ᠲᠡᠭᠦᠰᠬᠦ ᠣᠶᠤᠲᠠᠳ ᠲᠤ ᠮᠥᠩᠭᠦ ᠲᠠᠷᠬᠠᠭᠠᠵᠤ᠂ ᠠᠵᠢᠯ ᠣᠯᠭᠤᠨ᠎ᠠ
ᠨᠡᠶᠢᠲᠡᠯᠡᠭᠰᠡᠨ ᠴᠠᠭ᠄
2020/6/12
    ᠬᠥᠮᠥᠨ ᠤ  ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭᠠᠨ ᠤ ᠶᠠᠮᠤᠨ ᠤ ᠵᠣᠬᠢᠶᠠᠨ ᠪᠠᠶᠢᠭᠤᠯᠤᠭᠰᠠᠨ ︽100 ᠬᠤᠨᠤᠭ ᠲᠤ ᠰᠦᠯᠵᠢᠶᠡᠨ ᠳᠡᠭᠡᠷ᠎ᠡ 1000 ᠲᠦᠮᠡᠨ ᠠᠵᠢᠯᠲᠠᠨ ᠡᠯᠰᠡᠬᠦ ᠲᠤᠰᠬᠠᠢ ᠠᠵᠢᠯᠯᠠᠭ᠎ᠠ︾ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠡᠭᠡᠵᠢᠩ᠂ ᠲᠢᠶᠠᠨᠵᠢᠨ᠂ ᠾᠧᠪᠧᠢ᠂ ᠥᠪᠥᠷ ᠮᠣᠩᠭᠤᠯ ᠵᠡᠷᠭᠡ ᠡᠯ᠎ᠡ ᠭᠠᠵᠠᠷ ᠲᠤ ᠠᠵᠢᠯᠲᠠᠨ ᠡᠯᠰᠡᠬᠦ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠡᠭᠦᠨ ᠳᠤ ᠵᠠᠷᠢᠮ ᠭᠠᠵᠠᠷ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠶᠢ ᠵᠣᠷᠢᠭᠵᠢᠭᠤᠯᠵᠤ᠂ ᠵᠠᠷᠢᠮ ᠭᠠᠵᠠᠷ ᠨᠢ ᠲᠡᠭᠦᠰᠬᠦ ᠣᠶᠤᠲᠠᠳ ᠲᠤ ᠡᠯ᠎ᠡ ᠵᠦᠢᠯ ᠤᠨ ᠨᠥᠬᠦᠪᠦᠷᠢ ᠣᠯᠭᠤᠵᠤ ᠪᠠᠶᠢᠨ᠎ᠠ᠃     ᠣᠨᠴᠠᠯᠠᠨ ᠳᠤᠷᠠᠳᠤᠭᠤᠰᠢᠲᠠᠢ ᠨᠢ᠂ ᠥᠪᠥᠷ ᠮᠣᠩᠭᠤᠯ ᠤᠨ ᠬᠢᠨ ︽ᠰᠦᠯᠵᠢᠶᠡᠨ ᠳᠡᠭᠡᠷ᠎ᠡ ᠠᠵᠢᠯᠲᠠᠨ ᠡᠯᠰᠡᠬᠦ︾ ᠲᠤᠰᠬᠠᠢ ᠠᠵᠢᠯᠯᠠᠭ᠎ᠠ ᠥᠷᠨᠢᠭᠦᠯᠵᠦ᠂ 580 ᠭᠠᠷᠤᠢ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠮᠡᠳᠡᠭᠳᠡᠯ︾ ᠨᠡᠶᠢᠲᠡᠯᠡᠵᠦ᠂ ᠲᠡᠭᠦᠰᠬᠦ ᠣᠶᠤᠲᠠᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠥᠪᠡᠷᠳᠡᠭᠡᠨ ᠵᠠᠰᠠᠬᠤ ᠤᠷᠤᠨ ᠤ ᠳᠣᠲᠣᠷ᠎ᠠ ᠳᠠᠩᠰᠠᠯᠠᠭᠤᠯᠤᠭᠰᠠᠨ ᠳᠤᠮᠳᠠ ᠵᠢᠵᠢᠭ ᠠᠵᠤ ᠠᠬᠤᠶᠢᠯᠠᠯ ᠤᠳ ᠡᠨᠡ ᠵᠢᠯ ᠲᠡᠭᠦᠰᠬᠦ ᠣᠶᠤᠲᠠᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠳᠤ ᠬᠦᠷᠪᠡᠯ᠂ ᠨᠢᠭᠡ ᠣᠶᠤᠲᠠᠨ ᠳᠤ 1000 ᠲᠥᠭᠦᠷᠢᠭ ᠤᠨ ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠥᠬᠦᠪᠦᠷᠢ ᠣᠯᠭᠤᠨ᠎ᠠ ᠭᠡᠵᠦ ᠲᠣᠭᠲᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠡᠳᠢᠤ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号