ᠰᠤᠷᠪᠤᠯᠵᠢᠯᠠᠬᠴᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠠᠴᠠ | ᠤᠢᠢᠯᠠᠭᠠᠬᠰᠠᠨ ᠢᠶᠠᠷ᠂ 2020 ᠤᠨ ᠳᠤ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠬᠦ | ᠤᠶᠤᠲᠠᠨ ᠢ 3.2 ᠲᠦᠮᠡ ᠡᠯᠰᠡᠨ ᠦᠨᠳᠦᠰᠦᠨ ᠱᠠᠲᠤᠨ ᠳᠤ ᠤᠴᠢᠭᠤᠯᠵᠦ ᠰᠤᠷᠭᠠᠨ ᠬᠦᠮᠦᠵᠢᠯ ᠢ ᠳᠡᠮᠵᠢᠬᠦ᠂ | ᠲᠠᠷᠢᠶᠠᠯᠠᠩ ᠢ ᠳᠡᠮᠵᠢᠬᠦ ︵ᠤᠰᠤᠨᠠᠰᠢᠬᠯᠠᠯᠲᠠ︶᠂ ᠡᠷᠡᠭᠦᠯ ᠬᠠᠮᠠᠭᠠᠯᠠᠯ ᠢ ᠳᠡᠮᠵᠢᠬᠦ ᠪᠠ ᠶᠠᠳᠠᠭᠤ ᠶᠢ ᠲᠡᠳᠭᠦᠬᠦ ᠵᠡᠷᠭᠡ | ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠠᠵᠢᠯ ᠳᠤ ᠤᠷᠤᠯᠴᠠᠭᠤᠯᠬᠤ ᠪᠠᠷ ᠪᠤᠢ᠂ ᠬᠦᠮᠦᠨ ᠤ ᠲᠤᠭ᠎ᠠ ᠨᠢ | 2019 ᠤᠨ ᠤ ᠬᠢ ᠠᠴᠠ 5000 ᠨᠡᠮᠡᠭᠳᠡᠪᠡ᠃ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ᠂ ᠡᠳ᠋ ᠤᠨ ᠵᠠᠰᠠᠭ ᠤᠨ | ᠶᠠᠮᠤᠨ ᠤᠢᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 2020 ᠤᠨ ᠤ ᠶᠡᠭᠡ ᠳᠡᠭᠡᠳᠦ ᠰᠤᠷᠭᠠᠭᠤᠯᠢ ᠠᠴᠠ | ᠲᠡᠭᠦᠰᠬᠦ ᠤᠶᠤᠲᠠᠨ ᠤ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠲᠦᠯᠦᠪᠯᠡᠭᠡ ᠶᠢ ᠬᠡᠷᠡᠭᠵᠢᠭᠦᠯᠬᠦ ᠠᠵᠢᠯ ᠢ | ᠪᠠᠶᠢᠷᠢᠯᠠᠭᠤᠯᠪᠠ᠃ ᠮᠡᠳᠡᠭᠳᠡᠯ ᠳᠤ᠂ ᠡᠨᠡᠵᠢᠯ ᠲᠦᠪ ᠤᠨ ᠡᠳ᠋ ᠤᠨ ᠵᠠᠰᠠᠭ ᠠᠴᠠ ᠪᠡᠯᠡ ᠤᠷᠤᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠭᠦᠬᠦ︾ ᠲᠦᠯᠦᠪᠯᠡᠭᠡ ᠨᠢ | ᠭᠤᠤᠯᠳᠠᠯᠭᠠᠲᠤ ᠭᠠᠵᠠᠷ ᠤᠷᠤᠨ ᠪᠤᠯᠤᠨ ᠭᠤᠤᠯᠳᠠᠯᠭᠠᠲᠤ ᠬᠦᠷᠢᠶ᠎ᠡ ᠶᠢ ᠳᠡᠮᠵᠢᠬᠦ ᠡᠷᠴᠢᠮ ᠢᠶᠠᠨ ᠤᠯᠠᠨ | ᠴᠢᠩᠭᠠᠷᠠᠭᠤᠯᠤᠨ᠎ᠠ ᠭᠡᠵᠦ ᠳᠤᠷᠠᠳᠪᠠ᠃ | ᠡᠭᠦᠨ ᠳᠤ ︽ᠭᠤᠷᠪᠠᠨ ᠤᠷᠤᠨ ᠭᠤᠷᠪᠠᠨ ᠵᠸᠦ︾ ᠵᠡᠷᠭᠡ ᠤᠨᠴᠠ ᠶᠠᠳᠠᠭᠤ ᠬᠦᠴᠢᠷᠳᠡᠯᠲᠡᠢ ᠭᠠᠵᠠᠷ | ᠤᠷᠤᠨ ᠳᠤ ᠲᠤᠰᠬᠠᠢ ᠡᠯᠰᠡᠬᠦ ᠲᠦᠯᠦᠪᠯᠡᠭᠡ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠠᠳᠤᠢ 52 | ᠰᠢᠶᠠᠨ ᠤ ᠡᠯᠰᠡᠯᠲᠡ ᠶᠢᠨ ᠱᠠᠭᠠᠷᠳᠠᠯᠭ᠎ᠠ ᠶᠢ ᠪᠦᠬᠦᠨ ᠢ ᠲᠦᠪ ᠤᠨ ᠡᠳ᠋ ᠤᠨ ᠵᠠᠰᠠᠭ ᠤᠨ ᠳᠡᠮᠵᠢᠯᠭᠡ ᠶᠢᠨ | ᠬᠦᠷᠢᠶᠠᠨ ᠳᠤ ᠤᠷᠤᠭᠤᠯᠵᠤ᠂ ᠬᠤᠪᠸᠢ ᠵᠡᠷᠭᠡ ᠬᠢᠵᠢᠭ ᠤᠨ ᠪᠠᠶᠢᠳᠠᠯ ᠤᠨ ᠨᠦᠯᠦᠭᠡ ᠶᠢ ᠨᠡᠯᠢᠶᠡᠳ ᠶᠡᠭᠡ | ᠬᠦᠷᠲᠡᠭᠰᠡᠨ ᠮᠤᠵᠢ ᠤᠷᠤᠨ ᠤ ᠡᠯᠰᠡᠬᠦ ᠤᠷᠤᠨ ᠲᠤᠭ᠎ᠠ ᠶᠢ ᠨᠡᠮᠡᠭᠳᠡᠭᠦᠯᠵᠦ᠂ ᠶᠠᠳᠠᠭᠤ ᠶᠢ ᠲᠡᠳᠭᠦᠬᠦ ᠪᠤᠯᠤᠨ | ᠡᠷᠡᠭᠦᠯ ᠬᠠᠮᠠᠭᠠᠯᠠᠯ ᠢ ᠳᠡᠮᠵᠢᠬᠦ ᠦᠢᠯᠡᠴᠢᠯᠡᠭᠡᠨ ᠤ ᠠᠵᠢᠯ ᠤᠨ ᠪᠠᠶᠢᠷᠢ ᠶᠢ ᠦᠷᠭᠡᠳᠭᠡᠵᠦ᠂ ᠲᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ᠂ ᠠᠵᠢᠯ ᠲᠠᠢ ᠬᠦᠮᠦᠨ ᠦᠭᠡᠢ ᠭᠡᠷ ᠪᠦᠯᠢ ᠶᠢᠨ ᠶᠡᠭᠡ ᠳᠡᠭᠡᠳᠦ | ᠰᠤᠷᠭᠠᠭᠤᠯᠢ ᠶᠢᠨ ᠲᠡᠭᠦᠰᠬᠦ ᠤᠶᠤᠲᠠᠨ ᠢ ᠤᠷᠢᠳ ᠢᠶᠠᠷ ᠡᠯᠰᠡᠨ᠎ᠠ᠃ | |