ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭᠠᠨ ᠤ ᠶᠠᠮᠤᠨ ᠤ ᠵᠣᠬᠢᠶᠠᠨ | ᠪᠠᠶᠢᠭᠤᠯᠤᠭᠰᠠᠨ ︽100 ᠬᠤᠨᠤᠭ ᠲᠤ ᠰᠦᠯᠵᠢᠶᠡᠨ ᠳᠡᠭᠡᠷ᠎ᠡ 1000 ᠲᠦᠮᠡᠨ ᠠᠵᠢᠯᠲᠠᠨ ᠡᠯᠰᠡᠬᠦ ᠲᠤᠰᠬᠠᠢ | ᠠᠵᠢᠯᠯᠠᠭ᠎ᠠ︾ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠪᠡᠭᠡᠵᠢᠩ᠂ ᠲᠢᠶᠠᠨᠵᠢᠨ᠂ ᠾᠧᠪᠧᠢ᠂ ᠥᠪᠥᠷ | ᠮᠣᠩᠭᠤᠯ ᠵᠡᠷᠭᠡ ᠡᠯ᠎ᠡ ᠭᠠᠵᠠᠷ ᠲᠤ ᠠᠵᠢᠯᠲᠠᠨ ᠡᠯᠰᠡᠬᠦ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠡᠭᠦᠨ ᠳᠤ | ᠵᠠᠷᠢᠮ ᠭᠠᠵᠠᠷ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠶᠢ ᠵᠣᠷᠢᠭᠵᠢᠭᠤᠯᠵᠤ᠂ | ᠵᠠᠷᠢᠮ ᠭᠠᠵᠠᠷ ᠨᠢ ᠲᠡᠭᠦᠰᠬᠦ ᠣᠶᠤᠲᠠᠳ ᠲᠤ ᠡᠯ᠎ᠡ ᠵᠦᠢᠯ ᠤᠨ ᠨᠥᠬᠦᠪᠦᠷᠢ ᠣᠯᠭᠤᠵᠤ ᠪᠠᠶᠢᠨ᠎ᠠ᠃ | ᠣᠨᠴᠠᠯᠠᠨ ᠳᠤᠷᠠᠳᠤᠭᠤᠰᠢᠲᠠᠢ ᠨᠢ᠂ ᠥᠪᠥᠷ ᠮᠣᠩᠭᠤᠯ ᠤᠨ ᠬᠢᠨ ︽ᠰᠦᠯᠵᠢᠶᠡᠨ ᠳᠡᠭᠡᠷ᠎ᠡ ᠠᠵᠢᠯᠲᠠᠨ ᠡᠯᠰᠡᠬᠦ︾ | ᠲᠤᠰᠬᠠᠢ ᠠᠵᠢᠯᠯᠠᠭ᠎ᠠ ᠥᠷᠨᠢᠭᠦᠯᠵᠦ᠂ 580 ᠭᠠᠷᠤᠢ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠠᠴᠠ | ᠭᠠᠳᠠᠨ᠎ᠠ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ | ᠮᠡᠳᠡᠭᠳᠡᠯ︾ ᠨᠡᠶᠢᠲᠡᠯᠡᠵᠦ᠂ ᠲᠡᠭᠦᠰᠬᠦ ᠣᠶᠤᠲᠠᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ | ᠥᠪᠡᠷᠳᠡᠭᠡᠨ ᠵᠠᠰᠠᠬᠤ ᠤᠷᠤᠨ ᠤ ᠳᠣᠲᠣᠷ᠎ᠠ ᠳᠠᠩᠰᠠᠯᠠᠭᠤᠯᠤᠭᠰᠠᠨ ᠳᠤᠮᠳᠠ ᠵᠢᠵᠢᠭ ᠠᠵᠤ ᠠᠬᠤᠶᠢᠯᠠᠯ ᠤᠳ ᠡᠨᠡ ᠵᠢᠯ | ᠲᠡᠭᠦᠰᠬᠦ ᠣᠶᠤᠲᠠᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠳᠤ ᠬᠦᠷᠪᠡᠯ᠂ ᠨᠢᠭᠡ | ᠣᠶᠤᠲᠠᠨ ᠳᠤ 1000 ᠲᠥᠭᠦᠷᠢᠭ ᠤᠨ ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠥᠬᠦᠪᠦᠷᠢ ᠣᠯᠭᠤᠨ᠎ᠠ ᠭᠡᠵᠦ | ᠲᠣᠭᠲᠠᠵᠠᠢ᠃ |