ᠰᠠᠶᠢᠨ ᠴᠢᠮᠡᠭᠡ︕ ᠶᠡᠭᠡ ᠰᠤᠷᠭᠠᠭᠤᠯᠢ ᠳᠤ ᠰᠦᠢᠳᠭᠡᠯ ᠬᠤᠷᠢᠶᠠᠬᠤ ᠦᠭᠡᠢ ᠰᠤᠷᠤᠯᠴᠠᠭᠤᠯᠵᠤ ᠠᠵᠢᠯ ᠣᠯᠭᠤᠨ᠎ᠠ
ᠨᠡᠶᠢᠲᠡᠯᠡᠭᠰᠡᠨ ᠴᠠᠭ᠄
2020/6/15
    ᠰᠤᠷᠭᠠᠨ ᠬᠥᠮᠥᠵᠢᠯ ᠤᠨ ᠶᠠᠮᠤᠨ ᠥᠨᠥᠬᠡᠨ ︽2020 ᠣᠨ ᠳᠤ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠨᠤᠭᠤᠳ ᠲᠥᠪ ᠤᠨ ᠡᠳ᠋ ᠤᠨ ᠵᠠᠰᠠᠭ ᠤᠨ ᠳᠡᠮᠵᠢᠯᠭᠡ ᠲᠠᠢ ᠪᠠᠷ᠂ ᠳᠤᠮᠳᠠ ᠪᠠᠷᠠᠭᠤᠨ ᠪᠡᠶ᠎ᠡ ᠶᠢᠨ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠣᠶᠤᠲᠠᠨ ᠢ ᠬᠠᠨᠳᠤᠯᠭ᠎ᠠ ᠲᠠᠢ᠂ ᠦᠨ᠎ᠡ ᠲᠥᠯᠥᠪᠦᠷᠢ ᠦᠭᠡᠢ ᠡᠯᠰᠡᠵᠦ ᠬᠥᠮᠥᠵᠢᠭᠦᠯᠬᠦ ᠠᠵᠢᠯ ᠢ ᠰᠠᠶᠢᠨ ᠬᠢᠬᠦ ᠲᠤᠬᠠᠢ ᠮᠡᠳᠡᠭᠳᠡᠯ︾᠎ ᠢ ᠨᠡᠶᠢᠲᠡᠯᠡᠵᠡᠢ᠃     ᠮᠡᠳᠡᠭᠳᠡᠯ ᠳᠤ ᠲᠡᠮᠳᠡᠭᠯᠡᠬᠦ ᠳᠡᠭᠡᠨ᠂ 2020 ᠣᠨ ᠳᠤ ᠡᠨᠡ ᠴᠢᠭᠯᠡᠯ ᠢᠶᠠᠷ ᠲᠠᠪᠤᠨ ᠵᠢᠯ ᠤᠨ ᠳᠦᠷᠢᠮᠲᠦ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ 6822 ᠣᠶᠤᠲᠠᠨ ᠢ ᠡᠯᠰᠡᠵᠦ ᠬᠥᠮᠥᠵᠢᠭᠦᠯᠬᠦ ᠪᠣᠯᠣᠨ᠎ᠠ᠃ ᠡᠭᠦᠨ ᠳᠤ ᠡᠮᠴᠢᠯᠡᠭᠡᠨ ᠤ ᠠᠨᠠᠭᠠᠬᠤ ᠤᠬᠠᠭᠠᠨ᠂ ᠬᠢᠲᠠᠳ ᠡᠮᠨᠡᠯᠭᠡ᠂ ᠮᠣᠩᠭᠤᠯ ᠡᠮᠨᠡᠯᠭᠡ᠂ ᠲᠥᠪᠡᠳ ᠡᠮᠨᠡᠯᠭᠡ ᠪᠣᠯᠣᠨ ᠳ᠋ᠠᠢ ᠦᠨᠳᠦᠰᠦᠲᠡᠨ ᠤ ᠡᠮᠨᠡᠯᠭᠡ ᠪᠠᠭᠲᠠᠵᠤ ᠪᠠᠶᠢᠨ᠎ᠠ ᠭᠡᠵᠡᠢ᠃     ᠡᠨᠡ ᠲᠥᠯᠥᠪᠯᠡᠭᠡ ᠳᠤ ᠬᠠᠮᠤᠷᠤᠭᠳᠠᠬᠤ ᠣᠶᠤᠲᠠᠨ ᠡᠷᠬᠡᠪᠰᠢ ᠥᠨᠥ ᠵᠢᠯ ᠤᠨ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠬᠡᠷᠡᠭᠲᠡᠢ᠂ ᠰᠤᠷᠭᠠᠭᠤᠯᠢ ᠳᠤ ᠣᠷᠣᠬᠤ ᠡᠷᠡᠮᠡᠯᠵᠡᠯ ᠢᠶᠠᠨ ᠠᠰᠲᠠᠭᠠᠨ ᠲᠠᠭᠯᠠᠵᠤ᠂ ᠰᠢᠯᠭᠠᠯᠲᠠ ᠶᠢᠨ ᠬᠤᠪᠢ ᠶᠢᠨ ᠪᠠᠷᠢᠮᠵᠢᠶ᠎ᠠ ᠶᠢ ᠲᠤᠰᠠᠭᠠᠷ ᠨᠢ ᠲᠣᠭᠲᠠᠭᠠᠵᠤ᠂ ᠵᠥᠪᠬᠡᠨ ᠬᠥᠳᠡᠭᠡ ᠲᠣᠰᠬᠤᠨ ᠮᠠᠯᠵᠢᠬᠤ ᠣᠷᠣᠨ ᠤ ᠡᠷᠦᠬᠡ ᠠᠮᠠ ᠲᠠᠢ ᠣᠶᠤᠲᠠᠨ ᠢ ᠡᠯᠰᠡᠨ᠎ᠡ᠃     ᠡᠨᠡ ᠲᠥᠯᠥᠪᠯᠡᠭᠡ ᠳᠤ ᠬᠠᠮᠤᠷᠤᠭᠳᠠᠭᠰᠠᠨ ᠣᠶᠤᠲᠠᠳ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠎ ᠢᠶᠠᠨ ᠭᠠᠷᠳᠠᠬᠤ ᠠᠴᠠ ᠡᠮᠦᠨ᠎ᠡ᠂ ᠡᠷᠬᠡᠪᠰᠢ ᠬᠠᠮᠢᠶᠠᠲᠠᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠪᠣᠯᠣᠨ ᠬᠤᠰᠢᠭᠤ ᠰᠢᠶᠠᠨ ᠤ ᠳᠡᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠺᠣᠮᠢᠰ᠂ ᠬᠥᠮᠥᠨ ᠤ ᠨᠥᠭᠡᠴᠡ ᠪᠠ ᠨᠡᠶᠢᠭᠡᠮ ᠤᠨ ᠪᠠᠲᠤᠯᠠᠭᠠᠨ ᠤ ᠲᠣᠪᠴᠢᠶ᠎ᠠ ᠲᠠᠢ ᠭᠡᠷ᠎ᠡ ᠬᠡᠯᠡᠯᠴᠡᠭᠡᠷ ᠲᠣᠭᠲᠠᠬᠤ ᠬᠡᠷᠡᠭᠲᠡᠢ᠃     ᠡᠨᠡ ᠲᠥᠯᠥᠪᠯᠡᠭᠡ ᠳᠤ ᠵᠥᠪᠬᠡᠨ ᠬᠥᠳᠡᠭᠡ ᠲᠣᠰᠬᠤᠨ ᠮᠠᠯᠵᠢᠬᠤ ᠣᠷᠣᠨ ᠤ ᠡᠷᠦᠬᠡ ᠠᠮᠠ ᠲᠠᠢ ᠣᠶᠤᠲᠠᠨ ᠢ ᠡᠯᠰᠡᠵᠦ ᠬᠥᠮᠥᠵᠢᠭᠦᠯᠬᠦ ᠪᠥᠭᠡᠳ ᠡᠶᠢᠮᠦ ᠬᠡᠳᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠄     1. 2020 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠬᠡᠷᠡᠭᠲᠡᠢ᠃     2. ᠲᠤᠰ ᠬᠥᠮᠥᠨ᠂ ᠠᠪᠤ ᠡᠵᠢ ᠪᠤᠶᠤ ᠬᠠᠤᠯᠢ ᠪᠠᠷ ᠲᠣᠭᠲᠠᠭᠠᠭᠰᠠᠨ ᠠᠰᠠᠷᠠᠨ ᠬᠠᠷᠠᠭᠠᠯᠵᠠᠬᠤ ᠬᠥᠮᠥᠨ ᠤ ᠡᠷᠦᠬᠡ ᠠᠮᠠ ᠶᠢᠨ ᠳᠠᠩᠰᠠ ᠨᠢ ᠡᠷᠬᠡᠪᠰᠢ ᠬᠥᠳᠡᠭᠡ ᠲᠣᠰᠬᠤᠨ ᠮᠠᠯᠵᠢᠬᠤ ᠣᠷᠣᠨ ᠳᠤ ᠪᠠᠶᠢᠬᠤ ᠬᠡᠷᠡᠭᠲᠡᠢ ᠪᠥᠭᠡᠳ ᠲᠤᠰ ᠬᠥᠮᠥᠨ ᠨᠢ ᠲᠤᠬᠠᠢ ᠶᠢᠨ ᠭᠠᠵᠠᠷ ᠲᠤ ᠡᠷᠦᠬᠡ ᠠᠮᠠ ᠶᠢᠨ ᠳᠠᠩᠰᠠ ᠪᠠᠨ ᠣᠷᠣᠭᠤᠯᠤᠭᠠᠳ 3 ᠵᠢᠯ ᠠᠴᠠ ᠳᠡᠭᠡᠭᠰᠢ ᠪᠣᠯᠣᠭᠰᠠᠨ ᠪᠠᠶᠢᠬᠤ ᠬᠡᠷᠡᠭᠲᠡᠢ᠃     3. ᠲᠤᠰ ᠮᠤᠵᠢ ᠣᠷᠣᠨ ᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号