣ᠂ ᠡᠷᠢᠶᠡᠨ ᠬᠤᠲᠠ ᠶᠢ ᠪᠥᠬᠦ ᠣᠷᠣᠨ ᠤ ᠠᠩᠬᠠᠳᠣᠭᠠᠷ ᠪᠦᠯᠦᠭ ᠤᠨ ᠤᠯᠤᠰ ᠤᠨ ᠲᠠᠰ ᠤᠨ ᠪᠦᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠭᠤᠶᠤᠴᠢᠯᠠᠯ ᠢ ᠲᠣᠭᠲᠠᠭᠠᠬᠤ ᠨᠡᠷᠡᠰ ᠲᠤ ᠣᠷᠣᠭᠤᠯᠪᠠ᠃ ᠡᠯᠧᠺᠲᠷᠣᠨ ᠠᠷᠠᠯᠵᠢᠶ᠎ᠠ ᠬᠤᠳᠠᠯᠳᠤᠭ᠎ᠠ ᠶᠢ ᠢᠳᠡᠪᠬᠢᠲᠡᠶ ᠬᠥᠭᠵᠢᠭᠦᠯᠵᠦ᠂ ᠲᠤᠯᠤᠨ ᠨᠣᠣᠷ ᠰᠢᠶᠠᠨ᠂ ᠲᠠᠶᠢᠹᠣᠰᠧ ᠬᠤᠰᠢᠭᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠵᠢᠠᠠᠰᠠᠭᠠᠭᠳᠠᠵᠣ᠂ ᠠ ᠯᠢ ᠪᠠ ᠪᠠ᠂ ᠽᠢ ᠵᠢᠶᠧ ᠲᠢᠶᠣᠣ ᠳ᠋ᠦᠩ᠂ ᠺᠤᠸᠠᠢ ᠱᠧᠦ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠶᠢᠨ ᠭᠦᠨᠵᠡᠭᠡᠶ ᠬᠠᠮᠳᠣᠷᠠᠯᠴᠠᠭ᠎ᠠ ᠪᠠᠨ ᠴᠢᠩᠭᠠᠳᠬᠠᠵᠣ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠪᠣᠷᠣᠯᠠᠭᠤᠯᠣᠭᠰᠠᠨ ᠨᠣᠷᠮ᠎ᠠ 10.3 ᠳ᠋ᠦᠩᠰᠢᠭᠤᠷ ᠲᠥᠭᠦᠷᠢᠭ ᠲᠤ ᠬᠦᠷᠴᠦ᠂ 58% ᠪᠠᠷ ᠨᠡᠮᠡᠭᠳᠡᠪᠡ᠃ ᠰᠢᠨ᠎ᠡ ᠠᠵᠤ ᠦᠢᠯᠡᠰ ᠢ ᠡᠭᠦᠳᠦᠨ ᠪᠤᠶᠢᠵᠢᠭᠤᠯᠬᠤ ᠲᠠᠯ᠎ᠠ ᠪᠠᠷ᠂ ᠬᠢᠮᠡᠯ ᠠᠯᠮᠠᠰ ᠴᠢᠯᠠᠭᠤ᠂ ᠴᠠᠬᠢᠭᠤᠷ ᠮᠠᠩᠭᠠᠨ ᠤ ᠬᠠᠶᠢᠯᠤᠰᠢ᠂ ᠪᠠᠯ ᠴᠢᠯᠠᠭᠤᠨ ᠴᠠᠬᠢᠯᠭᠠᠨ ᠲᠣᠶᠢᠯ ᠵᠡᠷᠭᠡ ᠨᠢᠭᠡ ᠪᠦᠯᠦᠭ ᠲᠥᠷᠥᠯ ᠵᠦᠢᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠣ᠂ ᠰᠢᠨ᠎ᠡ ᠡᠨᠧᠷᠭᠢ ᠶᠢᠨ ᠲᠣᠨᠤᠭ ᠦᠢᠯᠡᠳᠬᠦ ᠠᠵᠤ ᠠᠬᠤᠶᠢᠯᠠᠯ ᠤᠨ ᠦᠢᠯᠡᠳᠪᠦᠷᠢᠯᠡᠯ ᠲᠣᠭᠳᠠᠪᠣᠷᠢᠵᠢᠨ ᠦᠷ᠎ᠡ ᠪᠦᠲᠦᠮᠵᠢ ᠣᠯᠵᠤ᠂ ᠤᠰᠤᠲᠥ᠋ᠷᠥᠭᠴᠢᠲᠦ ᠡᠨᠧᠷᠭᠢ᠂ ᠢᠯᠵᠢᠮᠡᠭ ᠬᠦᠴᠢᠯ ᠢ ᠨᠡᠭᠡᠭᠡᠨ ᠠᠰᠢᠭᠯᠠᠬᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠪᠠ︔ ᠲᠣᠮᠣ ᠳ᠋ᠠᠶᠢᠲ᠋ᠠ ᠶᠢᠨ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠢᠨᠵᠧᠨᠧᠷᠢᠩ ᠢ ᠯᠠᠪᠳᠠᠭᠤᠨ ᠪᠠᠲᠣᠳᠠᠢ ᠬᠡᠷᠡᠭᠵᠢᠬᠦᠯᠵᠣ᠂ ᠪᠥᠬᠦ ᠣᠷᠣᠨ ᠤ ᠠᠩᠬᠠᠳᠣᠭᠠᠷ ᠪᠦᠯᠦᠭ ᠤᠨ ᠮᠡᠳᠡᠭᠡ ᠵᠠᠩᠬᠢᠴᠢᠯᠠᠯᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠬᠤᠲᠠ ᠪᠠᠷ ᠠᠮᠵᠢᠯᠲᠠ ᠲᠠᠢ ᠰᠣᠩᠭᠤᠭᠳᠠᠪᠠ᠃      ︵ᠳᠥᠷᠪᠡ︶ ᠡᠯ᠎ᠡ ᠲᠥᠷᠥᠯ ᠤᠨ ᠲᠦᠭᠰᠢᠭᠦᠷᠢ ᠶᠢ ᠢᠳᠡᠪᠬᠢᠲᠡᠶ ᠪᠠᠷ ᠠᠷᠭᠠᠴᠠᠵᠣ ᠰᠡᠷᠭᠡᠶᠢᠯᠡᠪᠡ᠃ ᠨᠢᠭᠡ ᠳᠤ ᠠᠶᠤᠯᠭᠦᠶ ᠦᠢᠯᠡᠳᠪᠦᠷᠢᠯᠡᠯ ᠢ ᠪᠣᠳᠠᠲᠠᠶ ᠪᠥᠭᠡᠳ ᠨᠠᠷᠢᠯᠢᠭ ᠴᠢᠩᠭ᠎ᠠ ᠠᠳᠬᠤᠪᠠ᠃ ︽ᠠᠶᠣᠯᠬᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠭᠲᠠᠭᠠᠯ︾ ︽ᠠᠶᠣᠯᠬᠦᠢ ᠦᠢᠯᠡᠳᠪᠦᠷᠢᠯᠡᠯ ᠤᠨ  ᠬᠦᠷᠢᠶᠡᠨ ᠳᠠᠬᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠠᠷᠭ᠎ᠠ︾ ᠶᠢ ᠰᠤᠳᠤᠯᠤᠨ ᠨᠡᠶᠢᠳᠡᠯᠡᠵᠣ᠂ ᠵᠠᠬᠢᠷᠭ᠎ᠠ ᠶᠢᠨ ᠤᠳᠤᠷᠢᠳᠬᠤ ᠺᠠᠳ᠋ᠷ ᠤᠨ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠣ᠂ ᠠᠶᠣᠯᠬᠦᠢ ᠦᠢᠯᠡᠳᠪᠦᠷᠢᠯᠡᠯ ᠤᠨ ᠵᠥᠪᠯᠡᠯ ᠤᠨ ᠰᠠᠷ᠎ᠠ ᠶᠢᠨ ᠲᠣᠭᠲᠠᠮᠠᠯ ᠬᠤᠷᠠᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠣᠯᠬᠦᠢ ᠦᠢᠯᠡᠳᠪᠦᠷᠢᠯᠡᠯ ᠤᠨ ᠳᠠᠯᠳᠠ ᠬᠡᠮ ᠢ ᠪᠠᠶᠢᠩᠭᠤᠵᠢᠭᠤᠯᠤᠨ ᠪᠠᠶᠢᠴᠠᠭᠠᠬᠤ ᠵᠠᠰᠠᠯᠳᠠ ᠶᠢᠨ ᠲᠣᠭᠲᠠᠴᠠ ᠶᠢ ᠪᠠᠶᠢᠭᠤᠯᠤᠨ᠂ ᠪᠥᠬᠦ ᠵᠢᠯ ᠳᠤ  ᠨᠠᠷᠢᠨ ᠳᠠᠩᠰᠠ ᠪᠠᠶᠢᠭᠤᠯᠣᠨ 1.1 ᠲᠦᠮᠡᠨ ᠵᠤᠷᠪᠤᠰ ᠳᠠᠯᠳᠠ ᠬᠡᠮ  ᠢ ᠴᠡᠭᠴᠡᠯᠡᠨ  ᠰᠠᠶᠢᠵᠢᠷᠠᠭᠤᠯᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠣᠯᠬᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤ ᠲᠤᠰᠬᠠᠭᠰᠠᠨ ᠰᠠᠨᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠬᠤᠶᠠᠷ ᠲᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠳᠠᠷᠤᠢ ᠳᠤᠨᠢ Ⅲ ᠲᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠬᠦᠯᠵᠣ᠂ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠᠨ ᠵᠤᠷᠪᠤᠰ ᠰᠡᠷᠭᠡᠶᠢᠯᠡᠯᠲᠡ ᠶᠢᠨ ᠬᠡᠷᠡᠮ ︾ ᠢ ᠦᠳᠲᠡᠷ ᠲᠦᠷᠭᠡᠨ ᠪᠠᠶᠢᠭᠤᠯᠵᠤ᠂ ᠰᠠᠷ᠎ᠠ ᠭᠠᠷᠤᠢ ᠶᠢᠨ ᠡᠳᠦᠷ ᠰᠥᠨᠢ ᠦᠭᠡᠢ ᠡᠷᠡᠯᠬᠡᠭᠯᠡᠨ ᠲᠡᠮᠡᠴᠡᠬᠦ ᠪᠠᠷ ᠳᠠᠮᠵᠢᠨ᠂ ᠬᠤᠯᠤᠭᠠᠨ᠎ᠠ ᠬᠢᠵᠢᠭ ᠤᠨ ᠪᠠᠶᠢᠳᠠᠯ ᠢ ᠪᠦᠲᠦᠮᠵᠢᠲᠡᠢ ᠡᠵᠡᠮᠳᠡᠪᠡ᠃  ᠭᠤᠷᠪᠠ  ᠳᠤ ᠮᠥᠩᠭᠦᠨ ᠬᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ  ᠪᠣᠣ ᠱᠠᠩ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠳᠤᠮᠳᠠᠬᠢ ᠵᠢᠭᠡᠯᠡᠯᠭᠡ ᠶᠢ ᠦᠷᠭᠦᠯᠵᠢᠯᠡᠨ ᠴᠡᠭᠴᠡᠯᠡᠨ ᠵᠢᠷᠤᠮᠵᠢᠭᠤᠯᠵᠤ᠂ ᠵᠢᠭᠡᠯᠡᠯᠭᠡ ᠶᠢᠨ ᠬᠡᠪᠴᠢᠶ᠎ᠡ᠂ ᠡᠷᠦᠬᠡ ᠶᠢᠨ ᠲᠤᠭ᠎ᠠ ᠲᠣᠰ ᠲᠣᠰ 39.6% ᠪᠠ 36.1% ᠪᠠᠭᠤᠷᠠᠪᠠ᠃ ᠳᠥᠷᠪᠡ ᠳᠤ ᠬᠦᠷᠢᠶ᠎ᠡ ᠴᠠᠷᠠᠭ᠎ᠠ ᠬᠤᠪᠢᠶᠠᠨ ᠲᠦᠭᠰᠢᠭᠦᠷᠢ ᠶᠢᠨ ᠴᠡᠭ ᠤᠨ ᠪᠠᠶᠢᠴᠠᠭᠠᠯᠳᠠ ᠦᠷᠨᠢᠭᠦᠯᠪᠡ᠃ ᠲᠦᠭᠰᠢᠭᠦᠷᠢ  ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠬᠤ᠂ ᠪᠡᠯᠡᠳᠬᠡᠯ ᠲᠥᠰᠦᠯ ᠲᠣᠭᠲᠠᠭᠠᠬᠤ᠂  ᠳᠠᠩᠰᠠᠨ ᠤ ᠬᠠᠮᠢᠶᠠᠷᠣᠯᠳᠠ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠵᠡᠷᠭᠡ ᠲᠦᠷᠢᠮ ᠢ ᠪᠠᠶᠢᠷᠢᠯᠠᠭᠤᠯᠤᠨ ᠪᠠᠶᠢᠭᠤᠯᠵᠤ᠂ ᠳᠠᠯᠳᠠ ᠬᠡᠮ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠪᠠ  ᠃     ︵ᠲᠠᠪᠤ︶ ᠬᠤᠲᠠ ᠬᠥᠳᠡᠭᠡ ᠶᠢᠨ ᠬᠥᠭᠵᠢᠯᠲᠡ ᠶᠢᠨ ᠠᠯᠬᠤᠴᠠ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠰᠦᠯ  ᠲᠣᠭᠳᠠᠭᠠᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠨᠣᠷᠮ᠎ᠠ 80% ᠳᠤ ᠭᠦᠷᠪᠡ᠃ 7721ᠮᠠᠯᠴᠢᠨ ᠲᠠᠷᠢᠶᠠᠴᠢᠨ ᠡᠷᠦᠬᠡ  ᠵᠣᠷᠯᠣᠩ ᠬᠡᠷᠡᠭᠯᠡᠵᠣ᠂ 5.28 ᠲᠦᠮᠡᠨ ᠬᠥᠮᠦᠨ ᠤ ᠣᠣᠭᠤᠬᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠣ᠂ 985 ᠮᠠᠯᠴᠢᠨ ᠲᠠᠷᠢᠶᠠᠴᠢᠨ ᠡᠷᠦᠬᠡ ᠶᠢᠨ ᠨᠣᠷᠠᠮᠠᠷ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠣ᠂ 4G  ᠬᠡᠷᠡᠭᠯᠡᠭᠡ ᠥᠬᠡᠶ 192  ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠥᠷᠥᠯ ᠵᠦᠢᠯ ᠢ ᠪᠦᠬᠦᠨ ᠢ ᠪᠦᠷᠭᠦᠬᠦᠯᠪᠡ᠃  ᠠᠪᠠᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠮᠠᠯᠵᠢᠬᠤ ᠣᠷᠣᠨ ᠤ ᠲᠤᠷᠰᠢᠯᠲᠠ ᠶᠢᠨ ᠴᠡᠭ ᠤᠨ ᠠᠵᠢᠯ᠂ ᠰᠢᠯᠣᠭᠤᠨ ᠬᠥᠬᠡ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠬᠦ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠲᠤᠷᠰᠢᠯᠭ᠎ᠠ ᠰᠦᠪᠡᠭᠴᠢᠯᠡᠪᠡ᠃ ᠬᠤᠶᠠᠷ ᠲᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠪᠠ᠃   ᠲᠠᠢ ᠽᠢ ᠬᠤᠳᠠ — ᠰᠢᠯᠢ ᠶᠢᠨ ᠭᠤᠣᠯ  ᠤᠨ ᠲᠦᠷᠭᠡᠨ ᠬᠤᠷᠳᠣᠴᠠᠳᠣ ᠲᠡᠮᠦᠷ ᠵᠠᠮ ᠢ ᠪᠥᠬᠦ ᠣᠷᠣᠨ ᠤ 2020 ᠣᠨ ᠤ ᠠᠵᠢᠯ ᠤᠨ ᠲᠥᠯᠥᠪᠯᠡᠭᠡ ᠳᠤ ᠣᠷᠣᠭᠤᠯᠪᠠ︔ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ ᠤᠨ ᠥᠭᠡᠷᠡᠴᠢᠯᠡᠯᠲᠡ ᠶᠢ ᠰᠣᠳᠣᠯᠣᠨ ᠵᠥᠪᠰᠢᠶᠡᠷᠡᠵᠦ᠂  ᠭᠦᠪᠡᠭᠡᠳᠣ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠬᠤ ᠶᠢ ᠬᠦᠯᠢᠶᠡᠪᠡ︔ 530 ᠺᠢᠯᠣᠮᠧᠲᠷ ᠤᠨ 8 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ  ᠵᠠᠰᠠᠵᠣ᠂ ︽ ᠲᠦᠷᠪᠡ ᠶᠢ ᠰᠠᠶᠢᠳᠦᠷ ᠬᠢᠬᠦ︾ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 1122 ᠺᠢᠯᠣᠮᠧᠲᠷ ᠵᠠᠰᠠᠵᠣ᠂ 24.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠠᠶᠡᠯᠡᠭᠦᠯᠪᠡ᠃ ᠭᠤᠷᠪᠠ  ᠳᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ  ᠶᠢ ᠠᠬᠢᠭᠤᠯᠪᠠ᠃ ᠬᠤᠲᠠ ᠪᠠᠯᠭᠠᠰᠤᠨ ᠤ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ ᠳᠣᠲᠣᠷ᠎ᠠ 20 ᠳ᠋ᠦᠩᠰᠢᠭᠤᠷ ᠲᠥᠭᠦᠷᠢᠭ ᠪᠡᠯᠡ ᠣᠷᠣᠭᠤᠯᠵᠣ ᠬᠤᠲᠠ ᠪᠠᠯᠭᠠᠰᠤᠨ ᠤ 19 ᠺᠢᠯᠣᠮᠧᠲᠷ ᠣᠷᠳᠣ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠣ᠂ 6 ᠵᠤᠷᠪᠤᠰ ᠳᠠᠰᠣᠷᠬᠠᠢ ᠵᠠᠮ ᠢ ᠨᠡᠪᠲᠡᠷᠡᠭᠦᠯᠦᠨ᠂ 138  ᠺᠢᠯᠣᠮᠧᠲᠷ ᠤᠨ ᠡᠯ᠎ᠡ ᠲᠥᠷᠥᠯ ᠤᠨ ᠵᠠᠮ ᠱᠣᠭᠤᠮ ᠤᠨ ᠲᠣᠣᠷ ᠢ ᠰᠢᠨ᠎ᠡ ᠪᠠᠷ ᠥᠭᠡᠷᠡᠴᠢᠯᠡᠨ ᠵᠠᠰᠠᠵᠣ᠂ 21 ᠬᠠᠭᠤᠴᠢᠨ ᠲᠣᠭᠤᠷᠢᠭ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠠᠵᠢᠯ   ᠢ ᠡᠬᠢᠯᠡᠭᠦᠯᠪᠡ᠃ ᠰᠢᠯᠢ ᠶᠢᠨ ᠬᠤᠲᠠ ᠨᠢ ᠤᠯᠤᠰ ᠤᠨ ᠴᠡᠴᠡᠷᠯᠢᠭ ᠮᠠᠶ᠋ᠢᠭ ᠤᠨ ᠬᠤᠲᠠ ᠪᠠᠷ  ᠰᠣᠩᠭᠤᠭᠳᠠᠪᠠ᠃     ︵ᠵᠢᠷᠭᠤᠭ᠎ᠠ︶ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠡᠭᠡᠭᠡᠯᠲᠡ ᠶᠢ ᠦᠷᠭᠡᠳᠭᠡᠪᠡ᠃ ᠨᠢᠭᠡ ᠳᠤ  ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠡᠭᠦᠯᠡᠨ ᠪᠣᠳᠣᠯᠳᠠ ᠶᠢᠨ ᠰᠢᠯᠢ ᠶᠢᠨ ᠭᠤᠣᠯ︾ ᠬᠢᠭᠡᠳ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠭᠤᠰᠤᠯᠴᠠᠭᠤᠯᠤᠨ ᠵᠣᠯᠭᠠᠭᠤᠯᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠦᠢᠴᠡᠳᠬᠡᠭᠦ ᠬᠠᠷᠢᠴᠠᠯ ᠢ ᠪᠦᠬᠦ ᠣᠷᠣᠨ ᠤ ᠨᠢᠭᠡᠳᠦᠭᠡᠷ ᠲᠡᠰ ᠲᠤ ᠣᠷᠣᠭᠤᠯᠵᠤ᠂ ᠠᠶᠢᠮᠠᠭ ᠤᠨ ᠲᠣᠰ ᠱᠠᠲᠤᠨ ᠤ ᠬᠦᠢᠴᠡᠳᠭᠡᠬᠦ ᠭᠤᠭᠴᠤᠭ᠎ᠠ᠂ ᠬᠢᠨᠠᠨ ᠵᠥᠪᠰᠢᠶᠡᠷᠡᠬᠦ ᠴᠠᠭ ᠤᠨ ᠬᠤᠭᠤᠴᠠᠭ᠎ᠠ ᠶᠢ ᠲᠣᠰ ᠲᠣᠰ 20% ᠪᠠ 35%  ᠪᠠᠷ ᠪᠣᠭᠤᠨᠢᠰᠬᠠᠪᠠ᠃ ᠬᠤᠶᠠᠷ ᠲᠤ 36 ᠵᠤᠷᠪᠤᠰ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ 18 ᠵᠤᠷᠪᠤᠰ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠮᠥᠩᠭᠦᠨ ᠬᠦᠢᠯᠭᠡᠭᠡᠨ ᠢᠶᠠᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 8 ᠵᠤᠷᠪᠤᠰ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠥᠪᠥᠷ ᠮᠣᠩᠭᠤᠯ ᠤᠨ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ 14 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠵᠣ᠂ ᠠᠷᠠᠳ ᠠᠴᠠ ᠡᠵᠡᠩᠨᠡᠭᠰᠡᠨ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠬᠦᠤ ᠮᠥᠩᠭᠦ ᠶᠢᠨ ᠨᠤᠷᠮ᠎ᠠ ᠶᠢ 1.1 ᠵᠠᠭᠤᠨ ᠤ ᠬᠤᠪᠢ ᠶᠢᠨ ᠨᠢᠭᠡᠴᠢ ᠪᠠᠭᠤᠷᠠᠭᠤᠯᠪᠠ᠃ ᠭᠤᠷᠪᠠ ᠳᠤ ᠪᠣᠭᠤᠮᠲᠠ ᠶᠢᠨ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠢᠶᠡᠨ ᠬᠤᠲᠠ ᠶᠢᠨ ᠲᠣᠮᠳᠠᠳᠣ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠭᠠᠳᠠᠨᠠᠬᠢ ᠪᠠᠷᠢᠯᠭ᠎ᠠ ᠶᠢᠨ ᠠᠵᠢᠯ ᠢ ᠲᠠᠭᠤᠰᠬᠠᠵᠣ᠂ ᠭᠤᠤᠯ ᠲᠣᠭᠤᠷᠢᠭ ᠤᠨ ᠰᠠᠭᠤᠷᠢ ᠲᠦᠬᠦᠭᠡᠷᠣᠮᠵᠢ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠲᠥᠪ ᠵᠡᠷᠭᠡ ᠶᠢ ᠪᠥᠬᠦ ᠲᠠᠯ᠎ᠠ ᠪᠠᠷ ᠠᠵᠢᠯ ᠡᠬᠢᠯᠡᠭᠦᠯᠪᠡ᠃ ᠪᠦᠬᠦ ᠵᠢᠯ ᠤᠨ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠦᠬᠦ ᠲᠤᠭ᠎ᠠ ᠶᠢ 35.1% ᠪᠠᠷ ᠨᠡᠮᠡᠭᠳᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠡᠳ᠋ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 9.8% ᠪᠠᠷ ᠨᠡᠮᠡᠭᠳᠡᠭᠦᠯᠪᠡ  ᠃      ︵ᠳᠣᠯᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠪᠡ᠃ ᠨᠢᠭᠡ ᠳᠤ ᠠᠵᠢᠯ ᠣᠯᠭᠤᠯᠲᠠ ᠶᠢ ᠪᠥᠬᠦ ᠬᠦᠴᠦᠨ ᠢᠶᠠᠷ ᠲᠣᠭᠲᠠᠪᠤᠷᠢᠵᠢᠭᠤᠯᠤᠨ ᠠᠬᠢᠭᠤᠯᠵᠤ᠂ ᠪᠥᠬᠦ ᠣᠷᠣᠨ ᠤ ᠠᠩᠬᠠᠳᠠᠭᠴᠢ ᠣᠯᠠᠨ ᠴᠢᠳᠠᠮᠵᠢᠲᠤ ᠶᠡᠷᠦᠩᠬᠡᠶᠢᠯᠡᠭᠰᠡᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠥᠬᠦ ᠵᠢᠯ ᠳᠤ ᠬᠤᠲᠠ ᠪᠠᠯᠭᠠᠰᠤᠨ ᠤ 1.6 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠣ᠂ ᠲᠣᠰ ᠵᠢᠯ ᠳᠤ 2.16 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠯ᠎ᠡ ᠲᠥᠷᠥᠯ ᠤᠨ 685 ᠴᠢᠳᠠᠪᠤᠷᠢᠲᠠᠨ ᠢ ᠣᠷᠢᠨ ᠠᠪᠴᠢᠷᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.08% ᠳᠤ ᠬᠢᠵᠠᠭᠠᠷᠯᠠᠪᠠ᠃  ᠬᠤᠶᠠᠷ ᠲᠤ ᠬᠤᠶᠠᠳᠤᠭᠠᠷ ᠬᠤᠭᠤᠴᠠᠭᠠᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 12 ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠭᠠᠷᠳᠠᠮ ᠢ ᠭᠦᠢᠴᠡᠳᠭᠡᠵᠣ ᠳᠠᠭᠤᠰᠬᠠᠨ ᠣᠲᠣ ᠨᠢᠭᠡᠨᠲᠡ ᠠᠵᠢᠯ ᠡᠬᠢᠯᠡᠭᠦᠯᠵᠣ ᠪᠥᠲᠥᠭᠡᠨ ᠪᠠᠶᠢᠭᠤᠯᠪᠠ᠃ ᠭᠤᠷᠪᠠ ᠳᠤ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂  ᠤᠯᠤᠰ ᠤᠨ ᠲᠡᠰ ᠤᠨ ᠮᠣᠩᠭᠤᠯ ᠬᠢᠲᠠᠳ ᠡᠮ ᠡᠮᠨᠡᠯᠭᠡ ᠶᠢᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ 1᠂ ᠲᠡᠷᠢᠭᠦᠨ ᠤ ᠰᠢᠨᠵᠢᠯᠡᠭᠡᠨ ᠤ ᠰᠠᠯᠠᠭ᠎ᠠ 2 ᠢ ᠡᠭᠦᠳᠦᠨ ᠪᠠᠶᠢᠭᠤᠯᠵᠣ ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ 11 ᠶᠢ ᠰᠢᠨ᠎ᠡ ᠪᠠᠷ ᠨᠡᠮᠡᠭᠳᠡᠭᠦᠯᠪᠡ᠃ ᠳᠥᠷᠪᠡ ᠳᠤ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠳᠣᠵᠢᠭᠤᠯᠵᠣ᠂ 11 ᠬᠤᠰᠢᠭᠤ ᠰᠢᠶᠠᠨ ᠬᠤᠲᠠ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠦᠯᠲᠡᠢ ᠳᠤ ᠲᠥᠯᠥᠪᠯᠡᠬᠦ ᠶᠢ ᠪᠡᠶᠡᠯᠡᠭᠦᠯᠵᠦ᠂ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠨᠢ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠵᠣ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠵᠢᠠᠠᠰᠠᠭᠠᠭᠳᠠᠪᠠ᠃ ᠲᠠᠪᠤ ᠳᠤ  ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠨᠡᠶᠢᠲᠡ 4.94 ᠲᠦᠮᠡᠨ ᠭᠡᠷ ᠪᠠᠶᠢᠰᠢᠩ ᠤᠨ ᠦᠯᠡᠳᠡᠭᠳᠡᠯ ᠦᠯᠦ ᠬᠦᠳᠡᠯᠬᠦ ᠬᠥᠷᠥᠩᠭᠡ ᠶᠢᠨ ᠦᠨᠡᠮᠯᠡᠯ ᠢ ᠬᠦᠢᠴᠡᠳᠬᠡᠵᠣ᠂  ᠲᠠᠸᠠᠷ ᠤᠨ ᠣᠷᠣᠨ ᠰᠠᠭᠤᠴᠠ ᠶᠢ ᠬᠦᠢᠴᠡᠳᠬᠡᠨ ᠳᠠᠭᠤᠰᠬᠠᠭᠰᠠᠨ ᠨᠣᠷᠮ᠎ᠠ 80 %  ᠠᠴᠠ ᠳᠡᠭᠡᠭᠰᠢ ᠳᠤ ᠬᠦᠷᠪᠡ  ︔ 3226 ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠭᠦᠯᠵᠦ᠂  ᠬᠤᠭᠤᠴᠠᠭ᠎ᠠ ᠨᠢ ᠦᠩᠭᠡᠷᠡᠵᠣ ᠰᠢᠨᠡᠳᠭᠡᠬᠡ ᠦᠬᠡᠢ 2181 ᠢᠵᠢ ᠨᠣᠷᠠᠮᠠᠷ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠳᠠᠭᠤᠰᠬᠠᠪᠠ᠃ ᠵᠢᠷᠭᠤᠭ᠎ᠠ ᠳᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠮᠥᠰᠥᠨ ᠳᠡᠭᠡᠷᠡᠬᠢ ᠯᠤᠤᠲᠤ ᠣᠩᠭᠤᠴᠠ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠰᠢᠯᠢ ᠶᠢᠨ ᠭᠤᠤᠯ ᠤᠨ ᠨᠠᠭᠠᠳᠤᠮ ᠵᠡᠷᠭᠡ ᠲᠣᠮᠣ ᠬᠡᠯᠪᠡᠷᠢ ᠶᠢᠨ ᠰᠣᠶᠣᠯ ᠲᠠᠮᠢᠷ ᠤᠨ ᠬᠦᠳᠡᠯᠭᠡᠭᠡᠨ ᠢ ᠡᠷᠭᠢᠯᠡᠵᠦ᠂ ᠳᠠᠭᠤᠯᠠᠯᠳᠤ ᠵᠦᠴᠦᠭᠡ ︽ᠮᠢᠨᠦ ᠤᠯᠠᠭᠠᠨᠮᠥ᠋ᠴᠢᠷ︾᠂ ᠺᠢᠨᠣ᠋ ︽ᠵᠧᠤ ᠧᠨ ᠯᠠᠶ ᠬᠢᠭᠡᠳ ᠤᠯᠠᠭᠠᠨᠮᠥ᠋ᠴᠢᠷ︾ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠰᠢᠯᠢᠳᠡᠭ ᠪᠦᠲᠦᠭᠡᠯ ᠤᠨ ᠱᠠᠩᠨᠠᠯ  ᠤᠨ ᠢᠷᠠᠭᠤ ᠠᠯᠳᠠᠷ  ᠭᠥᠷᠳᠡᠪᠡ᠃ ᠲᠤᠯᠤᠭ᠎ᠠ ᠳᠤ ᠦᠨᠳᠦᠰᠦᠲᠡᠨ ᠤ ᠪᠦᠯᠬᠦᠮᠳᠡᠯ ᠪᠠ ᠱᠠᠰᠢᠨ ᠰᠤᠷᠲᠠᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ 3 ᠬᠠᠮᠲᠤ ᠨᠡᠶᠢᠲᠡ᠂ 2 ᠨᠡᠷ᠎ᠡ ᠬᠤᠪᠢ ᠬᠥᠮᠦᠨ ᠲᠣᠰ ᠲᠣᠰ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠬᠠᠮᠲᠤ ᠪᠠ ᠵᠢᠱᠢᠶᠡᠴᠢ ᠶᠢᠨ ᠴᠣᠯᠠ ᠶᠢ ᠬᠦᠷᠳᠡᠵᠦ᠂ 1 ᠭᠠᠵᠠᠷ ᠣᠷᠣᠨ ᠨᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠬᠡᠮᠡᠨ ᠨᠡᠷᠡᠶᠢᠳᠦᠭᠳᠡᠪᠡ︔ ᠱᠠᠰᠢᠨ ᠰᠤᠷᠲᠠᠬᠤᠨ ᠤ ᠠᠵᠢᠯ ᠤᠨ ᠥᠪᠡᠷᠲᠡᠭᠡᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠣᠷᠮ᠎ᠠ ᠶᠢ 100% ᠳᠤ  ᠬᠦᠷᠭᠡᠪᠡ᠃ ᠨᠠᠢᠮᠠ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠵᠠᠬᠢᠳᠠᠯ ᠰᠤᠷᠪᠤᠯᠵᠢᠯᠠᠭ᠎ᠠ ᠪᠠ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠶᠢᠰᠦᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ  ᠲᠣᠭᠲᠠᠭᠤᠨ ᠤ ᠬᠠᠯᠬᠠᠪᠴᠢ ᠶᠢ ᠨᠡᠩ ᠪᠠᠬᠢᠵᠢᠭᠦᠯᠪᠡ᠃       ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠪᠢᠳᠡ ᠲᠤᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃  ᠨᠢᠭᠡ ᠳᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠪᠠ 2019 ᠣᠨ ᠤ ᠠᠩᠬᠠᠳᠣᠭᠠᠷ ᠤᠳᠠᠭ᠎ᠠ ᠶᠢᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ ᠶᠢᠨ ᠲᠣᠭᠤᠷᠢᠨ ᠳᠤ᠂ ᠵᠠᠬᠢᠷᠭ᠎ᠠ ᠶᠢᠨ ᠣᠨ ᠤ ᠭᠤᠤᠯᠳᠠᠯᠭ᠎ᠠ ᠲᠠᠢ ᠠᠵᠢᠯ ᠡᠭᠦᠷᠭᠡ ᠶᠢᠨ ᠨᠠᠷᠢᠨ ᠬᠠᠭᠤᠳᠠᠰᠣ ᠶᠢ ᠰᠤᠳᠤᠯᠤᠨ ᠲᠣᠭᠲᠠᠭᠠᠵᠤ᠂  ᠵᠢᠯ ᠤᠨ ᠬᠠᠷᠠᠯᠳᠠ ᠡᠬᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠬᠤᠶᠠᠷ ᠲᠤ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠣᠨᠴᠠᠭᠠᠶᠢᠯᠠᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠣ᠂  ᠲᠣᠳᠠᠭᠳᠠᠯ ᠢᠶᠠᠨ ᠨᠥᠬᠦᠪᠥᠷᠢᠯᠡᠬᠦ᠂ ᠬᠠᠷᠭᠤᠭᠤᠯᠣᠨ ᠵᠠᠯᠠᠷᠠᠭᠤᠯᠬᠤ ᠶᠢ ᠴᠢᠩᠭᠠᠳᠬᠠᠵᠤ᠂ 135 ᠡᠯ᠎ᠡ ᠵᠦᠢᠯ ᠤᠨ ᠠᠰᠠᠭᠤᠳᠠᠯ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠪᠠ᠃ ᠭᠤᠷᠪᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ︽ ᠴᠢᠬᠤᠯᠡ ᠶᠡᠭᠡ ᠵᠠᠰᠠᠭ ᠵᠠᠬᠢᠷᠭᠠᠨ ᠤ  ᠰᠢᠢᠳᠪᠦᠷᠢᠳᠣ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ  ᠤᠨ ᠲᠦᠷᠢᠮ︾ ᠤᠨ ᠥᠭᠡᠷᠡᠴᠢᠯᠡᠯᠲᠡ ᠶᠢ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠬᠡᠷ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠵᠢᠱᠢᠭᠳᠡᠭᠴᠢ ᠶᠢᠨ ᠲᠥᠷᠥᠯ ᠵᠦᠢᠯ ᠢᠶᠠᠷ ᠲᠣᠭᠲᠠᠭᠠᠵᠤ᠂ ︽ᠣᠭ ᠰᠠᠨᠠᠭ᠎ᠠ ᠪᠠᠨ ᠥᠯᠥ ᠮᠠᠷᠳᠠᠨ᠂ ᠰᠦᠭ ᠰᠦᠯᠳᠡ ᠪᠠᠨ ᠨᠢᠭᠲᠠᠷᠠᠭᠤᠯᠵᠤ᠂ ᠰᠠᠭᠤᠷᠢ ᠪᠠᠨ ᠪᠠᠬᠢᠵᠢᠭᠦᠯᠬᠦ︾ ᠢᠨᠵᠧᠨᠧᠷᠢᠩ ᠨᠢ ︽2019 ᠣᠨ ᠤ ᠪᠥᠬᠦ ᠣᠷᠣᠨ ᠤ ᠬᠠᠤᠯᠢ ᠲᠦᠭᠡᠮᠡᠯᠵᠢᠭᠦᠯᠦᠨ ᠬᠠᠤᠯᠢ ᠪᠠᠷ ᠵᠠᠰᠠᠬᠤ ᠠᠷᠪᠠᠨ ᠶᠡᠭᠡ ᠰᠢᠨ᠎ᠡ ᠶᠢ ᠡᠭᠦᠳᠦᠭᠰᠡᠨ ᠵᠢᠱᠢᠶ᠎ᠡ ᠪᠠᠷ ᠦᠨᠡᠯᠡᠭᠳᠡᠪᠡ︾᠃ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠦᠢᠴᠡᠳᠭᠡᠭᠰᠡᠨ ᠨᠣᠷᠮ᠎ᠠ 100%   ᠳᠤ ᠭᠦᠷᠪᠡ  ᠃       ᠲᠡᠷᠢᠬᠦᠯᠡᠭᠴᠢ ᠨᠠᠷ᠂ ᠭᠡᠰᠢᠭᠦᠳ ᠡ᠂ ᠬᠠᠳᠠᠭᠤ ᠴᠢᠩᠭ᠎ᠠ ᠨᠠᠷᠢᠨ ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠥᠩᠭᠡᠷᠡᠭᠰᠡᠨ ᠨᠢᠭᠡ ᠵᠢᠯ ᠳᠤ ᠬᠢᠯᠪᠠᠷ ᠪᠤᠰᠤ ᠪᠠᠷ ᠣᠯᠤᠭᠰᠠᠨ ᠠᠮᠵᠢᠯᠲᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠮᠥᠨ ᠴᠦ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠪᠣᠯᠤᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠦᠴᠦᠲᠡᠶ ᠬᠠᠪᠰᠤᠷᠤᠯᠭ᠎ᠠ ᠪᠠ ᠳᠡᠮᠵᠢᠯᠭᠡ ᠶᠢᠨ ᠦᠷ᠎ᠡ ᠳ᠋ᠦᠩ ᠪᠣᠯᠬᠤ ᠶᠣᠮ᠃ ᠡ᠊ᠨᠳᠡ ᠪᠢ ᠵᠠᠬᠢᠷᠭ᠎ᠠ  ᠶᠢᠨ ᠡᠮᠣᠨ᠎ᠡ ᠠᠴᠠ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠨᠤᠲᠠᠯᠠᠬᠤ ᠶᠢᠨ ᠬᠠᠮᠲᠤ᠂ ᠣᠳᠣᠬᠠᠨ ᠤ ᠠᠵᠤ ᠠᠬᠤᠶ ᠪᠠᠭᠤᠷᠠᠬᠤ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠠᠷᠠᠯᠲᠠ ᠲᠠᠢ ᠬᠠᠷᠢᠴᠠᠭᠤᠯᠪᠠᠯ ᠪᠠᠰᠠ ᠴᠥᠭᠡᠨ ᠪᠤᠰᠤ ᠲᠣᠳᠠᠭᠳᠠᠯ ᠣᠷᠣᠰᠢᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠷᠢᠮ ᠲᠠᠯ᠎ᠠ ᠪᠠᠷ ᠪᠠᠰᠠ ᠪᠠᠴᠢᠮ ᠰᠢᠢᠳᠪᠦᠷᠢᠯᠡᠬᠦ ᠴᠢᠬᠤᠯᠠᠲᠠᠶ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠲᠡᠭᠦᠯᠳᠡᠷᠵᠢᠭᠦᠯᠦᠨ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠥᠷᠢᠴᠡᠯ ᠮᠠᠰᠢ ᠲᠣᠪᠤᠶᠢᠮ᠎ᠠ ᠪᠠᠶᠢᠵᠤ᠂  ᠠᠶᠣᠯᠬᠦᠢ ᠦᠢᠯᠡᠳᠪᠦᠷᠢᠯᠡᠯ  ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠳᠠᠷᠤᠯᠲᠠ ᠶᠢ ᠬᠦᠩᠭᠡᠪᠴᠢᠯᠡᠵᠣ ᠪᠣᠯᠬᠤ ᠥᠬᠡᠶ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠮᠥᠨ ᠯᠡ ᠬᠠᠲᠠᠭᠤ ᠪᠡᠷᠬᠡ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠢᠮ ᠲᠠᠯ᠎ᠠ ᠪᠠᠷ ᠪᠠᠰᠠ ᠵᠠᠰᠠᠨ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ ᠭᠡᠳᠡᠭ ᠢ ᠪᠢᠳᠡ ᠰᠡᠷᠭᠡᠭ ᠢᠶᠠᠷ ᠣᠯᠵᠣ ᠮᠡᠳᠡᠬᠦ ᠴᠢᠬᠤᠯᠠᠲᠠᠶ ᠶᠣᠮ᠃         ᠬᠤᠶᠠᠷ᠂ 2020 ᠣᠨ ᠤ ᠠᠵᠢᠯ ᠤᠨ ᠪᠠᠶᠢᠷᠢᠯᠠᠭᠤᠯᠣᠯᠳᠠ        ᠡᠨᠡ ᠵᠢᠯ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ  ᠤᠨ ᠬᠦᠴᠦᠯᠡᠴᠡ ᠪᠠᠨ ᠨᠡᠮᠡᠭᠳᠡᠭᠦᠯᠵᠣ᠂ ︽ᠵᠢᠷᠭᠤᠭ᠎ᠠ ᠶᠢ ᠪᠠᠳᠣᠯᠠᠬᠤ︾ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠣ᠂ ᠠᠵᠤ ᠠᠬᠤᠶ ᠶᠢᠨ ᠠᠵᠢᠯᠯᠠᠭᠠᠨ  ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠣᠨ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠲᠤᠯᠠᠨ᠎ᠠ᠃ ᠵᠢᠯ ᠤᠨ ᠳᠣᠲᠣᠷ᠎ᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠠᠴᠠ ᠳᠡᠭᠡᠭᠰᠢ ᠨᠡᠮᠡᠭᠳᠡᠭᠦᠯᠵᠣ᠂ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 1% ᠣᠷᠴᠢᠮ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ  ᠪᠣᠯᠬᠤᠶᠢᠴᠢ ᠣᠷᠣᠯᠭ᠎ᠠ ᠶᠢ ᠲᠣᠰ ᠲᠣᠰ 6% ᠪᠠ 8% ᠣᠷᠴᠢᠮ ᠨᠡᠮᠡᠭᠳᠡᠭᠦᠯᠦᠨ᠎ᠡ᠃     ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠤᠯᠬᠤ ᠠᠵᠢᠯ  ᠢᠶᠠᠨ ᠡᠷᠡᠰ ᠰᠠᠶᠢᠲᠤᠷ ᠬᠢᠨ᠎ᠡ᠃ ᠨᠢᠭᠡ ᠳᠤ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ  ᠲᠡᠮᠡᠴᠡᠨ ᠣᠯᠣᠨ᠎ᠠ᠃ ᠣᠲᠣ ᠶᠢᠨ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠨᠢ ᠨᠢᠭᠡ ᠪᠠᠨ ᠬᠠᠷᠠᠭᠠᠯᠵᠠᠬᠤ︾  ᠤᠳᠤᠷᠢᠳᠤᠯᠭ᠎ᠠ ᠴᠡᠭ ᠲᠣᠭᠲᠠᠭᠠᠨ ᠲᠡᠳᠬᠦᠨ ᠳᠡᠮᠵᠢᠬᠦ ᠠᠵᠢᠯ ᠢ ᠥᠷᠨᠢᠭᠦᠯᠵᠦ᠂ ᠦᠯᠡᠳᠡᠭᠰᠡᠨ 75 ᠡᠷᠦᠬᠡ ᠶᠢᠨ 141 ᠶᠠᠳᠠᠭᠤ ᠬᠦᠴᠢᠷᠳᠡᠯᠲᠡᠶ ᠭᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠳᠣᠯᠠᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠤᠪᠤᠶᠢᠯᠭᠠᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ  ᠤᠨ  ᠪᠣᠭᠤᠮᠲᠠ ᠰᠢᠪᠲᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠲᠤᠰᠬᠠᠢ ᠲᠣᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠠ 2019 ᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠠᠷᠢᠭᠤ ᠲᠤᠰᠬᠠᠬᠤ ᠵᠡᠷᠭᠡ ᠡᠯ᠎ᠡ ᠲᠦᠷᠦᠯ ᠤᠨ ᠠᠰᠠᠭᠤᠳᠠᠯ ᠢ 6 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠪᠣᠳᠠᠳᠠᠶᠢᠵᠢᠭᠤᠯᠣᠨ᠎ᠠ᠃ ︽ᠡᠷᠬᠢᠨ ᠬᠠᠷᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ  ᠂ ︽ᠲᠦᠷᠪᠡ ᠶᠢ ᠦᠯᠦ ᠠᠪᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠭᠡ᠂ ᠠᠮᠠᠷᠬᠠᠨ ᠶᠠᠳᠠᠭᠤᠷᠠᠬᠤ ᠶᠠᠳᠠᠭᠤ ᠬᠦᠴᠢᠷᠳᠡᠯᠲᠡᠶ ᠡᠷᠦᠬᠡ ᠵᠢᠴᠢ ᠬᠢᠵᠢᠭ ᠤᠨ ᠪᠠᠶᠢᠳᠠᠯ ᠪᠤᠶᠤ  ᠪᠣᠰᠣᠳ ᠰᠢᠯᠲᠠᠭᠠᠨ ᠠᠴᠠ ᠪᠣᠯᠵᠣ ᠣᠷᠣᠯᠭ᠎ᠠ ᠨᠢ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ ᠨᠢ ᠴᠣᠴᠢᠮᠠᠭ ᠨᠡᠮᠡᠭᠳᠡᠭᠰᠡᠨ ᠡᠷᠦᠬᠡ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠦᠨ᠎ᠡ᠃ ᠪᠦᠬᠦ ᠲᠠᠯ᠎ᠠ  ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠠᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠣᠷᠳᠣ ᠬᠤᠭᠤᠴᠠᠭ᠎ᠠ ᠪᠠᠷ ᠴᠥᠭᠡᠳᠬᠡᠬᠦ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠲᠣᠳᠣᠭᠠᠳᠣ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃      ᠬᠤᠶᠠᠷ ᠲᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃ ᠨᠢᠭᠡ ᠲᠠᠯ᠎ᠠ ᠪᠠᠷ᠂ ᠴᠡᠩᠭᠡᠷ ᠣᠭᠲᠠᠷᠭᠤᠢ᠂  ᠲᠣᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠤᠨ᠎ᠠ᠃ ᠵᠢᠯ ᠤᠨ ᠳᠣᠲᠣᠷ᠎ᠠ ᠠᠵᠤ ᠦᠶᠯᠡᠳᠪᠦᠷᠢ ᠶᠢᠨ ᠠᠵᠤ ᠠᠬᠤᠶᠢᠯᠠᠯ ᠠᠭᠠᠷ ᠮᠠᠨᠳᠠᠯ ᠤᠨ ᠪᠣᠬᠢᠷᠲᠤᠯ ᠪᠣᠳᠠᠰ ᠢ ᠪᠠᠷᠢᠮᠵᠢᠶᠡᠨ ᠳᠤ ᠬᠦᠷᠭᠡᠵᠦ ᠭᠠᠳᠠᠭᠰᠢᠯᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠯᠡᠳᠡᠭᠰᠡᠨ ᠪᠤᠬᠢᠷᠳᠤᠯ ᠶᠡᠬᠡᠳᠡᠢ 105 ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠲᠦᠷᠦᠯ ᠬᠤᠪᠢᠶᠠᠨ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ 9 ᠦᠶᠯᠡᠳᠪᠦᠷᠢ ᠶᠢᠨ ᠠᠽᠣᠲ ᠦᠭᠡᠶᠢᠳᠡᠭᠦᠯᠦᠨ ᠹᠣᠰᠹᠣᠷ ᠠᠷᠢᠯᠭᠠᠬᠤ ᠥᠭᠡᠷᠡᠴᠢᠯᠡᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠢᠷᠤᠮᠵᠢᠭᠤᠯᠬᠤ 45 ᠪᠥᠲᠥᠬᠡᠨ ᠪᠠᠶᠢᠭᠤᠯᠤᠯᠲᠠ ᠶᠢ ᠥᠷᠨᠢᠬᠦᠯᠥᠨ᠎ᠡ᠃ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠵᠠᠰᠠᠯᠲᠠ ᠶᠢ ᠡᠬᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠤ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠳᠠᠮᠵᠢᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠭ ᠰᠢᠷᠤᠢ ᠤᠪᠤᠭᠠᠯᠠᠬᠤ ᠳᠥᠷᠢᠮᠵᠢᠭᠰᠡᠨ ᠲᠠᠯᠠᠪᠠᠢ ᠶᠢ 4 ᠪᠠᠶᠢᠭᠤᠯᠤᠨ᠎ᠠ᠃ ᠨᠦᠬᠦᠭᠡ ᠲᠠᠯ᠎ᠠ ᠪᠠᠷ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠬᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ  ᠵᠣᠭᠰᠣᠭᠠᠬᠤ᠂ ᠪᠡᠯᠴᠢᠭᠡᠷ ᠰᠡᠯᠬᠦᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ ᠬᠤᠭᠤᠴᠠᠭᠠᠨ ᠤ ᠵᠠᠰᠠᠯᠲᠠ ᠵᠡᠷᠭᠡ ᠴᠢᠬᠤᠯᠠ ᠶᠡᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠤᠯᠤᠰ ᠤᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠪᠣᠯᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠰᠢᠯᠤᠭᠤᠨ ᠬᠥᠬᠡ ᠬᠤᠰᠢᠭᠤᠨ ᠤ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠦᠬᠦ ᠵᠢᠯ ᠳᠤ 95 ᠲᠦᠮᠡᠨ ᠮᠦ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂ 80 ᠮᠤ᠋ ᠲᠠᠴᠢᠷᠰᠢᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠤᠨ ᠠᠵᠢᠯ ᠢ  ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 29 ᠰᠢᠨ᠎ᠡ ᠪᠠᠷ ᠪᠠᠶᠢᠭᠤᠯᠤᠨ᠎ᠠ᠃  ᠠᠶᠢᠮᠠᠭ ᠬᠤᠰᠢᠭᠤ  ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠵᠤ᠂ ᠬᠤᠶᠢᠰᠢᠳᠠ ᠨᠤᠲᠤᠭ ᠪᠡᠯᠴᠢᠭᠡᠷ ᠲᠤ ᠰᠢᠨ᠎ᠡ ᠪᠠᠷ ᠠᠭᠤᠷᠬᠠᠶ ᠨᠡᠭᠡᠭᠡᠨ ᠬᠥᠭᠵᠢᠭᠦᠯᠬᠦ ᠲᠥᠷᠥᠯ ᠵᠥᠢᠯ ᠢ ᠳᠠᠬᠢᠵᠤ ᠨᠡᠭᠡᠭᠡᠬᠦ ᠦᠭᠡᠢ᠂ ᠨᠤᠲᠤᠭ ᠪᠡᠯᠴᠢᠭᠡᠷ ᠤᠨ ᠭᠤᠤᠯ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠲᠥᠷᠥᠯ ᠵᠥᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠦᠭᠡᠢ᠂ ᠵᠢᠵᠢᠭ ᠲᠠᠷᠬᠠᠢ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠦᠢᠯᠡᠰ ᠤᠨ ᠡᠷᠬᠡ ᠶᠢᠨ ᠬᠤᠭᠤᠴᠠᠭ᠎ᠠ ᠨᠢ  ᠲᠤᠯᠤᠭᠰᠠᠨ ᠤ ᠳᠠᠷᠠᠭ᠎ᠠ ᠳᠠᠬᠢᠵᠤ ᠦᠷᠭᠦᠯᠵᠢᠯᠡᠭᠦᠯᠬᠦ ᠦᠭᠡᠢ᠃       ᠭᠤᠷᠪᠠ ᠳᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠴᠢᠩᠭ᠎ᠠ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠷᠢᠶ᠎ᠡ ᠴᠠᠷᠠᠭ᠎ᠠ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠬᠡᠶᠢᠯᠠᠨ ᠠᠷᠢᠯᠭᠠᠬᠤ ︽1+8︾ ᠶᠢᠨ ᠲᠥᠰᠦᠯ ᠪᠠ ᠮᠠᠨ ᠤ ᠠᠶᠢᠮᠠᠭ ᠤᠨ 10 ᠬᠦᠷᠢᠶ᠎ᠡ ᠴᠠᠷᠠᠭ᠎ᠠ ᠶᠢᠨ ᠠᠵᠢᠯ ᠤᠨ ᠲᠥᠰᠦᠯ ᠢ ᠨᠠᠷᠢᠨ ᠬᠢᠨᠠᠮᠠᠭᠠᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ ᠠᠶᠤᠯ ᠲᠦᠭᠰᠢᠭᠦᠷᠢ ᠶᠢᠨ ᠴᠡᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠬᠠᠮᠢᠶᠠᠷᠴᠤ ᠡᠵᠡᠮᠳᠡᠬᠦ ᠶᠢ ᠪᠠᠲᠤᠯᠠᠨ᠎ᠠ᠃ ᠵᠠᠰᠠᠭ ᠤᠨ ᠣᠷᠳᠣᠨ ᠤ  ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠢᠯ ᠤᠨ ᠳᠣᠲᠣᠷ᠎ᠠ ᠵᠠᠰᠠᠭ ᠤᠨ ᠣᠷᠳᠣᠨ ᠤ ᠨᠢᠭᠤᠭᠳᠠᠮᠠᠯ ᠥᠷᠢ ᠥᠭᠴᠡᠭᠡ ᠶᠢ 31.58 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ  ᠳᠤᠮᠳᠠ ᠵᠢᠵᠢᠭ ᠠᠵᠤ ᠠᠬᠤᠶᠢᠯᠠᠯ ᠳᠤ ᠥᠷᠢᠳᠡᠵᠤ ᠪᠠᠶᠢᠭᠰᠠᠨ ᠮᠠᠷᠭᠤᠯᠳᠤᠭᠠᠨ ᠦᠭᠡᠢ ᠥᠷᠢ ᠶᠢ ᠪᠦᠬᠦᠨ ᠢ ᠥᠬᠡᠢ ᠪᠤᠯᠭᠠᠨ᠎ᠠ᠃ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠤᠷᠢᠭ᠎ᠠ ᠱᠤᠭᠤᠮ ᠢ ᠰᠠᠬᠢᠵᠤ᠂ ᠵᠢᠯ ᠤᠨ ᠳᠣᠲᠣᠷ᠎ᠠ ᠡᠩ ᠤᠨ ᠴᠢᠨᠠᠷᠲᠠᠢ ᠵᠠᠷᠤᠯᠭ᠎ᠠ ᠶᠢ 10% ᠪᠠᠷ ᠪᠠᠭᠠᠰᠬᠠᠨ᠎ᠠ᠃ ᠮᠥᠩᠭᠦᠨ ᠭᠦᠶᠯᠭᠡᠭᠡᠨ ᠤ ᠬᠥᠷᠢᠶ᠎ᠡ ᠴᠠᠷᠠᠭ᠎ᠠ ᠳᠠᠬᠢ ᠠᠶᠤᠯ ᠲᠦᠭᠰᠢᠭᠦᠷᠢ ᠶᠢ ᠡᠷᠡᠰ ᠴᠢᠩᠭ᠎ᠠ ᠰᠡᠷᠭᠡᠶᠢᠯᠡᠨ ᠡᠵᠡᠮᠳᠡᠨ᠎ᠡ᠃ ᠬᠠᠤᠯᠢ ᠪᠤᠰᠤ ᠮᠥᠩᠭᠦᠨ ᠬᠥᠢᠯᠬᠡᠬᠡᠨ ᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠥᠨᠳᠥᠷ ᠬᠦᠤ ᠲᠠᠢ ᠵᠢᠭᠡᠯᠡᠯᠭᠡ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠬᠦᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠬᠥᠢᠯᠬᠡᠬᠡᠨ ᠤ ᠠᠶᠤᠯ ᠲᠦᠭᠰᠢᠭᠦᠷᠢ ᠥᠬᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠡᠯ᠎ᠡ ᠠᠵᠢᠯ ᠲᠥᠷᠥᠯ ᠤᠨ ᠠᠶᠤᠯᠬᠦᠢ ᠦᠶᠯᠡᠳᠪᠦᠷᠢᠯᠡᠯ ᠤᠨ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ  ᠬᠡᠷᠡᠭᠵᠢᠭᠦᠯᠵᠦ᠂  ᠠᠶᠤᠯᠬᠦᠢ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ᠂ ᠠᠶᠤᠯ ᠶᠡᠬᠡᠲᠡᠶ ᠠᠵᠢᠯ ᠲᠥᠷᠥᠯ ᠤᠨ ᠬᠥᠷᠢᠶ᠎ᠡ ᠴᠠᠷᠠᠭ᠎ᠠ ᠳᠠᠬᠢ ᠲᠤᠰᠬᠠᠶ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠪᠥᠬᠦ ᠠᠶᠢᠮᠠᠭ ᠤᠨ ︽ᠣᠶᠤᠨᠴᠢ ᠪᠠᠷ ᠪᠠᠴᠢᠮ ᠪᠠᠶᠢᠳᠠᠯ ᠢ ᠠᠷᠭᠠᠴᠠᠬᠤ ᠪᠠ ᠠᠶᠤᠯᠬᠦᠢ ᠦᠶᠯᠡᠳᠪᠦᠷᠢᠯᠡᠯ︾ ᠤᠨ ᠲᠠᠪᠴᠠᠩ ᠤᠨ ᠪᠠᠶᠢᠭᠤᠯᠤᠯᠲᠠ ᠶᠢ ᠳᠥᠷᠬᠡᠳᠬᠡᠵᠤ᠂ ᠬᠠᠤᠯᠢ ᠪᠠᠷ ᠵᠠᠰᠠᠬᠤ᠂ ᠲᠦᠷᠢᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠠᠶᠤᠯᠬᠦᠢ ᠦᠶᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠬᠠᠮᠢᠶᠠᠷᠤᠨ ᠡᠵᠡᠮᠳᠡᠬᠦ᠂ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠯᠭᠠᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠰᠤᠷᠭᠠᠮᠵᠢ ᠶᠢ ᠳ᠋ᠦᠩᠨᠡᠵᠦ᠂ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠰᠢᠪᠳᠥᠯᠥᠯᠳᠡ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠤᠭᠠᠨ᠎ᠠ  ᠬᠢᠵᠢᠭ ᠵᠡᠷᠭᠡ ᠣᠷᠣᠨ ᠨᠤᠲᠤᠭ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ  ᠰᠢᠰᠲ᠋ᠧᠮ ᠢ ᠪᠥᠷᠢᠨᠰᠢᠬᠦᠯᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 8 ᠳ᠋ᠤᠭᠠᠷ ᠰᠠᠷ᠎ᠠ  ᠶᠢᠨ ᠰᠡᠭᠦᠯᠴᠢ ᠠᠴᠠ ᠡᠮᠦᠨ᠎ᠡ ᠬᠤᠯᠤᠭᠠᠨ᠎ᠠ ᠬᠢᠵᠢᠭ ᠤᠨ PCR ᠲᠤᠷᠰᠢᠯᠲᠠ ᠶᠢᠨ ᠲᠠᠰᠤᠭ ᠤᠨ  ᠬᠢᠵᠢᠭ ᠤᠨ ᠢᠷᠡᠯᠲᠡ ᠶᠢᠨ ᠬᠤᠰᠢᠭᠤ ᠰᠢᠶᠠᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠢᠺᠷᠣᠪ  ᠢ ᠪᠠᠶᠢᠴᠠᠭᠠᠬᠤ ᠳᠤᠷᠰᠢᠯᠳᠡ ᠶᠢᠨ ᠲᠠᠰᠤᠭ ᠪᠣᠯᠤᠨ ᠬᠡᠮᠵᠢᠭᠦᠷᠯᠢᠭ ᠲᠣᠨᠤᠭ ᠲᠥᠬᠦᠭᠡᠷᠦᠮᠵᠢ  ᠶᠢ ᠪᠦᠬᠦᠨ ᠢ ᠪᠠᠷᠢᠮᠵᠢᠶᠡᠨ ᠳᠤ ᠬᠦᠷᠦᠭᠦᠯᠦᠨ᠎ᠡ᠃     ︵ᠬᠤᠶᠠᠷ︶ ᠠᠵᠤ ᠠᠬᠤᠢ ᠶᠢᠨ ᠠᠵᠢᠯᠯᠠᠯᠳᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠵᠤ ᠪᠠᠶᠢᠭᠠᠳ ᠬᠢᠵᠢᠭ ᠠᠴᠠ ᠰᠠᠭᠠᠲᠠᠭᠠᠭᠰᠠᠨ ᠴᠠᠭ ᠢ ᠡᠬᠡᠬᠦᠯᠥᠨ ᠠᠪᠴᠢᠷᠠᠵᠤ᠂ ᠪᠥᠬᠦ ᠵᠢᠯ ᠤᠨ ᠠᠵᠤ ᠠᠬᠤᠢ ᠶᠢᠨ  ᠠᠵᠢᠯᠯᠠᠯᠳᠠ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨᠬᠦ  ᠪᠠᠳᠤᠯᠠᠨ᠎ᠠ᠃ ᠨᠢᠭᠡ ᠳᠤ ᠭᠤᠤᠯᠳᠠᠯᠭ᠎ᠠ ᠲᠠᠢ ᠠᠵᠢᠯ ᠲᠦᠷᠦᠯ ᠤᠨ ᠬᠥᠷᠢᠶ᠎ᠡ ᠴᠠᠷᠠᠭ᠎ᠠ ᠳᠠᠬᠢ ᠨᠡᠮᠡᠭᠳᠡᠯ ᠢ ᠲᠣᠭᠲᠠᠪᠤᠷᠢᠵᠢᠭᠤᠯᠤᠨ᠎ᠡ᠃ ᠨᠡᠭᠦᠷᠡᠰᠦᠨ ᠤ ᠲᠠᠯ᠎ᠠ ᠪᠠᠷ᠂ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠭᠠᠷᠳᠠᠮ ᠢ ᠬᠥᠢᠴᠡᠳᠬᠡᠬᠦ ᠶᠢ ᠲᠦᠷᠭᠡᠳᠬᠡᠨ ᠠᠬᠢᠭᠤᠯᠵᠤ᠂ ᠪᠠᠶᠠᠨᠬᠤᠸᠠ ᠭᠤᠷᠪᠠᠳᠤᠭᠠᠷ ᠠᠭᠤᠷᠬᠠᠢ᠂ ᠢᠯᠠᠯᠳᠠ ᠪᠠᠷᠠᠭᠤᠨ ᠨᠢᠭᠡᠳᠦᠭᠡᠷ ᠠᠭᠤᠷᠬᠠᠢ ᠶᠢᠨ ᠳᠤᠭᠳᠠᠭᠰᠠᠨ ᠨᠡᠮᠡᠭᠳᠡᠯ ᠢ ᠲᠦᠯᠬᠢᠨ ᠠᠬᠢᠭᠤᠯᠵᠤ᠂ ᠵᠢᠷ ᠤᠨ ᠭᠤᠣᠯ ᠬᠤᠶᠠᠳᠤᠭᠠᠷ ᠠᠭᠤᠷᠬᠠᠢ᠂ ᠯᠦ ᠰᠢᠨ ᠨᠡᠭᠦᠷᠡᠰᠦᠨ ᠠᠭᠤᠷᠬᠠᠢ ᠶᠢᠨ ᠠᠵᠢᠯ   ᠢᠶᠠᠨ ᠡᠬᠢᠯᠠᠬᠦᠯᠬᠦ ᠶᠢᠨ ᠬᠠᠮᠲᠤ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠵᠤ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 1.1 ᠳ᠋ᠦᠩᠰᠢᠭᠤᠷ ᠲᠣᠨ ᠠᠴᠠ ᠳᠡᠭᠡᠭᠰᠢ ᠪᠠᠶᠢᠯᠭᠠᠬᠤ ᠶᠢ ᠥᠨᠡᠨᠬᠦ ᠪᠠᠲᠤᠯᠠᠵᠤ᠂ ᠠᠶᠢᠮᠠᠭ ᠤᠨ ᠳᠣᠲᠣᠷᠠᠬᠢ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠦᠨᠡᠨᠬᠦ ᠪᠠᠲᠤᠯᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠨᠡᠭᠦᠷᠡᠰᠦ ᠬᠡᠷᠡᠭᠯᠡᠬᠦ ᠠᠵᠤ ᠠᠬᠤᠶᠢᠯᠠᠯ ᠤᠨ ᠪᠥᠭᠦ ᠬᠥᠴᠥᠨ ᠢᠶᠠᠷ ᠢᠶᠠᠨ ᠦᠢᠯᠡᠳᠪᠦᠷᠢᠯᠡᠬᠦ  ᠶᠢ ᠦᠨᠡᠨᠬᠦ ᠪᠠᠲᠤᠯᠠᠨ᠎ᠠ᠃ ᠵᠢᠯ ᠤᠨ ᠭᠠᠷᠤᠯᠲᠠ 60 ᠲᠦᠮᠡᠨ ᠲᠣᠨ ᠠᠴᠠ ᠳᠣᠷᠣᠭᠰᠢᠬᠢ ᠨᠡᠭᠦᠷᠡᠰᠦᠨ ᠠᠭᠤᠷᠬᠠᠶ ᠶᠢ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠪᠤᠶᠤ ᠨᠡᠶᠢᠯᠡᠭᠦᠯᠦᠨ ᠳᠠᠬᠢᠨ ᠵᠣᠬᠢᠶᠠᠨ ᠪᠠᠶᠢᠭᠤᠯᠤᠨ᠎ᠠ᠃ ᠢᠯᠴᠢ ᠶᠢᠨ ᠴᠠᠬᠢᠯᠭᠠᠨ ᠤ ᠲᠠᠯ᠎ᠠ ᠪᠠᠷ᠂ ᠳ᠋ᠠ ᠲᠠᠩ᠂ ᠤᠮᠠᠷᠠᠲᠤ ᠶᠢᠨ ᠴᠠᠬᠢᠯᠭᠠᠨ ᠦᠶᠯᠡᠳᠪᠦᠷᠢ ᠶᠢᠨ ︽ᠬᠤᠣᠰ ᠤᠷᠤᠭᠤᠯᠤᠯᠳᠠ︾ ᠶᠢ ᠲᠦᠷᠭᠡᠳᠬᠡᠨ ᠠᠬᠢᠭᠤᠯᠵᠤ᠂ ᠱᠧᠨ ᠬᠤᠸᠠ ᠴᠠᠬᠢᠯᠭᠠᠨ ᠦᠢᠯᠡᠳᠪᠦᠷᠢ᠂ ᠪᠠᠶᠠᠨᠬᠤᠸᠠ ᠥᠪᠡᠷᠲᠡᠭᠡᠨ ᠬᠡᠷᠡᠭᠯᠡᠬᠦ ᠴᠠᠬᠢᠯᠭᠠᠨ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠠᠭᠠᠨᠨᠠᠭᠤᠷ ᠤᠨ ᠴᠠᠬᠢᠯᠭᠠᠨ ᠥᠢᠯᠡᠳᠪᠤᠷᠢ ᠶᠢ ᠦᠨᠡᠨ ᠪᠣᠳᠠᠲᠠᠢ ᠠᠵᠢᠯ ᠡᠬᠢᠯᠡᠭᠦᠯᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠢᠵᠢ ᠪᠥᠷᠢᠳᠥᠭᠰᠡᠨ ᠴᠠᠬᠢᠯᠭᠠᠨ ᠡᠭᠦᠰᠭᠡᠭᠴᠢ ᠶᠢᠨ ᠴᠡᠭ ᠢ 1 ᠠᠴᠠ ᠳᠡᠭᠡᠭᠰᠢ ᠠᠵᠢᠯ ᠡᠬᠢᠯᠡᠭᠦᠯᠵᠦ᠂ ᠪᠦᠬᠦ ᠵᠢᠯ ᠳᠤ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 198 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠲᠠᠯ᠎ᠠ ᠪᠠᠷ᠂ 700 ᠲᠦᠮᠡᠨ ᠺᠢᠯᠣᠸᠠᠲ ᠤᠨ ᠰᠠᠯᠬᠢᠨ ᠬᠥᠴᠥᠨ ᠤ ᠴᠠᠬᠢᠯᠭᠠᠨ ᠤ ᠲᠥᠷᠥᠯ ᠵᠦᠢᠯ ᠵᠢᠴᠢ ᠭᠠᠳᠠᠭᠰᠢ ᠬᠥᠷᠬᠡᠬᠦ ᠢᠨᠵᠧᠨᠧᠷᠢᠩ ᠢ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠵᠤ᠂ ᠱᠠᠩᠳᠤ ᠶᠢᠨ ᠦᠶᠯᠡᠳᠪᠦᠷᠢ ᠶᠢᠨ ᠵᠠᠭᠤᠨ ᠲᠦᠮᠡᠨ ᠰᠠᠯᠬᠢᠨ ᠤ ᠲᠠᠯᠠᠪᠠᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠪᠠᠷᠠᠭᠤᠨ ᠬᠡᠰᠡᠭ ᠤᠨ ᠴᠦᠯᠯᠡᠷᠭᠡᠭᠵᠢᠭᠰᠡᠨ ᠭᠠᠵᠠᠷ ᠣᠷᠣᠨ ᠤ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠠᠮᠢ ᠠᠬᠤᠢ ᠶᠢᠨ ᠰᠡᠷᠬᠦᠬᠡᠨ ᠠᠭᠤᠰᠣᠯᠴᠠᠬᠤ ᠬᠥᠭᠵᠢᠯᠳᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃ ᠠᠭᠤᠷᠬᠠᠢ ᠶᠢᠨ ᠭᠠᠷᠤᠯᠲᠠ ᠲᠡᠮᠦᠷᠯᠢᠭ ᠪᠣᠯᠪᠠᠰᠤᠷᠠᠭᠤᠯᠬᠤ ᠲᠠᠯ᠎ᠠ ᠪᠠᠷ᠂ ᠨᠠᠷᠢᠯᠢᠭ ᠬᠥᠩᠭᠡᠨ ᠴᠠᠭᠠᠨ ᠬᠠᠪᠲᠠᠰᠤ᠂ ᠬᠢᠮᠡᠯ ᠠᠯᠮᠠᠰ ᠴᠢᠯᠠᠭᠤ᠂ ᠪᠠᠯ ᠴᠢᠯᠠᠭᠤᠨ ᠴᠠᠬᠢᠯᠭᠠᠨ ᠲᠥᠢᠯ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂  ᠲᠠᠶᠢᠹᠤᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠡᠯ᠂ ᠰᠢᠯᠤᠭᠤᠨ ᠬᠦᠪᠡᠭᠡᠳᠣ ᠴᠠᠭᠠᠨ ᠬᠤᠰᠢᠭᠤᠨ ᠤ ᠰᠢᠨ᠎ᠡ ᠮᠠᠲ᠋ᠧᠷᠢᠶᠠᠯ᠂  ᠰᠥᠨᠢᠳ ᠪᠠᠷᠠᠭᠤᠨ ᠬᠤᠰᠢᠭᠤᠨ ᠤ ᠬᠠᠶᠢᠯᠤᠰᠢᠨ ᠮᠠᠲ᠋ᠧᠷᠢᠶᠡᠯ᠂ ᠪᠠᠶᠠᠨᠬᠤᠸᠠ ᠬᠥᠩᠭᠡᠨ ᠴᠠᠭᠠᠨ ᠪᠣᠯᠪᠠᠰᠤᠷᠠᠭᠤᠯᠬᠤ ᠵᠡᠷᠭᠡ 4 ᠵᠠᠭᠤᠨ ᠳ᠋ᠦᠩᠰᠢᠭᠤᠷ ᠲᠥᠭᠦᠷᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠰᠠᠶᠢᠲᠤᠷ ᠪᠠᠶᠢᠭᠤᠯᠤᠨ᠎ᠠ᠃ ᠲᠣᠨᠣᠭᠯᠠᠯ ᠦᠢᠯᠡᠳᠬᠦ ᠲᠠᠯ᠎ᠠ ᠪᠠᠷ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠰᠢᠨ᠎ᠡ ᠡᠨᠧᠷᠭᠢ ᠶᠢᠨ ᠲᠦᠷᠦᠯ ᠵᠦᠢᠯ ᠤᠨ ᠳᠥᠪᠯᠡᠷᠡᠭᠰᠡᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠯᠠᠨ ᠲᠠᠯ᠎ᠠ ᠶᠢᠨ ᠬᠢᠨ ᠤ ᠵᠠᠬᠢᠶᠠᠯᠠᠭ᠎ᠠ ᠶᠢ ᠤᠯᠬᠤ ᠪᠠᠷ ᠬᠥᠴᠥᠯᠡᠨ ᠴᠢᠷᠮᠡᠶᠢᠵᠤ ᠪᠥᠬᠦ ᠬᠥᠴᠥᠨ ᠢᠶᠠᠷ ᠢᠶᠠᠨ ᠥᠢᠯᠡᠳᠪᠤᠷᠢᠯᠡᠨ᠎ᠡ᠃ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠠᠯ᠎ᠠ ᠪᠠᠷ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠢ ᠪᠠᠳᠤᠯᠠᠬᠤ ᠪᠠᠷᠢᠮᠵᠢᠶ᠎ᠠ ᠶᠢ ᠴᠢᠩᠭᠠᠯᠠᠵᠤ᠂ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠪᠤᠶᠢᠵᠢᠭᠤᠯᠵᠤ᠂ ᠳᠣᠤᠷ᠎ᠠ ᠲᠡᠰ ᠤᠨ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ ᠰᠢᠬᠠᠨ ᠭᠠᠷᠭᠠᠵᠤ᠂ ᠵᠢᠯ ᠤᠨ ᠳᠣᠲᠣᠷ᠎ᠠ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 65% ᠡᠴᠠ‌‍ᠲ᠋ᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃     ᠬᠤᠶᠠᠷ ᠲᠤ ᠭᠤᠤᠯᠳᠠᠯᠭ᠎ᠠ ᠲᠠᠢ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠪᠠᠯᠠ ᠣᠷᠣᠭᠤᠯᠤᠯᠳᠡ ᠶᠢ ᠲᠣᠭᠲᠠᠭᠤᠨ ᠪᠠᠶᠢᠯᠭᠠᠨ᠎ᠠ᠃ ᠲᠥᠷᠥᠯ ᠵᠦᠢᠯ ᠤᠨ ᠨᠥᠭᠡᠴᠡ ᠶᠢᠨ ᠦᠨᠳᠦᠰᠦᠨ ᠴᠢᠳᠠᠪᠤᠷᠢ ᠶᠢ ᠰᠠᠶᠢᠲᠤᠷ ᠪᠣᠯᠪᠠᠰᠤᠷᠠᠭᠤᠯᠤᠨ᠎ᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠲᠤᠯᠭᠠᠭᠤᠷᠢᠯᠠᠯ ᠢ ᠴᠢᠩᠭᠠᠳᠬᠠᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠱᠠᠯᠠᠪᠳᠠᠨ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ  ᠤᠨ ᠣᠷᠳᠣᠨ  ᠤ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠣᠷᠣᠭᠤᠯᠤᠯᠲᠠ ᠶᠢᠨ ᠬᠠᠨᠳᠤᠰᠢ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠥᠷᠥᠯ ᠵᠥᠢᠯ ᠤᠨ ᠨᠥᠭᠡᠴᠡ ᠶᠢ ᠪᠣᠳᠠᠲᠠᠶᠢᠵᠢᠭᠤᠯᠵᠤ  ᠵᠠᠰᠠᠭ ᠤᠨ ᠤᠷᠳᠤᠨ ᠤ  ᠵᠢᠬᠡᠯᠡᠯᠬᠡ ᠶᠢᠨ ᠲᠡᠮᠳᠡᠭᠳᠤ ᠶᠢᠨ ᠪᠡᠯᠡ ᠮᠥᠩᠬᠦ ᠶᠢ ᠡᠮᠬᠢ ᠵᠢᠷᠤᠮ ᠲᠠᠢ ᠪᠦᠲᠦᠮᠵᠢᠲᠡᠶ ᠪᠠᠷ ᠬᠥᠴᠥᠯᠡᠨ ᠣᠯᠤᠨ᠎ᠠ᠃ ᠭᠤᠤᠯᠳᠠᠯᠭ᠎ᠠ ᠲᠠᠢ ᠲᠥᠷᠥᠯ ᠵᠥᠢᠯ ᠤᠨ ᠠᠬᠢᠴᠠ ᠶᠢ ᠰᠠᠶᠢᠲᠤᠷ ᠠᠳᠬᠤᠨ᠎ᠠ᠃ ︽2020 ᠤᠨ ᠤ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠲᠥᠷᠥᠯ  ᠵᠥᠢᠯ ᠢ ᠳᠠᠭᠠᠭᠠᠨ ᠬᠠᠷᠢᠯᠴᠠᠬᠤ ᠲᠥᠷᠢᠮ ᠢ ᠦᠷᠭᠦᠯᠵᠢᠯᠡᠨ ᠬᠡᠷᠡᠭᠵᠢᠭᠦᠯᠵᠦ᠂ 3 ᠳ᠋ᠤᠭᠠᠷ ᠰᠠᠷ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠨᠤᠷᠮ᠎ᠠ   ᠶᠢ ᠳᠡᠭᠡᠷ᠎ᠡ ᠬᠠᠭᠠᠰ ᠵᠢᠯ   ᠳᠤ 70% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠵᠤ᠂  ᠵᠢᠯ ᠤᠨ ᠳᠤᠳᠤᠷ᠎ᠠ ᠠᠶᠢᠮᠠᠭ ᠤᠨ ᠱᠠᠲᠤᠨ ᠤ 130 ᠭᠤᠣᠯᠳᠠᠯᠭ᠎ᠠ ᠲᠠᠢ ᠲᠥᠷᠥᠯ ᠵᠦᠢᠯ   ᠳᠤ 280 ᠳ᠋ᠥᠩᠰᠢᠭᠤᠷ ᠲᠥᠭᠦᠷᠢᠭ ᠪᠡᠯᠡ ᠤᠷᠤᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠳᠤᠲᠠᠭᠤᠳᠠᠯ ᠢ ᠨᠥᠬᠦᠪᠥᠷᠢᠯᠡᠬᠦ ᠶᠢ ᠴᠢᠩᠭᠠᠳᠬᠠᠨ᠎ᠠ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠥᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠬᠡᠯᠬᠢᠶ᠎ᠡ ᠨᠥᠬᠦᠪᠥᠷᠢᠯᠡᠬᠦ᠂ ᠬᠡᠯᠬᠢᠶ᠎ᠡ ᠤᠷᠲᠤᠳᠬᠠᠬᠤ᠂ ᠬᠡᠯᠬᠢᠶ᠎ᠡ ᠴᠢᠩᠭᠠᠷᠠᠭᠤᠯᠬᠤ ᠲᠥᠷᠥᠯ ᠵᠥᠢᠯ ᠢ  ᠪᠤᠳᠠᠳᠠᠢ ᠣᠷᠣᠭᠤᠯᠤᠨ ᠠᠪᠴᠢᠷᠠᠵᠤ᠂ ᠨᠡᠭᠦᠷᠡᠰᠦᠨ ᠨᠤᠨᠲᠠᠭ ᠢ ᠶᠡᠷᠦᠩᠬᠡᠶᠢᠯᠡᠨ ᠠᠰᠢᠭᠯᠠᠬᠤ᠂ ᠲᠣᠨᠤᠭ  ᠲᠥᠬᠦᠬᠡᠷᠥᠮᠵᠢ ᠦᠶᠯᠡᠳᠬᠦ᠂ ᠢᠯᠵᠢᠮᠡᠭ ᠤᠷᠭᠤᠮᠠᠯ ᠬᠦᠴᠢᠯ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ᠂ ᠤᠰᠤᠲᠥ᠋ᠷᠥᠭᠴᠢ ᠡᠨᠧᠷᠭᠢ᠂ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ ᠲᠥᠷᠥᠯ  ᠵᠥᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠰᠢᠨ᠎ᠡ  ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶ ᠲᠥᠯᠥᠪᠵᠢᠭᠦᠯᠭᠡ ᠪᠠ ᠲᠤᠰᠬᠠᠶ ᠲᠥᠷᠥᠯ ᠤᠨ ᠲᠥᠯᠥᠪᠵᠢᠭᠦᠯᠬᠡ ᠶᠢ ᠨᠠᠶᠢᠷᠠᠭᠤᠯᠬᠤ ᠠᠵᠢᠯ ᠢ ᠨᠠᠷᠢᠯᠢᠭ ᠪᠥᠭᠡᠳ ᠪᠣᠳᠠᠲᠠᠶ ᠬᠢᠵᠦ᠂ ᠨᠠᠩ ᠣᠯᠠᠨ ᠲᠥᠷᠥᠯ ᠵᠥᠢᠯ ᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠳᠥᠯᠥᠪᠵᠢᠬᠦᠯᠬᠡ ᠶᠢᠨ ︽ᠶᠡᠭᠡ ᠲᠠᠯ᠎ᠠ︾ ᠳᠤ ᠣᠷᠣᠭᠤᠯᠬᠤ ᠪᠠᠷ ᠬᠦᠴᠦᠯᠡᠨ᠎ᠡ᠃      ᠭᠤᠷᠪᠠ ᠳᠤ ᠦᠢᠯᠡᠴᠢᠯᠡᠭᠡᠨ ᠤ ᠦᠢᠯᠡᠰ ᠢ ᠰᠠᠶᠢᠲᠤᠷ ᠠᠳᠬᠤᠵᠤ ᠬᠡᠷᠡᠭᠯᠡᠬᠦᠨ ᠢ ᠲᠣᠭᠲᠠᠪᠤᠷᠢᠵᠢᠭᠤᠯᠤᠨ᠎ᠠ᠃ ᠰᠠᠭᠤᠭᠠᠯᠢ ᠠᠷᠠᠳ ᠤᠨ ᠬᠡᠷᠡᠭᠯᠡᠬᠦᠨ ᠢ ᠲᠥᠷᠬᠡᠳᠬᠡᠨ ᠥᠷᠭᠡᠳᠬᠡᠨ᠎ᠡ᠃  ᠰᠢᠯᠢ ᠶᠢᠨ ᠬᠤᠳᠠ ᠪᠠᠷ ᠲᠤᠷᠰᠢᠯᠲᠠ ᠶᠢᠨ ᠴᠡᠭ  