2020 ᠣᠨ ᠳᠤ ᠥᠪᠥᠷ ᠮᠣᠩᠭᠤᠯ 7270 ᠠᠯᠪᠠᠲᠠᠨ ᠡᠯᠰᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020/6/18
    ᠥᠪᠥᠷ  ᠮᠣᠩᠭᠤᠯ ᠤᠨ ᠠᠵᠢᠯᠲᠠᠨ ᠤ ᠰᠢᠯᠭᠠᠯᠲᠠ ᠶᠢᠨ ᠰᠤᠷᠠᠭ ᠴᠢᠮᠡᠭᠡᠨ ᠤ ᠰᠦᠯᠵᠢᠶ᠎ᠡ ᠶᠢᠨ ᠮᠡᠳᠡᠭᠡ ᠦᠨᠳᠦᠰᠦᠯᠡᠪᠡᠯ᠂ ᠠᠯᠪᠠᠲᠠᠨ ᠤ ᠬᠠᠤᠯᠢ ᠪᠣᠯᠤᠨ ᠠᠯᠪᠠᠲᠠᠨ ᠡᠯᠰᠡᠨ  ᠬᠡᠷᠡᠭᠯᠡᠬᠦ  ᠬᠤᠯᠪᠣᠭᠳᠠᠯ  ᠪᠦᠬᠦᠢ ᠲᠣᠭᠲᠠᠭᠠᠯ ᠢ  ᠦᠨᠳᠦᠰᠦᠯᠡᠨ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ  ᠵᠠᠰᠠᠭ  ᠣᠯᠠᠨ  ᠲᠦᠮᠡᠨ ᠤ ᠪᠠᠶᠢᠭᠤᠯᠭ᠎ᠠ  ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠪᠠᠶᠢᠭᠤᠯᠭ᠎ᠠ ᠨᠢᠭᠡᠴᠡ︶᠎ ᠶᠢᠨ 2020 ᠣᠨ ᠤ ᠨᠢᠭᠡᠳᠦᠭᠡᠷ ᠲᠡᠰ ᠤᠨ ᠡᠷᠬᠢᠯᠡᠭᠴᠢ ᠭᠡᠰᠢᠭᠦᠨ ᠠᠴᠠ ᠳᠣᠷᠣᠭᠰᠢᠬᠢ ᠵᠢᠴᠢ ᠪᠤᠰᠤᠳ ᠠᠳᠠᠯᠢ ᠳᠡᠰ ᠳᠠᠪᠬᠤᠷᠭ᠎ᠠ ᠶᠢᠨ ᠠᠯᠪᠠᠲᠠᠨ ︵ᠠᠯᠪᠠᠲᠠᠨ ᠤ ᠬᠠᠤᠯᠢ ᠪᠠᠷ  ᠯᠠᠪᠯᠠᠯᠲᠠ ᠪᠣᠯᠭᠠᠨ  ᠬᠠᠮᠢᠶᠠᠷᠬᠤ  ᠠᠵᠢᠯᠲᠠᠨ︶  ᠎ ᠢ ᠰᠢᠯᠭᠠᠨ ᠡᠯᠰᠡᠬᠦ ᠠᠵᠢᠯ ᠢ  ᠵᠣᠬᠢᠶᠠᠨ  ᠪᠠᠶᠢᠭᠤᠯᠤᠨ  ᠬᠡᠷᠡᠭᠵᠢᠭᠦᠯᠬᠦ ᠪᠠᠷ  ᠰᠤᠳᠤᠯᠤᠨ ᠲᠣᠭᠲᠠᠭᠠᠵᠤ᠂ ᠰᠢᠯᠭᠠᠨ ᠡᠯᠰᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ  ᠪᠠᠲᠤᠯᠠᠬᠤ ᠶᠢᠨ ᠲᠥᠯᠥᠭᠡ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠪᠠᠶᠢᠭᠤᠯᠭ᠎ᠠ  ᠨᠢᠭᠡᠴᠡ︶᠎ ᠶᠢᠨ 2020 ᠣᠨ ᠤ ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯᠲᠠᠨ︶ ᠰᠢᠯᠭᠠᠨ ᠡᠯᠰᠡᠬᠦ ᠲᠣᠪᠴᠢ ᠳᠦᠷᠢᠮ︾᠎ ᠢ ᠲᠣᠭᠲᠠᠭᠠᠵᠤ ᠨᠡᠶᠢᠲᠡᠯᠡᠪᠡ᠃              ᠣᠶᠢᠯᠠᠭᠠᠭᠰᠠᠨ ᠢᠶᠠᠷ᠂ ᠲᠤᠰ ᠤᠳᠠᠭ᠎ᠠ ᠥᠪᠥᠷ ᠮᠣᠩᠭᠤᠯ ᠨᠡᠶᠢᠲᠡ  7270  ᠠᠯᠪᠠᠲᠠᠨ ᠢ  ᠰᠢᠯᠭᠠᠨ  ᠡᠯᠰᠡᠬᠦ ᠪᠠᠷ ᠲᠥᠯᠥᠪᠯᠡᠵᠦ᠂ ᠰᠢᠯᠭᠠᠭᠤᠯᠤᠭᠰᠠᠳ 6  ᠰᠠᠷ᠎ᠠ ᠶᠢᠨ15᠎ ᠤ  ᠡᠳᠦᠷ ᠤᠨ  9᠄  00  ᠴᠠᠭ ᠠᠴᠠ  6  ᠰᠠᠷ᠎ᠠ ᠶᠢᠨ  21᠎ ᠤ ᠡᠳᠦᠷ ᠤᠨ 17᠄ 00 ᠴᠠᠭ ᠪᠣᠯᠲᠠᠯ᠎ᠠ ᠰᠦᠯᠵᠢᠶᠡᠨ ᠳᠡᠭᠡᠷ᠎ᠡ ︵http://www.impta.com︶  ᠨᠡᠷ᠎ᠡ  ᠮᠡᠳᠡᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠠᠵᠢᠯ ᠤᠨ  ᠪᠠᠶᠢᠷᠢ ᠶᠢᠨ  ᠪᠢᠴᠢᠭ ᠤᠨ  ᠰᠢᠯᠭᠠᠯᠲᠠ  ᠎ ᠨᠢ  2020ᠣᠨ ᠤ 7  ᠰᠠᠷ᠎ᠠ ᠶᠢᠨ  25᠎ ᠤ  ᠡᠳᠦᠷ ᠠᠴᠠ  26᠎ ᠤ  ᠡᠳᠦᠷ  ᠪᠣᠯᠲᠠᠯ᠎ᠠ  ᠶᠠᠪᠤᠭᠳᠠᠵᠤ᠂  ᠳᠣᠲᠣᠭᠠᠳᠤ ᠶᠢ  ᠬᠠᠮᠠᠭᠠᠯᠠᠬᠤ ᠰᠢᠰᠲ᠋ᠧᠮ ᠠᠴᠠ ᠪᠤᠰᠤᠳ ᠠᠵᠢᠯ ᠤᠨ ᠪᠠᠶᠢᠷᠢ ᠶᠢᠨ ᠪᠢᠴᠢᠭ ᠤᠨ ᠰᠢᠯᠭᠠᠯᠲᠠ ᠨᠢ 2020 ᠣᠨ ᠤ 8  ᠰᠠᠷ᠎ᠠ ᠶᠢᠨ  22᠎ ᠤᠨ ᠡᠳᠦᠷ ᠶᠠᠪᠤᠭᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号