ᠡᠨᠡ ᠵᠢᠯ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠤᠶᠤᠲᠠᠨ ᠢ 3.2 ᠲᠦᠮᠨ ᠡᠯᠰᠡᠨ ᠦᠨᠳᠦᠰᠦᠨ ᠱᠠᠲᠤᠨ ᠳᠤ ᠤᠴᠢᠭᠤᠯᠵᠦ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠠᠵᠢᠯ ᠳᠤ ᠤᠷᠤᠯᠴᠠᠭᠤᠯᠤᠨ᠎ᠠ
ᠨᠡᠶᠢᠲᠡᠯᠡᠭᠰᠡᠨ ᠴᠠᠭ᠄
2020/6/17
    ᠰᠤᠷᠪᠤᠯᠵᠢᠯᠠᠬᠴᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠠᠴᠠ ᠤᠢᠢᠯᠠᠭᠠᠬᠰᠠᠨ ᠢᠶᠠᠷ᠂ 2020 ᠤᠨ ᠳᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ ᠤᠶᠤᠲᠠᠨ ᠢ 3.2 ᠲᠦᠮᠡ ᠡᠯᠰᠡᠨ ᠦᠨᠳᠦᠰᠦᠨ ᠱᠠᠲᠤᠨ ᠳᠤ ᠤᠴᠢᠭᠤᠯᠵᠦ ᠰᠤᠷᠭᠠᠨ ᠬᠦᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ ︵ᠤᠰᠤᠨ‌ᠠᠰᠢᠬᠯᠠᠯᠲᠠ︶᠂ ᠡᠷᠡᠭᠦᠯ ᠬᠠᠮᠠᠭᠠᠯᠠᠯ ᠢ ᠳᠡᠮᠵᠢᠬᠦ ᠪᠠ ᠶᠠᠳᠠᠭᠤ ᠶᠢ ᠲᠡᠳᠭᠦᠬᠦ ᠵᠡᠷᠭᠡ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠠᠵᠢᠯ ᠳᠤ ᠤᠷᠤᠯᠴᠠᠭᠤᠯᠬᠤ ᠪᠠᠷ ᠪᠤᠢ᠂ ᠬᠦᠮᠦᠨ ᠤ ᠲᠤᠭ᠎ᠠ ᠨᠢ 2019 ᠤᠨ ᠤ ᠬᠢ ᠠᠴᠠ 5000 ᠨᠡᠮᠡᠭᠳᠡᠪᠡ᠃             ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ᠂  ᠡᠳ᠋ ᠤᠨ  ᠵᠠᠰᠠᠭ ᠤᠨ  ᠶᠠᠮᠤᠨ ᠤᠢᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 2020 ᠤᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ  ᠤᠶᠤᠲᠠᠨ ᠤ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠲᠦᠯᠦᠪᠯᠡᠭᠡ ᠶᠢ ᠬᠡᠷᠡᠭᠵᠢᠭᠦᠯᠬᠦ ᠠᠵᠢᠯ ᠢ ᠪᠠᠶᠢᠷᠢᠯᠠᠭᠤᠯᠪᠠ᠃ ᠮᠡᠳᠡᠭᠳᠡᠯ ᠳᠤ᠂ ᠡᠨᠡ‌ᠵᠢᠯ ᠲᠦᠪ ᠤᠨ ᠡᠳ᠋ ᠤᠨ ᠵᠠᠰᠠᠭ ᠠᠴᠠ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂  ︽ᠭᠤᠷᠪᠠ ᠶᠢ  ᠳᠡᠮᠵᠢᠵᠦ ᠨᠢᠭᠡ ᠶᠢ ᠲᠡᠳᠭᠦᠬᠦ︾ ᠲᠦᠯᠦᠪᠯᠡᠭᠡ ᠨᠢ  ᠭᠤᠤᠯᠳᠠᠯᠭᠠᠲᠤ  ᠭᠠᠵᠠᠷ  ᠤᠷᠤᠨ  ᠪᠤᠯᠤᠨ  ᠭᠤᠤᠯᠳᠠᠯᠭᠠᠲᠤ  ᠬᠦᠷᠢᠶ᠎ᠡ ᠶᠢ  ᠳᠡᠮᠵᠢᠬᠦ ᠡᠷᠴᠢᠮ ᠢᠶᠠᠨ ᠤᠯᠠᠨ ᠴᠢᠩᠭᠠᠷᠠᠭᠤᠯᠤᠨ᠎ᠠ ᠭᠡᠵᠦ ᠳᠤᠷᠠᠳᠪᠠ᠃             ᠡᠭᠦᠨ ᠳᠤ ︽ᠭᠤᠷᠪᠠᠨ ᠤᠷᠤᠨ ᠭᠤᠷᠪᠠᠨ ᠵᠸᠦ︾ ᠵᠡᠷᠭᠡ  ᠤᠨᠴᠠ  ᠶᠠᠳᠠᠭᠤ  ᠬᠦᠴᠢᠷᠳᠡᠯᠲᠡᠢ  ᠭᠠᠵᠠᠷ  ᠤᠷᠤᠨ ᠳᠤ ᠲᠤᠰᠬᠠᠢ  ᠡᠯᠰᠡᠬᠦ  ᠲᠦᠯᠦᠪᠯᠡᠭᠡ ᠶᠢ  ᠬᠡᠷᠡᠭᠵᠢᠭᠦᠯᠵᠦ᠂  ᠶᠠᠳᠠᠭᠤ ᠠᠴᠠ  ᠠᠩᠭᠢᠵᠢᠷᠠᠭᠠᠳᠤᠢ  52  ᠰᠢᠶᠠᠨ ᠤ  ᠡᠯᠰᠡᠯᠲᠡ ᠶᠢᠨ ᠱᠠᠭᠠᠷᠳᠠᠯᠭ᠎ᠠ ᠶᠢ ᠪᠦᠬᠦᠨ ᠢ ᠲᠦᠪ ᠤᠨ ᠡᠳ᠋ ᠤᠨ ᠵᠠᠰᠠᠭ ᠤᠨ ᠳᠡᠮᠵᠢᠯᠭᠡ ᠶᠢᠨ ᠬᠦᠷᠢᠶᠠᠨ ᠳᠤ  ᠤᠷᠤᠭᠤᠯᠵᠤ᠂  ᠬᠤᠪᠸᠢ  ᠵᠡᠷᠭᠡ ᠬᠢᠵᠢᠭ ᠤᠨ ᠪᠠᠶᠢᠳᠠᠯ ᠤᠨ  ᠨᠦᠯᠦᠭᠡ ᠶᠢ  ᠨᠡᠯᠢᠶᠡᠳ  ᠶᠡᠭᠡ  ᠬᠦᠷᠲᠡᠭᠰᠡᠨ  ᠮᠤᠵᠢ  ᠤᠷᠤᠨ ᠤ  ᠡᠯᠰᠡᠬᠦ  ᠤᠷᠤᠨ  ᠲᠤᠭ᠎ᠠ ᠶᠢ ᠨᠡᠮᠡᠭᠳᠡᠭᠦᠯᠵᠦ᠂ ᠶᠠᠳᠠᠭᠤ ᠶᠢ ᠲᠡᠳᠭᠦᠬᠦ  ᠪᠤᠯᠤᠨ  ᠡᠷᠡᠭᠦᠯ  ᠬᠠᠮᠠᠭᠠᠯᠠᠯ ᠢ  ᠳᠡᠮᠵᠢᠬᠦ  ᠦᠢᠯᠡᠴᠢᠯᠡᠭᠡᠨ ᠤ  ᠠᠵᠢᠯ ᠤᠨ  ᠪᠠᠶᠢᠷᠢ ᠶᠢ ᠦᠷᠭᠡᠳᠭᠡᠵᠦ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ᠂ ᠠᠵᠢᠯ ᠲᠠᠢ ᠬᠦᠮᠦᠨ ᠦᠭᠡᠢ ᠭᠡᠷ  ᠪᠦᠯᠢ ᠶᠢᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠲᠠᠨ ᠢ ᠤᠷᠢᠳ ᠢᠶᠠᠷ ᠡᠯᠰᠡᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号