ᠪᠤᠯᠭᠠᠵᠤ᠂ 4  ᠳ᠋ᠤᠬᠡᠷ ᠰᠠᠷ᠎ᠠ ᠶᠢᠨ ᠳᠤᠮᠳᠠᠴᠢ ᠠᠴᠠ 5 ᠳ᠋ᠤᠭᠠᠷ ᠰᠠᠷ᠎ᠠ ᠶᠢᠨ ᠳᠤᠮᠳᠠᠴᠢ ᠪᠤᠯᠳᠠᠯ᠎ᠠ1000 ᠲᠦᠮᠡᠨ ᠲᠥᠭᠦᠷᠢᠭ ᠤᠨ ᠰᠠᠭᠤᠭᠠᠯᠢ ᠠᠷᠠᠳ ᠤᠨ ᠬᠡᠷᠡᠭᠯᠡᠬᠦᠨ ᠤ ᠲᠡᠮᠳᠡᠭᠲᠦ ᠲᠠᠷᠬᠠᠭᠠᠵᠤ᠂ ᠢᠳᠡᠭᠡᠨ ᠤᠮᠳᠠᠭᠠᠨ ᠵᠡᠷᠭᠡ ᠶᠢᠨ ᠬᠡᠷᠡᠭᠯᠡᠬᠦᠨ ᠳᠤ ᠰᠡᠳᠡᠯᠲᠡ ᠥᠭᠬᠦᠨ᠎ᠡ᠃ ᠤᠯᠠᠨ ᠨᠡᠶᠢᠲᠡ ᠶᠢᠨ ᠬᠡᠷᠡᠭᠯᠡᠬᠦᠨ ᠢ ᠵᠦᠶ ᠵᠣᠬᠢᠰᠲᠠᠶ ᠥᠷᠭᠡᠳᠬᠡᠨ᠎ᠡ᠃ ᠤᠯᠤᠰ ᠠᠴᠠ ᠣᠯᠠᠨ ᠨᠡᠶᠢᠲᠡ  ᠶᠢᠨ ᠦᠶᠯᠡᠴᠢᠯᠡᠭᠡᠨ ᠤ ᠬᠡᠷᠡᠭᠯᠡᠬᠦᠨ ᠤ ᠬᠠᠩᠭᠠᠯᠭ᠎ᠠ ᠪᠣᠯᠤᠨ ᠣᠷᠣᠭᠤᠯᠤᠯᠲᠠ ᠶᠢ ᠥᠷᠬᠡᠳᠬᠡᠬᠦ ᠠᠵᠠ ᠲᠣᠬᠢᠶᠠᠯ ᠢ ᠵᠠᠪᠳᠤᠨ᠂ ᠰᠤᠷᠭᠠᠨ ᠬᠥᠮᠦᠵᠢᠯ  ᠂ ᠪᠣᠯᠪᠠᠰᠣᠷᠠᠯ᠂ ᠡᠮ ᠡᠮᠨᠡᠯᠭᠡ ᠡᠷᠡᠭᠦᠯ ᠮᠡᠨᠳᠦ᠂ ᠰᠣᠶᠣᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠪᠠ ᠨᠢᠯᠬᠠᠰ ᠢ ᠪᠤᠶᠢᠵᠢᠭᠤᠯᠬᠤ ᠵᠡᠷᠭᠡ ᠲᠠᠯ᠎ᠠ  ᠪᠠᠷ ᠣᠯᠠᠨ ᠨᠡᠶᠢᠲᠡ ᠶᠢᠨ ᠬᠡᠷᠡᠭᠯᠡᠬᠦᠨ ᠤ ᠨᠡᠮᠡᠭᠳᠡᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠢᠵᠢᠭ ᠤᠨ ᠳᠠᠷᠠᠭᠠᠬᠢ ᠵᠢᠭᠤᠯᠴᠢᠯᠠᠯ ᠤᠨ ᠣᠷᠭᠢᠯ ᠢ  ᠰᠠᠨᠠᠭᠠᠴᠢᠯᠠᠭ᠎ᠠ ᠠᠴᠠ ᠪᠠᠨ ᠤᠭᠲᠤᠨ᠎ᠠ᠃ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ  ᠳᠠᠷᠳᠠᠩ ᠵᠠᠮ᠂ ᠶᠤᠸᠠᠨ ᠤ ᠳᠡᠭᠡᠳᠤ ᠨᠡᠶᠢᠰᠯᠡᠯ ᠤᠨ ᠵᠢᠭᠤᠯᠴᠢᠯᠠᠭᠴᠢᠳ ᠤᠨ ᠲᠥᠪ ᠵᠡᠷᠭᠡ ᠭᠤᠤᠯᠳᠠᠯᠭ᠎ᠠ ᠲᠠᠢ ᠲᠥᠷᠥᠯ  ᠵᠥᠢᠯ ᠤᠨ ᠪᠦᠲᠦᠭᠡᠨ ᠪᠠᠶᠢᠭᠤᠯᠤᠯᠳᠡ ᠶᠢ ᠲᠦᠷᠭᠡᠳᠬᠡᠵᠦ᠂ ᠬᠤᠪᠢᠰᠬᠠᠯ ᠤᠨ ᠰᠤᠳᠤᠯᠤᠨ ᠰᠤᠷᠤᠯᠴᠠᠬᠤ᠂ ᠲᠠᠯ᠎ᠠ ᠨᠤᠲᠤᠭ ᠤᠨ ᠰᠣᠶᠣᠯ ᠪᠠ ᠠᠮᠢ ᠠᠬᠤᠶ ᠶᠢ ᠪᠡᠶ᠎ᠡ ᠪᠠᠷ ᠢᠶᠠᠨ ᠳᠤᠷᠰᠢᠬᠤ᠂ ᠵᠠᠬᠢᠶᠠᠯᠠᠨ ᠦᠶᠯᠡᠳᠬᠦ ᠵᠢᠭᠤᠯᠴᠢᠯᠠᠯ ᠵᠡᠷᠭᠡ ᠣᠯᠠᠨ ᠬᠡᠯᠪᠡᠷᠢ ᠶᠢᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠰᠦᠪᠡᠭᠴᠢᠯᠡᠨ ᠬᠥᠭᠵᠢᠭᠦᠯᠵᠦ᠂ ᠬᠥᠭᠵᠢᠶᠡᠨᠲᠡᠶ ᠤᠯᠠᠷᠢᠯ ᠳᠤ ᠨᠠᠩ ᠣᠯᠠᠨ ᠵᠢᠭᠤᠯᠴᠢᠯᠠᠭᠴᠢᠳ ᠤᠨ ᠠᠶᠢᠮᠠᠭ ᠤᠨ ᠳᠤᠳᠤᠭᠠᠳᠤᠬᠢ ᠬᠡᠷᠡᠭᠯᠡᠬᠦᠨ ᠢ ᠦᠨᠡᠨᠬᠦ ᠪᠠᠲᠤᠯᠠᠨ᠎ᠠ᠃    ᠲᠠᠢ ᠽᠢ ᠬᠤᠳᠠ— ᠰᠢᠯᠢ ᠶᠢᠨ ᠬᠤᠳᠠ  ᠳᠡᠬᠡᠳᠤ ᠬᠤᠷᠳᠤ ᠶᠢᠨ ᠲᠡᠮᠦᠷ ᠵᠠᠮ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠰᠢᠯᠢ   ᠶᠢᠨ ᠬᠤᠳᠠ  ᠶᠢᠨ ᠨᠢᠰᠬᠡᠯ  ᠤᠨ ᠪᠠᠭᠤᠳᠠᠯ ᠢ ᠥᠷᠭᠡᠳᠬᠡᠨ ᠪᠠᠶᠢᠭᠤᠯᠬᠤ ᠪᠠ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠳᠠᠨ᠎ᠠ ᠠᠴᠠ ᠢᠷᠡᠭᠰᠡᠨ ᠬᠡᠷᠡᠭᠯᠡᠬᠦᠨ ᠢ ᠳᠠᠶᠢᠴᠢᠯᠠᠨ᠎ᠠ᠃      ︵ᠭᠤᠷᠪᠠ︶ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠯᠲᠠᠨ  ᠫᠠᠶᠢᠰᠠ ᠶᠢ  ᠰᠠᠶᠢᠳᠤᠷ ᠪᠠᠶᠢᠭᠤᠯᠤᠨ᠎ᠠ᠃ ︽ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠥᠯ ︵2020 — 2021 ᠤᠨ︶︾ ᠢ ᠨᠠᠶᠢᠳᠠᠪᠤᠷᠢᠵᠢᠭᠤᠯᠵᠤ᠂ ︽ᠨᠢᠭᠡ ᠤᠷᠤᠨ ᠨᠢᠭᠡ ᠪᠦᠰᠡ︾ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ᠨᠢᠭᠡ ᠣᠷᠣᠨ︾ ᠭᠡᠳᠡᠭ ᠨᠢ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ ᠭᠤᠤᠯ ᠬᠤᠨᠢᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾ ᠢ ᠪᠦᠲᠦᠭᠡᠨ ᠪᠠᠶᠢᠭᠤᠯᠬᠤ ᠶᠠᠪᠤᠳᠠᠯ ᠪᠣᠯᠤᠨ᠎ᠠ᠃  ᠨᠢᠭᠡ  ᠳᠤ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠪᠠ ᠦᠷ᠎ᠡ ᠶᠢᠨ ᠮᠠᠯ ᠢ ᠬᠠᠮᠠᠭᠠᠯᠠᠨ ᠦᠷᠡᠵᠢᠭᠦᠯᠵᠤ ᠪᠤᠶᠢᠵᠢᠭᠤᠯᠬᠤ ᠶᠢ ᠴᠢᠩᠭᠠᠳᠬᠠᠨ᠎ᠠ᠃ ᠵᠢᠯ ᠤᠨ ᠳᠣᠲᠣᠷ᠎ᠠ  ᠥᠷ᠎ᠡ ᠶᠢᠨ ᠮᠠᠯ ᠤᠨ  ᠲᠠᠯᠠᠪᠠᠢ 11 ᠪᠠᠶᠢᠭᠤᠯᠵᠤ᠂ ᠭᠤᠣᠯ ᠰᠦᠷᠦᠭ ᠤᠨ ᠲᠠᠯᠠᠪᠠᠢ 75 ᠪᠠᠶᠢᠭᠤᠯᠵᠤ᠂ 1050 ᠰᠦᠷᠦᠭ ᠲᠤ  ᠬᠥᠷᠬᠡᠵᠤ᠂ ᠰᠠᠭᠤᠷᠢ ᠡᠬᠡ ᠮᠠᠯ ᠤᠨ ᠬᠠᠷᠢᠴᠠᠯ ᠢ 85% ᠳᠤ ᠬᠦᠷᠭᠡᠵᠦ᠂ ᠦᠵᠦᠮᠦᠴᠢᠨ ᠬᠤᠨᠢᠨ ᠤ ᠤᠯᠤᠰ ᠤᠨ ᠠᠯᠠᠰᠢᠨ ᠬᠤᠨᠢᠨ ᠤ ᠭᠤᠣᠯᠳᠠᠯᠭ᠎ᠠ ᠲᠠᠢ ᠡᠭᠦᠯᠳᠡᠷ ᠪᠤᠶᠢᠵᠢᠭᠤᠯᠬᠤ ᠲᠠᠯᠠᠪᠠᠢ ᠶᠢ ᠪᠠᠶᠢᠭᠤᠯᠤᠨ᠎ᠠ᠃ ᠬᠤᠶᠠᠷ ᠲᠤ ᠪᠤᠳᠠᠭᠠᠯᠢ ᠪᠡᠶ᠎ᠡ ᠶᠢᠨ ᠥᠢᠯᠡᠳᠬᠦᠨ ᠤ ᠦᠷᠳᠡᠭ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠪᠠᠷ ᠭᠤᠤᠯ ᠪᠣᠯᠭᠠᠨ᠂ ᠬᠤᠪᠢ ᠶᠢᠨ ᠥᠢᠯᠡᠳᠪᠤᠷᠢ ᠬᠤᠳᠠᠯᠳᠤᠭᠠᠨ ᠤ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠬᠤᠷᠰᠢᠶᠡᠵᠢᠯ ᠤᠨ ᠠᠯᠠᠰᠢᠨ ᠬᠤᠨᠢ ᠶᠢ ᠡᠷᠯᠢᠰᠡᠵᠢᠭᠦᠯᠦᠨ ᠪᠣᠷᠳᠣᠵᠤ ᠲᠠᠷᠭᠤᠯᠠᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠡ᠃ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠡᠪ ᠵᠠᠭᠪᠤᠷ   ᠢᠶᠠᠨ  ᠬᠠᠯᠠᠨ ᠰᠠᠶᠢᠵᠢᠷᠠᠭᠤᠯᠬᠤ ᠶᠢ ᠬᠥᠲᠥᠯᠥᠨ ᠵᠢᠯᠣᠭᠤᠳᠴᠤ᠂ ᠲᠡᠵᠢᠭᠡᠨ ᠦᠷᠡᠵᠢᠭᠦᠯᠬᠦ ᠡᠷᠦᠬᠡ ᠶᠢᠨ ᠡᠪᠦᠯ ᠤᠨ ᠲᠥᠯ᠂ ᠬᠠᠪᠤᠷ ᠤᠨ ᠡᠷᠲᠡ ᠶᠢᠨ ᠲᠥᠯ ᠲᠣᠰᠬᠤ ᠶᠢ ᠵᠣᠷᠢᠭᠵᠢᠭᠤᠯᠤᠨ᠂ ᠲᠡᠵᠢᠬᠡᠨ ᠪᠤᠷᠳᠤᠵᠤ ᠡᠷᠳᠠ ᠵᠠᠷᠤᠴᠠᠭᠤᠯᠤᠨ᠎ᠠ᠃ ᠭᠤᠷᠪᠠ ᠳᠤ ᠰᠢᠯᠢ ᠶᠢᠨ ᠭᠤᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠨᠡᠷᠡᠲᠦ ᠲᠥᠷᠥᠯ ᠲᠡᠮᠳᠡᠭ ᠤᠨ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠰᠢᠯᠢ ᠶᠢᠨ ᠭᠤᠤᠯ ᠤᠨ ᠬᠤᠨᠢᠨ ᠤ  ᠪᠠᠷᠢᠮᠵᠢᠶ᠎ᠠ ᠶᠢᠨ  ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ︽ᠬᠠᠮᠲᠤ ᠶᠢᠨ ᠨᠡᠷ᠎ᠡ ᠶᠢᠨ ᠬᠠᠭᠤᠳᠠᠰᠤ︾ ᠶᠢᠨ ᠨᠡᠷᠡᠲᠦ ᠲᠥᠷᠥᠯ ᠲᠡᠮᠳᠡᠭᠲᠦ ᠶᠢᠨ ᠦᠶᠯᠡᠳᠦᠯ ᠢ ᠰᠠᠶᠢᠲᠤᠷ ᠪᠠᠳᠠᠷᠠᠭᠤᠯᠤᠨ᠎ᠠ᠃ ︽ᠨᠢᠭᠡ ᠪᠦᠰᠡ︾ ᠭᠡᠳᠡᠭ ᠨᠢ ᠡᠮᠦᠨᠡᠲᠦ ᠬᠡᠰᠡᠭ ᠤᠨ ᠣᠷᠣᠨ ᠪᠦᠰᠡ ᠪᠠᠷ ᠭᠤᠤᠯᠳᠠᠯᠭ᠎ᠠ ᠪᠣᠯᠭᠠᠭᠰᠠᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠤᠨ ᠠᠵᠤ ᠦᠶᠯᠡᠰ ᠤᠨ ᠪᠦᠰᠡ ᠶᠢ ᠪᠠᠶᠢᠭᠤᠯᠤᠨ᠎ᠠ᠃ ᠨᠢᠭᠡ ᠳᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠵᠢᠯ ᠤᠨ ᠳᠣᠲᠣᠷ᠎ᠠ 1.5 ᠲᠦᠮᠡᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠣᠷᠣᠭᠤᠯᠵᠤ᠂ 82 ᠲᠦᠮᠡᠨ ᠲᠣᠯᠣᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠤᠨ᠎ᠡ᠃ ᠵᠢᠯ ᠤᠨ ᠡᠴᠦᠰ ᠲᠤ ᠦᠨᠢᠶ᠎ᠡ ᠶᠢ 2.5 ᠲᠦᠮᠡᠨ ᠲᠣᠯᠣᠭᠠᠢ ᠳᠤ ᠬᠦᠷᠭᠡᠵᠦ᠂ ᠵᠢᠯ ᠳᠤ 5000  ᠬᠢᠷᠢ ᠲᠡᠩᠴᠡᠭᠰᠡᠨ ᠪᠤᠬ᠎ᠠ᠂ 1 ᠲᠦᠮᠡᠨ ᠬᠤᠶᠠᠳᠣᠭᠠᠷ ᠡᠭᠦᠯᠳᠡᠷ ᠠᠴᠠ ᠳᠡᠭᠡᠭᠰᠢ ᠦᠨᠢᠶ᠎ᠡ ᠥᠰᠬᠡᠨ᠎ᠡ᠃ ᠬᠤᠶᠠᠷ ᠲᠤ ᠪᠤᠶᠢᠵᠢᠭᠤᠯᠤᠭᠰᠠᠨ ᠦᠬᠡᠷ ᠤᠨ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ᠲᠡᠵᠢᠭᠡᠨ ᠦᠷᠡᠵᠢᠭᠦᠯᠬᠦ ᠲᠣᠮᠣ ᠡᠷᠦᠬᠡ᠂ ᠡᠷᠦᠬᠡ ᠬᠤᠯᠪᠣᠭᠠᠯᠠᠭᠰᠠᠨ ᠡᠷᠦᠬᠡ᠂ ᠬᠤᠷᠰᠢᠶᠡᠵᠢᠯ ᠢ ᠬᠥᠲᠥᠯᠥᠨ ᠵᠢᠯᠤᠭᠤᠳᠴᠤ ᠪᠠᠶᠢᠭᠠᠳ ᠲᠣᠭᠤᠯᠯᠠᠬᠤ ᠦᠨᠢᠶ᠎ᠡ᠂ ᠪᠤᠬ᠎ᠠ ᠪᠤᠶᠢᠵᠢᠭᠤᠯᠬᠤ ᠠᠵᠢᠯ ᠢ ᠥᠷᠨᠢᠭᠦᠯᠵᠦ᠂ ᠨᠥᠬᠦᠴᠡᠯ ᠲᠠᠢ ᠭᠠᠵᠠᠷ ᠤᠷᠤᠨ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠶᠢ ᠵᠣᠷᠢᠭᠵᠢᠭᠤᠯᠵᠤ᠂ ᠰᠢᠯᠢᠳᠡᠭ ᠡᠭᠦᠯᠳᠡᠷ ᠤᠨ ᠲᠤᠭᠤᠯ ᠢᠶᠠᠨ ᠭᠠᠳᠠᠭᠰᠢ ᠶᠠᠪᠤᠭᠤᠯᠬᠤ ᠠᠰᠠᠭᠤᠳᠠᠯ ᠢ ᠦᠨᠳᠦᠰᠦᠨ ᠠᠴᠠ ᠨᠢ ᠵᠣᠭᠰᠣᠭᠠᠨ᠎ᠠ᠃ ᠭᠤᠷᠪᠠ ᠳᠤ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠳᠤᠲᠠᠭᠤᠳᠠᠯ ᠢ ᠨᠥᠬᠦᠪᠥᠷᠢᠯᠡᠨ᠎ᠡ᠃ ᠡᠮᠦᠨ᠎ᠡ ᠬᠡᠰᠡᠭ ᠤᠨ ᠬᠤᠰᠢᠭᠤ ᠰᠢᠶᠠᠨ ᠪᠣᠯᠤᠨ ᠠᠪᠠᠭ᠎ᠠ ᠬᠤᠰᠢᠭᠤ ᠪᠠᠷ ᠭᠤᠤᠯᠳᠠᠯᠭ᠎ᠠ ᠪᠣᠯᠭᠠᠨ᠂ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠨ᠂ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠠᠵᠤ ᠦᠶᠯᠡᠰ ᠢ ᠶᠡᠬᠡᠪᠡᠷ ᠬᠥᠭᠵᠢᠭᠦᠯᠦᠨ᠂ ᠠᠯᠠᠰᠢᠨ ᠦᠬᠡᠷ ᠤᠨ ᠳᠡᠰ ᠬᠤᠪᠢᠶᠠᠨ ᠪᠣᠷᠳᠣᠵᠤ ᠲᠠᠷᠭᠤᠯᠠᠭᠤᠯᠬᠤ ᠰᠢᠰᠲ᠋ᠧᠮ ᠢ ᠪᠠᠶᠢᠭᠤᠯᠤᠨ᠂ ᠵᠢᠯ ᠤᠨ ᠪᠣᠷᠳᠣᠵᠤ ᠲᠠᠷᠭᠤᠯᠠᠭᠤᠯᠬᠤ ᠬᠡᠮᠵᠢᠶ᠎ᠡ ᠶᠢ 6 ᠲᠦᠮᠡ ᠠᠴᠠ ᠳᠡᠭᠡᠭᠰᠢ  ᠳᠤ ᠬᠦᠷᠦᠭᠦᠯᠦᠨ᠎ᠡ᠃ ᠳᠥᠷᠪᠡ  ᠳᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠬᠤ ᠣᠷᠣᠨ ᠢ ᠪᠥᠬᠦᠨ ᠢ ᠬᠠᠰᠢᠶᠠᠯᠠᠨ ᠲᠡᠵᠢᠭᠡᠬᠦ᠂ ᠡᠮᠦᠨᠡᠲᠦ ᠬᠡᠰᠡᠭ ᠤᠨ ᠮᠠᠯᠵᠢᠬᠤ ᠣᠷᠣᠨ ᠤ ᠬᠠᠭᠠᠰ ᠬᠠᠰᠢᠶᠠᠯᠠᠨ ᠲᠡᠵᠢᠬᠡᠵᠤ ᠬᠠᠭᠠᠰ ᠪᠡᠯᠴᠢᠬᠡᠷᠯᠡᠬᠦᠯᠬᠦ᠂ ᠬᠤᠶᠢᠲᠤ ᠬᠡᠰᠡᠭ ᠤᠨ ᠮᠠᠯᠵᠢᠬᠤ ᠣᠷᠣᠨ ᠤ ᠪᠡᠯᠴᠢᠭᠡᠷᠯᠡᠭᠦᠯᠦᠨ ᠮᠠᠯᠵᠢᠬᠤ ᠪᠠ  ᠪᠤᠷᠳᠤᠵᠤ ᠲᠡᠵᠢᠭᠡᠨ ᠠᠷᠠᠴᠢᠯᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠯ ᠤᠨ ᠳᠣᠲᠣᠷ᠎ᠠ ᠠᠯᠠᠰᠢᠨ ᠦᠬᠡᠷ ᠥᠷᠡᠵᠢᠬᠦᠯᠬᠦ ᠨᠣᠷᠮ᠎ᠠ ᠶᠢ ᠡᠮᠦᠨᠡᠲᠦ ᠬᠡᠰᠡᠭ ᠤᠨ ᠭᠠᠵᠠᠷ ᠣᠷᠣᠨ 82% ᠲᠤ ᠬᠦᠷᠦᠭᠦᠯᠵᠦ᠂ ᠬᠤᠶᠢᠲᠤ ᠬᠡᠰᠡᠭ ᠤᠨ ᠭᠠᠵᠠᠷ ᠣᠷᠣᠨ  78% ᠳᠤ ᠬᠦᠷᠦᠭᠦᠯᠦᠨ᠎ᠡ᠃ ᠲᠠᠪᠤ ᠳᠤ ᠰᠢᠯᠢ ᠶᠢᠨ ᠭᠤᠤᠯ ᠤᠨ ᠠᠯᠠᠰᠢᠨ ᠦᠬᠡᠷ ᠤᠨ ᠲᠥᠷᠥᠯ ᠲᠡᠮᠳᠡᠭ ᠢ ᠪᠤᠶᠢᠵᠢᠭᠤᠯᠵᠤ᠂ ︽ᠲᠠᠯ᠎ᠠ ᠨᠤᠲᠤᠭ ᠤᠨ ᠰᠢᠮᠧᠨ᠋ᠲᠷ︾᠂ ︽ᠲᠠᠯ᠎ᠠ ᠨᠤᠲᠤᠭ ᠤᠨ ᠠᠩᠭᠢᠰ︾ ᠵᠡᠷᠭᠡ ᠰᠢᠨ᠎ᠡ ᠲᠥᠷᠥᠯ  ᠵᠥᠢᠯ ᠢ ᠪᠤᠶᠢᠵᠢᠭᠤᠯᠤᠨ᠂ ᠰᠢᠯᠢ ᠶᠢᠨ ᠭᠤᠤᠯ ᠤᠨ ᠦᠬᠡᠷ ᠤᠨ ᠮᠢᠬᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ︽ᠮᠤᠩᠭᠤᠯ ᠲᠡᠮᠳᠡᠭ︾ ᠤᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠎ᠠ᠃ ᠡᠭᠦᠨ ᠤ ᠬᠠᠮᠲᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠳᠤᠭᠤ᠂ ᠲᠡᠮᠡᠭᠡ ᠪᠣᠯᠤᠨ ᠤᠯᠠᠮᠵᠢᠯᠠᠯᠲᠤ ᠴᠠᠭᠠᠨ ᠢᠳᠡᠭᠡ᠂ ᠮᠣᠩᠭᠤᠯ ᠭᠡᠷ ᠦᠢᠯᠡᠳᠬᠦ ᠵᠡᠷᠭᠡ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃          ︵ᠳᠥᠷᠪᠡ︶ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠨᠵᠡᠭᠡᠢ ᠬᠡᠷᠡᠭᠵᠢᠭᠦᠯᠦᠨ᠎ᠡ᠃ ᠨᠢᠭᠡ ᠳᠤ ᠠᠵᠤ ᠤᠶᠢᠯᠠᠰ ᠢ ᠬᠦᠭᠵᠢᠭᠡᠭᠦ  ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠠᠯᠡᠰᠢᠨ ᠦᠬᠡᠷ᠂ ᠠᠯᠡᠰᠢᠨ ᠬᠤᠨᠢᠨ ᠤ ᠠᠵᠤ ᠤᠶᠢᠯᠠᠰ  ᠪᠠ ᠤᠡᠴᠡᠯᠢᠭ᠌ᠲᠤ ᠲᠡᠷᠢᠵᠤ ᠲᠡᠵᠢᠭᠡᠬᠦ ᠤᠶᠢᠯᠠᠰ  ᠢᠶᠠᠷ ᠭᠤᠤᠯᠳᠠᠯᠭ᠎ᠠ ᠪᠣᠯᠭᠠᠵᠤ᠂ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠦᠭᠠᠲᠦ ᠲᠣᠭᠲᠠᠴᠠ ᠶᠢ ᠲᠡᠭᠦᠯᠳᠠᠷᠵᠢᠭᠦᠯᠤᠨ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠤᠰᠬᠠᠶ ᠠᠵᠢᠯ ᠤᠨ ᠬᠤᠷᠰᠢᠶᠠᠵᠢᠯ᠂  ᠲᠠᠭᠠᠭᠤᠯᠬᠤ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠭᠡ ᠪᠠᠷ ᠪᠤᠶᠢᠵᠢᠭᠤᠯᠵᠤ᠂ ᠵᠢᠯ ᠤᠨ ᠳᠣᠲᠣᠷ᠎ᠠ 70% ᠠᠴᠠ ᠳᠡᠭᠡᠭᠰᠢ ᠮᠠᠯᠴᠢᠨ ᠲᠠᠷᠢᠶᠠᠴᠢᠨ ᠢ ᠠᠰᠢᠭ ᠲᠤᠰᠠ ᠶᠢᠨ ᠬᠤᠯᠪᠦᠭᠠᠲᠦ ᠲᠣᠭᠲᠠᠴᠠ ᠪᠠᠷ ᠪᠦᠷᠬᠦᠭᠦᠯᠤᠨ᠎ᠠ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠤᠰᠤ ᠴᠠᠬᠢᠯᠭᠠᠨ ᠵᠠᠮ  ᠮᠡᠳᠡᠭᠡ ᠵᠡᠷᠭᠡ ᠰᠠᠭᠤᠷᠢ ᠲᠦᠭᠦᠭᠡᠷᠤᠮᠵᠢ  ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ 6.19 ᠲᠦᠮᠡᠨ  ᠬᠦᠮᠤᠨ᠂ 145 ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠨ᠂  ᠪᠦᠢᠲᠠ ᠪᠦᠭᠯᠡᠭᠦᠤ ᠵᠠᠬ᠎ᠠ ᠬᠦᠪᠡᠭᠡᠨ ᠤ ᠴᠠᠬᠢᠯᠭᠠᠨ ᠲᠣᠤᠷ ᠢ ᠥᠭᠡᠷᠡᠴᠢᠯᠡᠨ ᠰᠠᠶᠢᠵᠢᠷᠠᠭᠤᠯᠵᠤ᠂ 192 ᠮᠡᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠢᠳᠪᠤᠷᠢᠯᠡᠨ᠂ 430  ᠺᠢᠯᠣᠮᠧᠲᠷ  ᠤᠷᠲᠤ ︽ ᠲᠦᠷᠪᠠ  ᠶᠢ ᠰᠡᠶᠢᠲᠤᠷ ᠬᠢᠬᠦ︾  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠦᠯᠡᠳᠡᠭᠰᠡᠨ 277 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ 4G ᠰᠦᠯᠵᠢᠶ᠎ᠡ ᠨᠡᠪᠲᠡᠷᠡᠭᠦᠯᠬᠦ ᠠᠰᠠᠭᠤᠳᠠᠯ ᠢ ᠰᠢᠢᠳᠪᠦᠷᠢᠯᠠᠨ᠎ᠠ᠃ ᠭᠤᠷᠪᠠ ᠳᠤ ︽ᠠᠷᠪᠠᠨ ᠬᠤᠰᠢᠭᠤ ᠰᠢᠶᠠᠨ ᠵᠠᠭᠤᠨ ᠰᠣᠮᠣ ᠰᠢᠶᠠᠩ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠬᠥᠮᠦᠰ ᠤᠨ ᠣᠷᠣᠰᠢᠨ ᠠᠮᠢᠳᠤᠷᠡᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠵᠢᠯ ᠤᠨ ᠳᠣᠲᠣᠷ᠎ᠠ ᠰᠢᠯᠢ ᠶᠢᠨ ᠬᠤᠲᠡ᠂ ᠰᠢᠯᠤᠭᠤᠨ ᠬᠥᠬᠡ ᠬᠤᠰᠢᠭᠤ᠂  ᠲᠡᠶᠢᠹᠦᠰᠧ ᠬᠤᠰᠢᠭᠤᠨ ᠤ ᠮᠠᠯ ᠵᠢᠭᠦᠷᠲᠡᠨ ᠤ ᠢᠯᠭᠠᠳᠡᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢ ᠪᠥᠬᠦ ᠬᠤᠰᠢᠭᠤ ᠰᠢᠶᠠᠨ ᠢᠶᠠᠷ ᠲᠦᠯᠬᠢᠨ ᠠᠬᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠠᠶᠢᠮᠠᠭ ᠤᠨ ᠮᠠᠯ ᠵᠢᠭᠦᠷᠲᠡᠨ ᠤ ᠢᠯᠭᠠᠳᠡᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 78% ᠳᠤ ᠬᠦᠷᠦᠭᠦᠯᠦᠨ᠎ᠡ᠃  ᠳᠥᠷᠪᠡ ᠳᠤ ᠠᠪᠠᠭ᠎ᠠ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠤᠳᠤᠬᠢᠴᠢᠯᠠᠭᠰᠡᠨ ᠲᠤᠷᠰᠢᠯᠲᠠ ᠪᠠ ᠵᠡᠭᠦᠨ ᠦᠵᠦᠮᠦᠴᠢᠨ ᠬᠤᠰᠢᠭᠤᠨ ᠤ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠵᠡᠷᠭᠡ ᠡᠯ᠎ᠡ ᠵᠤᠶᠢᠯ  ᠤᠨ ᠥᠭᠡᠷᠡᠴᠢᠯᠡᠯᠲᠡ ᠶᠢ  ᠬᠦᠡᠵᠡᠭᠡᠶᠢᠷᠡᠭᠦᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠲᠤᠷᠰᠢᠯᠭ᠎ᠠ ᠶᠢ ᠬᠠᠶᠢᠨ ᠰᠦᠪᠡᠭᠴᠢᠯᠡᠵᠦ᠂ ᠬᠡᠪ ᠵᠠᠭᠪᠦᠷ ᠬᠠᠩᠭᠠᠨ᠎ᠠ᠃      ︵ᠲᠠᠪᠤ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠤᠨ  ᠥᠭᠡᠷᠡᠴᠢᠯᠡᠯᠲᠡ ᠨᠡᠭᠡᠭᠡᠯᠳᠡ ᠶᠢ  ᠭᠦᠡᠵᠡᠭᠡᠶᠢᠷᠡᠭᠦᠯᠭᠦ   ᠳᠤ ᠠᠩᠬᠠᠷᠤᠯ ᠢᠶᠠᠨ ᠲᠦᠪᠯᠡᠷᠡᠭᠦᠯᠤᠨ᠎ᠠ᠃  ᠨᠢᠭᠡ ᠳᠤ ︽ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ  ᠪᠡᠶᠢᠭᠤᠯᠤᠨ᠂ ︽ᠡᠭᠦᠯᠡᠨ ᠪᠣᠳᠣᠯᠳᠠ ᠶᠢᠨ ᠰᠢᠯᠢ ᠶᠢᠨ ᠭᠤᠤᠯ︾ ᠤᠨ ᠬᠡᠷᠡᠭᠯᠡᠯᠲᠡ ᠶᠢ ᠰᠢᠯᠢᠳᠡᠭᠵᠢᠭᠦᠯᠦᠨ ᠲᠦᠷᠭᠡᠳᠬᠡᠵᠦ᠂ ᠵᠢᠯ ᠤᠨ ᠳᠣᠲᠣᠷ᠎ᠠ ᠬᠤᠰᠢᠭᠤ ᠰᠢᠶᠠᠨ ᠬᠤᠲᠠ  ᠤᠷᠤᠨ ᠤ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯᠠᠰ ᠢ ︽ᠨᠢᠭᠡ ᠴᠣᠩᠬᠤᠪᠴᠢ︾ ᠪᠠᠷ ᠲᠥᠷᠥᠯ ᠬᠤᠪᠢᠶᠠᠨ ᠭᠥᠯᠢᠶᠡᠨ ᠠᠪᠴᠤ ᠭᠦᠢᠴᠡᠳᠭᠡᠬᠦ ᠶᠢ ᠪᠡᠶᠡᠯᠡᠭᠦᠯᠦᠨ᠎ᠡ ᠃ ᠥᠪᠥᠷ ᠮᠣᠩᠭᠤᠯ ᠤᠨ ᠠᠷᠡᠳ ᠠᠴᠠ ᠡᠵᠡᠩᠨᠡᠭᠰᠡᠨ ᠵᠠᠭᠤᠨ ᠬᠦᠴᠦᠷᠬᠡᠭ ᠠᠵᠤ ᠠᠬᠤᠶᠢᠯᠡᠯ ᠢ ᠪᠤᠶᠢᠵᠢᠭᠤᠯᠬᠤ ᠭᠤᠷᠪᠠᠨ ᠵᠢᠯ  ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠤ᠂ ᠵᠢᠯ ᠤᠨ ᠳᠣᠲᠣᠷ᠎ᠠ ᠪᠥᠬᠦ ᠣᠷᠣᠨ ᠤ ᠵᠠᠭᠤᠨ ᠬᠦᠴᠦᠷᠬᠡᠭ ᠪᠡᠶᠢᠬᠤ ᠦᠭᠡᠢ ᠪᠡᠶᠢᠳᠡᠯ ᠢ ᠡᠴᠤᠰᠯᠡᠭᠦᠯᠭᠦ ᠪᠠᠷ  ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠰᠠᠭᠤᠳᠠᠯ ᠤᠨ ᠥᠪᠡᠰᠦᠪᠡᠨ ᠪᠠᠶᠢᠴᠠᠭᠠᠵᠤ ᠴᠡᠭᠴᠡᠯᠡᠨ ᠰᠡᠶᠢᠵᠢᠷᠠᠭᠤᠯᠬᠤ ᠶᠢ ᠭᠦᠨᠵᠡᠭᠡᠶ ᠥᠷᠨᠢᠭᠦᠯᠵᠦ ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ  ᠨᠤᠭᠤᠳ ᠢ ᠨᠠᠷᠢᠨ ᠨᠢᠭᠲᠠ ᠲᠤᠭᠤᠰᠢᠯᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠤᠶᠠᠷ ᠲᠤ ᠪᠣᠭᠤᠮᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠭᠠᠳᠠᠭᠰᠢ ᠨᠡᠭᠡᠭᠡᠯᠲᠡ ᠬᠢᠬᠦ ᠶᠢ ᠦᠷᠭᠡᠳᠭᠡᠨ᠎ᠠ᠃ ᠡᠷᠢᠶᠡᠨ ᠬᠤᠲᠠ — ᠵᠠᠮ ᠤᠨ ᠡᠭᠦᠳᠡ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠭᠤᠤᠯ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠠᠭᠠᠷ ᠤᠨ ᠠᠶᠠᠯᠠᠯ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ᠂ ᠵᠡᠭᠦᠨ ᠬᠠᠲᠠᠪᠴᠢ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠨᠡᠪᠲᠡᠷᠡᠯ ᠤᠨ ᠠᠦ᠋ᠲ᠋ᠣᠴᠢᠯᠠᠭᠰᠠᠨ ᠰᠢᠯᠭᠠᠨ ᠭᠠᠷᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠪᠣᠭᠤᠮᠲᠠ ᠢᠶᠠᠷ ᠪᠠᠷᠠᠭ᠎ᠠ ᠲᠠᠸᠠᠷ ᠥᠩᠭᠡᠷᠡᠬᠦ ᠬᠡᠮᠵᠢᠶ᠎ᠡ ᠶᠢ 2000 ᠲᠦᠮᠡᠨ ᠲᠣᠨ ᠠᠴᠠ ᠳᠠᠪᠠᠭᠤᠯᠬᠤ ᠪᠠᠷ ᠴᠢᠷᠮᠠᠶᠢᠨ᠎ᠠ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠢᠯᠡᠰ ᠤᠨ ᠲᠤᠲᠠᠭᠤᠳᠡᠯ ᠢ ᠬᠦᠴᠦᠯᠡᠨ ᠨᠥᠬᠦᠪᠥᠷᠢᠯᠡᠨ᠎ᠡ᠃  ᠨᠢᠭᠡ  ᠳᠤ ᠠᠵᠢᠯ ᠣᠯᠭᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠎ᠠ᠃ ᠠᠶᠢᠮᠠᠭ ᠤᠨ ᠲᠡᠰ ᠤᠨ ᠠᠵᠢᠯ  ᠤᠯᠭᠤᠨ ᠦᠢᠯᠡᠰ ᠪᠤᠰᠬᠠᠬᠤ ᠬᠥᠭᠵᠢᠯᠲᠡ ᠶᠢ ᠠᠬᠢᠭᠤᠯᠬᠤ ᠪᠡᠯᠡ ᠮᠥᠩᠭᠦ ᠶᠢ ᠪᠠᠶᠢᠭᠤᠯᠵᠤ᠂ ᠠᠵᠢᠯ ᠣᠯᠭᠤᠬᠤ ᠨᠥᠬᠦᠪᠥᠷᠢ  ᠪᠠ  ᠲᠤᠰᠠᠯᠡᠨ  ᠱᠠᠩᠨᠠᠬᠤ ᠲᠥᠷᠥᠯ ᠵᠦᠢᠯ ᠤᠨ ᠪᠡᠯᠡ ᠮᠥᠩᠭᠦ  ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠠᠵᠢᠯ ᠦᠢᠯᠡᠰ ᠪᠣᠰᠬᠠᠬᠤ ᠶᠢ ᠲᠡᠳᠬᠦᠨ ᠳᠡᠮᠵᠢᠬᠦ᠂ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ  ᠥᠷᠭᠡᠳᠬᠡᠬᠦ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ ᠪᠠᠯᠭᠠᠰᠤᠨ ᠳᠤ 1 ᠲᠦᠮᠡᠨ ᠬᠥᠮᠦᠨ ᠰᠢᠨ᠎ᠡ ᠪᠠᠷ ᠠᠵᠢᠯ ᠣᠯᠭᠤᠵᠣ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠬᠤᠶᠠᠷ ᠲᠤ ᠰᠤᠷᠭᠠᠨ ᠬᠥᠮᠦᠵᠢᠯ ᠤᠨ ᠦᠢᠯᠡᠰ ᠢ ᠲᠥᠯᠥᠪᠵᠢᠭᠦᠯᠦᠨ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠡᠰᠠᠭ᠎ᠠ ᠶᠢ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠬᠢᠨᠠᠮᠠᠭᠠᠢ ᠨᠡᠶᠢᠳᠡᠪᠤᠷᠢᠵᠢᠭᠤᠯᠵᠤ᠂ ᠵᠢᠯ ᠤᠨ ᠳᠣᠲᠣᠷ᠎ᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 7 ᠪᠠᠶᠢᠭᠤᠯᠵᠤ᠂ ᠬᠤᠲᠠ ᠪᠠᠯᠭᠠᠰᠤᠨ ᠤ 21 ᠲᠣᠭᠤᠷᠢᠭ ᠲᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠢ ᠵᠠᠰᠠᠨ ᠴᠡᠭᠴᠡᠯᠡᠭᠦ ᠶᠢ ᠪᠡᠶᠡᠯᠡᠭᠦᠯᠤᠨ᠎ᠠ᠃ 77 ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠵᠦ᠂ ᠠᠶᠢᠮᠠᠭ ᠤᠨ ᠮᠣᠩᠭᠤᠯ ᠲᠤᠮᠳᠡᠲᠤ ᠰᠤᠷᠭᠠᠭᠤᠯᠢ ᠶᠢᠨ ᠰᠢᠨ᠎ᠡ ᠰᠤᠷᠭᠠᠭᠤᠯᠢ  ᠶᠢᠨ ᠲᠣᠭᠤᠷᠢᠭ ᠤᠨ ᠢᠨᠵᠧᠨᠧᠷᠢᠩ ᠤᠨ ᠭᠤᠤᠯ ᠴᠣᠭᠴᠠ ᠶᠢᠨ ᠪᠦᠳᠤᠭᠡᠨ ᠪᠠᠶᠢᠭᠤᠯᠤᠯᠲᠠ ᠶᠢ  ᠪᠡᠶᠡᠯᠡᠭᠦᠯᠤᠨ᠎ᠠ᠃ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ  ᠶᠢᠨ ᠲᠡᠭᠡᠳᠤ ᠰᠤᠷᠭᠠᠭᠤᠯᠢ ᠪᠤᠯᠭᠠᠬᠤ ᠶᠢ ᠲᠡᠮᠵᠢᠨ᠎ᠠ᠃ ᠭᠤᠷᠪᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠨᠥᠬᠦᠴᠡᠯ ᠢ ᠪᠠᠬᠢᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠡᠪᠦᠷᠢᠵᠢᠭᠤᠯᠵᠤ᠂ ᠵᠢᠯ ᠤᠨ ᠳᠣᠲᠣᠷ᠎ᠠ ᠠᠶᠢᠮᠠᠭ ᠤᠨ ᠲᠦᠪ ᠡᠮᠨᠡᠯᠭᠡ ᠶᠢᠨ ᠬᠤᠷᠢᠶᠠᠨ ᠤ ᠪᠠᠴᠢᠮ ᠡᠮᠴᠢᠯᠡᠭᠡᠨ ᠤ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠵᠦ᠂ ᠠᠶᠢᠮᠠᠭ ᠤᠨ ᠬᠠᠯᠳᠠᠪᠤᠷᠢᠲᠤ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠤᠨ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠰᠦᠨᠢᠳ ᠵᠡᠭᠦᠨ  ᠬᠤᠰᠢᠭᠤ ᠂ ᠰᠦᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠦᠪᠡᠭᠡᠲᠤ ᠴᠠᠭᠠᠨ ᠬᠤᠰᠢᠭᠤ ᠵᠡᠷᠭᠡ 4 ᠮᠣᠩᠭᠤᠯ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠎ᠠ᠃ ᠲᠦᠷᠪᠡ ᠳᠤ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠪᠠᠬᠢᠵᠢᠭᠦᠯᠤᠨ᠎ᠠ᠃  ᠲᠡᠶᠢᠹᠦᠰᠧ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠤᠯᠳᠡᠢ ᠲᠥᠯᠥᠪᠵᠢᠭᠦᠯᠬᠦ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠨᠢᠭᠡᠳᠦᠯᠲᠡᠶ ᠲᠥᠯᠥᠪᠵᠢᠭᠦᠯᠬᠦ ᠶᠢ ᠲᠦᠯᠬᠢᠨ ᠠᠬᠢᠭᠤᠯᠤᠨ᠎ᠠ᠃ ᠵᠢᠯ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ  ᠶᠢ ᠠᠶᠢᠮᠠᠭ ᠤᠨ ᠱᠠᠲᠤᠨ ᠠᠴᠠ ᠨᠢᠭᠡᠳᠦᠯᠲᠡᠶ ᠬᠤᠷᠢᠶᠠᠨ ᠵᠠᠷᠤᠬᠤ ᠶᠢ ᠪᠡᠶᠡᠯᠡᠭᠦᠯᠦᠨ᠎ᠡ᠃ ᠰᠦᠨᠢᠳ ᠵᠡᠭᠦᠨ ᠬᠤᠰᠢᠭᠤᠨ ᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠥᠪ᠂ ᠵᠡᠭᠦᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠵᠡᠷᠭᠡ ᠶᠢ ᠵᠢᠯ ᠤᠨ ᠳᠣᠲᠣᠷ᠎ᠠ ᠠᠰᠢᠭᠯᠠᠯᠲᠠ ᠳᠤ ᠤᠷᠤᠭᠤᠯᠤᠨ᠂  ᠰᠢᠯᠤᠭᠤᠨ ᠬᠥᠬᠡ ᠬᠤᠰᠢᠭᠤ᠂ ᠰᠦᠨᠢᠳ ᠪᠠᠷᠠᠭᠤᠨ ᠬᠤᠰᠢᠭᠤ᠂ ᠰᠢᠯᠢ ᠶᠢᠨ ᠬᠤᠲᠠ ᠵᠡᠷᠭᠡ 3 ᠨᠡᠶᠢᠬᠡᠮ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠠᠰᠢᠭᠯᠠᠯᠲᠠ ᠳᠤ ᠣᠷᠣᠭᠤᠯᠤᠨ᠎ᠠ᠃ ᠲᠠᠪᠤ ᠳᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠵᠢᠯ ᠤᠨ ᠳᠣᠲᠣᠷ᠎ᠠ 90 ᠬᠠᠭᠤᠴᠢᠨ ᠰᠠᠭᠤᠭᠠᠯᠢ ᠲᠣᠭᠤᠷᠢᠭ᠂ 60 ᠺᠢᠯᠣᠮᠧᠲᠷ ᠤᠷᠲᠤ ᠬᠠᠭᠤᠴᠢᠨ ᠬᠤᠭᠤᠯᠠᠶ ᠲᠣᠤᠷ ᠢ  ᠦᠭᠡᠷᠡᠴᠢᠯᠡᠨ᠂ 6 ᠵᠤᠷᠪᠤᠰ ︽ᠲᠠᠰᠣᠷᠬᠠᠢ ᠵᠠᠮ︾ ᠢ ᠨᠡᠪᠲᠡᠷᠡᠭᠦᠯᠦᠨ᠎ᠡ︔ ᠭᠡᠷ ᠪᠠᠶᠢᠰᠢᠩ ᠤᠨ ᠦᠯᠦ ᠬᠦᠳᠡᠯᠬᠦ ᠬᠥᠷᠥᠩᠭᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠦᠨᠳᠣᠰᠦᠨ ᠳᠡᠭᠡᠨ ᠰᠢᠢᠳᠪᠦᠷᠢᠯᠡᠵᠤ᠂ ᠨᠣᠷᠠᠮᠠᠷ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠠᠵᠢᠯ ᠤᠨ ᠬᠤᠭᠤᠴᠠᠭ᠎ᠠ ᠨᠢ ᠦᠩᠭᠡᠷᠡᠵᠣ ᠳᠦᠪᠬᠢᠨᠡᠭᠦᠯᠦᠭᠡᠳᠦᠢ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠶᠢ ᠪᠠᠳᠣᠯᠠᠨ᠎ᠠ  ᠃ ᠵᠢᠷᠭᠤᠭ᠎ᠠ ᠳᠤ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠡᠶᠢᠭᠤᠯᠬᠤ ᠠᠵᠢᠯ ᠢ ᠡᠬᠢᠯᠡᠭᠦᠯᠤᠨ᠂ ︽ᠬᠠᠷ᠎ᠠ ᠪᠦᠯᠦᠭᠲᠡᠨ ᠬᠠᠷᠭᠢᠰ ᠬᠦᠴᠦᠨ︾ ᠢ ᠠᠷᠢᠯᠭᠠᠬᠤ ᠲᠤᠰᠬᠠᠢ ᠲᠡᠮᠡᠴᠡᠯ ᠤᠨ ᠡᠴᠤᠰ ᠤᠨ ᠲᠡᠶᠢᠯᠡᠯᠳᠤᠭᠠᠨ ᠢ ᠰᠠᠶᠢᠲᠤᠷ ᠬᠢᠵᠦ᠂ ︽ᠣᠶᠣᠨᠴᠢ ᠳᠣᠲᠣᠭᠠᠳᠤ ᠶᠢ ᠬᠠᠮᠠᠭᠠᠯᠠᠬᠤ︾  ᠨᠢᠭᠡᠳᠦᠭᠡᠷ  ᠬᠤᠭᠤᠴᠠᠭᠠᠨ ᠤ  ᠪᠠᠶᠢᠭᠤᠯᠤᠯᠲᠠ ᠶᠢ ᠪᠡᠶᠡᠯᠡᠭᠦᠯᠦᠨ᠎ᠡ᠃       ︵ᠳᠣᠯᠤᠭ᠎ᠠ︶ ᠵᠠᠰᠠᠭ ᠤᠨ ᠣᠷᠳᠣᠨ ᠤ ᠵᠡᠰᠡᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠨᠢᠭᠡ  ᠳᠤ  ᠵᠠᠰᠠᠭ ᠢ ᠴᠢᠩᠭ᠎ᠠ ᠵᠡᠰᠠᠵᠤ ᠴᠡᠭᠴᠡᠯᠡᠭᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠵᠥᠷᠢᠴᠡᠨ ᠬᠠᠤᠯᠢ ᠵᠥᠷᠢᠴᠡᠭᠰᠡᠨ ᠠᠰᠠᠭᠤᠳᠡᠯ ᠢ ᠲᠤᠰᠬᠠᠶ ᠵᠡᠰᠠᠨ ᠴᠡᠭᠴᠡᠯᠡᠭᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂  ᠶᠡᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠤᠪᠦᠶᠢᠮ᠎ᠠ ᠠᠰᠠᠭᠤᠳᠠᠯ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ︽ᠦᠴᠤᠬᠡᠨ ᠢᠯᠵᠠᠷᠠᠯ︾ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ  ᠴᠢᠩᠭᠠᠳᠬᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠣᠯᠠᠨ ᠨᠡᠶᠢᠲᠡ ᠶᠢᠨ ᠡᠳ᠋ ᠬᠥᠷᠥᠩᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ ᠪᠠᠲᠤᠯᠠᠨ᠎ᠠ᠃ ᠬᠤᠶᠠᠷ ᠲᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠨᠵᠡᠭᠡᠶᠢᠷᠡᠭᠦᠯᠦᠨ᠎ᠡ᠃ ᠵᠢᠱᠢᠶ᠎ᠡ ᠦᠵᠡᠭᠦᠯᠤᠨ ᠴᠤᠭᠴᠡᠯᠠᠨ ᠪᠠᠶᠢᠭᠤᠯᠬᠤ  ᠦᠷᠨᠢᠯᠲᠠ ᠪᠠᠷ ᠲᠣᠬᠢᠶᠠᠯ ᠪᠣᠯᠭᠠᠨ᠂ ᠡᠯ᠎ᠡ ᠱᠠᠲᠤᠨ ᠤ ᠵᠠᠰᠠᠭ   ᠤᠨ ᠣᠷᠳᠣᠨ ᠤ ᠬᠠᠤᠯᠢ   ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠤ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ  ᠤᠨ ᠲᠦᠷ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠨᠡᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭᠠᠳᠬᠠᠨ᠎ᠠ᠃ ᠭᠤᠷᠪᠠ ᠳᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠣᠨ᠎ᠠ᠃ ᠠᠶᠢᠮᠠᠭ ᠤᠨ ᠵᠠᠬᠢᠷᠭ᠎ᠠ ᠶᠢᠨ 2020 ᠣᠨ ᠤ ᠭᠤᠤᠯᠳᠠᠯᠭ᠎ᠠ ᠲᠠᠢ ᠠᠵᠢᠯ ᠡᠭᠦᠷᠭᠡ  ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ︽ᠬᠢᠷᠢ ᠪᠦᠲᠦᠮᠵᠢ ᠶᠢᠨ ᠬᠠᠭᠤᠳᠠᠰᠤ︾ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠴᠠᠭ ᠲᠠᠷᠣᠢ ᠳᠤᠨᠢ ᠭᠦᠢᠴᠡᠳᠭᠡᠭᠦ︾  ᠠᠵᠢᠯ ᠤᠨ ᠰᠤᠷᠲᠡᠯ ᠢ ᠴᠢᠬᠤᠯᠠᠴᠢᠯᠠᠵᠣ᠂ ᠵᠠᠰᠠᠭ ᠤᠨ ᠣᠷᠳᠣᠨ ᠤ ᠰᠢᠰᠲ᠋ᠧᠮ ᠤᠨ ᠤᠳᠤᠷᠢᠳᠤᠯᠭ᠎ᠠ ᠰᠠᠯᠠᠭ᠎ᠠ ᠮᠥᠴᠢᠷ ᠢᠶᠠᠨ ᠳᠠᠭᠠᠭᠤᠯᠤᠨ ᠠᠵᠢᠯᠯᠠᠬᠤ᠂ ᠰᠠᠯᠠᠭ᠎ᠠ ᠮᠥᠴᠢᠷ ᠨᠢ ᠦᠨᠳᠦᠰᠦᠨ ᠱᠠᠲᠤᠨ ᠤ ᠠᠵᠢᠯ ᠢ ᠳᠡᠮᠵᠢᠬᠦ  ᠠᠵᠢᠯ ᠤᠨ ᠤᠬᠢ ᠰᠠᠶᠢᠨ ᠠᠭᠤᠷ ᠠᠮᠢᠰᠬᠤᠯ ᠢ ᠪᠣᠶ  ᠪᠣᠯᠭᠠᠨ᠎ᠠ᠃       ᠲᠡᠷᠢᠭᠦᠯᠡᠭᠴᠢ ᠨᠡᠷ᠂ ᠭᠡᠰᠢᠭᠦᠳ ᠡ᠂ ᠡᠨᠡ ᠵᠢᠯ ᠤᠨ ᠡᠯ᠎ᠡ ᠵᠤᠶᠢᠯ ᠤᠨ ᠠᠵᠢᠯ ᠢ ᠰᠠᠶᠢᠲᠤᠷ ᠬᠢᠬᠦ ᠨᠢ ᠮᠠᠰᠢ ᠶᠡᠭᠡ ᠠᠴᠢ ᠬᠤᠯᠪᠣᠭᠳᠠᠯ ᠲᠠᠢ  ᠮᠦᠷᠳᠡᠭᠡᠨ᠂ ᠡᠭᠦᠷᠭᠡ ᠬᠦᠨᠳᠣ ᠬᠠᠲᠠᠭᠤ ᠪᠡᠶᠢᠭ᠌ᠰᠠᠭᠠᠷ ᠶᠤᠮ᠃ ᠪᠢᠳᠡ ᠶᠡᠷᠦᠩᠬᠡᠶ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠡᠷᠢᠭᠦᠯᠡᠭᠴᠢ ᠨᠠᠷ᠂ ᠭᠡᠰᠢᠭᠦᠳ ᠤᠨ ᠳᠡᠮᠵᠢᠯᠭᠡ ᠳᠣᠣᠷ᠎ᠠ᠂ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠴᠢᠷᠮᠠᠶᠢᠨ ᠲᠣᠭᠤᠯᠵᠣ᠂ ᠠᠮᠢ ᠠᠬᠤᠢ ᠶᠢ ᠤᠷᠢᠳᠠᠪᠡᠷ ᠪᠤᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ  ᠵᠢᠯᠤᠭᠤᠳᠤᠮᠵᠢ ᠪᠣᠯᠭᠠᠭᠰᠠᠨ ᠰᠢᠨ᠎ᠡ ᠵᠠᠮ ᠢᠶᠠᠷ ᠡᠷᠡᠰ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠬᠤ ᠪᠠᠷ ᠭᠦᠴᠤᠯᠠᠨ ᠴᠢᠷᠮᠠᠶᠢᠨ᠎ᠠ᠃            ᠲᠠᠯᠠᠷᠬᠠᠯ᠎ᠠ︕
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号